ᠬᠡᠯᠡᠯᠴᠡᠭᠡᠷ ᠤᠨ ᠶᠡᠷᠦᠩᠬᠡᠢ ᠪᠡᠯᠡ ᠣᠷᠣᠭᠤᠯᠤᠯᠲᠠ ᠶᠢᠨ ᠲᠤᠭ᠎ᠠ 132 ᠳ᠋ᠦᠩᠰᠢᠭᠤᠷ ᠲᠥᠭᠦᠷᠢᠭ ᠲᠤ ᠬᠦᠷᠴᠦ᠂ 13 ᠵᠦᠢᠯ ᠤᠨ ᠪᠡᠯᠡ ᠣᠷᠣᠭᠤᠯᠤᠯᠲᠠ ᠶᠢᠨ ᠭᠡᠷ᠎ᠡ ᠲᠣᠭᠲᠠᠪᠠ
ᠨᠡᠶᠢᠲᠡᠯᠡᠭᠰᠡᠨ ᠴᠠᠭ᠄
2023/7/27
      ᠪᠠᠶᠠᠨᠨᠠᠭᠤᠷ ᠴᠢᠩᠳᠣᠣ ᠳᠤ ᠠᠷᠠᠯᠵᠢᠶᠠᠴᠢᠨ ᠤᠷᠢᠵᠤ ᠪᠡᠯᠡ ᠣᠷᠣᠭᠤᠯᠬᠤ ᠶᠢ ᠲᠠᠨᠢᠯᠴᠠᠭᠤᠯᠬᠤ ᠬᠤᠷᠠᠯ ᠡᠷᠬᠢᠯᠡᠪᠡ      ᠣᠶᠢᠷ᠎ᠠ ᠳᠤ ᠂ ᠪᠠᠶᠠᠨᠨᠠᠭᠤᠷ ᠬᠤᠲᠠ ᠶᠢᠨ ᠠᠷᠠᠳ ᠤᠨ ᠵᠠᠰᠠᠭ ᠤᠨ ᠣᠷᠳᠣᠨ  ᠠᠴᠠ ᠭᠤᠣᠯᠯᠠᠨ ᠡᠷᠭᠢᠯᠡᠵᠦ᠂ ᠬᠤᠲᠠ ᠶᠢᠨ ᠪᠡᠯᠡ ᠣᠷᠣᠭᠤᠯᠤᠯᠲᠠ ᠶᠢ ᠠᠬᠢᠭᠤᠯᠬᠤ ᠲᠥᠪ᠂ ᠬᠤᠲᠠ ᠶᠢᠨ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ᠂ ᠱᠠᠨᠳᠦ᠋ᠩ ᠮᠤᠵᠢ ᠶᠢᠨ ᠥᠪᠥᠷ ᠮᠣᠩᠭᠤᠯ ᠤᠨ ᠬᠤᠳᠠᠯᠳᠤᠭᠠᠴᠢᠳ ᠤᠨ ᠡᠪᠯᠡᠯ ᠤᠨ ᠳᠠᠭᠠᠭᠠᠨ ᠡᠷᠭᠢᠯᠡᠭᠰᠡᠨ ᠱᠠᠨᠳᠦ᠋ᠩ ᠣᠷᠣᠨ ᠤ ᠪᠠᠶᠠᠨᠨᠠᠭᠤᠷ ᠬᠤᠲᠠ ᠶᠢᠨ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠲᠤᠰᠬᠠᠢ ᠲᠠᠯᠠᠪᠤᠷ ᠤᠨ ᠲᠠᠨᠢᠯᠴᠠᠭᠤᠯᠬᠤ ᠬᠤᠷᠠᠯ ᠴᠢᠩᠳᠣᠣ ᠬᠤᠲᠠ ᠳᠤ ᠶᠠᠪᠤᠭᠳᠠᠪᠠ᠃ 13 ᠠᠵᠤ ᠠᠬᠤᠶᠢᠯᠠᠯ ᠲᠤᠬᠠᠢ ᠶᠢᠨ ᠲᠠᠯᠠᠪᠠᠢ ᠳᠤ ᠮᠠᠨ ᠤ ᠬᠤᠳᠠ ᠲᠠᠢ ᠲᠥᠪᠯᠡᠷᠡᠭᠦᠯᠦᠨ ᠭᠡᠷ᠎ᠡ ᠲᠣᠭᠲᠠᠵᠤ᠂ ᠬᠡᠯᠡᠯᠴᠡᠭᠡᠷ ᠤᠨ ᠶᠡᠷᠦᠩᠬᠡᠢ ᠪᠡᠯᠡ ᠣᠷᠣᠭᠤᠯᠤᠯᠲᠠ ᠶᠢᠨ ᠬᠡᠮᠵᠢᠶ᠎ᠡ 132 ᠳ᠋ᠦᠩᠰᠢᠭᠤᠷ ᠲᠥᠭᠦᠷᠢᠭ ᠲᠤ ᠬᠦᠷᠴᠡᠢ᠃      ᠲᠤᠰ ᠤᠳᠠᠭ᠎ᠠ ᠶᠢᠨ ᠲᠠᠨᠢᠯᠴᠠᠭᠤᠯᠭ᠎ᠠ ᠶᠢᠨ ᠬᠤᠷᠠᠯ ᠨᠢ ︽ᠷᠢᠳᠢ ᠰᠢᠳᠢ ᠲᠠᠢ ᠴᠢᠩᠳᠣᠣ ·  ᠲᠡᠭᠷᠢ ᠶᠢᠨ ᠬᠡᠰᠢᠭᠲᠦ ᠪᠣᠷᠣᠳᠣᠬᠤᠢ ᠪᠠᠶᠠᠨᠨᠠᠭᠤᠷ ᠲᠠᠨ ᠢ ᠪᠠᠶᠠᠷᠯᠠᠨ ᠤᠭᠲᠤᠶ᠎ᠠ︾ ᠭᠡᠬᠦ ᠭᠤᠣᠯ ᠰᠡᠳᠦᠪ ᠢᠶᠠᠷ ᠶᠠᠪᠤᠭᠳᠠᠵᠠᠢ᠃ ᠲᠠᠨᠢᠯᠴᠠᠭᠤᠯᠭ᠎ᠠ ᠶᠢᠨ ᠬᠤᠷᠠᠯ ᠳᠡᠭᠡᠷ᠎ᠡ᠂ ᠬᠤᠲᠠ ᠶᠢᠨ ᠪᠡᠯᠡ ᠣᠷᠣᠭᠤᠯᠤᠯᠲᠠ ᠶᠢ ᠠᠬᠢᠭᠤᠯᠬᠤ ᠲᠥᠪ᠂ ᠬᠤᠲᠠ ᠶᠢᠨ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ᠂ ᠬᠤᠲᠠ ᠶᠢᠨ ᠰᠣᠶᠣᠯ ᠵᠢᠭᠤᠯᠴᠢᠯᠠᠯ ᠷᠠᠳᠢᠣ᠋ ᠨᠡᠪᠲᠡᠷᠡᠭᠦᠯᠭᠡ ᠶᠢᠨ ᠲᠣᠪᠴᠢᠶ᠎ᠠ᠂ ᠪᠠᠶᠠᠨᠨᠠᠭᠤᠷ ᠤᠨ ᠠᠵᠤ ᠦᠢᠯᠡᠰ ︵ᠪᠦᠯᠦᠭᠯᠡᠯ︶ ᠤᠨ ᠬᠢᠵᠠᠭᠠᠷᠲᠤ ᠺᠣᠮᠫᠠᠨᠢ ᠵᠢᠴᠢ ᠡᠯ᠎ᠡ ᠬᠤᠰᠢᠭᠤ ᠰᠢᠶᠠᠨ ᠲᠣᠭᠤᠷᠢᠭ᠂ ᠪᠠᠶᠠᠨᠨᠠᠭᠤᠷ ᠤᠨ ᠠᠵᠤ ᠠᠬᠤᠢ ᠮᠡᠷᠭᠡᠵᠢᠯ ᠤᠨ ᠨᠡᠭᠡᠭᠡᠯᠲᠡ ᠶᠢᠨ ᠲᠣᠭᠤᠷᠢᠭ ᠪᠠᠶᠢᠯᠳᠤᠬᠤ ᠪᠣᠳᠣᠯᠭ᠎ᠠ ᠶᠢᠨ ᠠᠵᠠ ᠲᠣᠬᠢᠶᠠᠯ᠂ ᠣᠷᠣᠨ ᠪᠠᠶᠢᠷᠢ ᠶᠢᠨ ᠳᠠᠪᠠᠭᠤᠯᠢᠭ᠂ ᠠᠵᠤ ᠦᠢᠯᠡᠰ ᠤᠨ ᠰᠢᠰᠲ᠋ᠧᠮᠵᠢ᠂ ᠬᠤᠳᠠᠯᠳᠤᠭ᠎ᠠ ᠡᠷᠭᠢᠯᠡᠬᠦ ᠣᠷᠴᠢᠨ ᠲᠣᠭᠤᠷᠢᠨ᠂  ᠡᠬᠢ  ᠪᠠᠶᠠᠯᠢᠭ  ᠤᠨ  ᠳᠠᠪᠠᠭᠤᠯᠢᠭ ᠵᠡᠷᠭᠡ ᠲᠠᠯ᠎ᠠ ᠶᠢᠨ  ᠲᠣᠭᠤᠷᠢᠨ ᠳᠤ  ᠪᠥᠬᠦ ᠲᠠᠯ᠎ᠠ  ᠶᠢᠨ᠂ ᠣᠯᠠᠨ  ᠲᠠᠰ ᠳᠠᠪᠬᠤᠷᠭ᠎ᠠ ᠶᠢᠨ ᠬᠤᠳᠠᠯᠳᠤᠭᠠᠴᠢᠨ ᠤᠷᠢᠬᠤ ᠲᠠᠨᠢᠯᠴᠠᠭᠤᠯᠭ᠎ᠠ ᠬᠢᠵᠡᠢ᠃      ᠱᠠᠨᠳᠦ᠋ᠩ ᠵᠢᠴᠢ ᠡᠷᠬᠢᠨ ᠲᠣᠭᠤᠷᠢᠨ ᠤ ᠭᠠᠵᠠᠷ ᠣᠷᠣᠨ ᠠᠴᠠ ᠢᠷᠡᠭᠰᠡᠨ 100 ᠭᠠᠷᠤᠢ ᠠᠵᠤ ᠠᠬᠤᠶᠢᠯᠠᠯ ᠪᠣᠯᠣᠨ ᠬᠤᠳᠠᠯᠳᠤᠭᠠᠨ ᠤ ᠨᠡᠶᠢᠭᠡᠮᠯᠢᠭ ᠤᠨ ᠲᠥᠯᠥᠭᠡᠯᠡᠭᠴᠢ ᠮᠠᠨ ᠤ ᠬᠤᠳᠠ ᠲᠠᠢ ᠭᠦᠨᠵᠡᠭᠡᠢ ᠵᠣᠯᠭᠠᠭᠤᠯᠤᠨ ᠰᠣᠯᠢᠯᠴᠠᠵᠤ᠂ ᠬᠠᠮᠲᠤᠷᠠᠯᠴᠠᠭ᠎ᠠ ᠬᠥᠭᠵᠢᠯᠲᠡ ᠶᠢᠨ ᠠᠷᠭ᠎ᠠ ᠵᠠᠮ ᠢ ᠬᠠᠮᠲᠤᠪᠠᠷ ᠡᠷᠢᠯᠬᠢᠯᠡᠪᠡ᠃13 ᠠᠵᠤ ᠠᠬᠤᠶᠢᠯᠠᠯ ᠲᠤᠬᠠᠢ ᠶᠢᠨ ᠲᠠᠯᠠᠪᠠᠶ ᠳᠤ ᠮᠠᠨ ᠤ ᠬᠤᠲᠠ ᠲᠠᠢ ᠲᠥᠪᠯᠡᠷᠡᠭᠦᠯᠦᠨ ᠭᠡᠷ᠎ᠡ ᠲᠣᠭᠲᠠᠵᠤ᠂ ᠪᠣᠬᠢᠷᠲᠤᠯ ᠦᠭᠡᠢ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠢ ᠨᠠᠷᠢᠯᠢᠭ ᠪᠣᠯᠪᠠᠰᠤᠷᠠᠭᠤᠯᠬᠤ᠂ ᠰᠢᠨ᠎ᠡ ᠮᠠᠲ᠋ᠧᠷᠢᠶᠠᠯ᠂ ᠲᠣᠨᠤᠭ ᠲᠥᠬᠦᠭᠡᠷᠦᠮᠵᠢ ᠦᠢᠯᠡᠳᠬᠦ᠂ ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠵᠡᠷᠭᠡ ᠠᠵᠤ ᠦᠢᠯᠡᠰ ᠤᠨ ᠲᠥᠷᠥᠯ ᠵᠦᠢᠯ ᠳᠤ ᠬᠤᠯᠪᠣᠭᠳᠠᠨ᠂ ᠬᠡᠯᠡᠯᠴᠡᠭᠡᠷ ᠤᠨ ᠶᠡᠷᠦᠩᠬᠡᠢ ᠪᠡᠯᠡ ᠣᠷᠣᠭᠤᠯᠤᠯᠲᠠ 132 ᠳ᠋ᠦᠩᠰᠢᠭᠤᠷ ᠲᠥᠭᠦᠷᠢᠭ ᠲᠤ ᠬᠦᠷᠴᠦ᠂ ᠮᠠᠨ ᠤ ᠬᠤᠲᠠ ᠶᠢᠨ ᠠᠵᠤ ᠦᠢᠯᠡᠰ ᠤᠨ ᠪᠦᠲᠦᠴᠡ ᠶᠢ ᠤᠯᠠᠮ ᠨᠢᠭᠡ ᠠᠯᠬᠤᠮ ᠰᠢᠯᠢᠳᠡᠭᠵᠢᠭᠦᠯᠬᠦ᠂ ᠠᠵᠤ ᠦᠢᠯᠡᠰ ᠤᠨ ᠲᠠᠰ ᠳᠠᠪᠬᠤᠷᠭ᠎ᠠ ᠶᠢ ᠳᠡᠭᠡᠭᠰᠢᠯᠡᠭᠦᠯᠬᠦ᠂ ᠠᠵᠤ ᠠᠬᠤᠢ ᠶᠢᠨ ᠶᠡᠷᠦᠩᠬᠡᠢ ᠬᠡᠮᠵᠢᠶ᠎ᠡ ᠶᠢ ᠪᠤᠵᠠᠭᠠᠶᠢᠷᠠᠭᠤᠯᠬᠤ᠂ ᠶᠡᠷᠦᠩᠬᠡᠶᠢᠯᠡᠭᠰᠡᠨ ᠪᠣᠳᠠᠲᠤ ᠬᠦᠴᠦᠨ ᠢ ᠨᠡᠮᠡᠭᠳᠡᠭᠦᠯᠬᠦ ᠳᠤ ᠬᠦᠴᠦᠲᠡᠢ ᠠᠬᠢᠭᠤᠯᠬᠤ ᠦᠢᠯᠡᠳᠦᠯ ᠲᠠᠢ ᠶᠤᠮ᠃      3 ᠰᠢᠯᠢᠳᠡᠭ ᠠᠵᠤ ᠠᠬᠤᠶᠢᠯᠠᠯᠲᠠᠨ᠂ ᠲᠤᠰᠬᠠᠢ ᠮᠡᠷᠭᠡᠵᠢᠯᠲᠡᠨ ᠡᠷᠳᠡᠮᠲᠡᠨ ᠳᠤ ︽ᠪᠠᠶᠠᠨᠨᠠᠭᠤᠷ ᠬᠤᠲᠠ ᠶᠢᠨ ᠬᠤᠳᠠᠯᠳᠤᠭᠠᠴᠢᠨ ᠤᠷᠢᠬᠤ ᠡᠯᠴᠢᠨ︾ ᠣᠯᠭᠤᠵᠤ᠂ ᠱᠠᠨᠳᠦ᠋ᠩ᠂ ᠲᠢᠶᠠᠨᠵᠢᠨ᠂ ᠪᠡᠭᠡᠵᠢᠩ᠂ ᠾᠧᠪᠧᠢ᠂ ᠱᠠᠨᠰᠢ ᠶᠢᠨ ᠥᠪᠥᠷ ᠮᠣᠩᠭᠤᠯ ᠤᠨ ᠬᠤᠳᠠᠯᠳᠤᠭᠠᠴᠢᠳ ᠤᠨ ᠡᠪᠯᠡᠯ ᠤᠨ ︽ᠹᠦ᠋ ᠶᠢᠨ ᠭᠠᠳᠠᠨᠠᠬᠢ ᠬᠤᠳᠠᠯᠳᠤᠭᠠᠴᠢᠨ ᠤᠷᠢᠬᠤ ᠬᠤᠯᠪᠣᠭ᠎ᠠ ᠠᠪᠬᠤ ᠭᠠᠵᠠᠷ︾ ᠫᠠᠶᠢᠰᠠ ᠣᠯᠭᠤᠪᠠ᠃ 
ᠢᠷᠡᠯᠲᠡ᠄ ᠪᠠᠶᠠᠨᠨᠠᠭᠤᠷ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠵᠠᠰᠠᠭ ᠤᠨ ᠶᠠᠪᠤᠳᠠᠯ ᠤᠨ ᠮᠣᠩᠭᠤᠯ ᠰᠦᠯᠵᠢᠶ᠎ᠡ