ᠨᠢᠭᠡᠳᠦᠭᠡᠷ ᠬᠤᠶᠠᠳᠤᠭᠠᠷ ᠭᠤᠷᠪᠠᠳᠤᠭᠠᠷ ᠠᠵᠤ ᠦᠢᠯᠡᠰ ᠢ ᠠᠭᠤᠰᠤᠯᠴᠠᠭᠤᠯᠤᠭᠰᠠᠨ ᠠᠴᠠ ︽ᠲᠡᠭᠷᠢ ᠶᠢᠨ  ᠬᠡᠰᠢᠭᠲᠦ ᠪᠣᠷᠣᠲᠣᠬᠤᠢ︾ ᠶᠢᠨ ᠨᠡᠷᠡᠳᠦ ᠲᠡᠮᠳᠡᠭ ᠢᠶᠠᠷ ᠪᠣᠷᠣᠳᠣᠬᠤᠢ ᠶᠢᠨ ᠪᠤᠭᠤᠳᠠᠢ ᠶᠢ ᠳᠡᠯᠡᠬᠡᠢ ᠳᠤ ᠠᠯᠳᠠᠷᠰᠢᠭᠤᠯᠤᠨ᠎ᠠ
ᠨᠡᠶᠢᠲᠡᠯᠡᠭᠰᠡᠨ ᠴᠠᠭ᠄
2023/7/27
      ᠵᠤᠨ ᠤ ᠬᠠᠯᠠᠭᠤᠨ ᠤ ᠳᠣᠯᠣᠭᠠᠨ ᠰᠠᠷ᠎ᠠ ᠳᠤ ᠪᠤᠭᠤᠳᠠᠢ ᠶᠢᠨ  ᠠᠯᠲᠠ ᠳᠠᠪᠠᠯᠭᠠᠨ ᠬᠥᠪᠦᠯᠵᠡᠨ᠎ᠡ᠃ ᠪᠤᠭᠤᠳᠠᠢ ᠶᠢᠨ ᠬᠤᠷᠢᠶᠠᠯᠲᠠ ᠤᠳᠠᠯ ᠦᠭᠡᠢ ᠬᠦᠷᠴᠦ ᠢᠷᠡᠨ᠎ᠡ᠃ ᠤᠷᠠᠳ ᠤᠨ ᠡᠮᠦᠨᠡᠲᠦ ᠬᠤᠰᠢᠭᠤᠨ ᠤ ᠡᠷᠳᠡᠨᠢᠪᠤᠯᠠᠭ ᠠᠯᠪᠢᠨ ᠭᠠᠴᠠᠭᠠᠨ ᠤ ᠲᠠᠷᠢᠮᠠᠯ ᠤᠨ ᠡᠷᠦᠬᠡ ᠸᠠᠩ ᠠᠨ ᠱᠧᠩ ᠥᠪᠡᠷ ᠤᠨ ᠪᠤᠭᠤᠳᠠᠢ ᠶᠢᠨ ᠲᠠᠷᠢᠶᠠᠨ ᠤ ᠪᠠᠨ ᠠᠵᠤ ᠠᠬᠤᠢ ᠶᠢᠨ ᠳᠠᠩᠰᠠ ᠶᠢ ᠪᠤᠳᠤᠵᠤ ᠭᠠᠷᠭᠠᠵᠠᠢ᠄ ᠨᠢᠳᠤᠨᠤᠨ ᠲᠡᠷᠡ ᠵᠣᠣ ᠹᠧᠩ ᠤᠨ ︽ᠪᠠᠮᠠᠢ 13 ᠳ᠋ᠤᠭᠠᠷ︾ ᠵᠢᠱᠢᠶ᠎ᠡ ᠦᠵᠡᠭᠦᠯᠬᠦ ᠲᠠᠷᠢᠶ᠎ᠠ ᠶᠢ ᠲᠣᠭᠤᠷᠢᠨ ᠦᠵᠡᠵᠦ᠂ ᠡᠨᠡ ᠬᠦ ᠡᠭᠦᠯᠳᠡᠷ ᠤᠨ ᠨᠠᠯᠠᠨ ᠤᠨᠠᠬᠤ ᠶᠢ ᠡᠰᠡᠷᠭᠦᠴᠡᠬᠦ ᠢᠯᠡᠷᠡᠯ ᠨᠢ ᠰᠠᠶᠢᠨ ᠰᠢᠭ᠋ ᠰᠠᠨᠠᠭᠳᠠᠨ᠎ᠠ᠃ ᠤᠷᠭᠤᠴᠠ ᠶᠢᠨ ᠭᠠᠷᠤᠯᠲᠠ ᠶᠢᠨ ᠬᠡᠮᠵᠢᠶ᠎ᠡ ᠨᠢ ᠡᠯ᠎ᠡ ᠲᠠᠯ᠎ᠠ ᠪᠠᠷ ︽ᠶᠦᠩ ᠯᠢᠶᠠᠩ 4 ᠨᠣᠮᠧᠷᠲᠤ︾ ᠠᠴᠠ ᠨᠡᠩ ᠰᠠᠶᠢᠨ ᠪᠠᠶᠢᠳᠠᠭ᠂ ᠡᠨᠡ ᠵᠢᠯ ᠲᠡᠷᠡ ᠰᠠᠨᠠᠭᠠᠴᠢᠯᠠᠭ᠎ᠠ ᠠᠴᠠ ᠪᠠᠨ ᠵᠤᠤ ᠹᠧᠩ ᠺᠣᠮᠫᠠᠨᠢ ᠶᠢ ᠡᠷᠢᠵᠦ 1000 ᠮᠦ ᠶᠢᠨ ᠵᠠᠬᠢᠶᠠᠯᠠᠭ᠎ᠠ ᠶᠢᠨ ᠬᠠᠭᠤᠳᠠᠰᠤᠨ ᠳᠤ ᠭᠠᠷ ᠤᠨ ᠦᠰᠦᠭ ᠵᠢᠷᠤᠪᠠ᠂ ᠡᠨᠡ ᠬᠡᠳᠦᠨ ᠡᠳᠦᠷ ᠤᠨ ᠤᠷᠭᠤᠴᠠ ᠶᠢᠨ ᠪᠠᠶᠢᠳᠠᠯ ᠠᠴᠠ ᠦᠵᠡᠪᠡᠯ᠂  ᠮᠦ ᠪᠦᠷᠢ ᠶᠢᠨ ᠭᠠᠷᠤᠯᠲᠠ ᠶᠢᠨ ᠬᠡᠮᠵᠢᠶ᠎ᠡ ᠨᠢ ᠴᠥᠮ 1000 ᠵᠢᠩ ᠠᠴᠠ ᠳᠡᠭᠡᠭᠰᠢ ᠪᠠᠶᠢᠵᠤ᠂  ᠮᠦ ᠪᠦᠷᠢ ᠶᠢᠨ ᠳᠤᠮᠳᠠᠴᠢ ᠭᠠᠷᠤᠯᠲᠠ ᠶᠢᠨ ᠬᠡᠮᠵᠢᠶ᠎ᠡ ᠨᠢ ︽ᠶᠦᠩ ᠯᠢᠶᠠᠩ 4 ᠨᠣᠮᠧᠷᠲᠤ︾ ᠠᠴᠠ 5% ~ 10%  ᠪᠠᠷ ᠨᠡᠮᠡᠭᠳᠡᠵᠡᠢ᠂ ᠵᠤᠤ ᠹᠧᠩ ᠤᠨ ᠵᠠᠬᠢᠶᠠᠯᠠᠭ᠎ᠠ ᠶᠢᠨ ᠦᠨ᠎ᠡ ᠪᠠᠷ ᠵᠢᠩ ᠳᠡᠭᠡᠨ 1.8 ᠲᠥᠭᠦᠷᠢᠭ ᠢᠶᠠᠷ ᠪᠤᠳᠤᠪᠠᠯ᠂  ᠮᠦ ᠪᠦᠷᠢ ᠶᠢᠨ ᠳᠤᠮᠳᠠᠴᠢ ᠣᠷᠣᠯᠭ᠎ᠠ ᠶᠢᠨ ᠬᠡᠮᠵᠢᠶ᠎ᠡ ᠨᠢ 100 ᠲᠥᠭᠦᠷᠢᠭ ᠠᠴᠠ ᠳᠡᠭᠡᠭᠰᠢ ᠪᠣᠯᠵᠤ᠂ 1000 ᠮᠦ ᠶᠢᠨ ᠣᠷᠣᠯᠭ᠎ᠠ ᠨᠢ 10 ᠲᠦᠮᠡᠨ ᠲᠥᠭᠦᠷᠢᠭ ᠠᠴᠠ ᠳᠡᠭᠡᠭᠰᠢ ᠨᠡᠮᠡᠭᠳᠡᠵᠦ ᠪᠣᠯᠣᠨ᠎ᠠ᠃      ᠠᠵᠤ ᠠᠬᠤᠶᠢᠯᠠᠯ ᠪᠣᠯᠣᠨ ᠲᠠᠷᠢᠶᠠᠯᠠᠩ ᠤᠨ ᠦᠢᠯᠡᠰ ᠢ ᠬᠠᠷᠢᠯᠴᠠᠨ ᠬᠥᠭᠵᠢᠭᠦᠯᠬᠦ ᠪᠣᠯ ᠵᠣᠣ ᠹᠧᠩ ᠤᠨ ᠣᠨᠴᠠᠯᠢᠭ ᠪᠦᠬᠦᠢ ᠠᠵᠤ ᠠᠬᠤᠶᠢᠯᠠᠯ ᠪᠣᠯᠣᠨ ᠲᠠᠷᠢᠶᠠᠯᠠᠩ ᠤᠨ ᠠᠰᠢᠭ ᠲᠤᠰᠠ ᠶᠢᠨ ᠬᠤᠯᠪᠣᠯᠳᠤᠯ ᠤᠨ ᠲᠣᠭᠲᠠᠴᠠ ᠮᠥᠨ᠂ ᠪᠤᠭᠤᠳᠠᠢ ᠶᠢᠨ ᠲᠠᠷᠢᠶᠠᠴᠢᠳ ᠲᠠᠢ ᠬᠠᠮᠲᠤᠷᠠᠯᠴᠠᠬᠤ ᠳᠠᠭᠠᠨ᠂ ᠵᠤᠤ  ᠹᠧᠩ ᠪᠤᠭᠤᠳᠠᠢ ᠶᠢᠨ ᠲᠠᠷᠢᠶᠠᠴᠢᠳ ᠲᠤ ᠥᠪᠡᠷ ᠢᠶᠠᠨ ᠪᠣᠶᠢᠵᠢᠭᠤᠯᠤᠭᠰᠠᠨ ᠪᠤᠭᠤᠳᠠᠢ ᠶᠢᠨ ᠰᠢᠨ᠎ᠡ ᠲᠦᠷᠦᠯ ᠵᠦᠢᠯ ᠢ ᠬᠠᠩᠭᠠᠬᠤ ᠶᠢᠨ ᠬᠠᠮᠲᠤ ᠪᠤᠭᠤᠳᠠᠢ ᠶᠢᠨ ᠲᠠᠷᠢᠶᠠᠴᠢᠳ ᠲᠤ ᠪᠤᠭᠤᠳᠠᠢ ᠲᠠᠷᠢᠬᠤ ᠮᠡᠷᠭᠡᠵᠢᠯ ᠤᠨ ᠳᠦᠷᠢᠮ ᠪᠣᠯᠣᠨ ᠪᠠᠷᠢᠮᠵᠢᠶᠠᠵᠢᠭᠤᠯᠤᠭᠰᠠᠨ ᠦᠢᠯᠡᠳᠪᠦᠷᠢᠯᠡᠯ ᠤᠨ ᠪᠣᠯᠪᠠᠰᠤᠷᠠᠯ ᠬᠦᠷᠲᠡᠭᠡᠵᠦ᠂ ᠪᠤᠭᠤᠳᠠᠢ ᠶᠢᠨ ᠲᠠᠷᠢᠶᠠᠴᠢᠳ ᠤᠨ ᠪᠦᠬᠦ ᠦᠷᠡᠵᠢᠯ ᠤᠨ ᠬᠤᠭᠤᠴᠠᠭᠠᠨ ᠤ ᠬᠠᠮᠢᠶᠠᠷᠤᠯᠲᠠ ᠡᠵᠡᠮᠳᠡᠯ ᠢ ᠵᠢᠯᠤᠭᠤᠳᠴᠤ᠂ ᠪᠤᠭᠤᠳᠠᠢ ᠶᠢᠨ ᠶᠠᠰᠤ ᠴᠢᠨᠠᠷ ᠢ ᠳᠡᠭᠡᠭᠰᠢᠯᠡᠭᠦᠯᠦᠨ ᠤᠨᠠᠯᠲᠠ ᠶᠢ ᠨᠡᠮᠡᠭᠳᠡᠭᠦᠯᠵᠦ ᠦᠷ᠎ᠡ ᠠᠰᠢᠭ ᠢ ᠨᠡᠮᠡᠭᠳᠡᠭᠦᠯᠬᠦ ᠶᠢ ᠪᠡᠶᠡᠯᠡᠭᠦᠯᠵᠦ᠂ ᠪᠤᠭᠤᠳᠠᠢ ᠶᠢᠨ ᠲᠠᠷᠢᠶᠠᠴᠢᠳ ᠲᠤ ᠠᠰᠢᠭ ᠬᠦᠷᠲᠡᠭᠡᠵᠦ᠂ ᠲᠠᠷᠢᠶᠠᠴᠢᠳ ᠤᠨ ᠰᠢᠯᠢᠳᠡᠭ ᠪᠤᠭᠤᠳᠠᠢ ᠲᠠᠷᠢᠬᠤ ᠢᠳᠡᠪᠬᠢᠵᠢᠯ ᠤᠷᠢᠳᠤ ᠡᠮᠦᠨ᠎ᠡ ᠪᠠᠶᠢᠭ᠎ᠠ ᠦᠭᠡᠢ ᠳᠡᠭᠡᠭᠰᠢᠯᠡᠵᠡᠢ᠃      ᠡᠨᠡ ᠪᠣᠯ ᠨᠢᠭᠡᠳᠦᠭᠡᠷ ᠬᠤᠶᠠᠳᠤᠭᠠᠷ ᠭᠤᠷᠪᠠᠳᠤᠭᠠᠷ ᠠᠵᠤ ᠦᠢᠯᠡᠰ ᠤᠨ ᠲᠠᠰᠤᠷᠠᠯᠲᠠ ᠦᠭᠡᠢ ᠠᠭᠤᠰᠤᠯᠴᠠᠨ ᠬᠥᠭᠵᠢᠬᠦ ᠶᠠᠪᠤᠴᠠ ᠮᠥᠨ᠂ ᠪᠠᠰᠠ ᠴᠤ ᠲᠠᠷᠢᠶᠠᠴᠢᠨ ᠪᠣᠯᠣᠨ ᠠᠵᠤ ᠠᠬᠤᠶᠢᠯᠠᠯ ᠬᠠᠮᠲᠤᠷᠠᠨ ᠠᠵᠢᠯᠯᠠᠵᠤ ᠬᠠᠮᠲᠤ ᠪᠠᠷ ᠠᠰᠢᠭ ᠬᠦᠷᠲᠡᠬᠦ ᠶᠠᠪᠤᠴᠠ ᠮᠥᠨ᠃ ᠡᠨᠡ ᠪᠣᠯ ᠨᠢᠭᠡᠳᠦᠭᠡᠷ ᠬᠤᠶᠠᠳᠤᠭᠠᠷ ᠭᠤᠷᠪᠠᠳᠤᠭᠠᠷ ᠠᠵᠤ ᠦᠢᠯᠡᠰ ᠤᠨ ᠲᠠᠰᠤᠷᠠᠯᠲᠠ ᠦᠭᠡᠢ ᠠᠭᠤᠰᠤᠯᠴᠠᠨ ᠬᠥᠭᠵᠢᠬᠦ ᠶᠠᠪᠤᠴᠠ ᠮᠥᠨ᠂ ᠪᠠᠰᠠ ᠴᠤ ᠲᠠᠷᠢᠶᠠᠴᠢᠨ ᠪᠣᠯᠣᠨ ᠠᠵᠤ ᠠᠬᠤᠶᠢᠯᠠᠯ ᠬᠠᠮᠲᠤᠷᠠᠨ ᠠᠵᠢᠯᠯᠠᠵᠤ ᠬᠠᠮᠲᠤ ᠪᠠᠷ ᠠᠰᠢᠭ ᠬᠦᠷᠲᠡᠬᠦ ᠶᠠᠪᠤᠴᠠ ᠮᠥᠨ᠃ ᠡᠳᠦᠭᠡ᠂ ᠪᠠᠶᠠᠨᠨᠠᠭᠤᠷ ᠲᠤ᠂ ᠨᠡᠩ ᠤᠯᠠᠨ ᠸᠠᠩ ᠠᠨ ᠱᠧᠩ ᠰᠢᠭ ᠲᠠᠷᠢᠶᠠᠴᠢᠨ ᠡᠷᠦᠭᠡ ᠪᠣᠯᠣᠨ ᠵᠤᠤ ᠹᠧᠩ ᠰᠢᠭ ᠭᠤᠯᠢᠷ  ᠤᠨ ᠠᠵᠤ ᠠᠬᠤᠶᠢᠯᠠᠯ ᠲᠠᠢ ᠪᠣᠯᠵᠤ᠂ ᠭᠤᠷᠪᠠᠳᠤᠭᠠᠷ ᠠᠵᠤ ᠦᠢᠯᠡᠰ  ᠢ ᠭᠦᠨᠵᠡᠭᠡᠢ ᠠᠭᠤᠰᠤᠯᠴᠠᠭᠤᠯᠬᠤ ᠳᠤᠮᠳᠠ ᠬᠤᠶᠠᠷ ᠲᠠᠯ᠎ᠠ ᠪᠠᠷ ᠢᠶᠠᠨ ᠠᠰᠢᠭ ᠬᠦᠷᠳᠡᠬᠦ ᠬᠠᠷᠢᠯᠴᠠᠨ ᠠᠰᠢᠭᠲᠠᠢ ᠪᠠᠶᠢᠬᠤ ᠶᠢ ᠪᠡᠶᠡᠯᠡᠭᠦᠯᠵᠡᠢ᠃      ᠰᠠᠶᠢᠨ ᠪᠦᠲᠦᠭᠡᠭᠳᠡᠬᠦᠨ ᠢ ᠪᠣᠷᠣᠯᠠᠭᠤᠯᠬᠤ ᠠᠴᠠ ᠵᠣᠪᠠᠭ᠋ᠤ ᠤᠴᠢᠷ ᠦᠭᠡᠢ᠂ ᠪᠣᠷᠣᠳᠣᠬᠤᠢ ᠶᠢᠨ ᠴᠢᠨᠠᠷ ᠰᠠᠶᠢᠲᠠᠢ ᠪᠤᠭᠤᠳᠠᠢ ᠪᠠᠷ ᠦᠢᠯᠡᠳᠪᠦᠷᠢᠯᠡᠭᠰᠡᠨ ᠡᠯ᠎ᠡ ᠲᠦᠷᠦᠯ ᠤᠨ ᠭᠤᠯᠢᠷ ᠤᠨ ᠪᠦᠲᠦᠭᠡᠭᠳᠡᠬᠦᠨ ᠢ ᠤᠯᠤᠰ ᠤᠨ ᠳᠣᠲᠣᠭᠠᠳᠤ ᠭᠠᠳᠠᠭᠠᠳᠤ ᠶᠢᠨ ᠳᠡᠭᠡᠳᠦ ᠲᠡᠰ ᠤᠨ ᠵᠠᠬ᠎ᠠ ᠳᠡᠯᠭᠡᠭᠦᠷ ᠲᠤ ᠪᠣᠷᠣᠯᠠᠭᠤᠯᠵᠤ᠂ ᠬᠡᠷᠡᠭᠯᠡᠭᠴᠢᠳ ᠤᠨ ᠲᠠᠭᠠᠰᠢᠶᠠᠯ ᠢ ᠣᠯᠵᠤ ᠪᠠᠶᠢᠨ᠎ᠠ᠃ ᠣᠳᠣᠬᠠᠨ ᠳᠤ ︽ᠪᠣᠷᠣᠳᠣᠬᠤᠢ ᠶᠢᠨ ᠪᠤᠭᠤᠳᠠᠢ︾᠂ ︽ᠪᠣᠷᠣᠳᠣᠬᠤᠢ ᠶᠢᠨ ᠭᠤᠯᠢᠷ︾ ᠨᠢ ᠨᠢᠭᠡᠨᠲᠡ ᠪᠦᠬᠦ ᠤᠯᠤᠰ ᠴᠢᠨᠠᠭᠰᠢᠯᠠᠪᠠᠯ ᠳᠡᠯᠡᠬᠡᠢ ᠶᠢᠨ ᠭᠡᠷᠡᠯ ᠰᠠᠴᠤᠷᠠᠩᠭᠤᠢ ᠲᠦᠷᠦᠯ ᠲᠡᠮᠳᠡᠭ ᠪᠣᠯᠤᠭᠰᠠᠨ ᠪᠠᠶᠢᠨ᠎ᠠ᠃      ᠢᠯᠠᠩᠭᠤᠶ᠎ᠠ 2018 ᠣᠨ ᠠᠴᠠ ᠣᠳᠣ ᠪᠣᠯᠲᠠᠯ᠎ᠠ᠂ ︽ᠲᠡᠭᠷᠢ  ᠶᠢᠨ ᠬᠡᠰᠢᠭᠲᠦ ᠪᠣᠷᠣᠳᠣᠬᠤᠢ︾ ᠶᠢᠨ ᠨᠡᠷᠡᠲᠦ ᠲᠡᠮᠳᠡᠭ ᠤᠨ ᠳᠠᠭᠠᠭᠤᠯᠭ᠎ᠠ ᠳᠣᠣᠷ᠎ᠠ᠂ ᠮᠠᠨ ᠤ ᠬᠤᠲᠠ ᠪᠣᠷᠣᠳᠣᠬᠤᠢ ᠶᠢᠨ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠶᠠᠰᠤ ᠴᠢᠨᠠᠷ ᠤᠨ ᠪᠠᠷᠢᠮᠵᠢᠶ᠎ᠠ ᠶᠢᠨ ᠰᠢᠰᠲ᠋ᠧᠮ ᠪᠠ ᠶᠠᠰᠤ ᠴᠢᠨᠠᠷ ᠤᠨ ᠮᠥᠷᠳᠡᠵᠦ ᠪᠣᠯᠬᠤᠶᠢᠴᠠ ᠰᠢᠰᠲ᠋ᠧᠮ ᠢ ᠲᠠᠰᠤᠷᠠᠯᠲᠠ ᠦᠭᠡᠢ ᠪᠦᠷᠢᠨᠰᠢᠭᠦᠯᠵᠦ᠂ ᠲᠠᠷᠢᠶᠠᠨ ᠭᠠᠵᠠᠷ ᠤᠨ ︽ᠳᠥᠷᠪᠡ ᠶᠢ ᠬᠢᠵᠠᠭᠠᠷᠯᠠᠬᠤ︾ ᠠᠵᠢᠯᠯᠠᠭ᠎ᠠ ᠶᠢ ᠪᠥᠬᠦ ᠲᠠᠯ᠎ᠠ ᠪᠠᠷ ᠥᠷᠨᠢᠭᠦᠯᠵᠦ᠂ ᠰᠠᠶᠢᠨ ᠭᠠᠷᠤᠯᠲᠠ ᠶᠢᠨ ᠣᠷᠣᠨ ᠳᠤ ᠦᠷᠭᠦᠯᠵᠢᠯᠡᠨ ᠰᠠᠶᠢᠨ ᠪᠦᠲᠦᠭᠡᠭᠳᠡᠬᠦᠨ ᠭᠠᠷᠭᠠᠯᠭᠠᠵᠤ᠂ ᠵᠣᠣ ᠹᠧᠩ ᠬᠢᠭᠡᠳ ᠾᠧᠩ ᠹᠧᠩ ᠬᠤᠶᠠᠷ ᠲᠣᠮᠣ ᠭᠤᠯᠢᠷ ᠦᠢᠯᠡᠳᠪᠦᠷᠢᠯᠡᠬᠦ ᠠᠵᠤ ᠠᠬᠤᠶᠢᠯᠠᠯ ᠤᠨ ᠲᠤᠭ᠎ᠠ ᠬᠡᠮᠵᠢᠶ᠎ᠡ ᠪᠠ ᠦᠨ᠎ᠡ ᠬᠠᠩᠰᠢ ᠵᠡᠷᠭᠡᠪᠡᠷ ᠥᠰᠬᠦ᠂ ᠦᠢᠯᠡᠳᠪᠦᠷᠢᠯᠡᠯ ᠪᠣᠷᠤᠯᠠᠭᠤᠯᠭ᠎ᠠ ᠵᠡᠷᠭᠡᠪᠡᠷ ᠬᠥᠭᠵᠢᠭᠰᠡᠨ ᠰᠠᠶᠢᠨ ᠬᠥᠭᠵᠢᠯᠲᠡ ᠶᠢᠨ ᠪᠠᠶᠢᠳᠠᠯ ᠢ ᠪᠡᠶᠡᠯᠡᠭᠦᠯᠵᠦ᠂ ᠪᠣᠷᠣᠳᠣᠬᠤᠢ ᠶᠢᠨ ᠭᠤᠯᠢᠷ ᠭᠡᠬᠦ ᠡᠨᠡ ᠬᠦ ᠠᠯᠲᠠᠨ ᠦᠰᠦᠭᠲᠦ ᠫᠠᠶᠢᠰᠠ ᠤᠯᠠᠮ ᠠᠴᠠ ᠤᠯᠠᠮ ᠭᠡᠷᠡᠯᠲᠦᠵᠦ ᠪᠠᠶᠢᠨ᠎ᠠ᠃ 
ᠢᠷᠡᠯᠲᠡ᠄ ᠪᠠᠶᠠᠨᠨᠠᠭᠤᠷ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠵᠠᠰᠠᠭ ᠤᠨ ᠶᠠᠪᠤᠳᠠᠯ ᠤᠨ ᠮᠣᠩᠭᠤᠯ ᠰᠦᠯᠵᠢᠶ᠎ᠡ