ᠰᠢᠨᠬᠤᠸᠠ ᠬᠤᠷᠢᠶ᠎ᠠ ᠶᠢᠨ ᠪᠡᠭᠡᠵᠢᠩ ᠤᠨ 7 ᠰᠠᠷ᠎ᠠ ᠶᠢᠨ 25 ᠤ ᠴᠠᠭᠢᠯᠭᠠᠨ ᠮᠡᠳᠡᠭᠡ ᠤᠯᠤᠰ ᠤᠨ ᠲᠡᠷᠢᠭᠦᠯᠡᠭᠴᠢ ᠰᠢ ᠶᠢᠨ ᠫᠢᠩ 7 ᠰᠠᠷ᠎ᠠ ᠶᠢᠨ 24 ᠤ | ᠡᠳᠦᠷ ᠰᠢᠶᠠᠩᠭᠠᠩ ᠤᠨ ᠫᠧᠢ ᠴᠢᠶᠤᠤ ᠳᠤᠮᠳᠠᠳᠤ ᠰᠤᠷᠭᠠᠭᠤᠯᠢ ᠶᠢᠨ ᠥᠨᠳᠥᠷ ᠨᠢᠭᠡᠳᠦᠭᠡᠷ ᠣᠨ ᠤ ᠪᠦᠭᠦ ᠰᠤᠷᠤᠬᠴᠢᠳ ᠲᠤ ᠬᠠᠷᠢᠭᠤ ᠵᠠᠬᠢᠳᠠᠯ ᠢᠯᠡᠭᠡᠵᠦ᠂ | ᠳᠡᠳᠡᠨ ᠢ ᠳᠣᠲᠣᠨᠣ ᠪᠠᠷ ᠵᠣᠷᠢᠭᠵᠢᠭᠤᠯᠪᠠ᠃ | ᠰᠢ ᠶᠢᠨ ᠫᠢᠩ ᠬᠠᠷᠢᠭᠤ ᠵᠠᠬᠢᠳᠠᠯ ᠳᠠᠭᠠᠨ᠂ ᠲᠠ ᠨᠠᠷ ᠤᠨ ᠺᠤᠷᠢᠶᠠ ᠳᠤ ᠪᠠᠶᠢᠭ᠎ᠠ ᠰᠠᠶᠢᠨ ᠳᠤᠷ᠎ᠠ ᠶᠢᠨ ᠴᠡᠷᠢᠭ ᠤᠨ ᠦᠷᠡᠭᠳᠡᠭᠰᠡᠨ ᠪᠠᠭᠠᠲᠤᠷᠴᠤᠳ ᠤᠨ | ᠴᠢᠨᠳᠠᠷ ᠢ ᠤᠯᠤᠰ ᠲᠠᠭᠠᠨ ᠠᠪᠴᠢᠷᠠᠵᠤ ᠣᠷᠣᠰᠢᠭᠤᠯᠬᠤ ᠶᠣᠰᠣᠯᠠᠯ᠂ ︽ᠲᠡᠭᠷᠢ ᠶᠢᠨ ᠣᠷᠳᠣᠨ︾ ᠤ ᠰᠠᠨᠰᠠᠷᠴᠢᠨ ᠲᠠᠢ ᠬᠠᠷᠢᠯᠴᠠᠬᠤ ᠵᠡᠷᠭᠡ ᠠᠵᠢᠯᠯᠠᠭ᠎ᠠ ᠳᠤ | ᠣᠷᠤᠯᠴᠠᠬᠤ ᠪᠠᠷ ᠲᠠᠮᠵᠢᠨ᠂ ᠳᠤᠮᠳᠠᠳᠤ ᠤᠯᠤᠰ ᠤᠨ ᠬᠥᠮᠥᠨ ᠪᠣᠯᠤᠭᠰᠠᠨ ᠤ ᠣᠮᠣᠭᠰᠢᠯ᠂ ᠰᠢᠶᠠᠩᠭᠠᠩ ᠤᠨ ᠵᠠᠯᠠᠭᠤ ᠨᠢᠭᠡ ᠦᠶ᠎ᠡ ᠶᠢᠨ ᠬᠢᠨ ᠤ ᠡᠭᠦᠷᠭᠡ | ᠬᠠᠷᠢᠭᠤᠴᠠᠯᠭ᠎ᠠ ᠪᠠᠨ ᠨᠡᠩ ᠭᠦᠨᠵᠡᠭᠡᠢ ᠣᠶᠢᠯᠠᠭᠠᠵᠤ ᠮᠡᠳᠡᠭᠰᠡᠨ ᠳᠤ ᠪᠢ ᠮᠠᠰᠢ ᠪᠠᠶᠠᠷᠯᠠᠵᠤ ᠪᠠᠶᠢᠨ᠎ᠠ ᠭᠡᠵᠦ ᠬᠡᠯᠡᠪᠡ᠃ | ᠰᠢ ᠶᠢᠨ ᠫᠢᠩ᠂ ᠤᠯᠤᠰ ᠢᠶᠠᠨ ᠬᠠᠶᠢᠷᠠᠯᠠᠬᠤ ᠦᠵᠡᠯ ᠪᠣᠯ ᠳᠤᠮᠳᠠᠳᠤ ᠶᠢᠨ ᠦᠨᠳᠦᠰᠦᠲᠡᠨ ᠤ ᠵᠣᠷᠢᠭ ᠰᠠᠨᠠᠭᠠᠨ ᠤ ᠭᠤᠣᠯᠯᠠᠭᠴᠢ ᠮᠥᠨ᠂ ᠥᠷᠭᠡᠨ ᠤᠯᠠᠨ | ᠰᠢᠶᠠᠩᠭᠠᠩ ᠤᠨ ᠠᠬ᠎ᠠ ᠳᠡᠭᠦᠦ ᠨᠠᠷ ᠶᠡᠷᠦ ᠠᠴᠠ ᠤᠯᠤᠰ ᠢᠶᠠᠨ ᠬᠠᠶᠢᠷᠠᠯᠠᠬᠤ ᠰᠢᠶᠠᠩᠭᠠᠩ ᠢᠶᠠᠨ ᠬᠠᠶᠢᠷᠠᠯᠠᠬᠤ ᠢᠷᠠᠭᠤ ᠠᠯᠳᠠᠷᠲᠤ ᠤᠯᠠᠮᠵᠢᠯᠠᠯ ᠲᠠᠢ ᠶᠤᠮ᠂ ᠡᠨᠡ ᠪᠣᠯ | ︽ᠨᠢᠭᠡ ᠤᠯᠤᠰ ᠲᠤ ᠬᠤᠶᠠᠷ ᠪᠠᠶᠢᠭᠤᠯᠤᠯ ᠢ ᠬᠡᠷᠡᠭᠵᠢᠭᠦᠯᠬᠦ︾ ᠶᠢ ᠯᠠᠪᠳᠠᠭᠤᠨ ᠬᠤᠯᠠ ᠠᠶᠠᠯᠠᠭᠤᠯᠬᠤ ᠶᠢᠨ ᠴᠢᠬᠤᠯᠠ ᠰᠠᠭᠤᠷᠢ ᠪᠣᠯᠣᠨ᠎ᠠ᠃ ᠲᠠ ᠨᠠᠷ ᠤᠨ ᠲᠦᠮᠡᠨ | ᠪᠣᠳᠢ ᠨᠣᠮ ᠤᠩᠰᠢᠬᠤ ᠪᠣᠯᠣᠨ ᠲᠦᠮᠡᠨ ᠭᠠᠵᠠᠷ ᠠᠶᠠᠯᠠᠬᠤ ᠶᠢ ᠤᠶᠠᠯᠳᠤᠭᠤᠯᠵᠤ᠂ ᠳᠡᠯᠡᠬᠡᠢ ᠶᠢᠨ ᠬᠥᠭᠵᠢᠯᠲᠡ ᠶᠢᠨ ᠶᠡᠭᠡ ᠬᠠᠨᠳᠤᠰᠢ ᠶᠢ ᠭᠦᠨᠵᠡᠭᠡᠢ ᠲᠠᠨᠢᠵᠤ᠂ ᠡᠬᠡ | ᠤᠯᠤᠰ ᠤᠨ ᠢᠶᠠᠨ ᠲᠡᠦᠬᠡ ᠰᠣᠶᠣᠯ ᠪᠣᠯᠣᠨ ᠤᠯᠤᠰ ᠤᠨ ᠪᠣᠳᠠᠲᠠᠢ ᠪᠠᠶᠢᠳᠠᠯ ᠢ ᠭᠦᠨᠵᠡᠭᠡᠢ ᠣᠶᠢᠯᠠᠭᠠᠵᠤ᠂ ᠤᠯᠤᠰ ᠢᠶᠠᠨ ᠬᠠᠶᠢᠷᠠᠯᠠᠬᠤ ᠰᠡᠳᠬᠢᠯᠭᠡ ᠪᠠᠨ | ᠵᠤᠵᠠᠭᠠᠳᠬᠠᠵᠤ᠂ ᠪᠠᠲᠤ ᠴᠢᠩᠭ᠎ᠠ ᠡᠷᠳᠡᠮ ᠴᠢᠳᠠᠪᠤᠷᠢ ᠶᠢ ᠳᠠᠪᠲᠠᠨ ᠪᠤᠯᠪᠠᠰᠤᠷᠠᠭᠤᠯᠵᠤ᠂ ᠡᠷᠲᠡᠬᠡᠨ ᠶᠡᠭᠡ ᠡᠭᠦᠷᠭᠡ ᠶᠢ ᠡᠭᠦᠷᠭᠡᠯᠡᠵᠦ ᠳᠡᠶᠢᠯᠭᠦ ᠲᠤᠯᠭᠠᠭᠤᠷᠢ ᠬᠦᠴᠦᠨ | ᠪᠣᠯᠵᠤ᠂ ᠰᠠᠶᠢᠨ ᠰᠠᠶᠢᠬᠠᠨ ᠰᠢᠶᠠᠩᠭᠠᠩ ᠢ ᠪᠦᠲᠦᠭᠡᠨ ᠪᠠᠶᠢᠭᠤᠯᠬᠤ᠂ ᠦᠨᠳᠦᠰᠦᠲᠡᠨ ᠤ ᠰᠡᠷᠭᠦᠨ ᠮᠠᠨᠳᠤᠯᠲᠠ ᠶᠢ ᠪᠡᠶᠡᠯᠡᠭᠦᠯᠬᠦ ᠳᠤ ᠢᠳᠡᠪᠬᠢᠲᠡᠢ ᠪᠠᠷ ᠬᠦᠴᠦᠨ | ᠴᠢᠳᠠᠯ ᠢᠶᠠᠨ ᠡᠷᠭᠦᠬᠦ ᠶᠢ ᠬᠦᠰᠡᠵᠦ ᠪᠠᠶᠢᠨ᠎ᠠ ᠭᠡᠵᠦ ᠵᠢᠭᠠᠵᠤ ᠭᠠᠷᠭᠠᠪᠠ᠃ | ᠫᠧᠢ ᠴᠢᠶᠤᠤ ᠳᠤᠮᠳᠠᠳᠤ ᠰᠤᠷᠭᠠᠭᠤᠯᠢ 1946 ᠣᠨ ᠳᠤ ᠪᠠᠶᠢᠭᠤᠯᠤᠭᠳᠠᠵᠤ᠂ ᠰᠢᠨ᠎ᠡ ᠳᠤᠮᠳᠠᠳᠤ ᠤᠯᠤᠰ ᠪᠠᠶᠢᠭᠤᠯᠤᠭᠳᠠᠭᠰᠠᠨ ᠤ ᠳᠠᠷᠠᠭ᠎ᠠ ᠬᠠᠮᠤᠭ ᠤᠨ | ᠲᠦᠷᠦᠭᠦᠨ ᠳᠤ ᠲᠠᠪᠤᠨ ᠣᠳᠣᠲᠤ ᠤᠯᠠᠭᠠᠨ ᠲᠤᠭ ᠢ ᠮᠠᠨᠳᠤᠭᠤᠯᠤᠭᠰᠠᠨ ᠰᠢᠶᠠᠩᠭᠠᠩ ᠤᠨ ᠰᠤᠷᠭᠠᠭᠤᠯᠢ ᠶᠢᠨ ᠨᠢᠭᠡ ᠪᠣᠯᠣᠨ᠎ᠠ᠂ ᠰᠤᠷᠭᠠᠭᠤᠯᠢ | ᠪᠠᠶᠢᠭᠤᠯᠤᠭᠳᠠᠭᠰᠠᠨ ᠠᠴᠠ ᠨᠠᠭᠠᠰᠢ ᠤᠯᠤᠰ ᠢᠶᠠᠨ ᠬᠠᠶᠢᠷᠠᠯᠠᠬᠤ ᠰᠢᠶᠠᠩᠭᠠᠩ ᠢᠶᠠᠨ ᠬᠠᠶᠢᠷᠠᠯᠠᠬᠤ ᠴᠢᠳᠠᠪᠤᠷᠢᠲᠠᠨ ᠢ ᠦᠯᠡᠮᠵᠢ ᠤᠯᠠᠨ ᠬᠥᠮᠥᠵᠢᠭᠦᠯᠵᠡᠢ᠃ ᠣᠶᠢᠷ᠎ᠠ ᠳᠤ᠂ | ᠫᠧᠢ ᠴᠢᠶᠣᠤ ᠳᠤᠮᠳᠠᠳᠤ ᠰᠤᠷᠭᠠᠭᠤᠯᠢ ᠶᠢᠨ ᠥᠨᠳᠥᠷ ᠨᠢᠭᠡᠳᠦᠭᠡᠷ ᠣᠨ ᠤ ᠪᠦᠭᠦ ᠰᠤᠷᠤᠬᠴᠢᠳ ᠲᠡᠷᠢᠭᠦᠯᠡᠭᠴᠢ ᠰᠢ ᠶᠢᠨ ᠫᠢᠩ ᠳᠤ ᠵᠠᠬᠢᠳᠠᠯ ᠪᠢᠴᠢᠵᠦ᠂ | ᠰᠤᠷᠭᠠᠭᠤᠯᠢ ᠶᠢᠨ ᠤᠯᠤᠰ ᠢᠶᠠᠨ ᠬᠠᠶᠢᠷᠠᠯᠠᠬᠤ ᠦᠵᠡᠯ ᠤᠨ ᠬᠥᠮᠦᠵᠢᠯ ᠤᠨ ᠠᠵᠢᠯᠯᠠᠭ᠎ᠠ ᠳᠤ ᠣᠷᠣᠯᠴᠠᠬᠰᠠᠨ ᠣᠯᠣᠯᠲᠠ ᠲᠥᠷᠥᠭᠳᠡᠯ ᠢᠶᠠᠨ ᠬᠠᠷᠢᠭᠤ ᠮᠡᠳᠡᠭᠦᠯᠵᠦ᠂ | ᠤᠯᠤᠰ ᠢᠶᠠᠨ ᠬᠠᠶᠢᠷᠠᠯᠠᠬᠤ ᠰᠢᠶᠠᠩᠭᠠᠩ ᠢᠶᠠᠨ ᠬᠠᠶᠢᠷᠠᠯᠠᠬᠤ ᠵᠣᠷᠢᠭ ᠰᠠᠨᠠᠭ᠎ᠠ ᠶᠢ ᠦᠷᠭᠦᠯᠵᠢᠯᠡᠨ ᠪᠠᠳᠠᠷᠠᠭᠤᠯᠵᠤ᠂ ᠤᠯᠤᠰ ᠤᠨ ᠬᠦᠴᠦᠷᠬᠡᠭᠵᠢᠯ ᠪᠠ ᠰᠢᠶᠠᠩᠭᠠᠩ ᠤᠨ | ᠬᠥᠭᠵᠢᠯ ᠴᠡᠴᠡᠭᠯᠡᠯ ᠳᠤ ᠬᠦᠴᠦᠨ ᠴᠢᠳᠠᠯ ᠢᠶᠠᠨ ᠡᠷᠭᠦᠬᠦ ᠵᠣᠷᠢᠭ ᠢᠶᠠᠨ ᠢᠯᠡᠳᠬᠡᠵᠡᠢ᠃ |