ᠰᠢᠨᠬᠤᠸᠠ ᠬᠤᠷᠢᠶ᠎ᠠ ᠶᠢᠨ ᠪᠡᠭᠡᠵᠢᠩ ᠤᠨ 7 ᠰᠠᠷ᠎ᠠ ᠶᠢᠨ 25 ᠤ ᠴᠠᠭᠢᠯᠭᠠᠨ ᠮᠡᠳᠡᠭᠡ ︽8 · 1︾ ᠤ ᠴᠡᠷᠢᠭ ᠪᠠᠶᠢᠭᠤᠯᠤᠭᠳᠠᠭᠰᠠᠨ ᠪᠠᠶᠠᠷ ᠬᠦᠷᠴᠦ ᠢᠷᠡᠬᠦ | ᠲᠠᠰᠢᠷᠠᠮ ᠢᠶᠠᠷ᠂ ᠨᠠᠮ ᠤᠨ ᠲᠥᠪ ᠬᠤᠷᠢᠶ᠎ᠠ ᠶᠢᠨ ᠤᠯᠤᠰ ᠲᠦᠷᠦ ᠶᠢᠨ ᠲᠣᠪᠴᠢᠶ᠎ᠠ 7 ᠰᠠᠷ᠎ᠠ ᠶᠢᠨ 24 ᠤ ᠦᠳᠡ ᠶᠢᠨ ᠬᠤᠶᠢᠨ᠎ᠠ ᠴᠡᠷᠢᠭ ᠤᠨ ᠶᠠᠪᠤᠳᠠᠯ ᠤᠨ | ᠵᠠᠰᠠᠯᠲᠠ ᠶᠢ ᠪᠦᠭᠦ ᠲᠠᠯ᠎ᠠ ᠪᠠᠷ ᠴᠢᠩᠭᠠᠳᠬᠠᠬᠤ ᠲᠤᠬᠠᠢ ᠳᠣᠯᠣᠳᠤᠭᠠᠷ ᠤᠳᠠᠭ᠎ᠠ ᠶᠢᠨ ᠬᠠᠮᠲᠤ ᠶᠢᠨ ᠰᠤᠷᠤᠯᠴᠠᠯᠭ᠎ᠠ ᠬᠢᠪᠡ᠃ ᠨᠠᠮ ᠤᠨ ᠲᠥᠪ ᠬᠤᠷᠢᠶ᠎ᠠ ᠶᠢᠨ | ᠶᠡᠷᠦᠩᠬᠡᠢ ᠱᠦᠵᠢ ᠰᠢ ᠶᠢᠨ ᠫᠢᠩ ᠰᠤᠷᠤᠯᠴᠠᠯᠭ᠎ᠠ ᠶᠢ ᠡᠷᠭᠢᠯᠡᠭᠦ ᠳᠡᠭᠡᠨ᠂ ᠴᠡᠷᠢᠭ ᠤᠨ ᠶᠠᠪᠤᠳᠠᠯ ᠤᠨ ᠵᠠᠰᠠᠯᠲᠠ ᠶᠢ ᠪᠦᠭᠦ ᠲᠠᠯ᠎ᠠ ᠪᠠᠷ ᠴᠢᠩᠭᠠᠳᠬᠠᠬᠤ ᠪᠣᠯ ᠮᠠᠨ ᠤ | ᠨᠠᠮ ᠤᠨ ᠴᠡᠷᠢᠭ ᠢ ᠵᠠᠰᠠᠬᠤ ᠣᠶᠢᠯᠠᠭᠠᠭᠳᠠᠬᠤᠨ ᠪᠣᠯᠣᠨ ᠭᠡᠯᠪᠡᠷᠢ ᠶᠢᠨ ᠨᠢᠭᠡ ᠤᠳᠠᠭ᠎ᠠ ᠶᠢᠨ ᠭᠦᠨᠵᠡᠭᠡᠢ ᠬᠤᠪᠢᠰᠤᠯᠲᠠ ᠮᠥᠨ᠂ ᠤᠯᠤᠰ ᠤᠨ ᠪᠠᠲᠤᠯᠠᠨ ᠬᠠᠮᠠᠭᠠᠯᠠᠯᠲᠠ | ᠪᠣᠯᠣᠨ ᠴᠡᠷᠢᠭ ᠠᠩᠭᠢ ᠶᠢᠨ ᠣᠳᠣᠬᠢᠴᠢᠯᠠᠯᠲᠠ ᠶᠢ ᠲᠦᠷᠭᠡᠳᠬᠡᠬᠦ ᠪᠠᠶᠢᠯᠳᠤᠬᠤ ᠪᠣᠳᠣᠯᠭ᠎ᠠ ᠶᠢᠨ ᠱᠠᠭᠠᠷᠳᠠᠯᠭ᠎ᠠ ᠮᠥᠨ᠂ ᠤᠯᠤᠰ ᠤᠨ ᠵᠠᠰᠠᠯᠲᠠ ᠶᠢᠨ ᠰᠢᠰᠲ᠋ᠧᠮ | ᠪᠣᠯᠣᠨ ᠵᠠᠰᠠᠯᠲᠠ ᠶᠢᠨ ᠴᠢᠳᠠᠪᠤᠷᠢ ᠶᠢᠨ ᠣᠳᠣᠬᠢᠴᠢᠯᠠᠯᠲᠠ ᠶᠢ ᠠᠬᠢᠭᠤᠯᠬᠤ ᠴᠢᠬᠤᠯᠠ ᠲᠠᠯ᠎ᠠ ᠮᠥᠨ᠃ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ | ᠪᠦᠭᠦ ᠲᠠᠯ᠎ᠠ ᠪᠠᠷ ᠲᠤᠭᠤᠰᠢᠯᠠᠭᠤᠯᠵᠤ᠂ ᠰᠢᠨ᠎ᠡ ᠴᠠᠭ ᠦᠶ᠎ᠡ ᠶᠢᠨ ᠴᠡᠷᠢᠭ ᠢ ᠬᠦᠴᠦᠷᠬᠡᠭᠵᠢᠭᠦᠯᠬᠦ ᠦᠵᠡᠯ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠤᠨ᠂ ᠰᠢᠨ᠎ᠡ ᠴᠠᠭ | ᠦᠶ᠎ᠡ ᠶᠢᠨ ᠴᠡᠷᠢᠭ ᠤᠨ ᠶᠠᠪᠤᠳᠠᠯ ᠤᠨ ᠪᠠᠶᠢᠯᠳᠤᠬᠤ ᠪᠣᠳᠣᠯᠭ᠎ᠠ ᠶᠢᠨ ᠴᠢᠭᠯᠡᠯᠲᠡ ᠶᠢ ᠲᠤᠭᠤᠰᠢᠯᠠᠭᠤᠯᠵᠤ᠂ ᠴᠡᠷᠢᠭ ᠠᠩᠭᠢ ᠳᠠᠬᠢ ᠨᠠᠮ ᠤᠨ ᠬᠠᠷᠢᠴᠠᠯᠠᠰᠢᠭᠦᠢ | ᠤᠳᠤᠷᠢᠳᠤᠯᠭ᠎ᠠ ᠶᠢ ᠪᠠᠷᠢᠮᠲᠠᠯᠠᠨ᠂ ᠳᠠᠶᠢᠴᠢᠨ ᠬᠦᠴᠦᠨ ᠭᠡᠬᠦ ᠡᠨᠡ ᠬᠦ ᠴᠣᠷ ᠤᠨ ᠭᠠᠭᠴᠠ ᠦᠨᠳᠦᠰᠦᠨ ᠪᠠᠷᠢᠮᠵᠢᠶ᠎ᠠ ᠶᠢ ᠪᠠᠷᠢᠮᠲᠠᠯᠠᠵᠤ᠂ ᠳᠤᠮᠳᠠᠳᠤ ᠤᠯᠤᠰ ᠤᠨ | ᠣᠨᠴᠠᠯᠢᠭ ᠲᠠᠢ ᠨᠡᠶᠢᠭᠡᠮ ᠵᠢᠷᠤᠮ ᠤᠨ ᠴᠡᠷᠢᠭ ᠤᠨ ᠶᠠᠪᠤᠳᠠᠯ ᠤᠨ ᠳᠦᠷᠢᠮ ᠢ ᠪᠠᠷᠢᠮᠲᠠᠯᠠᠨ ᠲᠡᠭᠦᠯᠳᠡᠷᠵᠢᠭᠦᠯᠵᠦ᠂ ᠣᠲᠣ ᠦᠶ᠎ᠡ ᠶᠢᠨ ᠴᠡᠷᠢᠭ ᠤᠨ ᠶᠠᠪᠤᠳᠠᠯ ᠤᠨ | ᠵᠠᠰᠠᠯᠲᠠ ᠶᠢᠨ ᠰᠢᠰᠲ᠋ᠧᠮ ᠢ ᠪᠠᠶᠢᠭᠤᠯᠤᠨ᠂ ᠣᠲᠣ ᠦᠶ᠎ᠡ ᠶᠢᠨ ᠴᠡᠷᠢᠭ ᠤᠨ ᠶᠠᠪᠤᠳᠠᠯ ᠤᠨ ᠵᠠᠰᠠᠯᠲᠠ ᠶᠢᠨ ᠴᠢᠳᠠᠪᠤᠷᠢ ᠶᠢ ᠳᠡᠭᠡᠭᠰᠢᠯᠡᠭᠦᠯᠵᠦ᠂ ᠥᠨᠳᠥᠷ ᠲᠦᠪᠰᠢᠨ | ᠪᠦᠬᠦᠢ ᠵᠠᠰᠠᠯᠲᠠ ᠪᠠᠷ ᠮᠠᠨ ᠤ ᠴᠡᠷᠢᠭ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠵᠤ᠂ ᠴᠡᠷᠢᠭ ᠪᠠᠶᠢᠭᠤᠯᠤᠭᠳᠠᠭᠰᠠᠨ ᠵᠠᠭᠤᠨ ᠵᠢᠯ ᠤᠨ ᠲᠡᠮᠡᠴᠡᠬᠦ ᠬᠠᠷᠠᠯᠲᠠ ᠶᠢ | ᠪᠡᠶᠡᠯᠡᠭᠦᠯᠬᠦ ᠳᠤ ᠬᠦᠴᠦᠲᠡᠢ ᠪᠠᠲᠤᠯᠠᠭ᠎ᠠ ᠬᠠᠩᠭᠠᠬᠤ ᠬᠡᠷᠡᠭᠲᠡᠢ ᠭᠡᠵᠦ ᠴᠢᠬᠤᠯᠠᠴᠢᠯᠠᠵᠠᠢ᠃ | ᠴᠡᠷᠢᠭ ᠤᠨ ᠶᠠᠪᠤᠳᠠᠯ ᠤᠨ ᠰᠢᠨᠵᠢᠯᠡᠬᠦ ᠤᠬᠠᠭᠠᠨ ᠤ ᠬᠦᠷᠢᠶᠡᠯᠡᠩ ᠤᠨ ᠴᠡᠷᠢᠭ ᠤᠨ ᠶᠠᠪᠤᠳᠠᠯ ᠤᠨ ᠬᠠᠤᠯᠢ ᠳᠦᠷᠢᠮ ᠤᠨ ᠰᠤᠳᠤᠯᠭᠠᠨ ᠤ ᠬᠦᠷᠢᠶᠡᠯᠡᠩ ᠤᠨ | ᠳᠠᠷᠤᠭ᠎ᠠ ᠵᠤᠤ ᠳ᠋ᠦᠩ ᠪᠢᠨ ᠨᠥᠬᠦᠷ ᠡᠨᠡ ᠬᠦ ᠠᠰᠠᠭᠤᠳᠠᠯ ᠤᠨ ᠲᠤᠬᠠᠢ ᠲᠠᠶᠢᠯᠤᠮᠵᠢ ᠬᠢᠵᠦ᠂ ᠠᠵᠢᠯ ᠤᠨ ᠰᠠᠨᠠᠭᠤᠯᠭ᠎ᠠ ᠳᠤᠷᠠᠳᠪᠠ᠃ ᠲᠥᠪ ᠤᠨ ᠤᠯᠤᠰ | ᠲᠦᠷᠦ ᠶᠢᠨ ᠲᠣᠪᠴᠢᠶ᠎ᠠ ᠶᠢᠨ ᠨᠥᠬᠦᠳ ᠲᠠᠶᠢᠯᠤᠮᠵᠢ ᠶᠢ ᠨᠠᠷᠢᠨ ᠬᠢᠨᠠᠮᠠᠭᠠᠢ ᠰᠣᠨᠣᠰᠤᠭᠰᠠᠨ ᠪᠥᠭᠡᠳ ᠶᠠᠷᠢᠯᠴᠠᠪᠠ᠃ | ᠰᠢ ᠶᠢᠨ ᠫᠢᠩ ᠲᠠᠶᠢᠯᠤᠮᠵᠢ ᠪᠠ ᠶᠠᠷᠢᠯᠴᠠᠬᠤ ᠶᠢ ᠰᠣᠨᠣᠰᠤᠭᠰᠠᠨ ᠤ ᠳᠠᠷᠠᠭ᠎ᠠ ᠴᠢᠬᠤᠯᠠ ᠶᠠᠷᠢᠶ᠎ᠠ ᠲᠠᠯᠪᠢᠪᠠ᠃ ᠲᠡᠷᠡ᠂ ᠨᠠᠮ ᠤᠨ ᠠᠷᠪᠠᠨ ᠨᠠᠢᠮᠠᠳᠤᠭᠠᠷ ᠶᠡᠭᠡ | ᠬᠤᠷᠠᠯ ᠠᠴᠠ ᠨᠠᠭᠠᠰᠢ ᠨᠠᠮ ᠤᠨ ᠲᠥᠪ ᠬᠤᠷᠢᠶ᠎ᠠ ᠪᠣᠯᠣᠨ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠴᠡᠷᠢᠭ ᠢ ᠬᠦᠴᠦᠷᠬᠡᠭᠵᠢᠭᠦᠯᠬᠦ ᠠᠵᠢᠯ ᠦᠢᠯᠡᠰ ᠢ | ᠤᠳᠤᠷᠢᠳᠤᠨ ᠠᠬᠢᠭᠤᠯᠬᠤ ᠶᠠᠪᠤᠴᠠ ᠳᠤᠮᠳᠠ᠂ ᠴᠡᠷᠢᠭ ᠠᠩᠭᠢ ᠳᠠᠬᠢ ᠨᠠᠮ ᠤᠨ ᠬᠠᠷᠢᠴᠠᠯᠠᠰᠢᠭᠦᠢ ᠤᠳᠤᠷᠢᠳᠤᠯᠭ᠎ᠠ ᠶᠢ ᠪᠠᠷᠢᠮᠲᠠᠯᠠᠵᠤ᠂ ᠴᠡᠷᠢᠭ ᠤᠨ ᠶᠠᠪᠤᠳᠠᠯ ᠤᠨ | ᠵᠠᠰᠠᠯᠲᠠ ᠶᠢᠨ ᠰᠦᠪᠡᠭᠴᠢᠯᠡᠯᠲᠡ ᠦᠢᠯᠡᠳᠦᠯᠭᠡ ᠶᠢ ᠢᠳᠡᠪᠬᠢᠲᠡᠢ ᠠᠬᠢᠭᠤᠯᠵᠤ᠂ ᠢᠯᠠᠩᠭᠤᠶ᠎ᠠ ᠤᠯᠤᠰ ᠤᠨ ᠪᠠᠲᠤᠯᠠᠨ ᠬᠠᠮᠠᠭᠠᠯᠠᠯᠲᠠ ᠪᠣᠯᠣᠨ ᠴᠡᠷᠢᠭ ᠠᠩᠭᠢ ᠶᠢᠨ | ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ᠂ ᠬᠠᠤᠯᠢ ᠪᠠᠷ ᠴᠡᠷᠢᠭ ᠢ ᠵᠠᠰᠠᠬᠤ ᠶᠢ ᠠᠬᠢᠭᠤᠯᠬᠤ᠂ ᠴᠡᠷᠢᠭ ᠠᠩᠭᠢ ᠶᠢᠨ ᠪᠠᠶᠢᠯᠳᠤᠬᠤ ᠪᠣᠳᠣᠯᠭ᠎ᠠ ᠶᠢᠨ ᠬᠠᠮᠢᠶᠠᠷᠤᠯᠲᠠ ᠶᠢ | ᠴᠢᠩᠭᠠᠳᠬᠠᠨ ᠰᠠᠶᠢᠵᠢᠷᠠᠭᠤᠯᠬᠤ ᠵᠡᠷᠭᠡ ᠪᠠᠷ ᠳᠠᠮᠵᠢᠭᠤᠯᠵᠤ᠂ ᠠᠯᠢ ᠤᠯᠠᠨ ᠴᠣ ᠰᠢᠨ᠎ᠡ ᠪᠠᠶᠢᠭᠤᠯᠤᠮᠵᠢ ᠲᠣᠭᠲᠠᠴᠠ᠂ ᠬᠠᠤᠯᠢ ᠲᠣᠭᠲᠠᠭᠠᠯ᠂ ᠲᠦᠷᠦ ᠶᠢᠨ ᠪᠣᠳᠣᠯᠭ᠎ᠠ | ᠳᠦᠷᠢᠮ ᠢ ᠪᠦᠷᠢᠯᠳᠦᠭᠦᠯᠵᠦ᠂ ᠰᠢᠨ᠎ᠡ ᠴᠠᠭ ᠦᠶ᠎ᠡ ᠳᠤ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠴᠡᠷᠢᠭ ᠤᠨ ᠶᠠᠪᠤᠳᠠᠯ ᠤᠨ ᠳᠦᠷᠢᠮ ᠢ | ᠪᠠᠷᠢᠮᠲᠠᠯᠠᠨ ᠬᠥᠭᠵᠢᠭᠦᠯᠵᠦ᠂ ᠤᠯᠤᠰ ᠤᠨ ᠪᠠᠲᠤᠯᠠᠨ ᠬᠠᠮᠠᠭᠠᠯᠠᠯᠲᠠ ᠪᠣᠯᠣᠨ ᠴᠡᠷᠢᠭ ᠠᠩᠭᠢ ᠶᠢᠨ ᠣᠳᠣᠬᠢᠴᠢᠯᠠᠯᠲᠠ ᠶᠢ ᠬᠦᠴᠦᠲᠡᠢ ᠠᠬᠢᠭᠤᠯᠪᠠ ᠭᠡᠵᠦ ᠵᠢᠭᠠᠵᠤ | ᠭᠠᠷᠭᠠᠪᠠ᠃ | ᠰᠢ ᠶᠢᠨ ᠫᠢᠩ᠂ ᠳᠡᠯᠡᠬᠡᠢ ᠳ᠋ᠠᠬᠢᠨ ᠤ ᠵᠠᠭᠤᠨ ᠵᠢᠯ ᠳᠤ ᠲᠣᠬᠢᠶᠠᠯᠳᠤᠭ᠎ᠠ ᠦᠭᠡᠢ ᠶᠡᠭᠡ ᠬᠤᠪᠢᠰᠤᠯᠲᠠ ᠲᠦᠷᠭᠡᠳᠴᠦ᠂ ᠰᠢᠨ᠎ᠡ ᠨᠢᠭᠡ ᠡᠭᠡᠯᠵᠢ ᠶᠢᠨ ᠰᠢᠨᠵᠢᠯᠡᠬᠦ | ᠤᠬᠠᠭᠠᠨ ᠲᠧᠭᠨᠢᠭ ᠮᠡᠷᠭᠡᠵᠢᠯ ᠤᠨ ᠬᠤᠪᠢᠰᠬᠠᠯ ᠪᠣᠯᠣᠨ ᠴᠡᠷᠢᠭ ᠤᠨ ᠶᠠᠪᠤᠳᠠᠯ ᠤᠨ ᠬᠤᠪᠢᠰᠬᠠᠯ ᠦᠳᠲᠡᠷ ᠲᠦᠷᠭᠡᠨ ᠬᠥᠭᠵᠢᠵᠦ᠂ ᠮᠠᠨ ᠤ ᠴᠡᠷᠢᠭ ᠤᠨ | ᠪᠠᠶᠢᠭᠤᠯᠤᠯᠲᠠ ᠶᠠᠭ ᠴᠡᠷᠢᠭ ᠪᠠᠶᠢᠭᠤᠯᠤᠭᠳᠠᠭᠰᠠᠨ ᠵᠠᠭᠤᠨ ᠵᠢᠯ ᠤᠨ ᠲᠡᠮᠡᠴᠡᠬᠦ ᠬᠠᠷᠠᠯᠲᠠ ᠶᠢ ᠪᠡᠶᠡᠯᠡᠭᠦᠯᠬᠦ ᠵᠠᠩᠭᠢᠯᠠᠭ᠎ᠠ ᠶᠢᠨ ᠬᠤᠭᠤᠴᠠᠭᠠᠨ ᠳᠤ ᠣᠷᠣᠭᠠᠳ ᠪᠠᠶᠢᠨ᠎ᠠ᠃ | ᠴᠡᠷᠢᠭ ᠤᠨ ᠶᠠᠪᠤᠳᠠᠯ ᠤᠨ ᠵᠠᠰᠠᠯᠲᠠ ᠶᠢ ᠪᠦᠭᠦ ᠲᠠᠯ᠎ᠠ ᠪᠠᠷ ᠴᠢᠩᠭᠠᠳᠬᠠᠬᠤ ᠶᠢᠨ ᠴᠢᠬᠤᠯᠠ ᠠᠴᠢ ᠬᠤᠯᠪᠣᠭᠳᠠᠯ ᠢ ᠲᠣᠳᠣᠷᠬᠠᠢ ᠲᠠᠨᠢᠵᠤ᠂ ᠬᠠᠷᠢᠭᠤᠴᠠᠯᠭ᠎ᠠ | ᠡᠭᠦᠷᠭᠡᠯᠡᠯ ᠢᠶᠠᠨ ᠴᠢᠩᠭᠠᠳᠬᠠᠨ᠂ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠵᠣᠷᠢᠭ ᠰᠠᠨᠠᠭ᠎ᠠ ᠶᠢ ᠪᠠᠳᠠᠷᠠᠭᠤᠯᠵᠤ᠂ ᠴᠡᠷᠢᠭ ᠤᠨ ᠶᠠᠪᠤᠳᠠᠯ ᠤᠨ ᠵᠠᠰᠠᠯᠲᠠ ᠶᠢᠨ | ᠠᠵᠢᠯ ᠤᠨ ᠡᠷᠴᠢᠮ ᠢᠶᠠᠨ ᠴᠢᠩᠭᠠᠷᠠᠭᠤᠯᠤᠨ᠂ ᠴᠡᠷᠢᠭ ᠤᠨ ᠶᠠᠪᠤᠳᠠᠯ ᠤᠨ ᠵᠠᠰᠠᠯᠲᠠ ᠶᠢᠨ ᠰᠢᠨ᠎ᠡ ᠴᠢᠩᠭᠠᠳᠬᠠᠯ ᠢᠶᠠᠷ ᠴᠡᠷᠢᠭ ᠢ ᠬᠦᠴᠦᠷᠬᠡᠭᠵᠢᠭᠦᠯᠬᠦ ᠦᠢᠯᠡᠰ ᠤᠨ | ᠰᠢᠨ᠎ᠡ ᠬᠥᠭᠵᠢᠯᠲᠡ ᠶᠢ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃ | ᠰᠢ ᠶᠢᠨ ᠫᠢᠩ᠂ ᠴᠡᠷᠢᠭ ᠤᠨ ᠶᠠᠪᠤᠳᠠᠯ ᠤᠨ ᠵᠠᠰᠠᠯᠲᠠ ᠶᠢ ᠪᠦᠭᠦ ᠲᠠᠯ᠎ᠠ ᠪᠠᠷ ᠴᠢᠩᠭᠠᠳᠬᠠᠬᠤ ᠪᠣᠯ ᠨᠠᠷᠢᠨ ᠪᠤᠳᠤᠯᠢᠶᠠᠨᠲᠠᠢ ᠰᠢᠰᠲ᠋ᠧᠮᠲᠦ ᠢᠨᠵᠧᠨᠧᠷᠢᠩ ᠪᠣᠯᠣᠨ᠎ᠠ | ᠂ ᠤᠯᠤᠰ ᠤᠨ ᠪᠠᠲᠤᠯᠠᠨ ᠬᠠᠮᠠᠭᠠᠯᠠᠯᠲᠠ ᠪᠠ ᠴᠡᠷᠢᠭ ᠠᠩᠭᠢ ᠶᠢᠨ ᠪᠠᠶᠢᠭᠤᠯᠤᠯᠲᠠ ᠶᠢᠨ ᠡᠯ᠎ᠡ ᠲᠠᠯ᠎ᠠ ᠳᠤ ᠬᠤᠯᠪᠣᠭᠳᠠᠨ᠎ᠠ᠃ ᠰᠢᠰᠲ᠋ᠧᠮ ᠤᠨ ᠦᠵᠡᠯᠲᠡ ᠪᠠᠨ | ᠴᠢᠩᠭᠠᠳᠬᠠᠵᠤ᠂ ᠠᠰᠠᠭᠤᠳᠠᠯ ᠢᠶᠠᠷ ᠤᠳᠤᠷᠢᠳᠤᠮᠵᠢ ᠪᠤᠯᠭᠠᠬᠤ ᠶᠢ ᠪᠠᠷᠢᠮᠲᠠᠯᠠᠵᠤ᠂ ᠴᠡᠷᠢᠭ ᠤᠨ ᠶᠠᠪᠤᠳᠠᠯ ᠤᠨ ᠵᠠᠰᠠᠯᠲᠠ ᠶᠢᠨ ᠦᠵᠦ ᠲᠥᠯᠥᠪᠯᠡᠭᠡ ᠪᠣᠯᠣᠨ | ᠪᠠᠶᠢᠯᠳᠤᠬᠤ ᠪᠣᠳᠣᠯᠭ᠎ᠠ ᠶᠢᠨ ᠲᠥᠯᠦᠪᠵᠢᠭᠦᠯᠭᠡ ᠪᠠᠨ ᠴᠢᠩᠭᠠᠳᠬᠠᠵᠤ᠂ ᠡᠯ᠎ᠡ ᠬᠦᠷᠢᠶ᠎ᠡ ᠴᠠᠷᠠᠭ᠎ᠠ ᠶᠢᠨ ᠵᠠᠰᠠᠯᠲᠠ᠂ ᠪᠦᠭᠦ ᠬᠡᠯᠬᠢᠶ᠎ᠡ ᠵᠠᠮ ᠤᠨ ᠵᠠᠰᠠᠯᠲᠠ᠂ ᠡᠯ᠎ᠡ ᠱᠠᠲᠤ | ᠳᠠᠪᠬᠤᠷᠭ᠎ᠠ ᠶᠢᠨ ᠵᠠᠰᠠᠯᠲᠠ ᠶᠢ ᠴᠢᠩᠭᠠᠳᠬᠠᠵᠤ᠂ ᠲᠥᠯᠥᠪᠯᠡᠭᠡ ᠲᠠᠢ᠂ ᠭᠤᠣᠯᠳᠠᠯᠭ᠎ᠠ ᠲᠠᠢ ᠠᠬᠢᠭᠤᠯᠬᠤ ᠬᠡᠷᠡᠭᠲᠡᠢ᠃ ᠪᠦᠭᠦ ᠲᠠᠯ᠎ᠠ ᠶᠢ ᠨᠢᠭᠡᠳᠦᠯᠲᠡᠢ | ᠲᠥᠯᠥᠪᠵᠢᠭᠦᠯᠬᠦ ᠶᠢ ᠴᠢᠩᠭᠠᠳᠬᠠᠵᠤ᠂ ᠰᠠᠯᠠᠭ᠎ᠠ ᠮᠥᠴᠢᠷ ᠪᠠ ᠬᠦᠷᠢᠶ᠎ᠡ ᠴᠠᠷᠠᠭ᠎ᠠ ᠠᠯᠤᠰᠯᠠᠭᠰᠠᠨ ᠵᠣᠬᠢᠴᠠᠭᠤᠯᠭ᠎ᠠ ᠶᠢ ᠴᠢᠩᠭᠠᠳᠬᠠᠵᠤ᠂ ᠴᠡᠷᠢᠭ ᠤᠨ ᠶᠠᠪᠤᠳᠠᠯ ᠤᠨ | ᠵᠠᠰᠠᠯᠲᠠ ᠶᠢᠨ ᠰᠢᠰᠲ᠋ᠧᠮᠲᠦ ᠴᠢᠨᠠᠷ᠂ ᠪᠦᠬᠦᠯᠢ ᠴᠣᠭᠴᠠᠲᠤ ᠴᠢᠨᠠᠷ᠂ ᠬᠠᠮᠵᠢᠯᠴᠠᠬᠤ ᠴᠢᠨᠠᠷ ᠢ ᠳᠡᠭᠡᠭᠰᠢᠯᠡᠭᠦᠯᠭᠦ ᠬᠡᠷᠡᠭᠲᠡᠢ᠃ ᠴᠡᠷᠢᠭ ᠤᠨ ᠵᠠᠷᠤᠳᠠᠯ ᠤᠨ ᠬᠠᠮᠢᠶᠠᠷᠤᠯᠲᠠ | ᠪᠠ ᠬᠢᠨᠠᠯᠲᠠ ᠲᠠᠯᠪᠢᠯᠲᠠ ᠶᠢ ᠴᠢᠩᠭᠠᠳᠬᠠᠵᠤ᠂ ᠭᠤᠣᠯᠳᠠᠯᠭ᠎ᠠ ᠲᠠᠢ ᠬᠦᠷᠢᠶᠡᠨ ᠳᠠᠬᠢ ᠵᠠᠰᠠᠯᠲᠠ ᠶᠢ ᠭᠦᠨᠵᠡᠭᠡᠶᠢᠷᠡᠭᠦᠯᠵᠦ᠂ ᠭᠤᠣᠯᠳᠠᠯᠭ᠎ᠠ ᠲᠠᠢ ᠰᠢᠪᠲᠤᠯᠤᠯᠲᠠ ᠪᠠᠷ | ᠪᠦᠬᠦᠯᠢ ᠴᠣᠭᠴᠠ ᠪᠠᠷ ᠠᠬᠢᠭᠤᠯᠬᠤ ᠶᠢ ᠳᠠᠶᠢᠴᠢᠯᠠᠬᠤ ᠬᠡᠷᠡᠭᠲᠡᠢ᠃ ᠪᠠᠶᠢᠯᠳᠤᠬᠤ ᠪᠣᠳᠣᠯᠭ᠎ᠠ ᠶᠢᠨ ᠬᠠᠮᠢᠶᠠᠷᠤᠯᠲᠠ ᠶᠢᠨ ᠰᠢᠨ᠎ᠡ ᠶᠢ ᠡᠭᠦᠳᠬᠦ ᠶᠢ ᠭᠦᠨᠵᠡᠭᠡᠢ ᠠᠬᠢᠭᠤᠯᠵᠤ | ᠂ ᠬᠡᠷᠡᠭᠴᠡᠭᠡ ᠶᠢ ᠰᠢᠨᠵᠢᠯᠡᠬᠦ ᠤᠬᠠᠭᠠᠨᠴᠢ ᠪᠠᠷ ᠪᠤᠢ ᠪᠤᠯᠭᠠᠬᠤ᠂ ᠲᠦᠷᠭᠡᠨ ᠴᠤᠤᠷᠢᠶᠠᠲᠤᠬᠤ᠂ ᠪᠦᠲᠦᠮᠵᠢᠲᠡᠢ ᠨᠠᠶᠢᠳᠠᠪᠤᠷᠢᠵᠢᠭᠤᠯᠬᠤ ᠲᠣᠭᠲᠠᠴᠠ ᠶᠢ ᠪᠦᠷᠢᠨᠰᠢᠭᠦᠯᠦᠨ | ᠲᠡᠭᠦᠯᠳᠡᠷᠵᠢᠭᠦᠯᠵᠦ᠂ ᠪᠦᠭᠦ ᠶᠠᠪᠤᠴᠠ ᠶᠢᠨ ᠲᠤᠰᠬᠠᠶᠢᠵᠢᠭᠰᠠᠨ ᠦᠨᠡᠯᠡᠨ ᠵᠢᠱᠢᠬᠦ ᠵᠠᠮ ᠢᠶᠠᠷ ᠵᠠᠮᠨᠠᠵᠤ᠂ ᠬᠡᠯᠬᠢᠶ᠎ᠡ ᠵᠠᠮ ᠤᠨ ᠰᠢᠭᠤᠳ ᠰᠢᠯᠤᠭᠤᠨ ᠥᠨᠳᠥᠷ | ᠪᠦᠲᠦᠮᠵᠢᠲᠡᠢ ᠪᠠᠶᠢᠬᠤ ᠶᠢ ᠪᠠᠲᠤᠯᠠᠵᠤ᠂ ᠴᠡᠷᠢᠭ ᠤᠨ ᠶᠠᠪᠤᠳᠠᠯ ᠤᠨ ᠰᠢᠰᠲ᠋ᠧᠮ ᠤᠨ ᠠᠵᠢᠯᠯᠠᠭᠠᠨ ᠤ ᠪᠦᠬᠦᠯᠢ ᠴᠣᠭᠴᠠ ᠶᠢᠨ ᠦᠷ᠎ᠡ ᠪᠦᠲᠦᠮᠵᠢ ᠶᠢ ᠪᠠᠳᠠᠷᠠᠭᠤᠯᠬᠤ | ᠬᠡᠷᠡᠭᠲᠡᠢ᠃ ᠳᠡᠭᠡᠳᠦ ᠳᠠᠪᠬᠤᠷᠭ᠎ᠠ ᠶᠢᠨ ᠪᠠᠶᠢᠭᠤᠯᠭ᠎ᠠ ᠪᠠ ᠳᠡᠭᠡᠳᠦ ᠲᠡᠰ ᠤᠨ ᠺᠠᠳ᠋ᠷᠴᠤᠳ ᠲᠦᠷᠦᠭᠦᠯᠡᠨ ᠦᠵᠡᠯ ᠰᠠᠨᠠᠭ᠎ᠠ ᠪᠠᠨ ᠴᠢᠯᠦᠭᠡᠯᠡᠵᠦ᠂ ᠠᠵᠢᠯ ᠤᠨ ᠠᠷᠭ᠎ᠠ | ᠮᠠᠶ᠋ᠢᠭ ᠤᠨ ᠰᠢᠨ᠎ᠡ ᠶᠢ ᠡᠭᠦᠳᠴᠦ᠂ ᠵᠠᠰᠠᠯᠲᠠ ᠶᠢᠨ ᠣᠶᠢᠯᠠᠭᠠᠭᠳᠠᠬᠤᠨ ᠢᠶᠠᠷ ᠡᠯ᠎ᠡ ᠵᠦᠢᠯ ᠤᠨ ᠠᠵᠢᠯ ᠢᠶᠠᠨ ᠠᠬᠢᠭᠤᠯᠵᠤ᠂ ᠰᠢᠰᠲ᠋ᠧᠮ ᠲᠠᠢ ᠵᠠᠰᠠᠬᠤ᠂ ᠬᠠᠤᠯᠢ | ᠶᠣᠰᠣᠭᠠᠷ ᠵᠠᠰᠠᠬᠤ᠂ ᠶᠡᠷᠦᠩᠬᠡᠶᠢᠯᠡᠨ ᠵᠠᠰᠠᠬᠤ᠂ ᠡᠬᠢ ᠡᠭᠦᠰᠦᠯ ᠠᠴᠠ ᠨᠢ ᠵᠠᠰᠠᠬᠤ ᠴᠢᠳᠠᠪᠤᠷᠢ ᠪᠠᠨ ᠴᠢᠩᠭᠠᠳᠬᠠᠬᠤ ᠬᠡᠷᠡᠭᠲᠡᠢ᠃ ᠦᠨᠳᠦᠰᠦᠨ ᠱᠠᠲᠤᠨ ᠤ | ᠵᠠᠰᠠᠯᠲᠠ ᠶᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠳᠠᠷᠤᠭ᠎ᠠ ᠪᠠᠶᠢᠯᠳᠤᠭᠴᠢᠳ ᠤᠨ ᠭᠤᠣᠯ ᠴᠣᠭᠴᠠ ᠶᠢᠨ ᠪᠠᠶᠢᠷᠢ ᠰᠠᠭᠤᠷᠢ ᠪᠠ ᠤᠤᠭᠠᠯ ᠡᠭᠦᠳᠦᠯᠲᠡ ᠶᠢᠨ | ᠵᠣᠷᠢᠭ ᠰᠠᠨᠠᠭ᠎ᠠ ᠶᠢ ᠭᠦᠨᠳᠦᠳᠭᠡᠵᠦ᠂ ᠦᠨᠳᠦᠰᠦᠨ ᠱᠠᠲᠤᠨ ᠤ ᠪᠦᠲᠦᠭᠡᠨ ᠪᠠᠶᠢᠭᠤᠯᠤᠯᠲᠠ ᠶᠢᠨ ᠪᠦᠭᠦ ᠲᠠᠯ᠎ᠠ ᠪᠠᠷ ᠲᠠᠪᠰᠢᠬᠤ᠂ ᠪᠦᠭᠦ ᠲᠠᠯ᠎ᠠ ᠪᠠᠷ ᠴᠠᠭᠠᠷᠠᠬᠤ ᠶᠢ | ᠠᠬᠢᠭᠤᠯᠬᠤ ᠬᠡᠷᠡᠭᠲᠡᠢ᠃ ᠴᠡᠷᠢᠭ ᠤᠨ ᠶᠠᠪᠤᠳᠠᠯ ᠤᠨ ᠵᠠᠰᠠᠯᠲᠠ ᠶᠢ ᠥᠭᠡᠷᠡᠴᠢᠯᠡᠯᠲᠡ ᠪᠠ ᠬᠠᠤᠯᠢ ᠪᠠᠷ ᠵᠠᠰᠠᠬᠤ ᠲᠠᠢ ᠣᠷᠭᠠᠨᠢᠭ ᠢᠶᠠᠷ ᠤᠶᠠᠯᠳᠤᠭᠤᠯᠵᠤ᠂ ᠤᠯᠤᠰ ᠤᠨ | ᠪᠠᠲᠤᠯᠠᠨ ᠬᠠᠮᠠᠭᠠᠯᠠᠯᠲᠠ ᠪᠠ ᠴᠡᠷᠢᠭ ᠠᠩᠭᠢ ᠶᠢᠨ ᠥᠭᠡᠷᠡᠴᠢᠯᠡᠯᠲᠡ ᠶᠢᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠵᠦ᠂ ᠴᠡᠷᠢᠭ ᠤᠨ ᠶᠠᠪᠤᠳᠠᠯ ᠤᠨ ᠬᠠᠤᠯᠢ | ᠲᠣᠭᠲᠠᠭᠠᠬᠤ ᠠᠵᠢᠯ ᠢ ᠭᠦᠨᠵᠡᠭᠡᠶᠢᠷᠡᠭᠦᠯᠦᠨ᠂ ᠬᠠᠤᠯᠢ ᠲᠣᠭᠲᠠᠭᠠᠯ ᠳᠦᠷᠢᠮ ᠤᠨ ᠬᠡᠷᠡᠭᠵᠢᠭᠦᠯᠦᠯᠲᠡ ᠪᠠ ᠬᠡᠷᠡᠭᠵᠢᠭᠦᠯᠦᠯᠲᠡ ᠳᠤ ᠬᠢᠨᠠᠯᠲᠠ ᠲᠠᠯᠪᠢᠬᠤ ᠶᠢ | ᠴᠢᠩᠭᠠᠳᠬᠠᠵᠤ᠂ ᠥᠭᠡᠷᠡᠴᠢᠯᠡᠯᠲᠡ ᠶᠢᠨ ᠠᠬᠢᠭᠤᠯᠬᠤ ᠦᠢᠯᠡᠳᠦᠯ ᠢ ᠰᠠᠶᠢᠲᠤᠷ ᠪᠠᠳᠠᠷᠠᠭᠤᠯᠤᠨ᠂ ᠬᠠᠤᠯᠢ ᠪᠠᠷ ᠵᠠᠰᠠᠬᠤ ᠡᠨᠡ ᠬᠦ ᠦᠨᠳᠦᠰᠦᠨ ᠭᠡᠯᠪᠡᠷᠢ ᠶᠢ ᠰᠠᠶᠢᠲᠤᠷ | ᠬᠡᠷᠡᠭᠯᠡᠵᠦ᠂ ᠴᠡᠷᠢᠭ ᠤᠨ ᠶᠠᠪᠤᠳᠠᠯ ᠤᠨ ᠵᠠᠰᠠᠯᠲᠠ ᠶᠢᠨ ᠡᠯ᠎ᠡ ᠵᠦᠢᠯ ᠤᠨ ᠠᠵᠢᠯ ᠢ ᠨᠡᠩ ᠰᠠᠶᠢᠲᠤᠷ ᠠᠬᠢᠭᠤᠯᠬᠤ ᠬᠡᠷᠡᠭᠲᠡᠢ ᠭᠡᠵᠦ ᠵᠢᠭᠠᠵᠤ ᠭᠠᠷᠭᠠᠪᠠ᠃ | ᠰᠢ ᠶᠢᠨ ᠫᠢᠩ᠂ ᠴᠡᠷᠢᠭ ᠪᠠ ᠣᠷᠣᠨ ᠨᠤᠲᠤᠭ ᠠᠯᠤᠰᠯᠠᠭᠰᠠᠨ ᠵᠠᠰᠠᠯᠲᠠ ᠶᠢ ᠴᠢᠩᠭᠠᠳᠬᠠᠬᠤ ᠪᠣᠯ ᠴᠡᠷᠢᠭ ᠤᠨ ᠶᠠᠪᠤᠳᠠᠯ ᠤᠨ ᠵᠠᠰᠠᠯᠲᠠ ᠶᠢ ᠪᠦᠭᠦ ᠲᠠᠯ᠎ᠠ ᠪᠠᠷ | ᠴᠢᠩᠭᠠᠳᠬᠠᠬᠤ ᠶᠢᠨ ᠪᠠᠶᠢᠪᠠᠰᠤ ᠵᠣᠬᠢᠬᠤ ᠠᠭᠤᠯᠭ᠎ᠠ ᠮᠥᠨ᠂ ᠨᠢᠭᠡ ᠴᠣᠭᠴᠠᠵᠢᠭᠰᠠᠨ ᠤᠯᠤᠰ ᠤᠨ ᠪᠠᠶᠢᠯᠳᠤᠬᠤ ᠪᠣᠳᠣᠯᠭ᠎ᠠ ᠶᠢᠨ ᠰᠢᠰᠲ᠋ᠧᠮ ᠪᠣᠯᠣᠨ ᠴᠢᠳᠠᠪᠤᠷᠢ ᠶᠢ | ᠪᠠᠬᠢᠵᠢᠭᠦᠯᠦᠨ ᠳᠡᠭᠡᠭᠰᠢᠯᠡᠭᠦᠯᠭᠦ ᠶᠢᠨ ᠳᠣᠲᠣᠭᠠᠳᠤ ᠱᠠᠭᠠᠷᠳᠠᠯᠭ᠎ᠠ ᠮᠥᠨ᠃ ᠲᠥᠪ ᠤᠨ ᠪᠠ ᠲᠦᠷᠦ ᠶᠢᠨ ᠪᠠᠶᠢᠭᠤᠯᠭ᠎ᠠ ᠶᠢᠨ ᠬᠤᠯᠪᠣᠭᠳᠠᠯ ᠪᠦᠬᠦᠢ ᠰᠠᠯᠠᠭ᠎ᠠ ᠮᠥᠴᠢᠷ᠂ | ᠣᠷᠣᠨ ᠨᠤᠲᠤᠭ ᠤᠨ ᠡᠯ᠎ᠡ ᠱᠠᠲᠤᠨ ᠤ ᠨᠠᠮ ᠤᠨ ᠬᠤᠷᠢᠶ᠎ᠠ ᠪᠠ ᠵᠠᠰᠠᠭ ᠤᠨ ᠣᠷᠳᠣᠨ ᠤᠯᠤᠰ ᠤᠨ ᠪᠠᠲᠤᠯᠠᠨ ᠬᠠᠮᠠᠭᠠᠯᠠᠯᠲᠠ ᠶᠢᠨ ᠤᠬᠠᠮᠰᠠᠷ ᠢᠶᠠᠨ ᠴᠢᠩᠭᠠᠳᠬᠠᠵᠤ᠂ | ᠨᠢᠭᠡᠳᠦᠯᠲᠡᠢ ᠲᠥᠯᠥᠪᠵᠢᠭᠦᠯᠦᠨ ᠵᠣᠬᠢᠴᠠᠭᠤᠯᠬᠤ ᠪᠠᠨ ᠴᠢᠩᠭᠠᠳᠬᠠᠵᠤ᠂ ᠤᠯᠤᠰ ᠤᠨ ᠪᠠᠲᠤᠯᠠᠨ ᠬᠠᠮᠠᠭᠠᠯᠠᠯᠲᠠ ᠶᠢᠨ ᠪᠦᠲᠦᠭᠡᠨ ᠪᠠᠶᠢᠭᠤᠯᠤᠯᠲᠠ ᠶᠢᠨ ᠬᠦᠷᠢᠶᠡᠨ ᠳᠠᠬᠢ | ᠭᠦᠢᠴᠡᠳᠬᠡᠪᠡᠰᠦ ᠵᠣᠬᠢᠬᠤ ᠬᠠᠷᠢᠭᠤᠴᠠᠯᠭ᠎ᠠ ᠪᠠᠨ ᠰᠠᠶᠢᠲᠤᠷ ᠭᠦᠢᠴᠡᠳᠬᠡᠬᠦ ᠬᠡᠷᠡᠭᠲᠡᠢ᠃ ᠴᠡᠷᠢᠭ ᠪᠣᠯᠣᠨ ᠣᠷᠣᠨ ᠨᠤᠲᠤᠭ ᠤᠨ ᠣᠯᠣᠯᠴᠠᠭ᠎ᠠ ᠵᠣᠬᠢᠴᠠᠭᠤᠯᠭ᠎ᠠ ᠪᠠᠨ | ᠰᠠᠶᠢᠲᠤᠷ ᠬᠢᠵᠦ᠂ ᠴᠡᠷᠢᠭ ᠤᠨ ᠶᠠᠪᠤᠳᠠᠯ ᠤᠨ ᠬᠡᠷᠡᠭᠴᠡᠭᠡ ᠶᠢᠨ ᠤᠯᠤᠰ ᠤᠨ ᠪᠠᠲᠤᠯᠠᠨ ᠬᠠᠮᠠᠭᠠᠯᠠᠯᠲᠠ ᠶᠢᠨ ᠪᠦᠲᠦᠭᠡᠨ ᠪᠠᠶᠢᠭᠤᠯᠤᠯᠲᠠ ᠳᠠᠬᠢ ᠬᠥᠲᠥᠯᠥᠨ | ᠳᠠᠭᠠᠭᠤᠯᠬᠤ ᠦᠢᠯᠡᠳᠦᠯ ᠢ ᠭᠦᠢᠴᠡᠳ ᠪᠠᠳᠠᠷᠠᠭᠤᠯᠬᠤ ᠬᠡᠷᠡᠭᠲᠡᠢ᠃ ᠪᠠᠶᠢᠭᠤᠯᠤᠮᠵᠢ ᠲᠣᠭᠲᠠᠴᠠ ᠶᠢ ᠦᠷᠭᠦᠯᠵᠢᠯᠡᠨ ᠰᠢᠯᠢᠳᠡᠭᠵᠢᠭᠦᠯᠵᠦ᠂ ᠵᠣᠬᠢᠶᠠᠨ | ᠪᠠᠶᠢᠭᠤᠯᠤᠯᠲᠠ ᠶᠢᠨ ᠰᠢᠰᠲ᠋ᠧᠮ ᠢ ᠲᠡᠭᠦᠯᠳᠡᠷᠵᠢᠭᠦᠯᠵᠦ᠂ ᠲᠦᠷᠦ ᠶᠢᠨ ᠪᠣᠳᠣᠯᠭ᠎ᠠ ᠳᠦᠷᠢᠮ ᠢ ᠪᠦᠷᠢᠨᠰᠢᠭᠦᠯᠵᠦ᠂ ᠲᠤᠰ ᠲᠤᠰ ᠤᠨ ᠡᠭᠦᠷᠭᠡ ᠬᠠᠷᠢᠭᠤᠴᠠᠯᠭ᠎ᠠ ᠪᠠᠨ | ᠭᠦᠢᠴᠡᠳᠬᠡᠬᠦ᠂ ᠨᠢᠭᠲᠠ ᠬᠠᠮᠵᠢᠯᠴᠠᠬᠤ᠂ ᠵᠢᠷᠤᠮᠵᠢᠩᠭᠤᠢ ᠡᠮᠬᠢ ᠳᠢᠭᠯᠢᠮ ᠲᠠᠢ ᠴᠡᠷᠢᠭ ᠪᠠ ᠣᠷᠣᠨ ᠨᠤᠲᠤᠭ ᠠᠯᠤᠰᠯᠠᠭᠰᠠᠨ ᠠᠵᠢᠯ ᠤᠨ ᠪᠠᠶᠢᠷᠢᠰᠢᠯ ᠢ ᠪᠦᠷᠢᠯᠳᠦᠭᠦᠯᠬᠦ | ᠬᠡᠷᠡᠭᠲᠡᠢ ᠭᠡᠵᠦ ᠴᠢᠬᠤᠯᠠᠴᠢᠯᠠᠪᠠ᠃ | | | | | | | |