︽ᠲᠡᠭᠷᠢ ᠶᠢᠨ ᠬᠡᠰᠢᠭᠲᠦ ᠪᠣᠷᠣᠳᠣᠬᠤᠢ︾ ᠨᠢᠭᠡᠨᠲᠡ 8 ᠤᠯᠤᠰ ᠪᠠ ᠭᠠᠵᠠᠷ ᠣᠷᠣᠨ ᠤ ᠲᠠᠸᠠᠷ ᠤᠨ ᠲᠡᠮᠳᠡᠭ ᠤᠨ ᠦᠨᠡᠮᠯᠡᠯ ᠢ ᠣᠯᠵᠠᠢ
ᠨᠡᠶᠢᠲᠡᠯᠡᠭᠰᠡᠨ ᠴᠠᠭ᠄
2023/7/27
      ᠰᠤᠷᠪᠤᠯᠵᠢᠯᠠᠭᠴᠢ ᠣᠶᠢᠷ᠎ᠠ ᠳᠤ ᠣᠶᠢᠯᠠᠭᠠᠭᠰᠠᠨ ᠢᠶᠠᠷ᠂ ︽  ᠲᠡᠭᠷᠢ ᠶᠢᠨ ᠬᠡᠰᠢᠭᠲᠦ ᠪᠣᠷᠣᠳᠣᠬᠤᠢ︾ ᠲᠠᠷᠢᠶᠠᠯᠠᠩ ᠤᠨ ᠪᠦᠲᠦᠭᠡᠭᠳᠡᠬᠦᠨ ᠤ ᠣᠷᠣᠨ ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠨᠠᠷᠠᠲᠤ ᠲᠡᠮᠳᠡᠭᠲᠦ ᠶᠢᠨ ᠣᠣᠮᠧᠨ ᠤ ᠵᠠᠰᠠᠭ ᠵᠠᠬᠢᠷᠭᠠᠨ ᠤ ᠣᠨᠴᠠᠭᠠᠶ ᠣᠷᠣᠨ ᠳᠤ  ᠳᠠᠩᠰᠠᠯᠠᠭᠤᠯᠪᠠ᠂ ︽ᠲᠡᠭᠷᠢ ᠶᠢᠨ ᠬᠡᠰᠢᠭᠲᠦ ᠪᠣᠷᠣᠳᠣᠬᠤᠢ︾ ᠨᠠᠷᠠᠲᠤ ᠲᠡᠮᠳᠡᠭᠲᠦ ᠨᠢ ᠨᠢᠭᠡᠨᠲᠡ ᠳᠤᠮᠳᠠᠳᠤ ᠤᠯᠤᠰ ᠤᠨ ᠰᠢᠶᠠᠩᠭᠠᠩ ᠤᠨ ᠵᠠᠰᠠᠭ ᠵᠠᠬᠢᠷᠭᠠᠨ ᠤ ᠣᠨᠴᠠᠭᠠᠶ ᠣᠷᠣᠨ᠂ ᠣᠣᠮᠧᠨ ᠤ ᠵᠠᠰᠠᠭ ᠵᠠᠬᠢᠷᠭᠠᠨ ᠤ ᠣᠨᠴᠠᠭᠠᠶ ᠣᠷᠣᠨ᠂ ᠶᠧᠵᠢᠫᠲ᠂ ᠶᠠᠫᠤᠨ᠂ ᠠᠩᠭ᠍ᠯᠢ᠂ ᠮᠣᠩᠭᠤᠯ᠂ ᠣᠷᠣᠰ ᠵᠢᠴᠢ ᠡᠸᠦ᠋ᠷᠦᠫᠡ ᠶᠢᠨ ᠬᠤᠯᠪᠣᠭ᠎ᠠ ᠵᠡᠷᠭᠡ 8 ᠤᠯᠤᠰ ᠪᠠ ᠭᠠᠵᠠᠷ ᠣᠷᠣᠨ ᠤ ᠲᠠᠸᠠᠷ ᠤᠨ ᠲᠡᠮᠳᠡᠭᠲᠦ ᠶᠢᠨ ᠦᠨᠡᠮᠯᠡᠯ ᠢ ᠣᠯᠣᠭᠰᠠᠨ ᠪᠠᠶᠢᠨ᠎ᠠ᠃      ᠣᠣᠮᠧᠨ ᠪᠣᠯ ᠭᠤᠸᠠᠩᠳᠦ᠋ᠩ ᠰᠢᠶᠠᠩᠭᠠᠩ ᠣᠣᠮᠧᠨ ᠤ ᠶᠡᠭᠡ ᠪᠤᠯᠤᠩ ᠤᠨ ᠣᠷᠣᠨ ᠤ ᠪᠦᠷᠢᠯᠳᠦᠭᠦᠨ ᠣᠷᠣᠨ ᠤ ᠨᠢᠭᠡ ᠪᠣᠯᠣᠨ᠎ᠠ᠂ ᠣᠣᠮᠧᠨ ᠤ ᠵᠠᠰᠠᠭ ᠵᠠᠬᠢᠷᠭᠠᠨ ᠤ ᠣᠨᠴᠠᠭᠠᠢ ᠣᠷᠣᠨ ᠤ ᠲᠠᠸᠠᠷ ᠤᠨ ᠲᠡᠮᠳᠡᠭ ᠤᠨ ᠦᠨᠡᠮᠯᠡᠯ ᠢ  ᠣᠯᠣᠭᠰᠠᠨ ᠨᠢ ︽ᠲᠡᠭᠷᠢ ᠶᠢᠨ ᠬᠡᠰᠢᠭᠲᠦ ᠪᠣᠷᠣᠳᠣᠬᠤᠢ︾ ᠶᠢᠨ ᠲᠦᠷᠦᠯ ᠲᠡᠮᠳᠡᠭ ᠤᠨ ᠨᠡᠩ ᠶᠡᠭᠡ ᠵᠠᠬ᠎ᠠ ᠳᠡᠯᠭᠡᠭᠦᠷ ᠲᠤ ᠣᠷᠣᠬᠤ ᠳᠤ ᠰᠠᠭᠤᠷᠢ ᠲᠠᠯᠪᠢᠵᠤ ᠥᠭᠴᠡᠢ᠃      2018 ᠣᠨ ᠳᠤ ︽ᠲᠡᠭᠷᠢ ᠶᠢᠨ ᠬᠡᠰᠢᠭᠲᠦ ᠪᠣᠷᠣᠳᠣᠬᠤᠢ︾ ᠲᠠᠷᠢᠶᠠᠯᠠᠩ ᠤᠨ ᠪᠦᠲᠦᠭᠡᠭᠳᠡᠬᠦᠨ ᠤ ᠣᠷᠣᠨ ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠨᠠᠷᠠᠲᠤ ᠲᠥᠷᠥᠯ ᠲᠡᠮᠳᠡᠭᠲᠦ ᠶᠢ ᠨᠡᠶᠢᠲᠡᠯᠡᠭᠰᠡᠨ ᠠᠴᠠ ᠨᠠᠰᠢ᠂ ᠮᠠᠨ ᠤ ᠬᠤᠲᠠ ᠶᠢᠨ ᠪᠦᠬᠦ ᠣᠷᠣᠨ ᠪᠦᠰᠡ ᠶᠢᠨ ᠨᠡᠷᠡᠲᠦ ᠲᠡᠮᠳᠡᠭ ᠤᠨ ᠪᠠᠶᠢᠭᠤᠯᠤᠯᠲᠠ ᠶᠢᠨ ᠵᠣᠬᠢᠶᠠᠨ ᠪᠠᠶᠢᠭᠤᠯᠤᠯᠲᠠ ᠶᠢᠨ ᠪᠦᠲᠦᠴᠡ  ᠶᠢ ᠪᠦᠬᠦ ᠲᠠᠯ᠎ᠠ  ᠪᠠᠷ ᠪᠠᠶᠢᠭᠤᠯᠵᠤ᠂ ᠪᠠᠷᠢᠮᠵᠢᠶ᠎ᠠ ᠶᠢᠨ ᠰᠢᠰᠲ᠋ᠧᠮᠵᠢ ᠶᠢ ᠠᠯᠬᠤᠮ ᠠᠯᠬᠤᠮ ᠢᠶᠠᠷ ᠪᠠᠶᠢᠭᠤᠯᠵᠤ᠂ ᠨᠠᠷᠠᠲᠤ ᠲᠥᠷᠥᠯ ᠲᠡᠮᠳᠡᠭᠲᠦ ᠶᠢᠨ ᠬᠠᠮᠢᠶᠠᠷᠤᠯᠲᠠ ᠶᠢ ᠪᠦᠷᠢᠨᠰᠢᠭᠦᠯᠦᠨ ᠲᠡᠭᠦᠯᠳᠡᠷᠵᠢᠭᠦᠯᠵᠦ᠂ ᠡᠵᠡᠩᠨᠡᠨ ᠪᠣᠷᠣᠯᠠᠭᠤᠯᠬᠤ ᠠᠷᠭ᠎ᠠ ᠵᠠᠮ ᠢ ᠥᠷᠭᠡᠳᠬᠡᠨ ᠥᠷᠭᠡᠳᠬᠡᠵᠦ᠂ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠪᠠ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠯᠠᠪᠳᠠᠭᠤᠨ ᠪᠠᠲᠤᠲᠠᠢ ᠠᠬᠢᠭᠤᠯᠵᠤ᠂ ᠨᠢᠭᠡ ᠪᠦᠯᠦᠭ ᠥᠷᠢᠰᠦᠯᠳᠦᠭᠡᠨ ᠤ ᠳᠠᠪᠠᠭᠤᠯᠢᠭ ᠢᠶᠠᠷ ᠴᠢᠩᠭ᠎ᠠ ᠲᠠᠷᠢᠶᠠᠯᠠᠩ ᠤᠨ ᠪᠦᠲᠦᠭᠡᠭᠳᠡᠬᠦᠨ ᠤ ᠨᠠᠷᠠᠲᠤ ᠲᠥᠷᠥᠯ ᠲᠡᠮᠳᠡᠭᠲᠦ ᠶᠢ ᠪᠣᠶᠢᠵᠢᠭᠤᠯᠵᠤ᠂ ᠲᠠᠷᠢᠶᠠᠯᠠᠩ ᠤᠨ ᠦᠷ᠎ᠡ ᠠᠰᠢᠭ ᠢ ᠨᠡᠮᠡᠭᠳᠡᠭᠦᠯᠬᠦ ᠲᠠᠷᠢᠶᠠᠴᠢᠳ ᠤᠨ ᠣᠷᠣᠯᠭ᠎ᠠ ᠶᠢ ᠨᠡᠮᠡᠭᠳᠡᠭᠦᠯᠬᠦ ᠶᠢ ᠳᠠᠶᠢᠴᠢᠯᠠᠨ᠂ ᠪᠠᠶᠠᠨᠨᠠᠭᠤᠷ ᠤᠨ ᠣᠨᠴᠠᠯᠢᠭ ᠲᠠᠢ ᠨᠠᠷᠠᠲᠤ ᠲᠥᠷᠥᠯ ᠲᠡᠮᠳᠡᠭᠲᠦ ᠪᠠᠷ ᠬᠤᠲᠠ ᠶᠢ ᠬᠦᠴᠦᠷᠬᠡᠭᠵᠢᠭᠦᠯᠬᠦ ᠵᠠᠮ ᠢᠶᠠᠷ ᠵᠠᠮᠨᠠᠪᠠ᠃ 
ᠢᠷᠡᠯᠲᠡ᠄ ᠪᠠᠶᠠᠨᠨᠠᠭᠤᠷ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠵᠠᠰᠠᠭ ᠤᠨ ᠶᠠᠪᠤᠳᠠᠯ ᠤᠨ ᠮᠣᠩᠭᠤᠯ ᠰᠦᠯᠵᠢᠶ᠎ᠡ