ᠪᠣᠷᠣᠳᠣᠬᠤᠢ ᠶᠢᠨ ᠦᠨᠦᠷ ᠠᠮᠲᠠ ᠬᠥᠬᠡᠬᠤᠲᠠ ᠳᠤ ᠬᠦᠷᠪᠡ
ᠨᠡᠶᠢᠲᠡᠯᠡᠭᠰᠡᠨ ᠴᠠᠭ᠄
2023/7/27
      ᠣᠶᠢᠷ᠎ᠠ ᠳᠤ᠂ ︽ᠪᠠᠶᠠᠨᠨᠠᠭᠤᠷ ᠤᠨ ᠪᠣᠷᠣᠳᠣᠬᠤᠢ ᠶᠢᠨ 52 ᠦᠨᠦᠷ ᠠᠮᠲᠠ ᠶᠢ ᠰᠣᠨᠢᠷᠬᠠᠬᠤ︾ ᠪᠠᠶᠠᠨᠨᠠᠭᠤᠷ ᠤᠨ ᠣᠨᠴᠠᠯᠢᠭᠲᠤ ᠢᠳᠡᠭᠡᠨ ᠤᠮᠳᠠᠭᠠᠨ ᠪᠠ ᠲᠠᠷᠢᠶᠠᠯᠠᠩ ᠲᠤᠰᠠᠯᠠᠬᠤ ᠠᠵᠤ ᠠᠬᠤᠢ ᠶᠢᠨ ᠪᠦᠲᠦᠭᠡᠭᠳᠡᠬᠦᠨ ᠢ ᠳᠡᠯᠭᠡᠨ ᠪᠣᠷᠣᠯᠠᠭᠤᠯᠬᠤ ᠠᠵᠢᠯᠯᠠᠭ᠎ᠠ ᠬᠥᠬᠡᠬᠤᠲᠠ ᠳᠤ ᠡᠬᠢᠯᠡᠪᠡ᠃ ᠠᠵᠢᠯᠯᠠᠭ᠎ᠠ ᠶᠢᠨ ᠬᠤᠭᠤᠴᠠᠭᠠᠨ ᠳᠤ᠂ ᠪᠣᠷᠣᠳᠣᠬᠤᠢ ᠶᠢᠨ ᠣᠨᠴᠠᠯᠢᠭᠲᠤ ᠠᠮᠲᠠᠲᠤ ᠢᠳᠡᠭᠡᠨ ᠪᠠ ᠪᠣᠬᠢᠷᠲᠤᠯ ᠦᠭᠡᠢ ᠨᠠᠷᠠᠲᠤ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠢ ᠥᠪᠡᠷᠲᠡᠭᠡᠨ ᠵᠠᠰᠠᠬᠤ ᠣᠷᠣᠨ ᠤ ᠪᠠᠶᠢᠭᠤᠯᠤᠯᠭ᠎ᠠ ᠨᠢᠭᠡᠴᠡ ᠶᠢᠨ ᠬᠤᠭᠤᠯᠠᠨ ᠲᠢᠩᠬᠢᠮ ᠳᠤ ᠳᠡᠯᠭᠡᠨ ᠪᠣᠷᠣᠯᠠᠭᠤᠯᠬᠤ ᠶᠢᠨ ᠬᠠᠮᠲᠤ ᠪᠠᠶᠠᠨᠨᠠᠭᠤᠷ ᠤᠨ ᠢᠳᠡᠭᠡᠨ ᠤᠮᠳᠠᠭᠠᠨ ᠤ ᠡᠲᠡᠭᠡᠳ ᠤᠨ ᠲᠣᠭᠤᠭᠠᠴᠢ ᠲᠤᠬᠠᠢ ᠶᠢᠨ ᠲᠠᠯᠠᠪᠤᠷ ᠲᠤ  ᠰᠢᠨᠠᠭ᠎ᠠ ᠠᠳᠬᠤᠨ ᠬᠤᠭᠤᠯᠠ ᠪᠠᠵᠠᠭᠠᠵᠤ ᠂  ᠢᠳᠡᠭᠡᠨ  ᠤ  ᠵᠣᠴᠢᠳ  ᠲᠤ  ︽ ᠪᠣᠷᠣᠳᠣᠬᠤᠢ ᠶᠢᠨ ᠦᠨᠦᠷ ᠠᠮᠲᠠ ︾  ᠶᠢ ᠠᠮᠲᠠᠯᠠᠭᠤᠯᠪᠠ᠃      ᠲᠣᠰ ᠤᠳᠠᠭᠠᠨ ᠤ ᠠᠵᠢᠯᠯᠠᠭ᠎ᠠ ᠳᠤ ᠶᠠᠰᠤ ᠴᠢᠨᠠᠷ ᠢᠶᠠᠷ ᠰᠢᠯᠭᠠᠨ ᠪᠠᠶᠢᠴᠠᠭᠠᠬᠤ ᠲᠣᠭᠤᠷᠢᠭ᠂ ᠢᠳᠡᠭᠡᠨ ᠤᠮᠳᠠᠭᠠᠨ ᠤ ᠲᠣᠭᠤᠷᠢᠭ ᠪᠠ ᠳᠡᠯᠭᠡᠨ ᠪᠣᠷᠣᠯᠠᠭᠤᠯᠬᠤ ᠲᠣᠭᠤᠷᠢᠭ ᠵᠡᠷᠭᠡ 3 ᠣᠷᠣᠨ ᠲᠣᠭᠤᠷᠢᠭ ᠭᠠᠷᠭᠠᠵᠤ᠂ ᠶᠠᠰᠤ ᠴᠢᠨᠠᠷ ᠢᠶᠠᠷ ᠰᠢᠯᠭᠠᠨ ᠪᠠᠶᠢᠴᠠᠭᠠᠬᠤ ᠲᠣᠭᠤᠷᠢᠭ ᠨᠢ ︽ᠪᠠᠶᠠᠨᠨᠠᠭᠤᠷ ᠤᠨ ᠪᠣᠷᠣᠳᠣᠬᠤᠢ ᠶᠢᠨ 52 ᠦᠨᠦᠷ ᠠᠮᠲᠠ ᠶᠢ ᠠᠮᠲᠠᠯᠠᠬᠤ︾ ᠪᠠᠷ ᠠᠷᠤ ᠦᠵᠡᠭᠳᠡᠯ ᠪᠣᠯᠭᠠᠵᠤ᠂ ᠳ᠋ᠧᠩᠺᠸᠦ ᠶᠢᠨ ᠸᠣᠯᠯᠢᠰ᠂ ᠮᠢᠨ ᠯᠦᠩ ᠤᠨ ᠲᠥᠪᠡᠳ ᠬᠠᠰᠢ ᠵᠢᠮᠢᠰ ᠤᠨ ᠰᠢᠭᠦᠰᠦ᠂ ᠵᠣᠣ ᠹᠧᠩ ᠤᠨ ᠣᠷᠭᠠᠨᠢᠭ ᠣᠨᠴᠠ ᠬᠢᠴᠡᠲᠡᠢ ᠮᠥᠬᠦᠯᠢᠭᠲᠦ ᠨᠤᠨᠳᠠᠭ᠂ ᠭᠤᠷᠪᠠᠨ ᠲᠠᠷᠭᠤᠨ ᠥᠨᠳᠡᠭᠡ ᠶᠢᠨ ᠤᠤᠯ ᠠᠮᠲᠠᠲᠤ ᠭᠤᠸᠠ ᠶᠢᠨ ᠦᠷ᠎ᠡ ᠵᠡᠷᠭᠡ ᠶᠢ ᠳᠡᠯᠭᠡᠨ ᠦᠵᠡᠭᠦᠯᠦᠨ᠎ᠡ︔ ᠢᠳᠡᠭᠡᠨ ᠤᠮᠳᠠᠭᠠᠨ ᠤ ᠲᠣᠭᠤᠷᠢᠭ ᠲᠤ ᠪᠠᠶᠠᠨᠨᠠᠭᠤᠷ ᠤᠨ ᠥᠪᠡᠷᠮᠢᠴᠡ ᠣᠨᠴᠠᠯᠢᠭ ᠲᠠᠢ ᠠᠮᠲᠠᠲᠤ ᠢᠳᠡᠭᠡᠨ ᠢ ᠳᠡᠯᠭᠡᠨ ᠦᠵᠡᠭᠦᠯᠦᠨ᠎ᠡ᠂ ᠵᠢᠱᠢᠶᠡᠯᠡᠪᠡᠯ ᠨᠠᠷᠢᠨ ᠨᠠᠭᠤᠷ ᠤᠨ  ᠴᠢᠨᠠᠭᠰᠠᠨ ᠵᠢᠭᠠᠰᠤ᠂ ︽ᠪᠣᠷᠣᠳᠣᠬᠤᠢ ᠶᠢᠨ ᠳᠥᠷᠪᠡᠨ ᠬᠠᠲᠠᠭᠤ ᠲᠠᠪᠠᠭ︾᠂ ︽ᠤᠤ ᠶᠢᠨ ᠭᠤᠣᠯ ᠮᠣᠩᠭᠤᠯ ᠬᠤᠭᠤᠯᠠ︾ ᠵᠡᠷᠭᠡ︔ ᠳᠡᠯᠭᠡᠨ ᠪᠣᠷᠣᠯᠠᠭᠤᠯᠬᠤ ᠲᠣᠭᠤᠷᠢᠭ ᠲᠤ ᠪᠠᠶᠠᠨᠨᠠᠭᠤᠷ ᠬᠤᠳᠠ ᠶᠢᠨ 45 ᠠᠵᠤ ᠠᠬᠤᠶᠢᠯᠠᠯ ᠤᠨ 300 ᠭᠠᠷᠤᠢ ᠲᠦᠷᠦᠯ ᠤᠨ ᠴᠢᠨᠠᠷ ᠰᠠᠶᠢᠲᠠᠢ ᠲᠠᠷᠢᠶᠠᠯᠠᠩ ᠲᠤᠰᠠᠯᠠᠬᠤ ᠠᠵᠤ ᠠᠬᠤᠢ ᠶᠢᠨ ᠪᠦᠲᠦᠭᠡᠭᠳᠡᠬᠦᠨ ᠢ ᠲᠥᠪᠯᠡᠷᠡᠭᠦᠯᠦᠨ ᠳᠡᠯᠭᠡᠨ ᠦᠵᠡᠭᠦᠯᠵᠦ ᠪᠣᠷᠣᠯᠠᠭᠤᠯᠪᠠ᠃ 
ᠢᠷᠡᠯᠲᠡ᠄ ᠪᠠᠶᠠᠨᠨᠠᠭᠤᠷ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠵᠠᠰᠠᠭ ᠤᠨ ᠶᠠᠪᠤᠳᠠᠯ ᠤᠨ ᠮᠣᠩᠭᠤᠯ ᠰᠦᠯᠵᠢᠶ᠎ᠡ