ᠰᠢᠨᠬᠤᠸᠠ ᠬᠤᠷᠢᠶ᠎ᠠ ᠶᠢᠨ ᠴᠧᠩᠳᠦ᠋ ᠶᠢᠨ 7 ᠰᠠᠷ᠎ᠠ ᠶᠢᠨ 27 ᠤ ᠴᠠᠭᠢᠯᠭᠠᠨ ᠮᠡᠳᠡᠭᠡ 7 ᠰᠠᠷ᠎ᠠ ᠶᠢᠨ 27 ᠤ ᠦᠳᠡ ᠶᠢᠨ ᠬᠤᠶᠢᠨ᠎ᠠ᠂ ᠤᠯᠤᠰ ᠤᠨ | ᠲᠡᠷᠢᠭᠦᠯᠡᠭᠴᠢ ᠰᠢ ᠶᠢᠨ ᠫᠢᠩ ᠲᠤᠮᠳᠠᠳᠤ ᠤᠯᠤᠰ ᠲᠤ ᠢᠷᠡᠵᠤ 31 ᠳ᠋ᠦ᠋ᠭᠡᠷ ᠬᠤᠭᠤᠴᠠᠭᠠᠨ ᠤ ᠳᠡᠯᠡᠬᠡᠢ ᠶᠢᠨ ᠣᠶᠤᠲᠠᠳ ᠤᠨ ᠵᠤᠨ ᠤ ᠤᠯᠠᠷᠢᠯ ᠤᠨ ᠲᠠᠮᠢᠷ ᠤᠨ | ᠴᠤᠭᠯᠠᠭᠠᠨ ᠤ ᠡᠭᠢᠯᠡᠯᠲᠡ ᠶᠢᠨ ᠶᠣᠰᠣᠯᠠᠯ ᠳᠤ ᠣᠷᠤᠯᠴᠠᠬᠤ ᠪᠥᠭᠡᠳ ᠲᠤᠮᠳᠠᠳᠤ ᠤᠯᠤᠰ ᠲᠤ ᠠᠶᠢᠯᠴᠢᠯᠠᠯᠳᠠ ᠬᠢᠵᠦ ᠪᠠᠶᠢᠭ᠎ᠠ ᠢᠨᠳᠤᠨᠧᠰᠢᠶ᠎ᠠ ᠶᠢᠨ ᠶᠡᠷᠦᠩᠬᠡᠶᠢᠯᠡᠭᠴᠢ | ᠽᠦᠤᠤᠺᠧ ᠲᠠᠢ ᠴᠧᠩᠳᠦ᠋ ᠳᠤ ᠠᠭᠤᠯᠵᠠᠪᠠ᠃ | | | | | | 7 ᠰᠠᠷ᠎ᠠ ᠶᠢᠨ 27 ᠤ ᠦᠳᠡ ᠶᠢᠨ ᠬᠤᠶᠢᠨ᠎ᠠ᠂ ᠤᠯᠤᠰ ᠤᠨ ᠲᠡᠷᠢᠭᠦᠯᠡᠭᠴᠢ ᠰᠢ ᠶᠢᠨ ᠫᠢᠩ ᠲᠤᠮᠳᠠᠳᠤ ᠤᠯᠤᠰ ᠲᠤ ᠢᠷᠡᠵᠤ 31 ᠳ᠋ᠦ᠋ᠭᠡᠷ ᠬᠤᠭᠤᠴᠠᠭᠠᠨ ᠤ | ᠳᠡᠯᠡᠬᠡᠢ ᠶᠢᠨ ᠣᠶᠤᠲᠠᠳ ᠤᠨ ᠵᠤᠨ ᠤ ᠤᠯᠠᠷᠢᠯ ᠤᠨ ᠲᠠᠮᠢᠷ ᠤᠨ ᠴᠤᠭᠯᠠᠭᠠᠨ ᠤ ᠡᠭᠢᠯᠡᠯᠲᠡ ᠶᠢᠨ ᠶᠣᠰᠣᠯᠠᠯ ᠳᠤ ᠣᠷᠤᠯᠴᠠᠬᠤ ᠪᠥᠭᠡᠳ ᠲᠤᠮᠳᠠᠳᠤ ᠤᠯᠤᠰ ᠲᠤ | ᠠᠶᠢᠯᠴᠢᠯᠠᠯᠳᠠ ᠬᠢᠵᠦ ᠪᠠᠶᠢᠭ᠎ᠠ ᠢᠨᠳᠤᠨᠧᠰᠢᠶ᠎ᠠ ᠶᠢᠨ ᠶᠡᠷᠦᠩᠬᠡᠶᠢᠯᠡᠭᠴᠢ ᠽᠦᠤᠤᠺᠧ ᠲᠠᠢ ᠴᠧᠩᠳᠦ᠋ ᠳᠤ ᠠᠭᠤᠯᠵᠠᠪᠠ᠃ | ᠰᠢᠨᠬᠤᠸᠠ ᠬᠤᠷᠢᠶ᠎ᠠ ᠶᠢᠨ ᠰᠤᠷᠪᠤᠯᠵᠢᠯᠠᠬᠴᠢ ᠶᠢᠨ ᠪᠦᠸᠧ ᠭᠦ᠋ ᠰᠡᠭᠦᠳᠡᠷᠯᠡᠪᠡ | ᠰᠢ ᠶᠢᠨ ᠫᠢᠩ᠂ ᠨᠢᠳᠤᠨᠤᠨ ᠪᠢ ᠶᠡᠷᠦᠩᠬᠡᠶᠢᠯᠡᠭᠴᠢ ᠽᠦᠤᠤᠺᠧ ᠲᠠᠢ ᠬᠠᠮᠲᠤ ᠪᠠᠷ ᠬᠤᠶᠠᠷ ᠤᠯᠤᠰ ᠤᠨ ᠬᠤᠪᠢ ᠵᠠᠶᠠᠭᠠᠨ ᠤ ᠬᠠᠮᠲᠤ ᠶᠢᠨ ᠴᠣᠭᠴᠠ ᠶᠢ | ᠬᠠᠮᠲᠤ ᠪᠠᠷ ᠪᠠᠶᠢᠭᠤᠯᠬᠤ ᠰᠢᠨ᠎ᠡ ᠬᠠᠭᠤᠳᠠᠰᠤ ᠶᠢ ᠨᠡᠭᠡᠭᠡᠭᠰᠡᠨ ᠪᠢᠯᠡ᠃ ᠤᠯᠤᠰ ᠤᠨ ᠣᠳᠣᠬᠢᠴᠢᠯᠠᠯᠲᠠ ᠪᠣᠯᠣᠨ ᠦᠨᠳᠦᠰᠦᠲᠡᠨ ᠤ ᠰᠡᠷᠭᠦᠨ ᠮᠠᠨᠳᠤᠯᠲᠠ ᠶᠢ | ᠪᠡᠶᠡᠯᠡᠭᠦᠯᠬᠦ ᠵᠠᠮ ᠳᠡᠭᠡᠷ᠎ᠡ᠂ ᠳᠤᠮᠳᠠᠳᠤ ᠤᠯᠤᠰ ᠪᠣᠯᠣᠨ ᠢᠨᠳᠤᠨᠧᠰᠢᠶ᠎ᠠ ᠶᠢᠨ ᠣᠶᠢᠯᠠᠭᠠᠭᠳᠠᠬᠤᠨ ᠳᠡᠭᠡᠳᠦ ᠬᠡᠮᠵᠢᠶ᠎ᠡ ᠪᠠᠷ ᠨᠡᠶᠢᠴᠡᠵᠦ ᠪᠠᠶᠢᠨ᠎ᠠ᠂ ᠬᠠᠷᠢᠯᠴᠠᠨ | ᠬᠥᠭᠵᠢᠯᠲᠡ ᠶᠢᠨ ᠠᠵᠠ ᠲᠣᠭᠢᠶᠠᠯ ᠬᠠᠩᠭᠠᠵᠤ᠂ ᠵᠣᠷᠢᠯᠲᠠ ᠠᠳᠠᠯᠢ ᠵᠠᠮ ᠨᠢᠭᠡᠲᠡᠢ ᠬᠠᠨᠢ᠂ ᠰᠠᠶᠢᠨ ᠬᠠᠨᠢᠲᠠᠨ ᠪᠣᠯᠤᠭᠰᠠᠨ ᠪᠠᠶᠢᠨ᠎ᠠ᠃ ᠳᠤᠮᠳᠠᠳᠤ ᠤᠯᠤᠰ ᠳᠤᠷᠠᠲᠠᠶ᠎ᠠ | ᠡᠨᠡ ᠵᠢᠯ ᠬᠤᠶᠠᠷ ᠤᠯᠤᠰ ᠤᠨ ᠪᠦᠭᠦ ᠲᠠᠯ᠎ᠠ ᠶᠢᠨ ᠪᠠᠶᠢᠯᠳᠤᠬᠤ ᠪᠣᠳᠣᠯᠭ᠎ᠠ ᠶᠢᠨ ᠬᠠᠨᠢᠲᠠᠨ ᠤ ᠬᠠᠷᠢᠯᠴᠠᠭ᠎ᠠ ᠪᠠᠶᠢᠭᠤᠯᠤᠭᠰᠠᠨ 10 ᠵᠢᠯ ᠤᠨ ᠤᠢ ᠪᠠᠷ ᠠᠵᠠ ᠲᠣᠭᠢᠶᠠᠯ | ᠪᠤᠯᠭᠠᠵᠤ᠂ ᠢᠨᠳᠤᠨᠧᠰᠢᠶ᠎ᠠ ᠯᠦᠭᠡ ᠪᠠᠶᠢᠯᠳᠤᠬᠤ ᠪᠣᠳᠣᠯᠭ᠎ᠠ ᠶᠢᠨ ᠬᠠᠮᠲᠤᠷᠠᠯᠴᠠᠭ᠎ᠠ ᠪᠠᠨ ᠭᠦᠨᠵᠡᠭᠡᠶᠢᠷᠡᠭᠦᠯᠵᠦ᠂ ᠬᠥᠭᠵᠢᠵᠦ ᠪᠠᠶᠢᠭ᠎ᠠ ᠤᠯᠤᠰ ᠤᠳ ᠤᠨ ᠬᠤᠪᠢ | ᠵᠠᠶᠠᠭ᠎ᠠ ᠪᠠᠨ ᠬᠠᠮᠲᠤᠳᠬᠠᠵᠤ᠂ ᠪᠦᠯᠬᠦᠮᠳᠡᠨ ᠬᠠᠮᠲᠤᠷᠠᠯᠴᠠᠵᠤ᠂ ᠬᠥᠭᠵᠢᠯᠲᠡ ᠶᠢ ᠬᠠᠮᠲᠤ ᠪᠠᠷ ᠠᠬᠢᠭᠤᠯᠬᠤ ᠬᠡᠪ ᠳᠠᠭᠤᠷᠢᠶᠠᠯ ᠢ ᠪᠤᠢ ᠪᠤᠯᠭᠠᠵᠤ᠂ ᠭᠠᠵᠠᠷ ᠣᠷᠣᠨ ᠪᠠ | ᠳᠡᠯᠡᠬᠡᠢ ᠳ᠋ᠠᠬᠢᠨ ᠳᠤ ᠨᠡᠩ ᠤᠯᠠᠨ ᠲᠣᠬᠲᠠᠭᠠᠯᠲᠤ ᠴᠢᠨᠠᠷ ᠪᠠ ᠢᠳᠡᠪᠬᠢ ᠬᠦᠴᠦᠨ ᠢ ᠨᠡᠮᠡᠷᠢᠯᠡᠨ᠎ᠡ ᠭᠡᠵᠦ ᠵᠢᠭᠠᠵᠤ ᠭᠠᠷᠭᠠᠪᠠ᠃ | ᠰᠢ ᠶᠢᠨ ᠫᠢᠩ᠂ ᠳᠤᠮᠳᠠᠳᠤ ᠤᠯᠤᠰ ᠳᠤᠷᠠᠲᠠᠶ᠎ᠠ ᠢᠨᠳᠤᠨᠧᠰᠢᠶ᠎ᠠ ᠯᠦᠭᠡ ᠪᠠᠶᠢᠩᠭᠤ ᠶᠢᠨ ᠴᠢᠨᠠᠷᠲᠠᠢ ᠪᠠᠶᠢᠯᠳᠤᠬᠤ ᠪᠣᠳᠣᠯᠭ᠎ᠠ ᠶᠢᠨ ᠣᠯᠣᠯᠴᠠᠭ᠎ᠠ ᠪᠠᠨ ᠪᠠᠲᠤᠯᠠᠵᠤ | ᠂ ᠲᠦᠷᠦ ᠶᠢ ᠵᠠᠰᠠᠵᠤ ᠵᠠᠰᠠᠭ ᠢ ᠡᠷᠭᠢᠯᠡᠭᠦ ᠲᠤᠷᠰᠢᠯᠭ᠎ᠠ ᠶᠢᠨ ᠰᠣᠯᠢᠯᠴᠠᠭ᠎ᠠ ᠪᠠᠨ ᠴᠢᠩᠭᠠᠳᠬᠠᠵᠤ᠂ ᠬᠤᠶᠠᠷ ᠤᠯᠤᠰ ᠤᠨ ᠭᠠᠳᠠᠭᠠᠳᠤ ᠶᠠᠪᠤᠳᠠᠯ ᠤᠨ ᠶᠠᠮᠤᠨ ᠤ ᠰᠠᠶᠢᠳ | ᠪᠠᠲᠤᠯᠠᠨ ᠬᠠᠮᠠᠭᠠᠯᠠᠯᠲᠠ ᠶᠢᠨ ᠶᠠᠮᠤᠨ ᠤ ᠰᠠᠶᠢᠳ ᠤᠨ ︽2 + 2︾ ᠶᠠᠷᠢᠯᠴᠠᠭᠠᠨ ᠤ ᠲᠣᠭᠲᠠᠴᠠ ᠶᠢ ᠡᠬᠢᠯᠡᠭᠦᠯᠵᠦ᠂ ᠥᠨᠳᠥᠷ ᠲᠦᠪᠰᠢᠨ ᠪᠦᠬᠦᠢ ᠪᠠᠶᠢᠯᠳᠤᠬᠤ | ᠪᠣᠳᠣᠯᠭ᠎ᠠ ᠶᠢᠨ ᠢᠲᠡᠭᠡᠯᠴᠡᠭᠡ ᠶᠢ ᠪᠠᠶᠢᠭᠤᠯᠤᠨ᠎ᠠ᠃ ︽ᠨᠢᠭᠡ ᠪᠦᠰᠡ ᠨᠢᠭᠡ ᠵᠠᠮ︾ ᠤᠨ ᠰᠠᠨᠠᠭᠠᠴᠢᠯᠠᠭ᠎ᠠ ᠪᠣᠯᠣᠨ ᠢᠨᠳᠤᠨᠧᠰᠢᠶ᠎ᠠ ᠶᠢᠨ ︽ᠪᠦᠭᠦ ᠪᠥᠮᠪᠥᠷᠴᠡᠭ ᠤᠨ | ᠳᠠᠯᠠᠢ ᠲᠠᠩᠭᠢᠰ ᠤᠨ ᠲᠤᠯᠬᠤ ᠴᠡᠭ︾ ᠤᠨ ᠲᠥᠰᠥᠪᠯᠡᠯ ᠤᠨ ᠵᠣᠯᠭᠠᠯᠴᠠᠭ᠎ᠠ ᠴᠢᠬᠤᠯᠠ ᠶᠡᠭᠡ ᠦᠷ᠎ᠡ ᠪᠦᠲᠦᠭᠡᠯ ᠣᠯᠪᠠ᠃ ᠵᠠᠺᠠᠷᠲ᠋ᠠ — ᠪᠠᠨᠳᠦ᠋ᠩ ᠤᠨ | ᠲᠦᠷᠭᠡᠨ ᠤ ᠲᠡᠮᠦᠷ ᠵᠠᠮ ᠤᠳᠠᠯ ᠦᠭᠡᠢ ᠲᠡᠷᠭᠡ ᠨᠡᠪᠲᠡᠷᠡᠬᠦ ᠪᠣᠯᠣᠨ᠎ᠠ᠂ ᠬᠤᠶᠠᠷ ᠲᠠᠯ᠎ᠠ ᠪᠠᠷ ᠢᠶᠠᠨ ︽ᠡᠴᠦᠰ ᠤᠨ ᠨᠢᠭᠡ ᠺᠢᠯᠣᠮᠧᠳ᠋ᠷ︾ ᠤᠨ ᠪᠦᠲᠦᠭᠡᠨ | ᠪᠠᠶᠢᠭᠤᠯᠤᠯᠲᠠ ᠶᠢ ᠪᠦᠭᠦ ᠬᠦᠴᠦᠨ ᠢᠶᠠᠷ ᠢᠶᠠᠨ ᠰᠠᠶᠢᠲᠤᠷ ᠬᠢᠵᠦ᠂ ᠲᠥᠷᠥᠯ ᠵᠦᠢᠯ ᠤᠨ ᠥᠨᠳᠥᠷ ᠪᠠᠷᠢᠮᠵᠢᠶ᠎ᠠ᠂ ᠴᠢᠨᠠᠷ ᠰᠠᠶᠢᠲᠠᠢ ᠪᠠᠶᠢᠬᠤ ᠶᠢ ᠦᠨᠡᠨ ᠬᠦ ᠪᠠᠲᠤᠯᠠᠵᠤ᠂ | ᠢᠨᠳᠤᠨᠧᠰᠢᠶ᠎ᠠ ᠶᠢᠨ ᠬᠥᠭᠵᠢᠯᠲᠡ ᠶᠢᠨ ᠬᠤᠷᠳᠤᠴᠠ ᠶᠢ ᠲᠦᠷᠭᠡᠳᠬᠡᠶ᠎ᠡ᠃ ᠬᠤᠶᠠᠷ ᠲᠠᠯ᠎ᠠ ᠪᠠᠷ ᠢᠶᠠᠨ ᠶᠡᠷᠦᠩᠬᠡᠶᠢᠯᠡᠭᠰᠡᠨ ᠠᠵᠤ ᠦᠢᠯᠡᠰ ᠤᠨ ᠬᠦᠷᠢᠶᠡᠯᠡᠩ | ᠲᠣᠭᠤᠷᠢᠭ ᠤᠨ ᠬᠠᠮᠲᠤᠷᠠᠯᠴᠠᠭ᠎ᠠ ᠶᠢ ᠦᠷᠭᠦᠯᠵᠢᠯᠡᠨ ᠰᠠᠶᠢᠲᠤᠷ ᠬᠢᠵᠦ᠂ ︽ᠣᠷᠣᠨ ᠪᠦᠰᠡ ᠶᠢᠨ ᠶᠡᠷᠦᠩᠬᠡᠶᠢᠯᠡᠭᠰᠡᠨ ᠠᠵᠤ ᠠᠬᠤᠢ ᠶᠢᠨ ᠬᠤᠩᠭᠢᠯ︾ ᠪᠣᠯᠣᠨ ︽ | ᠬᠤᠶᠠᠷ ᠤᠯᠤᠰ ᠤᠨ ᠬᠤᠣᠰ ᠬᠦᠷᠢᠶᠡᠯᠡᠩ︾ ᠤᠨ ᠪᠦᠲᠦᠭᠡᠨ ᠪᠠᠶᠢᠭᠤᠯᠤᠯᠲᠠ ᠶᠢ ᠭᠤᠣᠯᠳᠠᠯᠭ᠎ᠠ ᠲᠠᠢ ᠠᠬᠢᠭᠤᠯᠤᠶ᠎ᠠ᠃ ᠳᠤᠮᠳᠠᠳᠤ ᠤᠯᠤᠰ ᠢᠨᠳᠤᠨᠧᠰᠢᠶ᠎ᠠ ᠶᠢᠨ | ᠰᠢᠨ᠎ᠡ ᠨᠡᠶᠢᠰᠯᠡᠯ ᠤᠨ ᠪᠦᠲᠦᠭᠡᠨ ᠪᠠᠶᠢᠭᠤᠯᠤᠯᠲᠠ ᠪᠣᠯᠣᠨ ᠤᠮᠠᠷᠠᠲᠤ ᠺᠠᠯᠢᠮᠠᠨᠲ᠋ᠠᠨ ᠤ ᠠᠵᠤ ᠦᠢᠯᠡᠳᠪᠦᠷᠢ ᠶᠢᠨ ᠬᠦᠷᠢᠶᠡᠯᠡᠩ ᠤᠨ ᠨᠡᠭᠡᠭᠡᠨ ᠬᠥᠭᠵᠢᠭᠦᠯᠦᠯᠲᠡ ᠶᠢ | ᠳᠡᠮᠵᠢᠵᠦ᠂ ᠳᠤᠷᠠᠲᠠᠶ᠎ᠠ ᠢᠨᠳᠤᠨᠧᠰᠢᠶ᠎ᠠ ᠯᠦᠭᠡ ᠰᠢᠨ᠎ᠡ ᠡᠨᠧᠷᠭᠢ ᠶᠢᠨ ᠮᠠᠰᠢᠨ ᠲᠡᠷᠭᠡ᠂ ᠣᠶᠤᠨᠲᠤ ᠬᠤᠲᠠ ᠵᠡᠷᠭᠡ ᠬᠦᠷᠢᠶᠡᠨ ᠳᠠᠬᠢ ᠬᠠᠮᠲᠤᠷᠠᠯᠴᠠᠭ᠎ᠠ ᠪᠠᠨ | ᠥᠷᠭᠡᠳᠬᠡᠵᠦ᠂ ᠠᠵᠤ ᠦᠢᠯᠡᠰ ᠤᠨ ᠲᠣᠭᠠᠴᠢᠯᠠᠭᠰᠠᠨ ᠲᠡᠶᠢᠰᠢ ᠭᠡᠯᠪᠡᠷᠢ ᠪᠠᠨ ᠬᠤᠪᠢᠷᠠᠭᠤᠯᠬᠤ ᠶᠢ ᠬᠠᠮᠲᠤ ᠪᠠᠷ ᠠᠬᠢᠭᠤᠯᠤᠨ᠎ᠠ᠃ ᠳᠤᠮᠳᠠᠳᠤ ᠤᠯᠤᠰ ᠳᠤᠷᠠᠲᠠᠶ᠎ᠠ | ᠢᠨᠳᠤᠨᠧᠰᠢᠶ᠎ᠠ ᠶᠢᠨ ᠶᠡᠭᠡ ᠬᠡᠮᠵᠢᠶᠡᠨ ᠤ ᠲᠠᠸᠠᠷ ᠪᠣᠯᠣᠨ ᠴᠢᠨᠠᠷ ᠰᠠᠶᠢᠲᠠᠢ ᠲᠠᠷᠢᠶᠠᠯᠠᠩ ᠤᠨ ᠪᠦᠲᠦᠭᠡᠭᠳᠡᠬᠦᠨ ᠢ ᠣᠷᠣᠭᠤᠯᠬᠤ ᠶᠢ ᠦᠷᠭᠦᠯᠵᠢᠯᠡᠨ ᠥᠷᠭᠡᠳᠬᠡᠵᠦ᠂ ︽ | ᠣᠷᠣᠨ ᠪᠦᠰᠡ ᠶᠢᠨ ᠪᠦᠭᠦ ᠲᠠᠯ᠎ᠠ ᠶᠢᠨ ᠠᠵᠤ ᠠᠬᠤᠢ ᠶᠢᠨ ᠬᠠᠨᠢᠲᠠᠨ ᠤ ᠬᠠᠷᠢᠯᠴᠠᠭ᠎ᠠ ᠶᠢᠨ ᠬᠡᠯᠡᠯᠴᠡᠭᠡᠷ︾ ᠢ ᠴᠢᠨᠠᠷ ᠰᠠᠶᠢᠲᠠᠢ ᠬᠡᠷᠡᠭᠵᠢᠭᠦᠯᠵᠦ᠂ ᠠᠮᠤ ᠪᠤᠳᠠᠭᠠᠨ ᠤ | ᠠᠮᠤᠷ ᠲᠦᠪᠰᠢᠨ᠂ ᠶᠠᠳᠠᠭᠤ ᠬᠦᠴᠢᠷᠳᠡᠯᠲᠡᠢ ᠬᠥᠮᠥᠨ ᠠᠮᠠ ᠶᠢ ᠴᠥᠭᠡᠳᠬᠡᠨ ᠶᠠᠳᠠᠭᠤ ᠶᠢ ᠲᠡᠳᠬᠦᠬᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ᠂ | ᠠᠵᠢᠯ ᠮᠡᠷᠭᠡᠵᠢᠯ ᠤᠨ ᠰᠤᠷᠭᠠᠨ ᠬᠥᠮᠦᠵᠢᠯ᠂ ᠬᠡᠯᠡᠨ ᠤ ᠵᠢᠭᠠᠨ ᠰᠤᠷᠭᠠᠯᠲᠠ᠂ ᠡᠮ ᠡᠮᠨᠡᠯᠭᠡ ᠡᠷᠡᠭᠦᠯ ᠬᠠᠮᠠᠭᠠᠯᠠᠯ᠂ ᠰᠣᠶᠣᠯ ᠵᠢᠭᠤᠯᠴᠢᠯᠠᠯ ᠵᠡᠷᠭᠡ ᠬᠦᠷᠢᠶᠡᠨ ᠳᠠᠬᠢ | ᠬᠠᠮᠲᠤᠷᠠᠯᠴᠠᠭ᠎ᠠ ᠪᠠᠨ ᠴᠢᠩᠭᠠᠳᠬᠠᠨ᠎ᠠ ᠭᠡᠵᠦ ᠴᠢᠬᠤᠯᠠᠴᠢᠯᠠᠪᠠ᠃ | ᠰᠢ ᠶᠢᠨ ᠫᠢᠩ᠂ ᠡᠨᠡ ᠵᠢᠯ ᠪᠣᠯ ᠮᠢᠨᠤ ᠳᠤᠮᠳᠠᠳᠤ ᠤᠯᠤᠰ — ᠵᠡᠭᠦᠨ ᠡᠮᠦᠨᠡᠲᠦ ᠠᠽᠢᠶ᠎ᠠ ᠶᠢᠨ ᠤᠯᠤᠰ ᠤᠳ ᠤᠨ ᠬᠤᠯᠪᠤᠭ᠎ᠠ ᠶᠢᠨ ᠨᠡᠩ ᠨᠢᠭᠲᠠ ᠬᠤᠪᠢ | ᠵᠠᠶᠠᠭᠠᠨ ᠤ ᠬᠠᠮᠲᠤ ᠶᠢᠨ ᠴᠣᠭᠴᠠ ᠶᠢ ᠪᠠᠶᠢᠭᠤᠯᠬᠤ ᠪᠠᠷ ᠳᠤᠷᠠᠳᠤᠭᠰᠠᠨ 10 ᠵᠢᠯ ᠤᠨ ᠤᠢ ᠪᠤᠯᠬᠤ ᠪᠥᠭᠡᠳ ᠳᠤᠮᠳᠠᠳᠤ ᠤᠯᠤᠰ ︽ᠵᠡᠭᠦᠨ ᠡᠮᠦᠨᠡᠲᠦ ᠠᠽᠢᠶ᠎ᠠ ᠶᠢᠨ | ᠨᠥᠭᠦᠷᠰᠡᠭ ᠬᠠᠮᠲᠤᠷᠠᠯᠴᠠᠭᠠᠨ ᠤ ᠭᠡᠷ᠎ᠡ︾ ᠳᠤ ᠣᠷᠣᠭᠰᠠᠨ 20 ᠵᠢᠯ ᠤᠨ ᠤᠢ ᠪᠣᠯᠣᠨ᠎ᠠ᠃ ᠳᠤᠮᠳᠠᠳᠤ ᠤᠯᠤᠰ ᠳᠤᠷᠠᠲᠠᠶ᠎ᠠ ᠵᠡᠭᠦᠨ ᠡᠮᠦᠨᠡᠲᠦ ᠠᠽᠢᠶ᠎ᠠ ᠶᠢᠨ | ᠤᠯᠤᠰ ᠤᠳ ᠤᠨ ᠬᠤᠯᠪᠤᠭ᠎ᠠ ᠯᠤᠭ᠎ᠠ ᠪᠦᠭᠦ ᠲᠠᠯ᠎ᠠ ᠶᠢᠨ ᠪᠠᠶᠢᠯᠳᠤᠬᠤ ᠪᠣᠳᠣᠯᠭ᠎ᠠ ᠶᠢᠨ ᠬᠠᠨᠢᠲᠠᠨ ᠤ ᠬᠠᠷᠢᠯᠴᠠᠭ᠎ᠠ ᠪᠠᠨ ᠭᠦᠨᠵᠡᠭᠡᠶᠢᠷᠡᠭᠦᠯᠵᠦ᠂ | ᠢᠨᠳᠤᠨᠧᠰᠢᠶ᠎ᠠ ᠶᠢᠨ ᠬᠢᠨ ᠤ ᠡᠨᠡ ᠵᠢᠯ ᠤᠨ ᠵᠡᠭᠦᠨ ᠡᠮᠦᠨᠡᠲᠦ ᠠᠽᠢᠶ᠎ᠠ ᠶᠢᠨ ᠤᠯᠤᠰ ᠤᠳ ᠤᠨ ᠬᠤᠯᠪᠤᠭ᠎ᠠ ᠶᠢᠨ ᠵᠢᠵᠢᠭᠦᠷ ᠲᠡᠷᠢᠭᠦᠯᠡᠭᠴᠢ ᠤᠯᠤᠰ ᠪᠤᠯᠬᠤ ᠶᠢ ᠳᠡᠮᠵᠢᠵᠦ | ᠂ ᠵᠡᠭᠦᠨ ᠡᠮᠦᠨᠡᠲᠦ ᠠᠽᠢᠶ᠎ᠠ ᠶᠢᠨ ᠤᠯᠤᠰ ᠤᠳ ᠤᠨ ᠬᠤᠯᠪᠤᠭ᠎ᠠ ᠶᠢᠨ ᠪᠠᠶᠢᠯᠳᠤᠬᠤ ᠪᠣᠳᠣᠯᠭ᠎ᠠ ᠶᠢᠨ ᠪᠡᠶ᠎ᠡ ᠪᠠᠨ ᠳᠠᠭᠠᠭᠠᠬᠤ᠂ ᠪᠦᠯᠬᠦᠮᠳᠡᠨ ᠬᠦᠴᠦᠷᠬᠡᠭᠵᠢᠬᠦ ᠶᠢ | ᠪᠠᠷᠢᠮᠲᠠᠯᠠᠬᠤ ᠶᠢ ᠬᠥᠲᠥᠯᠥᠨ ᠳᠠᠭᠠᠭᠤᠯᠵᠤ᠂ ᠭᠠᠵᠠᠷ ᠣᠷᠣᠨ ᠤ ᠲᠣᠭᠲᠠᠭᠤᠨ ᠤ ᠲᠥᠪ᠂ ᠬᠥᠭᠵᠢᠯᠲᠡ ᠶᠢᠨ ᠥᠨᠳᠦᠷᠯᠢᠭ ᠢ ᠬᠠᠮᠲᠤ ᠪᠠᠷ ᠴᠣᠭᠴᠠᠯᠠᠨ᠎ᠠ᠃ ᠳᠤᠮᠳᠠᠳᠤ | ᠤᠯᠤᠰ ᠳᠤᠷᠠᠲᠠᠶ᠎ᠠ ᠢᠨᠳᠤᠨᠧᠰᠢᠶ᠎ᠠ ᠯᠦᠭᠡ ᠬᠤᠷᠢᠨ ᠤᠯᠤᠰ ᠤᠨ ᠪᠦᠯᠦᠭᠯᠡᠯ ᠪᠣᠯᠣᠨ ᠠᠯᠳᠠᠨ ᠲᠣᠭᠤᠰᠭ᠋᠎ᠠ ᠤᠯᠤᠰ ᠤᠳ ᠵᠡᠷᠭᠡ ᠤᠯᠠᠨ ᠲᠠᠯᠠᠲᠤ ᠲᠣᠭᠲᠠᠴᠠ ᠳᠠᠬᠢ | ᠣᠯᠣᠯᠴᠠᠭ᠎ᠠ ᠬᠠᠮᠵᠢᠯᠴᠠᠭ᠎ᠠ ᠪᠠᠨ ᠴᠢᠩᠭᠠᠳᠬᠠᠵᠤ᠂ ᠪᠦᠭᠦ ᠪᠥᠮᠪᠥᠷᠴᠡᠭ ᠤᠨ ᠬᠥᠭᠵᠢᠯᠲᠡ ᠶᠢᠨ ᠰᠠᠨᠠᠭᠠᠴᠢᠯᠠᠭ᠎ᠠ᠂ ᠪᠦᠭᠦ ᠪᠥᠮᠪᠥᠷᠴᠡᠭ ᠤᠨ ᠠᠮᠤᠷ ᠲᠦᠪᠰᠢᠨ ᠤ | ᠰᠠᠨᠠᠭᠠᠴᠢᠯᠠᠭ᠎ᠠ᠂ ᠪᠦᠭᠦ ᠪᠥᠮᠪᠥᠷᠴᠡᠭ ᠤᠨ ᠪᠣᠯᠪᠠᠰᠤᠨ ᠤ ᠰᠠᠨᠠᠭᠠᠴᠢᠯᠠᠭ᠎ᠠ ᠶᠢ ᠨᠠᠶᠢᠳᠠᠪᠤᠷᠢᠵᠢᠭᠤᠯᠬᠤ ᠶᠢ ᠠᠬᠢᠭᠤᠯᠵᠤ᠂ ᠭᠠᠵᠠᠷ ᠣᠷᠣᠨ ᠪᠣᠯᠣᠨ ᠪᠦᠭᠦ | ᠪᠥᠮᠪᠥᠷᠴᠡᠭ ᠤᠨ ᠡᠩᠬᠡ ᠲᠠᠶᠢᠪᠤᠩ ᠲᠣᠭᠲᠠᠭᠤᠨ ᠢ ᠬᠠᠮᠠᠭᠠᠯᠠᠵᠤ᠂ ᠬᠥᠮᠥᠨ ᠲᠥᠷᠥᠯᠬᠢᠲᠡᠨ ᠤ ᠬᠤᠪᠢ ᠵᠠᠶᠠᠭᠠᠨ ᠤ ᠬᠠᠮᠲᠤ ᠶᠢᠨ ᠴᠣᠭᠴᠠ ᠶᠢᠨ ᠪᠠᠶᠢᠭᠤᠯᠤᠯᠲᠠ ᠶᠢ | ᠠᠬᠢᠭᠤᠯᠤᠨ᠎ᠠ ᠭᠡᠵᠦ ᠵᠢᠭᠠᠵᠤ ᠭᠠᠷᠭᠠᠪᠠ᠃ | ᠽᠦᠤᠤᠺᠧ᠂ ᠨᠢᠳᠤᠨᠤᠨ ᠪᠢ ᠪᠠᠯᠢ ᠠᠷᠠᠯ ᠳᠤ ᠲᠡᠷᠢᠭᠦᠯᠡᠭᠴᠢ ᠰᠢ ᠶᠢᠨ ᠫᠢᠩ ᠤᠨ ᠠᠶᠢᠯᠴᠢᠯᠠᠯᠲᠠ ᠶᠢ ᠭᠥᠯᠢᠶᠡᠨ ᠠᠪᠤᠭᠰᠠᠨ ᠠᠴᠠ ᠨᠠᠭᠠᠰᠢ᠂ ᠬᠤᠶᠠᠷ | ᠤᠯᠤᠰ ᠤᠨ ᠬᠠᠷᠢᠯᠴᠠᠭ᠎ᠠ ᠪᠠᠰᠠ ᠮᠠᠰᠢ ᠤᠯᠠᠨ ᠪᠣᠳᠠᠲᠠᠢ ᠠᠬᠢᠴᠠ ᠲᠠᠢ ᠪᠣᠯᠵᠠᠢ᠃ ᠵᠠᠺᠠᠷᠲ᠋ᠠ — ᠪᠠᠨᠳᠦ᠋ᠩ ᠤᠨ ᠲᠦᠷᠭᠡᠨ ᠤ ᠲᠡᠮᠦᠷ ᠵᠠᠮ ᠡᠨᠡ ᠵᠢᠯ ᠤᠨ 8 | ᠰᠠᠷ᠎ᠠ ᠳᠤ ᠲᠣᠭᠲᠠᠭᠰᠠᠨ ᠬᠤᠭᠤᠴᠠᠭᠠᠨ ᠳᠠᠭᠠᠨ ᠲᠡᠷᠭᠡ ᠨᠡᠪᠲᠡᠷᠡᠵᠦ᠂ ᠳᠤᠮᠳᠠᠳᠤ ᠤᠯᠤᠰ ᠤᠨ ᠬᠢᠨ ᠤ ᠢᠳᠡᠪᠬᠢᠲᠡᠢ ᠣᠷᠣᠯᠴᠠᠵᠤ ᠪᠠᠶᠢᠭ᠎ᠠ ᠢᠨᠳᠤᠨᠧᠰᠢᠶ᠎ᠠ ᠶᠢᠨ | ᠰᠢᠨ᠎ᠡ ᠨᠡᠶᠢᠰᠯᠡᠯ ᠤᠨ ᠪᠦᠲᠦᠭᠡᠨ ᠪᠠᠶᠢᠭᠤᠯᠤᠯᠲᠠ ᠪᠣᠯᠣᠨ ᠤᠮᠠᠷᠠᠲᠤ ᠺᠠᠯᠢᠮᠠᠨᠲ᠋ᠠᠨ ᠤ ᠠᠵᠤ ᠦᠢᠯᠡᠳᠪᠦᠷᠢ ᠶᠢᠨ ᠬᠦᠷᠢᠶᠡᠯᠡᠩ ᠢ ᠨᠡᠭᠡᠭᠡᠨ ᠬᠥᠭᠵᠢᠭᠦᠯᠬᠦ ᠵᠡᠷᠭᠡ | ᠪᠠᠶᠢᠯᠳᠤᠬᠤ ᠪᠣᠳᠣᠯᠭ᠎ᠠ ᠶᠢᠨ ᠴᠢᠨᠠᠷᠲᠠᠢ ᠲᠥᠷᠥᠯ ᠵᠦᠢᠯ ᠤᠷᠤᠭᠰᠢᠲᠠᠢ ᠶᠠᠪᠤᠭᠳᠠᠵᠤ ᠪᠠᠶᠢᠨ᠎ᠠ᠃ ᠢᠨᠳᠤᠨᠧᠰᠢᠶ᠎ᠠ ᠶᠢᠨ ᠬᠢᠨ ᠨᠢᠭᠡ ᠳᠤᠮᠳᠠᠳᠤ ᠤᠯᠤᠰ ᠪᠠᠶᠢᠬᠤ | ᠲᠦᠷᠦ ᠶᠢᠨ ᠪᠣᠳᠣᠯᠭ᠎ᠠ ᠶᠢ ᠡᠷᠡᠰ ᠬᠡᠷᠡᠭᠵᠢᠭᠦᠯᠵᠦ᠂ ᠳᠤᠷᠠᠲᠠᠶ᠎ᠠ ᠳᠤᠮᠳᠠᠳᠤ ᠤᠯᠤᠰ ᠯᠤᠭ᠎ᠠ ᠪᠡᠯᠡ ᠣᠷᠣᠭᠤᠯᠤᠯᠲᠠ᠂ ᠲᠠᠯᠠᠢ ᠲᠠᠩᠭᠢᠰ ᠤᠨ ᠵᠢᠭᠠᠰᠤᠨ ᠤ ᠦᠢᠯᠡᠰ᠂ | ᠠᠮᠤ ᠪᠤᠳᠠᠭᠠᠨ ᠤ ᠠᠮᠤᠷ ᠲᠦᠪᠰᠢᠨ᠂ ᠡᠮ ᠡᠮᠨᠡᠯᠭᠡ ᠡᠷᠡᠭᠦᠯ ᠬᠠᠮᠠᠭᠠᠯᠠᠯ ᠵᠡᠷᠭᠡ ᠲᠠᠯ᠎ᠠ ᠶᠢᠨ ᠬᠠᠮᠲᠤᠷᠠᠯᠴᠠᠭ᠎ᠠ ᠪᠠᠨ ᠦᠷᠭᠦᠯᠵᠢᠯᠡᠨ ᠴᠢᠩᠭᠠᠳᠬᠠᠵᠤ᠂ ᠬᠤᠶᠠᠷ | ᠤᠯᠤᠰ ᠤᠨ ᠪᠦᠭᠦ ᠲᠠᠯ᠎ᠠ ᠶᠢᠨ ᠪᠠᠶᠢᠯᠳᠤᠬᠤ ᠪᠣᠳᠣᠯᠭ᠎ᠠ ᠶᠢᠨ ᠬᠠᠨᠢᠲᠠᠨ ᠤ ᠬᠠᠷᠢᠯᠴᠠᠭ᠎ᠠ ᠶᠢᠨ ᠬᠥᠭᠵᠢᠯᠲᠡ ᠶᠢ ᠴᠢᠨᠠᠭᠰᠢᠳᠠ ᠠᠬᠢᠭᠤᠯᠤᠨ᠎ᠠ᠃ ᠲᠡᠷᠢᠭᠦᠯᠡᠭᠴᠢ ᠰᠢ ᠶᠢᠨ | ᠫᠢᠩ ᠤᠨ ᠳᠤᠷᠠᠳᠤᠭᠰᠠᠨ ᠪᠦᠭᠦ ᠪᠥᠮᠪᠥᠷᠴᠡᠭ ᠤᠨ ᠬᠥᠭᠵᠢᠯᠲᠡ ᠶᠢᠨ ᠰᠠᠨᠠᠭᠠᠴᠢᠯᠠᠭ᠎ᠠ᠂ ᠪᠦᠭᠦ ᠪᠥᠮᠪᠥᠷᠴᠡᠭ ᠤᠨ ᠠᠮᠤᠷ ᠲᠦᠪᠰᠢᠨ ᠤ ᠰᠠᠨᠠᠭᠠᠴᠢᠯᠠᠭ᠎ᠠ᠂ ᠪᠦᠭᠦ | ᠪᠥᠮᠪᠥᠷᠴᠡᠭ ᠤᠨ ᠪᠣᠯᠪᠠᠰᠤᠨ ᠤ ᠰᠠᠨᠠᠭᠠᠴᠢᠯᠠᠭ᠎ᠠ ᠪᠣᠯ ᠨᠡᠭᠡᠭᠡᠯᠲᠡᠲᠡᠢ ᠪᠠᠭᠲᠠᠭᠠᠮᠵᠢᠲᠠᠢ ᠶᠤᠮ᠂ ᠢᠨᠳᠤᠨᠧᠰᠢᠶ᠎ᠠ ᠶᠢᠨ ᠬᠢᠨ ᠢᠳᠡᠪᠬᠢᠲᠡᠢ ᠳᠡᠮᠵᠢᠵᠦ ᠪᠠᠶᠢᠨ᠎ᠠ᠃ | ᠳᠤᠮᠳᠠᠳᠤ ᠤᠯᠤᠰ ᠠᠴᠠ ᠢᠨᠳᠤᠨᠧᠰᠢᠶ᠎ᠠ ᠶᠢᠨ ᠵᠡᠭᠦᠨ ᠡᠮᠦᠨᠡᠲᠦ ᠠᠽᠢᠶ᠎ᠠ ᠶᠢᠨ ᠤᠯᠤᠰ ᠤᠳ ᠤᠨ ᠬᠤᠯᠪᠤᠭ᠎ᠠ ᠶᠢᠨ ᠵᠢᠵᠢᠭᠦᠷ ᠲᠡᠷᠢᠭᠦᠯᠡᠭᠴᠢ ᠤᠯᠤᠰ ᠤᠨ ᠠᠵᠢᠯ ᠢ | ᠳᠡᠮᠵᠢᠵᠦ᠂ ᠭᠠᠵᠠᠷ ᠣᠷᠣᠨ ᠤ ᠪᠦᠲᠦᠴᠡ ᠳᠠᠬᠢ ᠵᠡᠭᠦᠨ ᠡᠮᠦᠨᠡᠲᠦ ᠠᠽᠢᠶ᠎ᠠ ᠶᠢᠨ ᠤᠯᠤᠰ ᠤᠳ ᠤᠨ ᠬᠤᠯᠪᠤᠭ᠎ᠠ ᠶᠢᠨ ᠭᠤᠣᠯ ᠪᠤᠯᠬᠤ ᠪᠠᠶᠢᠷᠢ ᠰᠠᠭᠤᠷᠢ ᠶᠢ | ᠬᠠᠮᠠᠭᠠᠯᠠᠬᠤ ᠶᠢ ᠳᠡᠮᠵᠢᠵᠤ ᠪᠠᠶᠢᠬᠤ ᠳᠤ ᠲᠠᠯᠠᠷᠬᠠᠵᠤ ᠪᠠᠶᠢᠨ᠎ᠠ᠃ ᠢᠨᠳᠤᠨᠧᠰᠢᠶ᠎ᠠ ᠶᠢᠨ ᠬᠢᠨ ᠳᠤᠷᠠᠲᠠᠶ᠎ᠠ ᠳᠤᠮᠳᠠᠳᠤ ᠤᠯᠤᠰ ᠯᠤᠭ᠎ᠠ ᠪᠠᠶᠢᠯᠳᠤᠬᠤ ᠪᠣᠳᠣᠯᠭ᠎ᠠ ᠶᠢᠨ | ᠣᠯᠣᠯᠴᠠᠭ᠎ᠠ ᠪᠠᠨ ᠨᠢᠭᠲᠠᠷᠠᠭᠤᠯᠵᠤ᠂ ᠭᠠᠵᠠᠷ ᠣᠷᠣᠨ ᠤ ᠡᠩᠬᠡ ᠲᠠᠶᠢᠪᠤᠩ ᠲᠣᠭᠲᠠᠭᠤᠨ ᠪᠣᠯᠣᠨ ᠬᠥᠭᠵᠢᠯ ᠴᠡᠴᠡᠭᠯᠡᠯ ᠢ ᠬᠠᠮᠲᠤ ᠪᠠᠷ ᠬᠠᠮᠠᠭᠠᠯᠠᠨ᠎ᠠ ᠭᠡᠵᠦ ᠢᠯᠡᠳᠬᠡᠪᠡ | ᠃ | ᠠᠭᠤᠯᠵᠠᠯᠲᠠ ᠶᠢᠨ ᠳᠠᠷᠠᠭ᠎ᠠ᠂ ᠬᠤᠶᠠᠷ ᠤᠯᠤᠰ ᠤᠨ ᠲᠡᠷᠢᠭᠦᠨ ᠲᠠᠷᠢᠶᠠᠯᠠᠩ ᠤᠨ ᠪᠦᠲᠦᠭᠡᠭᠳᠡᠬᠦᠨ ᠢ ᠳᠤᠮᠳᠠᠳᠤ ᠤᠯᠤᠰ ᠲᠤ ᠭᠠᠷᠭᠠᠬᠤ᠂ ᠡᠷᠡᠭᠦᠯ ᠬᠠᠮᠠᠭᠠᠯᠠᠯ᠂ | ᠬᠠᠮᠲᠤᠷᠠᠨ ᠰᠤᠳᠤᠯᠤᠨ ᠨᠡᠭᠡᠭᠡᠬᠦ ᠵᠢᠴᠢ ᠢᠨᠳᠤᠨᠧᠰᠢᠶ᠎ᠠ ᠶᠢᠨ ᠰᠢᠨ᠎ᠡ ᠨᠡᠶᠢᠰᠯᠡᠯ᠂ ᠳᠤᠮᠳᠠᠳᠤ ᠢᠨᠳᠤᠨᠧᠰᠢᠶ᠎ᠠ ᠶᠢᠨ ︽ᠬᠤᠶᠠᠷ ᠤᠯᠤᠰ ᠤᠨ ᠬᠤᠣᠰ ᠬᠦᠷᠢᠶᠡᠯᠡᠩ︾ | ᠤᠨ ᠪᠦᠲᠦᠭᠡᠨ ᠪᠠᠶᠢᠭᠤᠯᠤᠯᠲᠠ ᠵᠡᠷᠭᠡ ᠬᠤᠶᠠᠷ ᠲᠠᠯ᠎ᠠ ᠶᠢᠨ ᠣᠯᠠᠨ ᠵᠦᠢᠯ ᠤᠨ ᠬᠠᠮᠲᠤᠷᠠᠯᠴᠠᠭᠠᠨ ᠤ ᠪᠢᠴᠢᠭ ᠮᠠᠲ᠋ᠧᠷᠢᠶᠠᠯ ᠳᠤ ᠭᠠᠷ ᠤᠨ ᠥᠰᠥᠭ ᠵᠢᠷᠤᠬᠤ ᠶᠢ | ᠬᠠᠮᠲᠤ ᠪᠠᠷ ᠭᠡᠷᠡᠴᠢᠯᠡᠪᠡ᠃ | ᠼᠠᠢ ᠴᠢ᠂ ᠳ᠋ᠢᠩ ᠰᠢᠤᠸᠠᠢ ᠰᠢᠶᠠᠩ᠂ ᠸᠠᠩ ᠢ᠂ ᠱᠧᠨ ᠢ ᠴᠢᠨ ᠨᠠᠷ ᠳᠡᠭᠡᠷᠡᠬᠢ ᠠᠵᠢᠯᠯᠠᠭ᠎ᠠ ᠳᠤ ᠣᠷᠣᠯᠴᠠᠪᠠ᠃ | | | | | | | |