ᠰᠢᠨᠬᠤᠸᠠ ᠬᠤᠷᠢᠶ᠎ᠠ ᠶᠢᠨ ᠴᠧᠩᠳᠦ᠋ ᠶᠢᠨ 7 ᠰᠠᠷ᠎ᠠ ᠶᠢᠨ 30 ᠤ ᠴᠠᠭᠢᠯᠭᠠᠨ ᠮᠡᠳᠡᠭᠡ ︽8 · 1︾ ᠤ ᠴᠡᠷᠢᠭ ᠪᠠᠶᠢᠭᠤᠯᠤᠭᠳᠠᠭᠰᠠᠨ ᠪᠠᠶᠠᠷ ᠤᠨ ᠡᠳᠦᠷ | ᠬᠦᠷᠴᠦ ᠢᠷᠡᠬᠦ ᠲᠠᠰᠢᠷᠠᠮ ᠢᠶᠠᠷ᠂ ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ᠂ ᠲᠥᠪ ᠤᠨ ᠴᠡᠷᠢᠭ ᠤᠨ ᠶᠠᠪᠤᠳᠠᠯ ᠤᠨ | ᠬᠤᠷᠢᠶ᠎ᠠ ᠶᠢᠨ ᠲᠡᠷᠢᠭᠦᠯᠡᠭᠴᠢ ᠰᠢ ᠶᠢᠨ ᠫᠢᠩ 26 ᠤ ᠡᠳᠦᠷ ᠪᠠᠷᠠᠭᠤᠨ ᠬᠡᠰᠡᠭ ᠤᠨ ᠪᠠᠶᠢᠯᠳᠤᠭᠠᠨ ᠤ ᠲᠣᠭᠤᠷᠢᠭ ᠤᠨ ᠠᠭᠠᠷ ᠤᠨ ᠴᠡᠷᠢᠭ ᠢ ᠪᠠᠶᠢᠴᠠᠭᠠᠨ ᠦᠵᠡᠵᠦ᠂ | ᠨᠠᠮ ᠤᠨ ᠲᠥᠪ ᠬᠤᠷᠢᠶ᠎ᠠ ᠪᠣᠯᠣᠨ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠡᠮᠦᠨ᠎ᠡ ᠠᠴᠠ᠂ ᠪᠠᠷᠠᠭᠤᠨ ᠬᠡᠰᠡᠭ ᠤᠨ ᠪᠠᠶᠢᠯᠳᠤᠭᠠᠨ ᠤ ᠲᠣᠭᠤᠷᠢᠭ ᠤᠨ | ᠠᠭᠠᠷ ᠤᠨ ᠴᠡᠷᠢᠭ ᠤᠨ ᠪᠦᠭᠦ ᠳᠠᠷᠤᠭ᠎ᠠ ᠪᠠᠶᠢᠯᠳᠤᠭᠴᠢᠳ ᠲᠤ ᠴᠢᠩ ᠰᠡᠳᠬᠢᠯ ᠤᠨ ᠮᠡᠨᠳᠦᠴᠢᠯᠡᠯ ᠳᠡᠪᠰᠢᠭᠦᠯᠵᠦ᠂ ᠪᠦᠭᠦ ᠠᠷᠠᠳ ᠤᠨ ᠴᠢᠯᠦᠭᠡᠯᠡᠬᠦ ᠴᠡᠷᠢᠭ ᠤᠨ | ᠵᠢᠯᠣᠭᠤᠳᠤᠭᠴᠢ ᠪᠠᠶᠢᠯᠳᠤᠭᠴᠢ᠂ ᠵᠡᠪᠰᠡᠭᠲᠦ ᠴᠠᠭᠳᠠᠭ᠎ᠠ ᠶᠢᠨ ᠴᠡᠷᠢᠭ ᠠᠩᠭᠢ ᠶᠢᠨ ᠳᠠᠷᠤᠭ᠎ᠠ ᠪᠠᠶᠢᠯᠳᠤᠭᠴᠢ᠂ ᠴᠡᠷᠢᠭ ᠠᠩᠭᠢ ᠶᠢᠨ ᠪᠢᠴᠢᠭ ᠤᠨ ᠲᠤᠰᠢᠶᠠᠯᠲᠠᠨ᠂ | ᠡᠷᠦᠭᠡ ᠶᠢᠨ ᠴᠡᠷᠢᠭ ᠤᠨ ᠪᠡᠯᠡᠳᠬᠡᠯ ᠠᠯᠪᠠᠨ ᠤ ᠬᠥᠮᠥᠰ ᠲᠤ ᠪᠠᠶᠠᠷ ᠤᠨ ᠡᠳᠦᠷ ᠤᠨ ᠮᠡᠨᠳᠦᠴᠢᠯᠡᠯ ᠳᠡᠪᠰᠢᠭᠦᠯᠪᠡ᠃ ᠲᠡᠷᠡ᠂ ᠨᠠᠮ ᠤᠨ ᠬᠤᠷᠢᠳᠤᠭᠠᠷ ᠶᠡᠭᠡ | ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠵᠤ᠂ ᠰᠢᠨ᠎ᠡ ᠴᠠᠭ ᠦᠶ᠎ᠡ ᠶᠢᠨ ᠴᠡᠷᠢᠭ ᠢ ᠬᠦᠴᠦᠷᠬᠡᠭᠵᠢᠭᠦᠯᠬᠦ ᠦᠵᠡᠯ ᠰᠠᠨᠠᠭ᠎ᠠ ᠶᠢ ᠲᠤᠭᠤᠰᠢᠯᠠᠭᠤᠯᠵᠤ᠂ | ᠰᠢᠨ᠎ᠡ ᠴᠠᠭ ᠦᠶ᠎ᠡ ᠶᠢᠨ ᠴᠡᠷᠢᠭ ᠤᠨ ᠶᠠᠪᠤᠳᠠᠯ ᠤᠨ ᠪᠠᠶᠢᠯᠳᠤᠬᠤ ᠪᠣᠳᠣᠯᠭ᠎ᠠ ᠶᠢᠨ ᠴᠢᠭᠯᠡᠯᠲᠡ ᠶᠢ ᠲᠤᠭᠤᠰᠢᠯᠠᠭᠤᠯᠵᠤ᠂ ᠴᠡᠷᠢᠭ ᠠᠩᠭᠢ ᠶᠢᠨ ᠣᠳᠣᠬᠢᠴᠢᠯᠠᠯᠲᠠ ᠶᠢᠨ | ᠲᠦᠪᠰᠢᠨ ᠢ ᠲᠦᠷᠭᠡᠳᠬᠡᠨ ᠳᠡᠭᠡᠭᠰᠢᠯᠡᠭᠦᠯᠵᠦ᠂ ᠨᠠᠮ ᠪᠣᠯᠣᠨ ᠠᠷᠠᠳ ᠲᠦᠮᠡᠨ ᠠᠴᠠ ᠣᠯᠭᠤᠭᠰᠠᠨ ᠡᠯ᠎ᠡ ᠵᠦᠢᠯ ᠤᠨ ᠡᠭᠦᠷᠭᠡ ᠶᠢ ᠡᠷᠡᠰ ᠪᠡᠶᠡᠯᠡᠭᠦᠯᠬᠦ ᠬᠡᠷᠡᠭᠲᠡᠢ ᠭᠡᠵᠦ | ᠴᠢᠬᠤᠯᠠᠴᠢᠯᠠᠪᠠ᠃ | ᠳᠡᠯᠭᠡᠷ ᠵᠤᠨ ᠤ ᠴᠧᠩᠳᠦ᠋ ᠳᠤ ᠡᠪᠡᠰᠦ ᠮᠣᠳᠣ ᠬᠥᠬᠡᠷᠡᠨ ᠨᠣᠭᠤᠭᠠᠷᠠᠵᠤ᠂ ᠠᠮᠢᠵᠢᠷᠠᠯ ᠤᠨ ᠬᠦᠴᠦᠨ ᠢᠶᠠᠷ ᠪᠢᠯᠬᠠᠨ᠎ᠠ᠃ ᠦᠳᠡ ᠶᠢᠨ ᠡᠮᠦᠨᠡᠬᠢ 10 ᠴᠠᠭ | 20 ᠮᠢᠨᠦ᠋ᠲ ᠤᠨ ᠦᠶ᠎ᠡ ᠪᠠᠷ᠂ ᠰᠢ ᠶᠢᠨ ᠫᠢᠩ ᠪᠠᠷᠠᠭᠤᠨ ᠬᠡᠰᠡᠭ ᠤᠨ ᠪᠠᠶᠢᠯᠳᠤᠭᠠᠨ ᠤ ᠲᠣᠭᠤᠷᠢᠭ ᠤᠨ ᠠᠭᠠᠷ ᠤᠨ ᠴᠡᠷᠢᠭ ᠤᠨ ᠪᠠᠶᠢᠭᠤᠯᠭ᠎ᠠ ᠳᠤ ᠬᠦᠷᠴᠦ᠂ ᠴᠡᠷᠢᠭ | ᠠᠩᠭᠢ ᠶᠢᠨ ᠪᠦᠲᠦᠭᠡᠨ ᠪᠠᠶᠢᠭᠤᠯᠤᠯᠲᠠ ᠪᠠ ᠲᠡᠶᠢᠨ ᠳᠤ ᠪᠡᠯᠡᠳᠬᠡᠬᠦ ᠲᠡᠶᠢᠨ ᠬᠢᠬᠦ ᠠᠵᠢᠯ ᠤᠨ ᠬᠤᠯᠪᠣᠭᠳᠠᠯ ᠪᠦᠬᠦᠢ ᠪᠠᠶᠢᠳᠠᠯ ᠢ ᠣᠶᠢᠯᠠᠭᠠᠪᠠ᠃ ᠰᠢ ᠶᠢᠨ ᠫᠢᠩ | ᠪᠠᠷᠠᠭᠤᠨ ᠬᠡᠰᠡᠭ ᠤᠨ ᠪᠠᠶᠢᠯᠳᠤᠭᠠᠨ ᠤ ᠲᠣᠭᠤᠷᠢᠭ ᠤᠨ ᠠᠭᠠᠷ ᠤᠨ ᠴᠡᠷᠢᠭ ᠪᠠᠶᠢᠭᠤᠯᠤᠭᠳᠠᠭᠰᠠᠨ ᠠᠴᠠ ᠨᠠᠭᠠᠰᠢᠬᠢ ᠡᠯ᠎ᠡ ᠵᠦᠢᠯ ᠤᠨ ᠠᠵᠢᠯ ᠪᠣᠯᠣᠨ ᠡᠭᠦᠷᠭᠡ ᠪᠠᠨ | ᠪᠡᠶᠡᠯᠡᠭᠦᠯᠦᠭᠰᠡᠨ ᠪᠠᠶᠢᠳᠠᠯ ᠢ ᠭᠦᠢᠴᠡᠳ ᠨᠤᠲᠠᠯᠠᠪᠠ᠃ | | | | | | ︽8 · 1︾ ᠤ ᠴᠡᠷᠢᠭ ᠪᠠᠶᠢᠭᠤᠯᠤᠭᠳᠠᠭᠰᠠᠨ ᠪᠠᠶᠠᠷ ᠤᠨ ᠡᠳᠦᠷ ᠬᠦᠷᠴᠦ ᠢᠷᠡᠬᠦ ᠲᠠᠰᠢᠷᠠᠮ ᠢᠶᠠᠷ᠂ ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ᠂ | ᠤᠯᠤᠰ ᠤᠨ ᠲᠡᠷᠢᠭᠦᠯᠡᠭᠴᠢ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠲᠡᠷᠢᠭᠦᠯᠡᠭᠴᠢ ᠰᠢ ᠶᠢᠨ ᠫᠢᠩ 7 ᠰᠠᠷ᠎ᠠ ᠶᠢᠨ 26 ᠤ ᠡᠳᠦᠷ ᠪᠠᠷᠠᠭᠤᠨ | ᠬᠡᠰᠡᠭ ᠤᠨ ᠪᠠᠶᠢᠯᠳᠤᠭᠠᠨ ᠤ ᠲᠣᠭᠤᠷᠢᠭ ᠤᠨ ᠠᠭᠠᠷ ᠤᠨ ᠴᠡᠷᠢᠭ ᠢ ᠪᠠᠶᠢᠴᠠᠭᠠᠨ ᠦᠵᠡᠵᠦ᠂ ᠨᠠᠮ ᠤᠨ ᠲᠥᠪ ᠬᠤᠷᠢᠶ᠎ᠠ ᠪᠣᠯᠣᠨ ᠲᠥᠪ ᠤᠨ ᠴᠡᠷᠢᠭ ᠤᠨ ᠶᠠᠪᠤᠳᠠᠯ ᠤᠨ | ᠬᠤᠷᠢᠶ᠎ᠠ ᠶᠢᠨ ᠡᠮᠦᠨ᠎ᠡ ᠠᠴᠠ᠂ ᠪᠠᠷᠠᠭᠤᠨ ᠬᠡᠰᠡᠭ ᠤᠨ ᠪᠠᠶᠢᠯᠳᠤᠭᠠᠨ ᠤ ᠲᠣᠭᠤᠷᠢᠭ ᠤᠨ ᠠᠭᠠᠷ ᠤᠨ ᠴᠡᠷᠢᠭ ᠤᠨ ᠪᠦᠭᠦ ᠳᠠᠷᠤᠭ᠎ᠠ ᠪᠠᠶᠢᠯᠳᠤᠭᠴᠢᠳ ᠲᠤ ᠴᠢᠩ | ᠰᠡᠳᠬᠢᠯ ᠤᠨ ᠮᠡᠨᠳᠦᠴᠢᠯᠡᠯ ᠳᠡᠪᠰᠢᠭᠦᠯᠵᠦ᠂ ᠪᠦᠭᠦ ᠠᠷᠠᠳ ᠤᠨ ᠴᠢᠯᠦᠭᠡᠯᠡᠬᠦ ᠴᠡᠷᠢᠭ ᠤᠨ ᠵᠢᠯᠣᠭᠤᠳᠤᠭᠴᠢ ᠪᠠᠶᠢᠯᠳᠤᠭᠴᠢ᠂ ᠵᠡᠪᠰᠡᠭᠲᠦ ᠴᠠᠭᠳᠠᠭ᠎ᠠ ᠶᠢᠨ ᠴᠡᠷᠢᠭ | ᠠᠩᠭᠢ ᠶᠢᠨ ᠳᠠᠷᠤᠭ᠎ᠠ ᠪᠠᠶᠢᠯᠳᠤᠭᠴᠢ᠂ ᠴᠡᠷᠢᠭ ᠠᠩᠭᠢ ᠶᠢᠨ ᠪᠢᠴᠢᠭ ᠤᠨ ᠲᠤᠰᠢᠶᠠᠯᠲᠠᠨ᠂ ᠡᠷᠦᠭᠡ ᠶᠢᠨ ᠴᠡᠷᠢᠭ ᠤᠨ ᠪᠡᠯᠡᠳᠬᠡᠯ ᠠᠯᠪᠠᠨ ᠤ ᠬᠥᠮᠥᠰ ᠲᠤ ᠪᠠᠶᠠᠷ ᠤᠨ | ᠡᠳᠦᠷ ᠤᠨ ᠮᠡᠨᠳᠦᠴᠢᠯᠡᠯ ᠳᠡᠪᠰᠢᠭᠦᠯᠪᠡ᠃ ᠵᠢᠷᠤᠭ ᠪᠣᠯ ᠰᠢ ᠶᠢᠨ ᠫᠢᠩ ᠴᠢᠬᠤᠯᠠ ᠶᠠᠷᠢᠶ᠎ᠠ ᠲᠠᠯᠪᠢᠵᠤ ᠪᠠᠶᠢᠭ᠎ᠠ ᠨᠢ᠃ | ᠰᠢᠨᠬᠤᠸᠠ ᠬᠤᠷᠢᠶ᠎ᠠ ᠶᠢᠨ ᠰᠤᠷᠪᠤᠯᠵᠢᠯᠠᠬᠴᠢ ᠯᠢ ᠭᠠᠩ ᠰᠡᠭᠦᠳᠡᠷᠯᠡᠪᠡ | ᠰᠢ ᠶᠢᠨ ᠫᠢᠩ᠂ ᠡᠭᠦᠷᠭᠡ ᠶᠢᠨ ᠬᠡᠷᠡᠭᠴᠡᠭᠡ ᠲᠠᠢ ᠨᠢᠭᠲᠠ ᠤᠶᠠᠯᠳᠤᠭᠤᠯᠵᠤ᠂ ᠣᠨᠴᠠᠭᠠᠢ ᠣᠷᠴᠢᠨ ᠳᠤ ᠵᠣᠬᠢᠴᠠᠵᠤ᠂ ᠴᠡᠷᠢᠭ ᠲᠠᠶᠢᠨ ᠤ ᠲᠡᠮᠡᠴᠡᠯ ᠤᠨ | ᠪᠡᠯᠡᠳᠬᠡᠯ ᠢ ᠭᠦᠨᠵᠡᠭᠡᠢ ᠠᠬᠢᠭᠤᠯᠬᠤ ᠬᠡᠷᠡᠭᠲᠡᠢ᠃ ᠡᠳᠦᠷ ᠲᠤᠲᠤᠮ ᠤᠨ ᠠᠭᠠᠷ ᠤᠨ ᠰᠡᠷᠭᠡᠶᠢᠯᠡᠯᠲᠡ ᠶᠢ ᠨᠠᠷᠢᠨ ᠨᠢᠮᠪᠠᠢ ᠵᠣᠬᠢᠶᠠᠨ ᠪᠠᠶᠢᠭᠤᠯᠵᠤ᠂ ᠠᠭᠠᠷ ᠤᠨ | ᠰᠡᠷᠭᠡᠶᠢᠯᠡᠯᠲᠡ ᠶᠢᠨ ᠠᠮᠤᠷ ᠲᠦᠪᠰᠢᠨ ᠢ ᠦᠨᠡᠨ ᠬᠦ ᠪᠠᠲᠤᠯᠠᠬᠤ ᠬᠡᠷᠡᠭᠲᠡᠢ᠃ ᠰᠢᠨ᠎ᠡ ᠲᠣᠨᠣᠭᠯᠠᠯ ᠰᠢᠨ᠎ᠡ ᠬᠦᠴᠦᠨ ᠤ ᠪᠠᠶᠢᠯᠳᠤᠬᠤ ᠬᠦᠴᠦᠨ ᠢ ᠲᠦᠷᠭᠡᠨ | ᠪᠦᠷᠢᠯᠳᠦᠭᠦᠯᠬᠦ ᠶᠢ ᠠᠬᠢᠭᠤᠯᠵᠤ᠂ ᠪᠠᠶᠢᠯᠳᠤᠭᠠᠨ ᠤ ᠰᠢᠰᠲ᠋ᠧᠮ ᠳᠤ ᠣᠷᠭᠠᠨᠢᠭ ᠢᠶᠠᠷ ᠠᠭᠤᠰᠤᠯᠴᠠᠭᠤᠯᠬᠤ ᠬᠡᠷᠡᠭᠲᠡᠢ᠃ ᠠᠭᠠᠷ ᠤᠨ ᠴᠡᠷᠢᠭ ᠠᠩᠭᠢ ᠪᠣᠯᠣᠨ | ᠭᠠᠵᠠᠷ ᠠᠴᠠ ᠠᠭᠠᠷ ᠲᠤ ᠬᠠᠷᠪᠤᠬᠤ ᠵᠠᠯᠠᠭᠤᠷᠲᠤ ᠰᠤᠮᠤ᠂ ᠷᠠᠳᠠᠷ᠂ ᠡᠯᠧᠺᠳ᠋ᠷᠣᠨ ᠡᠰᠡᠷᠭᠦᠴᠡᠯᠳᠦᠯ ᠵᠡᠷᠭᠡ ᠴᠡᠷᠢᠭ ᠠᠩᠭᠢ ᠶᠢᠨ ᠬᠥᠭᠵᠢᠯᠲᠡ ᠶᠢ ᠨᠢᠭᠡᠳᠦᠯᠲᠡᠢ | ᠲᠥᠯᠥᠪᠵᠢᠭᠦᠯᠵᠦ᠂ ᠪᠠᠶᠢᠯᠳᠤᠬᠤ ᠴᠢᠳᠠᠪᠤᠷᠢ ᠶᠢᠨ ᠪᠦᠬᠦᠯᠢ ᠴᠣᠭᠴᠠ ᠶᠢᠨ ᠳᠡᠭᠡᠭᠰᠢᠯᠡᠯᠲᠡ ᠶᠢ ᠠᠬᠢᠭᠤᠯᠬᠤ ᠬᠡᠷᠡᠭᠲᠡᠢ᠃ ᠪᠣᠳᠠᠲᠤ ᠪᠠᠶᠢᠯᠳᠤᠭᠠᠨᠴᠢᠯᠠᠬᠰᠡᠨ ᠴᠡᠷᠢᠭ ᠤᠨ | ᠶᠠᠪᠤᠳᠠᠯ ᠤᠨ ᠪᠣᠯᠪᠠᠰᠤᠷᠠᠯ ᠢ ᠴᠥᠬᠦᠷᠡᠰᠢ ᠦᠭᠡᠢ ᠴᠢᠩᠭ᠎ᠠ ᠠᠳᠬᠤᠵᠤ᠂ ᠪᠣᠳᠠᠲᠤ ᠬᠡᠷᠡᠭ ᠤᠨ ᠡᠰᠡᠷᠭᠦᠴᠡᠯᠳᠦᠬᠦ ᠴᠢᠨᠠᠷᠲᠠᠢ ᠪᠣᠯᠪᠠᠰᠤᠷᠠᠯ ᠢ ᠴᠢᠩᠭᠠᠳᠬᠠᠵᠤ᠂ | ᠭᠤᠣᠯᠳᠠᠯᠭ᠎ᠠ ᠲᠠᠢ ᠬᠦᠴᠢᠷ ᠲᠦᠷᠦᠯ ᠵᠦᠢᠯ ᠢ ᠲᠤᠰᠬᠠᠢ ᠰᠢᠪᠲᠤᠯᠵᠤ ᠨᠠᠷᠢᠯᠢᠭ ᠪᠤᠯᠪᠠᠰᠤᠷᠠᠭᠤᠯᠬᠤ ᠶᠢ ᠴᠢᠩᠭᠠᠳᠬᠠᠵᠤ᠂ ᠪᠣᠯᠪᠠᠰᠤᠷᠠᠯ ᠤᠨ ᠶᠠᠰᠤ ᠴᠢᠨᠠᠷ ᠪᠣᠯᠣᠨ | ᠲᠦᠪᠰᠢᠨ ᠢ ᠳᠡᠭᠡᠭᠰᠢᠯᠡᠭᠦᠯᠭᠦ ᠬᠡᠷᠡᠭᠲᠡᠢ ᠭᠡᠵᠦ ᠴᠢᠬᠤᠯᠠᠴᠢᠯᠠᠪᠠ᠃ | ᠰᠢ ᠶᠢᠨ ᠫᠢᠩ᠂ ᠪᠦᠭᠦ ᠴᠡᠷᠢᠭ ᠤᠨ ᠨᠠᠮ ᠤᠨ ᠪᠠᠶᠢᠭᠤᠯᠤᠯᠲᠠ ᠶᠢᠨ ᠬᠤᠷᠠᠯ ᠤᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠲᠤᠭᠤᠰᠢᠯᠠᠭᠤᠯᠤᠨ | ᠨᠠᠶᠢᠳᠠᠪᠤᠷᠢᠵᠢᠭᠤᠯᠵᠤ᠂ ᠨᠠᠮ ᠠᠴᠠ ᠦᠵᠡᠯ ᠰᠠᠨᠠᠭ᠎ᠠ ᠤᠯᠤᠰ ᠲᠦᠷᠦ ᠵᠣᠬᠢᠶᠠᠨ ᠪᠠᠶᠢᠭᠤᠯᠤᠯᠲᠠ ᠶᠢᠨ ᠲᠠᠯ᠎ᠠ ᠪᠠᠷ ᠴᠡᠷᠢᠭ ᠠᠩᠭᠢ ᠶᠢ ᠪᠠᠲᠤ ᠡᠵᠡᠮᠰᠢᠬᠦ ᠶᠢ ᠪᠠᠲᠤᠯᠠᠬᠤ | ᠬᠡᠷᠡᠭᠲᠡᠢ᠃ ᠳᠡᠭᠡᠳᠦ ᠱᠠᠲᠤᠨ ᠤ ᠨᠠᠮ ᠤᠨ ᠬᠤᠷᠢᠶ᠎ᠠ ᠶᠢ ᠴᠢᠩᠭ᠎ᠠ ᠠᠳᠬᠤᠵᠤ᠂ ᠳᠡᠭᠡᠳᠦ ᠱᠠᠲᠤ ᠨᠢ ᠳᠣᠣᠷᠠᠳᠤ ᠱᠠᠲᠤ ᠪᠠᠨ ᠳᠠᠭᠠᠭᠤᠯᠬᠤ᠂ ᠴᠢᠩᠭ᠎ᠠ ᠱᠠᠭᠠᠷᠳᠠᠬᠤ ᠶᠢ | ᠪᠠᠷᠢᠮᠲᠠᠯᠠᠵᠤ᠂ ᠤᠯᠤᠰ ᠲᠦᠷᠦ ᠶᠢᠨ ᠮᠠᠭᠠᠳᠯᠠᠬᠤ ᠴᠢᠳᠠᠪᠤᠷᠢ᠂ ᠤᠯᠤᠰ ᠲᠦᠷᠦ ᠶᠢᠨ ᠤᠬᠠᠪᠤᠷᠢᠯᠠᠬᠤ ᠴᠢᠳᠠᠪᠤᠷᠢ᠂ ᠤᠯᠤᠰ ᠲᠦᠷᠦ ᠶᠢᠨ ᠬᠡᠷᠡᠭᠵᠢᠭᠦᠯᠬᠦ | ᠴᠢᠳᠠᠪᠤᠷᠢ ᠪᠠᠨ ᠳᠡᠭᠡᠭᠰᠢᠯᠡᠭᠦᠯᠵᠦ᠂ ᠲᠠᠶᠢᠨ ᠳᠤ ᠪᠡᠯᠡᠳᠬᠡᠵᠦ ᠪᠠᠶᠢᠯᠳᠤᠭᠠᠨ ᠬᠢᠬᠦ ᠶᠢ ᠤᠳᠤᠷᠢᠳᠬᠤ ᠴᠢᠳᠠᠪᠤᠷᠢ ᠪᠠᠨ ᠳᠡᠭᠡᠭᠰᠢᠯᠡᠭᠦᠯᠵᠦ᠂ ᠨᠠᠮ ᠤᠨ ᠬᠤᠷᠢᠶ᠎ᠠ ᠶᠢᠨ | ᠤᠳᠤᠷᠢᠳᠬᠤ ᠪᠠᠭ ᠤᠨ ᠲᠤᠰ ᠪᠡᠶ᠎ᠡ ᠶᠢᠨ ᠪᠠᠶᠢᠭᠤᠯᠤᠯᠲᠠ ᠶᠢ ᠴᠢᠩᠭᠠᠳᠬᠠᠬᠤ ᠬᠡᠷᠡᠭᠲᠡᠢ᠃ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ | ᠴᠣᠭᠴᠠᠯᠠᠯᠲᠠ ᠶᠢ ᠴᠢᠩᠭᠠᠳᠬᠠᠬᠤ ᠶᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠨᠢᠭᠡ ᠪᠦᠷᠢ ᠶᠢ | ᠴᠥᠮ ᠪᠠᠲᠤ ᠴᠢᠩᠭ᠎ᠠ ᠲᠠᠶᠢᠴᠢᠨ ᠪᠠᠬᠢᠯᠡᠯᠲᠡ ᠪᠣᠯᠭᠠᠨ ᠳᠠᠪᠲᠠᠨ ᠪᠤᠯᠪᠠᠰᠤᠷᠠᠭᠤᠯᠵᠤ᠂ ᠦᠨᠳᠦᠰᠦᠨ ᠱᠠᠲᠤᠨ ᠤ ᠪᠠᠶᠢᠭᠤᠯᠤᠯᠲᠠ ᠶᠢᠨ ᠪᠦᠭᠦ ᠲᠠᠯ᠎ᠠ ᠪᠠᠷ ᠲᠠᠪᠰᠢᠬᠤ᠂ | ᠪᠦᠭᠦ ᠲᠠᠯ᠎ᠠ ᠪᠠᠷ ᠬᠠᠲᠠᠭᠤᠵᠢᠬᠤ ᠶᠢ ᠠᠬᠢᠭᠤᠯᠬᠤ ᠬᠡᠷᠡᠭᠲᠡᠢ᠃ ᠴᠢᠩᠭ᠎ᠠ ᠦᠨᠳᠦᠰᠦᠨ ᠭᠦᠭ ᠠᠶᠠᠰ ᠢ ᠭᠤᠶᠢᠪᠢᠰᠢ ᠦᠭᠡᠢ ᠪᠠᠷᠢᠮᠲᠠᠯᠠᠵᠤ᠂ ᠡᠯ᠎ᠡ ᠱᠠᠲᠤᠨ ᠤ ᠨᠠᠮ ᠢ | ᠬᠠᠮᠢᠶᠠᠷᠴᠤ ᠨᠠᠮ ᠢ ᠵᠠᠰᠠᠬᠤ ᠤᠯᠤᠰ ᠲᠦᠷᠦ ᠶᠢᠨ ᠬᠠᠷᠢᠭᠤᠴᠠᠯᠭ᠎ᠠ ᠶᠢ ᠴᠢᠩᠭ᠎ᠠ ᠪᠣᠳᠠᠲᠠᠢ ᠨᠠᠶᠢᠳᠠᠪᠤᠷᠢᠵᠢᠭᠤᠯᠵᠤ᠂ ᠰᠤᠷᠲᠠᠯ ᠢ ᠴᠡᠭᠴᠡᠯᠡᠨ ᠰᠠᠬᠢᠯᠭ᠎ᠠ ᠪᠠᠲᠤ ᠶᠢ | ᠴᠢᠩᠳᠠᠯᠠᠵᠤ ᠢᠯᠵᠠᠷᠠᠯ ᠢ ᠡᠰᠡᠷᠭᠦᠴᠡᠬᠦ ᠠᠵᠢᠯ ᠢ ᠲᠠᠰᠤᠷᠠᠯᠳᠠ ᠦᠭᠡᠢ ᠭᠦᠨᠵᠡᠭᠡᠶᠢᠷᠡᠭᠦᠯᠦᠨ ᠠᠬᠢᠭᠤᠯᠬᠤ ᠬᠡᠷᠡᠭᠲᠡᠢ᠃ ᠨᠠᠮ ᠤᠨ ᠲᠥᠪ ᠬᠤᠷᠢᠶ᠎ᠠ ᠪᠣᠯᠣᠨ ᠲᠥᠪ ᠤᠨ | ᠴᠡᠷᠢᠭ ᠤᠨ ᠶᠠᠪᠤᠳᠠᠯ ᠤᠨ ᠬᠤᠷᠢᠶ᠎ᠠ ᠶᠢᠨ ᠪᠠᠶᠢᠷᠢᠯᠠᠭᠤᠯᠤᠯᠲᠠ ᠱᠠᠭᠠᠷᠳᠠᠯᠭ᠎ᠠ ᠶᠢ ᠨᠠᠶᠢᠳᠠᠪᠤᠷᠢᠵᠢᠭᠤᠯᠵᠤ᠂ ᠴᠡᠷᠢᠭ ᠠᠩᠭᠢ ᠶᠢᠨ ᠭᠤᠣᠯ ᠰᠡᠳᠦᠪᠲᠦ ᠬᠥᠮᠦᠵᠢᠯ ᠢ | ᠰᠠᠶᠢᠲᠤᠷ ᠠᠳᠬᠤᠵᠤ᠂ ᠰᠤᠷᠤᠯᠴᠠᠬᠤ ᠰᠡᠳᠬᠢᠬᠦ ᠬᠡᠷᠡᠭᠯᠡᠬᠦ ᠶᠢ ᠤᠶᠠᠯᠳᠤᠭᠤᠯᠬᠤ᠂ ᠮᠡᠳᠡᠬᠦ ᠢᠲᠡᠭᠡᠬᠦ ᠬᠢᠬᠦ ᠶᠢ ᠨᠢᠭᠡᠳᠬᠡᠬᠦ ᠶᠢ ᠪᠠᠷᠢᠮᠲᠠᠯᠠᠵᠤ᠂ ᠠᠰᠠᠭᠤᠳᠠᠯ ᠢ | ᠴᠡᠭᠴᠡᠯᠡᠨ ᠰᠠᠶᠢᠵᠢᠷᠠᠭᠤᠯᠬᠤ ᠶᠢ ᠢᠮᠠᠭᠲᠠ ᠲᠤᠭᠤᠰᠢᠯᠠᠭᠤᠯᠬᠤ ᠶᠢ ᠪᠠᠷᠢᠮᠲᠠᠯᠠᠵᠤ᠂ ᠠᠯᠢ ᠤᠯᠠᠨ ᠠᠰᠠᠭᠤᠳᠠᠯ ᠢ ᠰᠢᠢᠳᠪᠦᠷᠢᠯᠡᠬᠦ ᠳᠤᠮᠳᠠ ᠠᠵᠢᠯ ᠤᠨ | ᠨᠠᠶᠢᠳᠠᠪᠤᠷᠢᠵᠢᠭᠤᠯᠤᠯᠲᠠ ᠶᠢ ᠠᠬᠢᠭᠤᠯᠵᠤ᠂ ᠴᠡᠷᠢᠭ ᠠᠩᠭᠢ ᠶᠢᠨ ᠪᠠᠶᠢᠭᠤᠯᠤᠯᠲᠠ ᠶᠢᠨ ᠰᠢᠨ᠎ᠡ ᠪᠠᠶᠢᠳᠠᠯ ᠢ ᠡᠭᠦᠳᠬᠦ ᠬᠡᠷᠡᠭᠲᠡᠢ ᠭᠡᠵᠦ ᠵᠢᠭᠠᠵᠤ ᠭᠠᠷᠭᠠᠪᠠ᠃ | ᠾᠧ ᠸᠧᠢ ᠳ᠋ᠦᠩ ᠨᠠᠷ ᠠᠵᠢᠯᠯᠠᠭ᠎ᠠ ᠳᠤ ᠣᠷᠣᠯᠴᠠᠵᠠᠢ᠃ | |