ᠲᠠᠪᠤᠨ ᠥᠩᠭᠡᠲᠦ ᠱᠠᠭ᠎ᠠ ᠭᠤᠣᠯ
ᠨᠡᠶᠢᠲᠡᠯᠡᠭᠰᠡᠨ ᠴᠠᠭ᠄
2023/7/27
      ᠣᠳᠣᠬᠠᠨ ᠳᠤ᠂ ᠤᠷᠠᠳ ᠤᠨ ᠳᠤᠮᠳᠠᠳᠤ ᠬᠤᠰᠢᠭᠤᠨ ᠤ ᠱᠠᠭ᠎ᠠ ᠭᠤᠣᠯ ᠪᠠᠯᠭᠠᠰᠤᠨ ᠤ ᠲᠠᠷᠢᠶᠠᠨ ᠭᠠᠵᠠᠷ ᠲᠤ ᠬᠤᠸᠠᠷ ᠴᠡᠴᠡᠭ ᠮᠢᠷᠠᠯᠵᠠᠨ ᠳᠡᠯᠭᠡᠷᠡᠨ᠎ᠡ᠃ 3 ᠲᠦᠮᠡᠨ ᠮᠦ ᠰᠢᠯᠢᠮᠳᠡᠭ ᠤᠨ ᠴᠡᠴᠡᠭ ᠳᠡᠯᠭᠡᠷᠡᠵᠦ᠂ ᠲᠠᠷᠢᠶᠠᠨ ᠳᠤᠮᠳᠠᠭᠤᠷ ᠠᠯᠬᠤᠯᠠᠬᠤ ᠳᠤ᠂ ᠠᠯᠲᠠᠨ ᠰᠢᠷᠭᠠᠯ ᠥᠩᠭᠡᠲᠡᠢ ᠰᠢᠯᠢᠮᠳᠡᠭ ᠤᠨ ᠴᠡᠴᠡᠭ ᠰᠠᠯᠬᠢᠨ ᠤ ᠠᠶ᠎ᠠ ᠪᠠᠷ ᠨᠠᠮᠤᠭᠤᠬᠠᠨ ᠨᠠᠶᠢᠭᠤᠵᠤ᠂ ᠰᠡᠩᠭᠢᠨᠡᠮ᠎ᠡ ᠰᠠᠶᠢᠬᠠᠨ ᠦᠨᠦᠷ ᠬᠠᠩᠬᠤᠯᠵᠤ᠂ ᠬᠥᠮᠥᠰ ᠤᠨ ᠰᠡᠳᠬᠢᠯ ᠢ ᠳᠣᠭᠳᠣᠯᠤᠭᠤᠯᠤᠨ᠎ᠠ᠃ ᠡᠭᠦᠨ ᠠᠴᠠ ᠭᠠᠳᠠᠨ᠎ᠠ᠂ ᠲᠥᠮᠥᠰᠦᠯᠢᠭ ᠴᠡᠴᠡᠭ᠂ ᠰᠠᠭᠠᠭ ᠤᠨ ᠴᠡᠴᠡᠭ ᠵᠡᠷᠭᠡ ᠨᠢ ᠴᠦ ᠥᠷᠢᠰᠦᠯᠳᠦᠨ ᠳᠡᠯᠭᠡᠷᠡᠵᠦ᠂ ᠬᠥᠳᠡᠭᠡ ᠲᠣᠰᠬᠤᠨ ᠤ ᠦᠵᠡᠰᠬᠦᠯᠡᠩᠲᠦ ᠰᠠᠶᠢᠬᠠᠨ ᠦᠵᠡᠮᠵᠢ  ᠶᠢᠨ ᠵᠢᠷᠤᠭ  ᠢ ᠬᠠᠮᠲᠤ ᠪᠠᠷ ᠵᠢᠷᠤᠵᠤ᠂ ᠴᠥᠭᠡᠨ ᠪᠤᠰᠤ ᠵᠤᠭᠠᠴᠠᠭᠰᠠᠳ ᠤᠨ ᠠᠩᠬᠠᠷᠤᠯ  ᠢ ᠲᠠᠲᠠᠭᠰᠠᠨ ᠪᠠᠶᠢᠨ᠎ᠠ᠃
ᠢᠷᠡᠯᠲᠡ᠄ ᠪᠠᠶᠠᠨᠨᠠᠭᠤᠷ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠵᠠᠰᠠᠭ ᠤᠨ ᠶᠠᠪᠤᠳᠠᠯ ᠤᠨ ᠮᠣᠩᠭᠤᠯ ᠰᠦᠯᠵᠢᠶ᠎ᠡ