ᠰᠠᠶᠢᠨ ᠬᠤᠨᠢᠨ ᠮᠢᠬ᠎ᠠ᠂ ︽ᠳᠤᠮᠳᠠᠳᠤ ᠤᠯᠤᠰ ᠤᠨ ᠬᠤᠨᠢᠨ ᠬᠤᠲᠠ︾ ᠠᠴᠠ ᠭᠠᠷᠪᠠ
ᠨᠡᠶᠢᠲᠡᠯᠡᠭᠰᠡᠨ ᠴᠠᠭ᠄
2023/7/27
      ᠪᠠᠶᠠᠨᠨᠠᠭᠤᠷ ᠲᠤ ᠨᠢᠭᠡ ᠡᠷᠳᠡᠨᠢ ᠲᠠᠢ᠂ ᠠᠯᠠᠰᠢᠨ ᠬᠤᠨᠢᠨ ᠤ ᠶᠠᠰᠤ ᠴᠢᠨᠠᠷ ᠮᠠᠰᠢ ᠰᠠᠶᠢᠨ᠂ ᠣᠯᠠᠨ ᠵᠦᠢᠯ ᠤᠨ ᠶᠠᠭᠤᠮ᠎ᠠ ᠶᠢ ᠠᠩᠬᠠᠨ ᠤ ᠭᠠᠷ ᠲᠠᠭᠠᠨ ᠠᠳᠬᠤᠵᠤ᠂ ︽ᠬᠤᠨᠢ︾ ᠶᠢᠨ ᠳᠠᠷᠪᠠᠭᠤᠯ ᠬᠤᠯᠠ ᠠᠶᠠᠯᠠᠨ᠎ᠠ᠃      ᠪᠠᠶᠠᠨᠨᠠᠭᠤᠷ ᠪᠣᠯ ᠪᠥᠬᠦ ᠤᠯᠤᠰ ᠤᠨ ᠠᠯᠠᠰᠢᠨ ᠬᠤᠨᠢᠨ ᠤ ᠠᠵᠤ ᠦᠢᠯᠡᠰ ᠤᠨ ᠬᠡᠯᠬᠢᠶ᠎ᠡ ᠪᠠᠷ ᠬᠠᠮᠤᠭ ᠤᠨ ᠪᠦᠷᠢᠨ ᠪᠦᠲᠦᠨ ᠭᠠᠵᠠᠷ ᠣᠷᠣᠨ ᠪᠣᠯᠣᠨ᠎ᠠ᠂ 2022 ᠣᠨ ᠤ ᠡᠴᠦᠰ ᠲᠤ᠂ ᠪᠥᠬᠦ ᠬᠤᠲᠠ ᠶᠢᠨ ᠠᠯᠠᠰᠢᠨ ᠬᠤᠨᠢᠨ ᠤ ᠠᠷᠠᠴᠢᠯᠠᠭ᠎ᠠ ᠶᠢᠨ ᠬᠡᠮᠵᠢᠶ᠎ᠡ 2265 ᠲᠦᠮᠡ  ᠳᠤ  ᠬᠦᠷᠴᠦ᠂  1007  ᠲᠦᠮᠡᠨ  ᠠᠯᠠᠰᠢᠨ  ᠬᠤᠨᠢ  ᠲᠡᠵᠢᠭᠡᠵᠦ  ᠂  1258 ᠲᠦᠮᠡᠨ ᠠᠯᠠᠰᠢᠨ ᠬᠤᠨᠢᠨ ᠤ ᠭᠠᠷᠤᠯᠲᠠ ᠶᠢᠨ ᠬᠡᠮᠵᠢᠶ᠎ᠡ 30.4 ᠲᠦᠮᠡᠨ ᠲᠣᠨ ᠳᠤ ᠬᠦᠷᠴᠦ᠂ ᠦᠢᠯᠡᠳᠬᠦᠨ ᠤ ᠥᠷᠲᠡᠭ ᠨᠢ 180 ᠳ᠋ᠦᠩᠰᠢᠭᠤᠷ ᠲᠥᠭᠦᠷᠢᠭ ᠢ ᠳᠠᠪᠠᠪᠠ᠃      ᠰᠠᠶᠢᠨ ᠬᠤᠨᠢᠨ ᠮᠢᠬ᠎ᠠ ᠰᠠᠶᠢᠨ ᠭᠠᠷᠤᠯᠲᠠ ᠶᠢᠨ ᠣᠷᠣᠨ ᠠᠴᠠ ᠢᠷᠡᠯᠲᠡ ᠲᠠᠢ      ᠲᠠᠷᠢᠶᠠᠯᠠᠩ ᠮᠠᠯ ᠠᠵᠤ ᠠᠬᠤᠢ ᠶᠢᠨ ᠲᠣᠮᠣ ᠬᠤᠲᠠ ᠪᠣᠯᠤᠭᠰᠠᠨ ᠤ ᠬᠤᠪᠢ ᠳᠤ᠂ ᠪᠠᠶᠠᠨᠨᠠᠭᠤᠷ 1300 ᠭᠠᠷᠤᠢ ᠲᠦᠮᠡᠨ ᠮᠦ ᠲᠠᠷᠢᠶᠠᠨ ᠭᠠᠵᠠᠷ ᠲᠠᠢ᠂ 5400 ᠭᠠᠷᠤᠢ ᠲᠦᠮᠡᠨ ᠮᠦ ᠪᠠᠶᠢᠭᠠᠯᠢ ᠶᠢᠨ ᠪᠡᠯᠴᠢᠭᠡᠷ ᠪᠡᠯᠴᠢᠭᠡᠷ ᠲᠠᠢ᠃ 2022 ᠣᠨ ᠳᠤ᠂ ᠪᠦᠬᠦ ᠬᠤᠳᠠ ᠶᠢᠨ ᠴᠢᠨᠠᠷ ᠰᠠᠶᠢᠲᠠᠢ ᠡᠪᠡᠰᠦ ᠪᠣᠷᠳᠤᠭ᠎ᠠ ᠶᠢᠨ ᠲᠠᠷᠢᠮᠠᠯ ᠤᠨ ᠲᠠᠯᠠᠪᠠᠢ 170 ᠭᠠᠷᠤᠢ ᠲᠦᠮᠡᠨ ᠮᠦ ᠳᠤ ᠬᠦᠷᠴᠦ᠂ ᠦᠨᠡᠮᠯᠡᠯ ᠲᠠᠢ ᠲᠡᠵᠢᠭᠡᠯ ᠪᠣᠷᠳᠤᠭ᠎ᠠ ᠦᠢᠯᠡᠳᠪᠦᠷᠢᠯᠡᠬᠦ ᠠᠵᠤ ᠠᠬᠤᠶᠢᠯᠠᠯ 57 ᠪᠣᠯᠵᠤ᠂ ᠵᠢᠯ ᠳᠤ 400 ᠭᠠᠷᠤᠢ ᠲᠦᠮᠡᠨ ᠲᠣᠨ ᠦᠢᠯᠡᠳᠪᠦᠷᠢᠯᠡᠬᠦ ᠴᠢᠳᠠᠪᠤᠷᠢ ᠶᠢ ᠲᠥᠯᠥᠪᠯᠡᠵᠦ᠂ 7 ᠶᠡᠭᠡ ᠰᠢᠷᠢᠰ 110 ᠭᠠᠷᠤᠢ ᠪᠦᠲᠦᠭᠡᠭᠳᠡᠬᠦᠨ ᠢ ᠦᠢᠯᠡᠳᠪᠦᠷᠢᠯᠡᠵᠦ᠂ ᠲᠡᠵᠢᠭᠡᠯ ᠪᠣᠷᠳᠤᠭ᠎ᠠ ᠶᠢᠨ ᠶᠡᠷᠦᠩᠬᠡᠢ ᠭᠠᠷᠤᠯᠲᠠ 112 ᠲᠦᠮᠡᠨ ᠲᠣᠨ ᠳᠤ ᠬᠦᠷᠴᠡᠢ᠃       ᠡᠯᠪᠡᠭ ᠪᠠᠶᠠᠯᠢᠭ ᠡᠬᠢ ᠪᠠᠶᠠᠯᠢᠭ ᠤᠨ ᠳᠠᠪᠠᠭᠤᠯᠢᠭ ᠢᠶᠠᠷ ᠢᠶᠠᠨ ᠠᠯᠠᠰᠢᠨ ᠬᠤᠨᠢᠨ ᠤ ᠠᠵᠤ ᠦᠢᠯᠡᠰ ᠤᠨ ᠬᠥᠭᠵᠢᠯᠲᠡ ᠳᠤ ᠴᠢᠬᠤᠯᠠ ᠲᠤᠯᠭᠠᠭᠤᠷᠢᠯᠠᠯ ᠬᠠᠩᠭᠠᠵᠤ᠂ ᠪᠠᠶᠠᠨᠨᠠᠭᠤᠷ ᠤᠨ ᠠᠯᠠᠰᠢᠨ ᠬᠤᠨᠢᠨ ᠤ ᠮᠠᠯᠵᠢᠯ ᠤᠨ ᠬᠡᠮᠵᠢᠶ᠎ᠡ ᠪᠣᠯᠣᠨ ᠭᠠᠷᠭᠠᠯᠲᠠ ᠶᠢᠨ ᠬᠡᠮᠵᠢᠶ᠎ᠡ ᠴᠥᠮ ᠪᠦᠬᠦ ᠤᠯᠤᠰ ᠤᠨ ᠨᠢᠭᠡᠳᠦᠭᠡᠷ ᠲᠤ ᠣᠷᠣᠵᠤ᠂ ᠪᠦᠬᠦ ᠤᠯᠤᠰ ᠤᠨ ᠴᠤᠷ ᠤᠨ ᠭᠠᠭᠴᠠ ᠠᠯᠠᠰᠢᠨ ᠬᠤᠨᠢ ᠶᠢ ᠲᠦᠷᠪᠡᠨ ᠤᠯᠠᠷᠢᠯ ᠳᠤ ᠲᠡᠩᠴᠡᠭᠦᠷᠢᠲᠡᠢ ᠭᠠᠷᠭᠠᠵᠤ ᠳᠡᠶᠢᠯᠬᠦ ᠲᠤᠰᠬᠠᠢ ᠣᠷᠣᠨ ᠤ ᠲᠡᠰ ᠤᠨ ᠬᠤᠳᠠ ᠪᠣᠯᠵᠤ᠂ ︽ᠳᠤᠮᠳᠠᠳᠤ ᠤᠯᠤᠰ ᠤᠨ ᠬᠤᠨᠢᠨ ᠤ ᠬᠤᠳᠠ︾ ᠬᠡᠮᠡᠭᠳᠡᠵᠡᠢ᠃ ᠵᠢᠯ ᠤᠨ ᠭᠠᠳᠠᠭᠠᠳᠤ ᠳᠤ ᠭᠠᠷᠭᠠᠬᠤ ᠮᠢᠬᠠᠨ ᠤ ᠪᠦᠲᠦᠭᠡᠭᠳᠡᠬᠦᠨ ᠤ ᠠᠷᠠᠯᠵᠢᠶᠠᠨ ᠤ ᠬᠡᠮᠵᠢᠶ᠎ᠡ 1000 ᠲᠦᠮᠡᠨ ᠲᠥᠭᠦᠷᠢᠭ ᠢ ᠳᠠᠪᠠᠵᠤ᠂ ᠣᠨᠴᠠᠯᠢᠭᠲᠤ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠭᠠᠳᠠᠭᠠᠳᠤ ᠳᠤ ᠭᠠᠷᠭᠠᠬᠤ ᠬᠡᠮᠵᠢᠶ᠎ᠡ 14 ᠵᠢᠯ ᠳᠠᠷᠠᠭᠠᠯᠠᠨ ᠪᠥᠬᠦ ᠣᠷᠣᠨ ᠤ ᠲᠡᠷᠢᠭᠦᠨ ᠳᠤ ᠣᠷᠣᠪᠠ᠃ᠰᠢᠯᠢᠳᠡᠭ ᠡᠭᠦᠯᠳᠡᠷ ᠴᠢᠨᠠᠷ ᠰᠠᠶᠢᠲᠠᠢ ᠬᠤᠨᠢᠨ ᠮᠢᠬ᠎ᠠ ᠶᠢ ᠪᠣᠶᠢᠵᠢᠭᠤᠯᠤᠨ᠎ᠠ      ᠪᠠᠶᠠᠨᠨᠠᠭᠤᠷ ᠤᠨ ᠠᠯᠠᠰᠢᠨ ᠬᠤᠨᠢᠨ ᠤ ᠲᠦᠷᠦᠯ ᠵᠦᠢᠯ ᠡᠯᠪᠡᠭ ᠪᠠᠶᠠᠯᠢᠭ᠂ ᠪᠡᠶ᠎ᠡ ᠪᠠᠨ ᠳᠠᠭᠠᠭᠠᠵᠤ ᠪᠣᠶᠢᠵᠢᠭᠤᠯᠤᠭᠰᠠᠨ ︽ᠪᠠᠶᠠᠨᠨᠠᠭᠤᠷ ᠮᠢᠬᠠᠨ ᠤ ᠬᠤᠨᠢ︾ ᠪᠣᠯ ᠪᠦᠬᠦ ᠤᠯᠤᠰ ᠤᠨ ᠠᠩᠬᠠᠳᠠᠭᠴᠢ ᠪᠡᠶ᠎ᠡ ᠪᠠᠨ ᠳᠠᠭᠠᠭᠠᠭᠰᠠᠨ ᠮᠡᠳᠡᠯᠭᠡ ᠶᠢᠨ ᠥᠮᠴᠢᠯᠡᠯ ᠤᠨ ᠡᠷᠬᠡ ᠲᠠᠢ ᠠᠯᠠᠰᠢᠨ ᠬᠤᠨᠢᠨ ᠤ ᠲᠦᠷᠦᠯ ᠵᠦᠢᠯ ᠪᠣᠯᠣᠨ᠎ᠠ᠂ ᠪᠠᠶᠠᠨᠨᠠᠭᠤᠷ ᠮᠢᠬᠠᠨ ᠤ ᠬᠤᠨᠢᠨ ᠤ ᠪᠡᠶ᠎ᠡ ᠨᠢ ᠶᠡᠭᠡ᠂ ᠥᠰᠦᠯᠲᠡ ᠪᠤᠶᠢᠵᠢᠯᠲᠠ ᠨᠢ ᠲᠦᠷᠭᠡᠨ᠂ ᠮᠢᠬᠠᠨ ᠤ ᠭᠠᠷᠤᠯᠲᠠ ᠨᠢ ᠥᠨᠳᠥᠷ᠂ ᠮᠢᠬᠠᠨ ᠤ ᠴᠢᠨᠠᠷ ᠨᠢ ᠨᠠᠷᠢᠨ ᠵᠥᠭᠡᠯᠡᠨ᠂ ᠠᠮᠲᠠ ᠨᠢ ᠰᠢᠨ᠎ᠡ ᠰᠣᠷᠭᠤᠭ᠂ ᠠᠮᠲᠠ ᠨᠢ ᠰᠠᠶᠢᠨ᠂ ᠤᠯᠤᠰ ᠤᠨ ᠲᠠᠷᠢᠶᠠᠯᠠᠩ ᠤᠨ ᠪᠦᠲᠦᠭᠡᠭᠳᠡᠬᠦᠨ ᠤ ᠭᠠᠵᠠᠷ ᠵᠦᠢ ᠶᠢᠨ ᠪᠡᠯᠭᠡ ᠲᠡᠮᠳᠡᠭ ᠤᠨ ᠬᠠᠮᠠᠭᠠᠯᠠᠯᠲᠠ ᠶᠢᠨ ᠪᠦᠲᠦᠭᠡᠭᠳᠡᠬᠦᠨ ᠪᠣᠯᠣᠨ᠎ᠠ᠂ ᠪᠠᠶᠠᠨᠨᠠᠭᠤᠷ ᠪᠠᠰᠠ ︽ᠳᠤᠮᠳᠠᠳᠤ ᠤᠯᠤᠰ ᠤᠨ ᠠᠯᠠᠰᠢᠨ ᠬᠤᠨᠢ ︵ᠪᠠᠶᠠᠨᠨᠠᠭᠤᠷ︶ ᠶᠢᠨ ᠨᠤᠲᠤᠭ︾ ᠬᠡᠮᠡᠭᠳᠡᠵᠡᠢ᠃      ᠬᠤᠨᠢ ᠥᠷᠭᠡᠨ ᠠᠭᠤᠳᠠᠮ ᠮᠣᠩᠭᠤᠯ ᠤᠨ ᠥᠨᠳᠦᠷᠯᠢᠭ ᠲᠤ ᠪᠣᠶ ᠪᠣᠯᠤᠭᠰᠠᠨ ᠪᠣᠯᠪᠠᠴᠤ ᠠᠯᠤᠰ ᠬᠤᠯᠠ ᠶᠢᠨ ᠵᠢᠶᠠᠩᠨᠠᠨ ᠣᠷᠣᠨ ᠳᠤ ᠥᠪᠡᠷᠮᠢᠴᠡ ᠵᠠᠩ ᠴᠢᠨᠠᠷ ᠪᠠ ᠵᠠᠩ ᠳᠠᠳᠬᠠᠯ ᠲᠠᠢ ᠪᠣᠯᠵᠠᠢ᠃  2016 ᠣᠨ ᠳᠤ᠂  ᠶᠢᠨ  ᠽᠣᠣ ᠶᠤᠸᠠᠨ  ᠠᠮᠢ ᠠᠬᠤᠢ  ᠶᠢᠨ  ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ ᠬᠤᠨᠢ ᠶᠢ  ᠵᠢᠶᠠᠩᠰᠤ ᠵᠧᠵᠢᠶᠠᠩ ᠠᠴᠠ ᠪᠠᠶᠠᠨᠨᠠᠭᠤᠷ ᠲᠤ ᠠᠪᠠᠴᠢᠵᠤ᠂ ᠲᠤᠰᠬᠠᠢ ᠲᠦᠷᠦᠯ ᠪᠣᠯᠬᠤ   ᠶᠢᠨ ᠼᠤᠤ ᠬᠤᠨᠢ ᠶᠢ ᠪᠣᠶᠢᠵᠢᠭᠤᠯᠵᠠᠢ᠃  ᠶᠢᠨ  ᠽᠣᠣ  ᠬᠤᠨᠢᠨ ᠤ ᠮᠢᠬ᠎ᠠ ᠨᠢ ᠰᠢᠭᠦᠰᠦᠯᠢᠭ  ᠵᠥᠭᠡᠯᠡᠨ᠂  ᠬᠠᠨᠤᠮᠠᠯ ᠪᠤᠰᠤ ᠥᠭᠡᠬᠦᠨ ᠬᠦᠴᠢᠯ ᠡᠯᠪᠡᠭ ᠠᠭᠤᠯᠵᠤ᠂ ᠮᠢᠬᠠᠨ ᠳᠤᠨᠢ ᠨᠠᠷᠢᠨ ᠨᠢᠭᠲᠠ ᠴᠠᠰᠤᠨ ᠰᠤᠳᠠᠰᠤ  ᠲᠠᠢ ᠤᠴᠢᠷ ᠠᠴᠠ ᠬᠤᠭᠤᠯᠠ ᠢᠳᠡᠭᠴᠢᠳ ᠤᠨ ᠳᠤᠷ᠎ᠠ ᠪᠠᠬ᠎ᠠ ᠶᠢ ᠶᠡᠬᠡᠳᠡ ᠲᠠᠲᠠᠳᠠᠭ ᠪᠠᠶᠢᠨ᠎ᠠ᠃ ᠡᠨᠡ ᠬᠦ ᠬᠤᠨᠢᠨ ᠤ ᠮᠢᠬ᠎ᠠ ᠨᠢ ᠰᠢᠭᠦᠰᠦᠯᠢᠭ ᠵᠥᠭᠡᠯᠡᠨ᠂ ᠰᠢᠮ᠎ᠡ ᠰᠢᠮ᠎ᠡ ᠦᠭᠡᠢ᠂ ᠬᠠᠨᠤᠮᠠᠯ ᠪᠤᠰᠤ ᠥᠭᠡᠬᠦᠨ ᠬᠦᠴᠢᠯ ᠡᠯᠪᠡᠭ ᠠᠭᠤᠯᠵᠤ᠂ ᠮᠢᠬᠠᠨ ᠳᠤᠨᠢ ᠴᠠᠰᠤᠨ ᠤ ᠬᠡ ᠤᠭᠠᠯᠵᠠ ᠲᠠᠢ ᠪᠣᠯᠬᠤᠷ᠂ ᠬᠤᠭᠤᠯᠠ ᠢᠳᠡᠭᠴᠢᠳ ᠤᠨ ᠳᠤᠷ᠎ᠠ ᠪᠠᠬ᠎ᠠ ᠶᠢ ᠶᠡᠬᠡᠳᠡ ᠲᠠᠲᠠᠳᠠᠭ᠃      ᠥᠨᠥᠳᠥᠷ᠂ ᠪᠠᠶᠠᠨᠨᠠᠭᠤᠷ ᠤᠨ ᠬᠤᠨᠢᠨ ᠮᠢᠬ᠎ᠠ ᠬᠥᠬᠡᠮᠥ᠋ᠷᠡᠨ ᠤ ᠡᠮᠦᠨ᠎ᠡ ᠤᠮᠠᠷ᠎ᠠ ᠳᠤ ᠪᠣᠷᠣᠯᠠᠭᠤᠯᠤᠭᠳᠠᠵᠤ᠂ ᠪᠡᠭᠡᠵᠢᠩ ᠤᠨ ᠡᠪᠦᠯ  ᠤᠨ ᠣᠯᠢᠮᠫᠢᠺ ᠤᠨ ᠴᠤᠭᠯᠠᠭᠠᠨ᠂ ᠡᠪᠦᠯ ᠤᠨ ᠵᠡᠮᠳᠡᠭᠴᠦᠳ ᠤᠨ ᠣᠯᠢᠮᠫᠢᠺ ᠤᠨ ᠴᠤᠭᠯᠠᠭᠠᠨ ᠤ  ᠬᠤᠭᠤᠯᠠᠨ ᠰᠢᠷᠡᠭᠡᠨ ᠳᠤ ᠣᠷᠣᠵᠤ᠂ ᠺᠠᠲ᠋ᠠᠷ ᠤᠨ ᠳᠡᠯᠡᠬᠡᠢ ᠶᠢᠨ ᠬᠤᠨᠳᠠᠭᠠᠲᠤ ᠬᠥᠯ ᠪᠥᠮᠪᠦᠭᠡ ᠶᠢᠨ ᠤᠷᠤᠯᠳᠤᠭᠠᠨ ᠳᠤ ᠣᠷᠣᠯ᠎ᠠ᠃        ᠠᠯᠠᠰᠢᠨ ᠬᠤᠨᠢᠨ ᠤ ᠠᠵᠤ ᠦᠢᠯᠡᠰ ᠦᠷᠭᠦᠯᠵᠢᠯᠡᠨ ᠲᠦᠷᠭᠡᠨ ᠬᠥᠭᠵᠢᠬᠦ      ᠪᠠᠶᠠᠨᠨᠠᠭᠤᠷ ᠠᠯᠠᠰᠢᠨ ᠬᠤᠨᠢᠨ ᠤ ᠠᠵᠤ ᠦᠢᠯᠡᠰ ᠤᠨ ᠮᠥᠷᠳᠡᠨ ᠤᠬᠤᠴᠢᠯᠠᠬᠤ  ᠰᠢᠰᠲ᠋ᠧᠮ ᠢ ᠪᠠᠶᠢᠭᠤᠯᠵᠤ᠂ ᠠᠯᠠᠰᠢᠨ ᠬᠤᠨᠢᠨ ᠳᠤ ︽  ᠡᠯᠧᠺᠲᠷᠣᠨ ᠪᠡᠶ᠎ᠡ ᠶᠢᠨ ᠦᠨᠡᠮᠯᠡᠯ︾ ᠲᠠᠢ ᠪᠣᠯᠵᠤ᠂ ᠡᠭᠦᠯᠳᠡᠷ ᠪᠣᠶᠢᠵᠢᠭᠤᠯᠬᠤ᠂ ᠠᠮᠤ ᠪᠤᠳᠠᠭ᠎ᠠ ᠲᠡᠵᠢᠭᠡᠬᠦ᠂ ᠦᠢᠯᠡᠳᠪᠦᠷᠢᠯᠡᠬᠦ᠂ ᠭᠠᠷᠭᠠᠬᠤ᠂ ᠨᠢᠲᠤᠯᠬᠤ ᠠᠴᠠ ᠡᠳ᠋ᠰᠢᠭᠦᠯᠬᠦ᠂ ᠬᠥᠮᠥᠷᠭᠡᠯᠡᠬᠦ᠂ ᠪᠠᠷᠠᠭᠠᠨ ᠤ ᠭᠦᠢᠯᠭᠡᠭᠡ᠂ ᠪᠣᠷᠣᠯᠠᠭᠤᠯᠬᠤ᠂ ᠬᠢᠨᠠᠨ ᠬᠠᠮᠢᠶᠠᠷᠬᠤ ᠬᠦᠷᠲᠡᠯ᠎ᠡ᠂ ᠠᠯᠠᠰᠢᠨ ᠬᠤᠨᠢᠨ ᠤ ᠠᠵᠤ ᠦᠢᠯᠡᠰ ᠢ ︽ᠬᠠᠮᠠᠭᠠᠯᠠᠵᠤ︾᠂ ᠠᠯᠠᠰᠢᠨ ᠬᠤᠨᠢᠨ ᠤ ᠶᠠᠰᠤ ᠴᠢᠨᠠᠷ ᠢ ᠪᠠᠲᠤᠯᠠᠵᠤ᠂ ᠬᠥᠮᠥᠰ ᠤᠨ ᠡᠷᠡᠭᠦᠯ ᠮᠡᠨᠳᠦ᠂ ᠠᠮᠤᠷ ᠲᠦᠪᠰᠢᠨ᠂ ᠰᠠᠨᠠᠭ᠎ᠠ ᠠᠮᠤᠷ ᠴᠢᠨᠠᠷ ᠰᠠᠶᠢᠲᠠᠢ ᠬᠤᠨᠢᠨ ᠮᠢᠬ᠎ᠠ ᠣᠯᠵᠤ ᠢᠳᠡᠬᠦ ᠶᠢ ᠪᠠᠲᠤᠯᠠᠵᠠᠢ᠃      ᠠᠯᠠᠰᠢᠨ  ᠬᠤᠨᠢᠨ  ᠤ  ᠠᠵᠤ  ᠦᠢᠯᠡᠰ  ᠪᠣᠯ  ᠪᠠᠶᠠᠨᠨᠠᠭᠤᠷ  ᠤᠨ  ᠳᠠᠪᠠᠭᠤᠯᠢᠭ  ᠣᠨᠴᠠᠯᠢᠭᠲᠤ  ᠠᠵᠤ  ᠦᠢᠯᠡᠰ  ᠪᠣᠯᠣᠨ᠎ᠠ  ᠂  ︽ᠬᠠᠰᠢᠶᠠᠯᠠᠨ ᠲᠡᠵᠢᠭᠡᠵᠦ ᠬᠠᠰᠢᠶᠠᠯᠠᠨ ᠲᠡᠵᠢᠭᠡᠬᠦ︾ ᠠᠴᠠ ︽ᠬᠡᠪᠴᠢᠶᠡᠵᠢᠭᠦᠯᠦᠨ ᠲᠡᠵᠢᠭᠡᠬᠦ︾ ᠬᠦᠷᠲᠡᠯ᠎ᠡ᠂ ︽ᠪᠦᠳᠦᠭᠦᠯᠢᠭ ᠲᠡᠵᠢᠭᠡᠬᠦ︾ ᠠᠴᠠ ︽ᠣᠷᠭᠠᠨᠢᠭ ᠨᠠᠶᠢᠷᠠᠯᠭ᠎ᠠ︾ ᠬᠦᠷᠲᠡᠯ᠎ᠡ᠂ ︽ᠭᠠᠭᠴᠠ ᠦᠢᠯᠡᠳᠪᠦᠷᠢᠯᠡᠯ ᠤᠨ ᠰᠠᠭᠤᠷᠢᠨ︾ ᠠᠴᠠ ︽ᠠᠵᠤ ᠦᠢᠯᠡᠰ ᠤᠨ ᠵᠢᠱᠢᠶ᠎ᠡ ᠦᠵᠡᠭᠦᠯᠬᠦ ᠬᠦᠷᠢᠶᠡᠯᠡᠩ︾ ᠬᠦᠷᠲᠡᠯ᠎ᠡ ᠁ ᠪᠠᠶᠠᠨᠨᠠᠭᠤᠷ ᠤᠨ ᠠᠯᠠᠰᠢᠨ ᠬᠤᠨᠢᠨ ᠤ ᠠᠵᠤ ᠦᠢᠯᠡᠰ ᠥᠷᠨᠢᠩᠭᠦᠢ ᠬᠥᠭᠵᠢᠪᠡ᠃      ᠪᠠᠶᠠᠨᠨᠠᠭᠤᠷ ᠤᠨ ᠠᠯᠠᠰᠢᠨ ᠬᠤᠨᠢ ᠶᠢ ᠨᠢᠲᠤᠯᠵᠤ ᠡᠳ᠋ᠰᠢᠭᠦᠯᠬᠦ ᠠᠵᠤ ᠠᠬᠤᠶᠢᠯᠠᠯ᠂ ᠬᠡᠪᠴᠢᠶᠡᠵᠢᠭᠦᠯᠦᠭᠰᠡᠨ ᠲᠡᠵᠢᠭᠡᠨ ᠦᠷᠡᠵᠢᠭᠦᠯᠬᠦ ᠬᠥᠲᠥᠴᠢ ᠠᠵᠤ ᠠᠬᠤᠶᠢᠯᠠᠯ ᠬᠢᠭᠡᠳ ᠮᠠᠯᠴᠢᠨ ᠲᠠᠷᠢᠶᠠᠴᠢᠨ ᠤ ᠠᠰᠢᠭ ᠲᠤᠰᠠ ᠶᠢᠨ ᠬᠤᠯᠪᠣᠭ᠎ᠠ ᠶᠢᠨ ᠵᠠᠭᠪᠤᠷ ᠢ ᠰᠦᠪᠡᠭᠴᠢᠯᠡᠨ ᠪᠦᠷᠢᠯᠳᠦᠭᠦᠯᠵᠦ᠂ ᠲᠠᠷᠢᠶᠠᠯᠠᠩ ᠮᠠᠯ ᠠᠵᠤ ᠠᠬᠤᠢ ᠶᠢᠨ ᠠᠵᠤ ᠦᠢᠯᠡᠰ ᠤᠨ ᠬᠥᠭᠵᠢᠯᠲᠡ ᠶᠢ ᠬᠥᠲᠥᠯᠥᠨ ᠳᠠᠭᠠᠭᠤᠯᠬᠤ ᠰᠢᠨ᠎ᠡ ᠨᠡᠶᠢᠲᠡᠯᠢᠭ ᠵᠢᠱᠢᠶ᠎ᠡ ᠴᠣᠯᠭᠤᠷᠠᠨ ᠭᠠᠷᠤᠭᠰᠠᠨ ᠪᠠᠶᠢᠨ᠎ᠠ᠃ 2022 ᠣᠨ ᠳᠤ᠂ ᠪᠥᠬᠦ ᠬᠤᠲᠠ ᠳᠤ 19 ᠡᠭᠦᠯᠳᠡᠷ ᠤᠨ ᠬᠤᠨᠢᠨ ᠤ ᠲᠠᠯᠠᠪᠠᠶ ᠪᠠᠶᠢᠵᠤ᠂ 2.89 ᠲᠦᠮᠡᠨ ᠡᠭᠦᠯᠳᠡᠷ ᠤᠨ ᠬᠤᠨᠢ ᠲᠡᠵᠢᠭᠡᠵᠦ᠂ ᠡᠭᠦᠨ ᠳᠤ 2.64 ᠲᠦᠮᠡᠨ ᠡᠭᠦᠯᠳᠡᠷ ᠤᠨ ᠡᠬᠡ ᠮᠠᠯ᠂ 0.25 ᠲᠦᠮᠡᠨ ᠡᠭᠦᠯᠳᠡᠷ ᠤᠨ ᠮᠠᠯ ᠪᠠᠶᠢᠨ᠎ᠠ᠃      ᠡᠭᠦᠨ ᠠᠴᠠ ᠭᠠᠳᠠᠨ᠎ᠠ᠂ ᠪᠠᠶᠠᠨᠨᠠᠭᠤᠷ ᠤᠨ ᠨᠠᠷᠢᠨ ᠨᠢᠮᠪᠠᠢ ᠪᠠᠶᠢᠭᠤᠯᠤᠭᠰᠠᠨ ᠥᠪᠥᠷ ᠮᠣᠩᠭᠤᠯ ᠤᠨ ᠬᠤᠨᠢ ᠮᠠᠯ ᠤᠨ ᠠᠰᠢᠭ ᠰᠢᠮ᠎ᠡ ᠶᠢᠨ ᠠᠷᠠᠯᠵᠢᠶᠠᠨ ᠤ ᠲᠥᠪ ᠪᠣᠯ ᠪᠥᠬᠦ ᠤᠯᠤᠰ ᠤᠨ ᠠᠩᠬᠠᠳᠠᠭᠴᠢ ᠬᠤᠨᠢ ᠮᠠᠯ ᠤᠨ ᠠᠰᠢᠭ ᠰᠢᠮ᠎ᠡ ᠶᠢᠨ ᠡᠯᠧᠺᠲᠷᠣᠨ ᠠᠷᠠᠯᠵᠢᠶᠠᠨ ᠤ ᠲᠠᠪᠴᠠᠩ ᠪᠣᠯᠣᠨ᠎ᠠ᠂ ᠡᠨᠡ ᠨᠢ ᠰᠦᠯᠵᠢᠶᠡᠨ ᠳᠡᠭᠡᠷᠡᠬᠢ ᠡᠯᠧᠺᠲᠷᠣᠨ ᠠᠷᠠᠯᠵᠢᠶ᠎ᠠ ᠪᠠ ᠰᠦᠯᠵᠢᠶᠡᠨ ᠭᠠᠳᠠᠨᠠᠬᠢ ᠪᠡᠯᠡᠨ ᠪᠠᠷᠠᠭᠠᠨ ᠤ ᠠᠷᠠᠯᠵᠢᠶ᠎ᠠ ᠶᠢᠨ ᠣᠷᠭᠠᠨᠢᠭ ᠨᠡᠶᠢᠯᠡᠯ ᠢ ᠪᠡᠶᠡᠯᠡᠭᠦᠯᠵᠦ᠂ ᠵᠢᠯ ᠳᠤ 150 ᠲᠦᠮᠡᠨ ᠲᠣᠯᠣᠭᠠᠢ ︵ᠪᠦᠬᠦᠯᠢ︶ ᠠᠮᠢᠳᠤ ᠮᠠᠯ ᠢ ᠠᠷᠠᠯᠵᠢᠶᠠᠯᠠᠵᠤ ᠪᠣᠯᠣᠨ᠎ᠠ᠃      ᠡᠭᠦᠨ ᠤ ᠵᠡᠷᠭᠡ ᠳᠤ᠂ ᠪᠠᠶᠠᠨᠨᠠᠭᠤᠷ ᠤᠨ ᠠᠯᠠᠰᠢᠨ ᠬᠤᠨᠢᠨ ᠤ ᠠᠵᠤ ᠠᠬᠤᠶᠢᠯᠠᠯ ᠤᠨ ︽ᠲᠡᠭᠷᠢ  ᠶᠢᠨ ᠬᠡᠰᠢᠭᠲᠦ ᠪᠣᠷᠣᠳᠣᠬᠤᠢ︾ ᠶᠢᠨ ᠨᠠᠷᠠᠲᠤ ᠲᠡᠮᠳᠡᠭᠲᠦ ᠶᠢᠨ ᠳᠡᠮᠵᠢᠯᠭᠡ ᠳᠣᠣᠷ᠎ᠠ᠂ ᠪᠠᠶᠠᠨᠨᠠᠭᠤᠷ ᠤᠨ ᠠᠯᠠᠰᠢᠨ ᠬᠤᠨᠢᠨ ᠤ ᠠᠵᠤ ᠠᠬᠤᠶᠢᠯᠠᠯ ᠤᠨ ᠨᠡᠷ᠎ᠡ ᠠᠯᠳᠠᠷ ᠪᠠ ᠨᠥᠯᠥᠭᠡᠯᠡᠬᠦ ᠬᠦᠴᠦᠨ ᠢ ᠳᠡᠭᠡᠭᠰᠢᠯᠡᠭᠦᠯᠦᠭᠰᠡᠨ ᠪᠠᠶᠢᠨ᠎ᠠ᠃ 2022 ᠣᠨ ᠳᠤ᠂  ᠶᠢᠨ ᠽᠣᠣ ᠶᠤᠸᠠᠨ ᠠᠮᠢ ᠠᠬᠤᠢ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ ᠶᠢᠨ ᠦᠢᠯᠡᠳᠬᠦᠨ ᠤ ᠪᠣᠷᠤᠯᠠᠭᠤᠯᠭ᠎ᠠ ᠶᠢᠨ ᠬᠡᠮᠵᠢᠶ᠎ᠡ ᠳᠥᠷᠪᠡᠨ ᠤ ᠨᠢᠭᠡ ᠬᠤᠪᠢ ᠰᠢᠬᠠᠮ ᠳᠡᠭᠡᠭᠰᠢᠯᠡᠵᠦ᠂ ᠤᠷᠠᠳ ᠤᠨ ᠳᠤᠮᠳᠠᠳᠤ ᠬᠤᠰᠢᠭᠤᠨ ᠤ ᠨᠤᠲᠤᠭ ᠪᠡᠯᠴᠢᠭᠡᠷ ᠤᠨ ᠾᠧᠩ ᠲᠦᠩ ᠢᠳᠡᠭᠡᠨ ᠤ ᠬᠢᠵᠠᠭᠠᠷᠲᠤ ᠺᠣᠮᠫᠠᠨᠢ ᠶᠢᠨ ᠪᠣᠷᠤᠯᠠᠭᠤᠯᠭ᠎ᠠ ᠶᠢᠨ ᠬᠡᠮᠵᠢᠶ᠎ᠡ 4200 ᠲᠦᠮᠡᠨ ᠲᠥᠭᠦᠷᠢᠭ ᠲᠤ ᠬᠦᠷᠴᠡᠢ᠃      ᠣᠳᠣᠬᠠᠨ ᠳᠤ᠂ ᠪᠠᠶᠠᠨᠨᠠᠭᠤᠷ ᠶᠠᠭ ᠳᠠᠪᠠᠭᠤᠯᠢᠭ ᠠᠵᠤ ᠦᠢᠯᠡᠰ ᠤᠨ ᠰᠦᠷᠦᠭᠵᠢᠯ ᠢ ᠲᠦᠯᠬᠢᠨ ᠠᠬᠢᠭᠤᠯᠵᠤ᠂ ︽ᠭᠤᠷᠪᠠᠨ ᠬᠤᠨᠢ︾ ᠶᠢᠨ ᠠᠵᠤ ᠦᠢᠯᠡᠰ ᠢ ᠳᠡᠮᠵᠢᠬᠦ ᠲᠥᠷᠥ ᠶᠢᠨ ᠪᠣᠳᠣᠯᠭ᠎ᠠ ᠶᠢ ᠨᠡᠶᠢᠲᠡᠯᠡᠨ ᠬᠡᠷᠡᠭᠵᠢᠭᠦᠯᠵᠦ᠂ ᠠᠯᠠᠰᠢᠨ ᠬᠤᠨᠢᠨ ᠤ ᠠᠵᠤ ᠦᠢᠯᠡᠰ ᠤᠨ ︽ᠨᠢᠰᠬᠡᠯ ᠤᠨ ᠰᠠᠭᠤᠷᠢ ᠬᠥᠯᠭᠡ ᠣᠩᠭᠤᠴᠠ︾ ᠶᠢ ᠴᠣᠭᠴᠠᠯᠠᠨ ᠪᠠᠶᠢᠭᠤᠯᠵᠤ᠂ ᠪᠠᠶᠠᠨᠨᠠᠭᠤᠷ ᠢᠷᠡᠭᠡᠳᠦᠢ ᠳᠤ ᠬᠦᠷᠴᠦ ᠢᠷᠡᠬᠦ ᠪᠣᠯᠣᠨ᠎ᠠ᠃ 
ᠢᠷᠡᠯᠲᠡ᠄ ᠪᠠᠶᠠᠨᠨᠠᠭᠤᠷ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠵᠠᠰᠠᠭ ᠤᠨ ᠶᠠᠪᠤᠳᠠᠯ ᠤᠨ ᠮᠣᠩᠭᠤᠯ ᠰᠦᠯᠵᠢᠶ᠎ᠡ