ᠨᠢᠭᠡ᠂ ᠵᠠᠰᠠᠪᠤᠷᠢ ᠣᠷᠣᠭᠤᠯᠤᠭᠰᠠᠨ ᠠᠬᠤᠢ ᠪᠠᠶᠢᠳᠠᠯ | ᠨᠢᠭᠡ ᠳᠤ᠂ ᠰᠢᠨ᠎ᠡ ᠪᠠᠶᠢᠳᠠᠯ ᠪᠠ ᠡᠭᠦᠷᠭᠡ ᠳᠤ ᠵᠣᠬᠢᠴᠠᠭᠤᠯᠤᠨ᠂ ᠦᠶᠡᠷ ᠢ ᠰᠡᠷᠭᠡᠶᠢᠯᠡᠨ ᠭᠠᠩ ᠬᠠᠭᠰᠠᠷᠠᠭᠠᠨ ᠲᠠᠢ ᠲᠡᠮᠡᠴᠡᠬᠦ ᠪᠠᠴᠢᠮ ᠪᠠᠶᠢᠳᠠᠯ ᠢ | ᠠᠷᠭᠠᠴᠠᠬᠤ ᠪᠡᠯᠡᠳᠬᠡᠯ ᠲᠥᠰᠥᠯ ᠤᠨ ᠴᠢᠭᠯᠡᠭᠦᠯᠬᠦ ᠴᠢᠨᠠᠷ᠂ ᠬᠡᠷᠡᠭᠯᠡᠭᠡᠨ ᠤ ᠴᠢᠨᠠᠷ ᠪᠣᠯᠣᠨ ᠬᠡᠷᠡᠭᠵᠢᠭᠦᠯᠵᠦ ᠪᠣᠯᠬᠤᠶᠢᠴᠠ ᠴᠢᠨᠠᠷ ᠢ ᠨᠡᠮᠡᠭᠳᠡᠭᠦᠯᠦᠨ᠂ ︽ᠤᠯᠤᠰ ᠤᠨ | ᠦᠶᠡᠷ ᠢ ᠰᠡᠷᠭᠡᠶᠢᠯᠡᠨ ᠭᠠᠩ ᠬᠠᠭᠰᠠᠷᠠᠭᠠᠨ ᠲᠠᠢ ᠲᠡᠮᠡᠴᠡᠬᠦ ᠶᠡᠷᠦᠩᠬᠡᠢ ᠵᠢᠯᠤᠭᠤᠳᠬᠤ ᠭᠠᠵᠠᠷ ᠤᠨ ᠠᠯᠪᠠᠨ ᠭᠡᠷ ᠤᠨ ︿ᠣᠷᠣᠨ ᠨᠤᠲᠤᠭ ᠤᠨ ᠦᠶᠡᠷ ᠢ ᠰᠡᠷᠭᠡᠶᠢᠯᠡᠨ | ᠭᠠᠩ ᠬᠠᠭᠰᠠᠷᠠᠭᠠᠨ ᠲᠠᠢ ᠲᠡᠮᠡᠴᠡᠬᠦ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠥᠯ ᠳᠤ ᠵᠠᠰᠠᠪᠤᠷᠢ ᠣᠷᠣᠭᠤᠯᠬᠤ ᠶᠢ ᠴᠢᠩᠭᠠᠳᠬᠠᠬᠤ ᠲᠤᠬᠠᠢ ᠵᠢᠯᠤᠭᠤᠳᠬᠤ | ᠰᠠᠨᠠᠯ﹀ ᠢ ᠳᠠᠷᠤᠮᠠᠯᠯᠠᠨ ᠶᠠᠪᠤᠭᠤᠯᠬᠤ ᠲᠤᠬᠠᠢ ᠮᠡᠳᠡᠭᠳᠡᠯ︾ ︵ᠲᠦᠷᠦ ᠶᠢᠨ ᠦᠶᠡᠷ ᠤᠨ ᠠᠯᠪᠠᠨ ᠭᠡᠷ〔2022〕 1 ᠳ᠋ᠦ᠋ᠭᠡᠷ ᠲᠣᠭᠠᠲᠤ︶ ᠪᠢᠴᠢᠭ | ᠮᠠᠲ᠋ᠧᠷᠢᠶᠠᠯ ᠤᠨ ᠱᠠᠭᠠᠷᠳᠠᠯᠭ᠎ᠠ ᠶᠣᠰᠣᠭᠠᠷ᠂ ︽ᠪᠠᠶᠠᠨᠨᠠᠭᠤᠷ ᠬᠤᠳᠠ ᠶᠢᠨ ᠦᠶᠡᠷ ᠢ ᠰᠡᠷᠭᠡᠶᠢᠯᠡᠨ ᠭᠠᠩ ᠬᠠᠭᠰᠠᠷᠠᠭᠠᠨ ᠲᠠᠢ ᠲᠡᠮᠡᠴᠡᠬᠦ ᠪᠠᠴᠢᠮ ᠪᠠᠶᠢᠳᠠᠯ ᠢ ᠠᠷᠭᠠᠴᠠᠬᠤ | ᠪᠡᠯᠡᠳᠬᠡᠯ ᠲᠥᠰᠥᠯ︾ ᠳᠤ ᠵᠠᠰᠠᠪᠤᠷᠢ ᠣᠷᠣᠭᠤᠯᠤᠨ᠎ᠠ᠃ ᠬᠤᠶᠠᠷ ᠲᠤ᠂ ᠥᠪᠡᠷᠲᠡᠭᠡᠨ ᠵᠠᠰᠠᠬᠤ ᠣᠷᠣᠨ 2022 ᠣᠨ ᠳᠤ ︽ᠥᠪᠥᠷ ᠮᠣᠩᠭᠤᠯ ᠤᠨ | ᠥᠪᠡᠷᠲᠡᠭᠡᠨ ᠵᠠᠰᠠᠬᠤ ᠣᠷᠣᠨ ᠤ ᠦᠶᠡᠷ ᠢ ᠰᠡᠷᠭᠡᠶᠢᠯᠡᠵᠦ ᠭᠠᠩ ᠬᠠᠭᠰᠠᠷᠠᠭᠠᠨ ᠲᠠᠢ ᠲᠡᠮᠡᠴᠡᠬᠦ ᠪᠠᠴᠢᠮ ᠪᠠᠶᠢᠳᠠᠯ ᠢ ᠠᠷᠭᠠᠴᠠᠬᠤ ᠲᠥᠰᠥᠯ︾ ᠢ ᠵᠠᠰᠠᠪᠤᠷᠢ | ᠣᠷᠣᠭᠤᠯᠤᠨ ᠳᠠᠷᠤᠮᠠᠯᠯᠠᠨ ᠲᠠᠷᠬᠠᠭᠠᠵᠤ᠂ ᠬᠤᠲᠠ ᠶᠢᠨ ᠱᠠᠲᠤᠨ ᠤ ᠪᠡᠯᠡᠳᠬᠡᠯ ᠲᠥᠰᠥᠯ ᠢ ᠥᠪᠡᠷᠲᠡᠭᠡᠨ ᠵᠠᠰᠠᠬᠤ ᠣᠷᠣᠨ ᠤ ᠪᠡᠯᠡᠳᠬᠡᠯ ᠲᠥᠰᠥᠯ ᠲᠠᠢ ᠬᠠᠮᠵᠢᠯᠴᠠᠨ | ᠵᠣᠯᠭᠠᠭᠤᠯᠬᠤ ᠬᠡᠷᠡᠭᠲᠡᠢ᠃ | ᠬᠤᠶᠠᠷ᠂ ᠣᠷᠣᠨ ᠲᠤᠭ᠎ᠠ ᠶᠢᠨ ᠵᠣᠷᠢᠯᠭ᠎ᠠ | ᠦᠶᠡᠷ ᠤᠰᠤᠲᠤᠯ ᠭᠠᠩ ᠬᠠᠭᠰᠠᠷᠠᠭᠠᠨ ᠤ ᠭᠠᠮᠰᠢᠭ ᠤᠨ ᠲᠦᠭᠰᠢᠭᠦᠷᠢ ᠶᠢ ᠪᠦᠲᠦᠮᠵᠢᠲᠡᠶ ᠰᠡᠷᠭᠡᠶᠢᠯᠡᠨ ᠠᠷᠢᠯᠭᠠᠵᠤ᠂ ᠦᠶᠡᠷ ᠢ ᠰᠡᠷᠭᠡᠶᠢᠯᠡᠨ ᠭᠠᠩ ᠲᠠᠢ | ᠲᠡᠮᠡᠴᠡᠵᠦ ᠭᠠᠮᠰᠢᠭ ᠢ ᠪᠠᠭᠠᠰᠬᠠᠨ ᠭᠠᠮᠰᠢᠭ ᠠᠴᠠ ᠠᠪᠤᠷᠠᠬᠤ ᠠᠵᠢᠯ ᠢ ᠥᠨᠳᠥᠷ ᠪᠦᠲᠦᠮᠵᠢᠲᠡᠶ ᠪᠥᠭᠡᠳ ᠡᠮᠬᠢ ᠵᠢᠷᠤᠮ ᠲᠠᠢ ᠰᠠᠶᠢᠲᠤᠷ ᠬᠢᠵᠦ᠂ ᠬᠥᠮᠥᠨ ᠬᠠᠷ᠎ᠠ | ᠦᠬᠦᠵᠦ ᠰᠢᠷᠬᠠᠲᠤᠬᠤ ᠪᠠ ᠡᠳ᠋ ᠬᠥᠷᠥᠩᠭᠡ ᠶᠢᠨ ᠬᠤᠬᠢᠷᠠᠯ ᠢ ᠬᠠᠮᠤᠭ ᠤᠨ ᠶᠡᠭᠡ ᠬᠡᠮᠵᠢᠶ᠎ᠡ ᠪᠠᠷ ᠪᠠᠭᠠᠰᠬᠠᠨ᠂ ᠠᠵᠤ ᠠᠬᠤᠢ ᠨᠡᠶᠢᠭᠡᠮ ᠤᠨ ᠪᠥᠬᠦ ᠲᠠᠯ᠎ᠠ ᠶᠢᠨ᠂ | ᠵᠣᠬᠢᠴᠠᠩᠭᠤᠢ᠂ ᠦᠷᠭᠦᠯᠵᠢᠯᠡᠨ ᠬᠥᠭᠵᠢᠬᠦ ᠶᠢ ᠪᠠᠲᠤᠯᠠᠬᠤ ᠶᠢᠨ ᠲᠤᠰᠠᠳᠠ᠂ ᠪᠠᠶᠠᠨᠨᠠᠭᠤᠷ ᠤᠨ ᠪᠣᠳᠠᠲᠠᠢ ᠲᠠᠢ ᠤᠶᠠᠯᠳᠤᠭᠤᠯᠵᠤ᠂ ᠲᠣᠰ ᠪᠡᠯᠡᠳᠬᠡᠯ ᠲᠥᠰᠥᠯ ᠳᠤ | ᠵᠠᠰᠠᠪᠤᠷᠢ ᠣᠷᠣᠭᠤᠯᠤᠨ᠎ᠠ᠃ | ᠭᠤᠷᠪᠠ᠂ ᠣᠷᠣᠨ ᠲᠣᠭᠠᠨ ᠤ ᠦᠨᠳᠦᠰᠦᠯᠡᠯ | ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠭᠡᠨᠡᠳᠲᠡ ᠶᠢᠨ ᠬᠡᠷᠡᠭ ᠢ ᠠᠷᠭᠠᠴᠠᠬᠤ ᠬᠠᠤᠯᠢ︾ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ | ᠤᠯᠤᠰ ᠤᠨ ᠤᠰᠤᠨ ᠤ ᠬᠠᠤᠯᠢ︾ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠦᠶᠡᠷ ᠢ ᠰᠡᠷᠭᠡᠶᠢᠯᠡᠬᠦ ᠬᠠᠤᠯᠢ︾ ︽ᠪᠥᠬᠦᠳᠡ ᠨᠠᠶᠢᠷᠠᠮᠳᠠᠬᠤ | ᠳᠤᠮᠳᠠᠳᠤ ᠠᠷᠠᠳ ᠤᠯᠤᠰ ᠤᠨ ᠴᠠᠭ ᠠᠭᠤᠷ ᠤᠨ ᠬᠠᠤᠯᠢ︾ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠦᠶᠡᠷ ᠢ ᠰᠡᠷᠭᠡᠶᠢᠯᠡᠬᠦ ᠳᠦᠷᠢᠮ︾ ︽ | ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠭᠠᠩ ᠬᠠᠭᠰᠠᠷᠠᠭᠠᠨ ᠲᠠᠢ ᠲᠡᠮᠡᠴᠡᠬᠦ ᠳᠦᠷᠢᠮ︾ ︽ᠴᠡᠷᠢᠭ ᠠᠩᠭᠢ ᠶᠢᠨ ᠠᠶᠤᠯ ᠭᠠᠮᠰᠢᠭ ᠠᠴᠠ | ᠠᠪᠤᠷᠠᠬᠤ ᠠᠵᠢᠯ ᠳᠤ ᠣᠷᠣᠯᠴᠠᠬᠤ ᠳᠦᠷᠢᠮ︾ ︽ᠪᠠᠶᠢᠭᠠᠯᠢ ᠶᠢᠨ ᠭᠠᠮᠰᠢᠭ ᠠᠴᠠ ᠠᠪᠤᠷᠠᠨ ᠲᠤᠰᠠᠯᠠᠬᠤ ᠳᠦᠷᠢᠮ︾ ︽ᠭᠠᠵᠠᠷ ᠤᠨ ᠭᠠᠢ ᠭᠠᠮᠰᠢᠭ ᠢ ᠰᠡᠷᠭᠡᠶᠢᠯᠡᠨ | ᠵᠠᠰᠠᠬᠤ ᠳᠦᠷᠢᠮ︾ ︽ᠴᠠᠭ ᠠᠭᠤᠷ ᠤᠨ ᠭᠠᠮᠰᠢᠭ ᠢ ᠰᠡᠷᠭᠡᠶᠢᠯᠡᠬᠦ ᠳᠦᠷᠢᠮ︾ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠭᠤᠣᠯ ᠤᠨ ᠵᠠᠮ ᠢ | ᠬᠠᠮᠢᠶᠠᠷᠬᠤ ᠳᠦᠷᠢᠮ︾ ︽ᠴᠥᠭᠦᠷᠥᠮ ᠤᠨ ᠬᠠᠰᠢᠯᠭ᠎ᠠ ᠶᠢᠨ ᠠᠶᠤᠯᠭᠦᠢ ᠶᠢᠨ ᠬᠠᠮᠢᠶᠠᠷᠤᠯᠲᠠ ᠶᠢᠨ ᠳᠦᠷᠢᠮ︾ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ | ᠤᠯᠤᠰ ᠤᠨ ᠤᠰᠤᠨ ᠵᠦᠢ ᠶᠢᠨ ᠳᠦᠷᠢᠮ︾ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ︿ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ | ᠦᠶᠡᠷ ᠢ ᠰᠡᠷᠭᠡᠶᠢᠯᠡᠬᠦ ᠬᠠᠤᠯᠢ﹀ ᠶᠢ ᠬᠡᠷᠡᠭᠵᠢᠭᠦᠯᠬᠦ ᠠᠷᠭ᠎ᠠ︾ ︽ᠦᠶᠡᠷ ᠢ ᠲᠣᠭᠲᠠᠭᠠᠨ ᠬᠤᠷᠠᠭᠤᠯᠬᠤ ᠣᠷᠣᠨ ᠤ ᠬᠡᠷᠡᠭᠯᠡᠯᠲᠡ ᠳᠤ ᠨᠥᠬᠦᠪᠦᠷᠢ ᠥᠭᠬᠦ ᠲᠦᠷ | ᠬᠡᠷᠡᠭᠵᠢᠭᠦᠯᠬᠦ ᠠᠷᠭ᠎ᠠ︾ ︽ᠬᠤᠲᠠ ᠶᠢᠨ ᠤᠰᠤ ᠶᠢ ᠠᠷᠪᠢᠯᠠᠵᠤ ᠬᠡᠷᠡᠭᠯᠡᠬᠦ ᠬᠠᠮᠢᠶᠠᠷᠤᠯᠲᠠ ᠶᠢᠨ ᠲᠣᠭᠲᠠᠭᠠᠯ︾ ︽ᠦᠶᠡᠷ ᠢ ᠰᠡᠷᠭᠡᠶᠢᠯᠡᠬᠦ ᠪᠠᠷᠢᠮᠵᠢᠶ᠎ᠠ︾ ︽ᠭᠠᠩ | ᠬᠠᠭᠰᠠᠷᠠᠭᠠᠨ ᠤ ᠭᠠᠮᠰᠢᠭ ᠤᠨ ᠳᠡᠰ︾ ︽ᠬᠤᠲᠠ ᠪᠠᠯᠭᠠᠰᠤᠨ ᠤ ᠤᠰᠤᠲᠤᠯ ᠢ ᠰᠡᠷᠭᠡᠶᠢᠯᠡᠨ ᠵᠠᠰᠠᠬᠤ ᠮᠡᠷᠭᠡᠵᠢᠯ ᠤᠨ ᠵᠢᠷᠤᠮᠵᠢᠯ︾ ︽ᠤᠯᠤᠰ ᠤᠨ ᠦᠶᠡᠷ ᠢ | ᠰᠡᠷᠭᠡᠶᠢᠯᠡᠨ ᠭᠠᠩ ᠲᠠᠢ ᠲᠡᠮᠡᠴᠡᠬᠦ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠥᠯ︾ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ | ᠭᠡᠨᠡᠳᠲᠡ ᠶᠢᠨ ᠬᠡᠷᠡᠭ ᠤᠨ ᠪᠠᠴᠢᠮ ᠪᠠᠶᠢᠳᠠᠯ ᠢ ᠠᠷᠭᠠᠴᠠᠬᠤ ᠶᠡᠷᠦᠩᠬᠡᠢ ᠪᠡᠯᠡᠳᠬᠡᠯ ᠲᠥᠰᠥᠯ︾ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠦᠶᠡᠷ ᠢ | ᠰᠡᠷᠭᠡᠶᠢᠯᠡᠨ ᠭᠠᠩ ᠲᠠᠢ ᠲᠡᠮᠡᠴᠡᠬᠦ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠥᠯ︾ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠦᠶᠡᠷ ᠢ | ᠰᠡᠷᠭᠡᠶᠢᠯᠡᠨ ᠭᠠᠩ ᠲᠠᠢ ᠲᠡᠮᠡᠴᠡᠬᠦ ᠵᠢᠯᠤᠭᠤᠳᠬᠤ ᠭᠠᠵᠠᠷ ᠤᠨ ᠠᠵᠢᠯ ᠤᠨ ᠳᠦᠷᠢᠮ︾ ︽ᠬᠤᠲᠠ ᠶᠢᠨ ᠦᠶᠡᠷ ᠢ ᠰᠡᠷᠭᠡᠶᠢᠯᠡᠨ ᠪᠠᠴᠢᠮ ᠪᠠᠶᠢᠳᠠᠯ ᠢ ᠠᠷᠭᠠᠴᠠᠬᠤ | ᠪᠡᠯᠡᠳᠬᠡᠯ ᠲᠥᠰᠥᠯ ᠢ ᠨᠠᠶᠢᠷᠠᠭᠤᠯᠤᠨ ᠵᠣᠬᠢᠶᠠᠬᠤ ᠵᠢᠯᠤᠭᠤᠳᠬᠤ ᠳᠦᠷᠢᠮ︾ ︽ᠪᠠᠶᠠᠨᠨᠠᠭᠤᠷ ᠬᠤᠲᠠ ᠶᠢᠨ ᠭᠡᠨᠡᠳᠲᠡ ᠶᠢᠨ ᠬᠡᠷᠡᠭ ᠤᠨ ᠪᠠᠴᠢᠮ ᠪᠠᠶᠢᠳᠠᠯ ᠢ | ᠠᠷᠭᠠᠴᠠᠬᠤ ᠶᠡᠷᠦᠩᠬᠡᠢ ᠪᠡᠯᠡᠳᠬᠡᠯ ᠲᠥᠰᠥᠯ︾ ᠵᠡᠷᠭᠡ ᠬᠠᠤᠯᠢ ᠴᠠᠭᠠᠵᠠ᠂ ᠬᠠᠤᠯᠢ ᠲᠣᠭᠲᠠᠭᠠᠯ᠂ ᠪᠠᠷᠢᠮᠵᠢᠶ᠎ᠠ᠂ ᠵᠢᠷᠤᠮᠵᠢᠯ᠃ | ᠳᠥᠷᠪᠡ᠂ ᠬᠡᠷᠡᠭᠯᠡᠬᠦ ᠬᠡᠪᠴᠢᠶ᠎ᠡ | ᠲᠣᠰ ᠪᠡᠯᠡᠳᠬᠡᠯ ᠲᠥᠰᠥᠯ ᠢ ᠪᠠᠶᠠᠨᠨᠠᠭᠤᠷ ᠬᠤᠲᠠ ᠶᠢᠨ ᠵᠠᠰᠠᠭ ᠵᠠᠬᠢᠷᠭᠠᠨ ᠤ ᠬᠠᠷᠢᠶᠠᠯᠠᠯ ᠤᠨ ᠣᠷᠣᠨ ᠤ ᠳᠣᠲᠣᠷᠠᠬᠢ ᠤᠰᠤ ᠭᠠᠩ ᠤᠨ ᠭᠠᠮᠰᠢᠭ ᠢ | ᠰᠡᠷᠭᠡᠶᠢᠯᠡᠬᠦ ᠪᠠ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠳᠤ ᠬᠡᠷᠡᠭᠯᠡᠨ᠎ᠡ᠃ ᠤᠰᠤ ᠭᠠᠩ ᠤᠨ ᠭᠠᠮᠰᠢᠭ ᠲᠤ᠄ ᠦᠶᠡᠷ ᠤᠰᠤᠲᠤᠯ ᠤᠨ ᠭᠠᠮᠰᠢᠭ᠂ ᠬᠠᠯᠢᠶ᠎ᠠ | ᠦᠶᠡᠷ ᠤᠨ ᠭᠠᠮᠰᠢᠭ᠂ ᠠᠭᠤᠯᠠᠨ ᠦᠶᠡᠷ ᠤᠨ ᠭᠠᠮᠰᠢᠭ ︵ᠪᠣᠷᠣᠭᠠᠨ ᠣᠷᠣᠭᠰᠠᠨ ᠠᠴᠠ ᠪᠣᠯᠤᠭᠰᠠᠨ ᠠᠭᠤᠯᠠᠨ ᠦᠶᠡᠷ᠂ ᠰᠢᠪᠠᠷ ᠴᠢᠯᠠᠭᠤᠨ ᠤ ᠤᠷᠤᠰᠬᠠᠯ᠂ | ᠭᠤᠯᠭᠤᠭ᠎ᠠ ᠪᠠᠯ ᠤᠨ ᠭᠠᠮᠰᠢᠭ ᠢ ᠵᠢᠭᠠᠵᠤ ᠪᠠᠶᠢᠨ᠎ᠠ︶᠂ ᠬᠤᠳᠠ ᠶᠢᠨ ᠤᠰᠤᠲᠤᠯ᠂ ᠭᠠᠩ ᠬᠠᠭᠰᠠᠷᠠᠭᠠᠨ ᠤ ᠭᠠᠮᠰᠢᠭ᠂ ᠤᠰᠤ ᠬᠠᠩᠭᠠᠬᠤ ᠬᠢᠮᠤᠷᠠᠯ ᠵᠢᠴᠢ ᠦᠶᠡᠷ᠂ | ᠭᠠᠵᠠᠷ ᠬᠥᠳᠡᠯᠦᠯᠲᠡ᠂ ᠰᠦᠷᠳᠡᠭᠦᠯᠦᠯ ᠤᠨ ᠠᠵᠢᠯᠯᠠᠭ᠎ᠠ ᠵᠡᠷᠭᠡ ᠠᠴᠠ ᠪᠣᠯᠤᠭᠰᠠᠨ ᠤᠰᠤᠨ ᠴᠥᠭᠦᠷᠥᠮ ᠤᠨ ᠬᠠᠰᠢᠯᠭ᠎ᠠ ᠨᠤᠷᠠᠬᠤ᠂ ᠬᠠᠰᠢᠯᠭ᠎ᠠ ᠰᠡᠲᠡᠷᠡᠬᠦ᠂ ᠤᠰᠤᠨ | ᠬᠠᠭᠠᠯᠲᠠ ᠨᠤᠷᠠᠬᠤ᠂ ᠤᠰᠤ ᠬᠠᠩᠭᠠᠬᠤ ᠤᠰᠤᠨ ᠤ ᠴᠢᠨᠠᠷ ᠬᠤᠬᠢᠷᠠᠯ ᠳᠤ ᠤᠴᠠᠷᠠᠬᠤ ᠵᠡᠷᠭᠡ ᠡᠭᠦᠰᠦᠮᠡᠯ ᠭᠠᠮᠰᠢᠭ ᠪᠠᠭᠲᠠᠨ᠎ᠠ᠃ | ᠲᠠᠪᠤ᠂ ᠪᠡᠯᠡᠳᠬᠡᠯ ᠲᠥᠰᠥᠯ ᠤᠨ ᠶᠡᠷᠦᠩᠬᠡᠢ ᠪᠣᠷᠣ ᠲᠥᠯᠥᠪ ᠪᠣᠯᠣᠨ ᠭᠤᠣᠯ ᠠᠭᠤᠯᠭ᠎ᠠ | ᠨᠢᠭᠡ ᠳᠤ ᠪᠦᠯᠦᠭ ᠬᠡᠰᠡᠭ ᠭᠠᠷᠭᠠᠬᠤ ᠲᠠᠯ᠎ᠠ ᠪᠠᠷ᠃ᠪᠡᠯᠡᠳᠬᠡᠯ ᠲᠥᠰᠥᠯ ᠨᠢ ᠨᠡᠶᠢᠲᠡ 9 ᠬᠡᠰᠡᠭ ᠢᠶᠠᠷ ᠪᠦᠷᠢᠯᠳᠦᠵᠡᠢ᠂ ᠡᠭᠦᠨ ᠳᠤ ᠶᠡᠷᠦᠩᠬᠡᠢ ᠳᠦᠷᠢᠮ᠂ | ᠦᠨᠳᠦᠰᠦᠨ ᠪᠠᠶᠢᠳᠠᠯ᠂ ᠵᠣᠬᠢᠶᠠᠨ ᠪᠠᠶᠢᠭᠤᠯᠵᠤ ᠵᠢᠯᠤᠭᠤᠳᠬᠤ ᠰᠢᠰᠲ᠋ᠧᠮ ᠵᠢᠴᠢ ᠲᠤᠰᠢᠶᠠᠯ ᠬᠠᠷᠢᠭᠤᠴᠠᠯᠭ᠎ᠠ᠂ ᠬᠢᠨᠠᠨ ᠬᠡᠮᠵᠢᠵᠦ ᠤᠷᠢᠳᠴᠢᠯᠠᠨ ᠰᠡᠷᠭᠡᠶᠢᠯᠡᠬᠦ ᠪᠠ | ᠤᠷᠢᠳᠴᠢᠯᠠᠨ ᠰᠡᠷᠡᠮᠵᠢᠯᠡᠭᠦᠯᠬᠦ ᠲᠣᠭᠲᠠᠴᠠ᠂ ᠪᠠᠴᠢᠮ ᠪᠠᠶᠢᠳᠠᠯ ᠢ ᠠᠷᠭᠠᠴᠠᠬᠤ ᠳᠤ ᠳᠠᠭᠠᠵᠤ ᠬᠢᠬᠦ᠂ ᠠᠶᠤᠯ ᠠᠴᠠ ᠠᠪᠤᠷᠠᠨ ᠲᠤᠰᠠᠯᠠᠬᠤ᠂ ᠪᠠᠴᠢᠮ ᠪᠠᠶᠢᠳᠠᠯ ᠢ | ᠠᠷᠭᠠᠴᠠᠬᠤ ᠪᠠᠲᠤᠯᠠᠭ᠎ᠠ᠂ ᠰᠡᠭᠦᠯᠴᠢ ᠶᠢᠨ ᠬᠤᠭᠤᠴᠠᠭᠠᠨ ᠤ ᠰᠢᠢᠳᠪᠦᠷᠢᠯᠡᠯᠲᠡ᠂ ᠳᠠᠭᠠᠯᠳᠤᠭᠤᠯᠤᠭᠰᠠᠨ ᠳᠦᠷᠢᠮ ᠵᠡᠷᠭᠡ ᠪᠠᠭᠲᠠᠨ᠎ᠠ︔ 8 ᠳᠠᠭᠠᠯᠳᠤᠭᠤᠯᠤᠯ ᠳᠤ | ᠬᠤᠲᠠ ᠶᠢᠨ ᠦᠶᠡᠷ ᠢ ᠰᠡᠷᠭᠡᠶᠢᠯᠡᠨ ᠭᠠᠩ ᠲᠠᠢ ᠲᠡᠮᠡᠴᠡᠬᠦ ᠠᠵᠢᠯ ᠤᠨ ᠵᠢᠯᠤᠭᠤᠳᠬᠤ ᠭᠠᠵᠠᠷ ᠤᠨ ᠪᠦᠷᠢᠯᠳᠦᠭᠦᠨ ᠨᠢᠭᠡᠴᠡ ᠵᠢᠴᠢ ᠬᠥᠮᠥᠰ ᠤᠨ ᠬᠠᠷᠢᠯᠴᠠᠬᠤ ᠤᠲᠠᠰᠤ᠂ | ᠪᠠᠶᠠᠨᠨᠠᠭᠤᠷ ᠬᠤᠲᠠ ᠶᠢᠨ ᠦᠶᠡᠷ ᠢ ᠰᠡᠷᠭᠡᠶᠢᠯᠡᠨ ᠭᠠᠩ ᠲᠠᠢ ᠲᠡᠮᠡᠴᠡᠬᠦ ᠵᠢᠯᠤᠭᠤᠳᠬᠤ ᠭᠠᠵᠠᠷ ᠤᠨ ᠦᠶᠡᠷ ᠢ ᠰᠡᠷᠭᠡᠶᠢᠯᠡᠨ ᠭᠠᠩ ᠲᠠᠢ ᠲᠡᠮᠡᠴᠡᠬᠦ ᠠᠵᠢᠯ ᠢ ᠬᠡᠰᠡᠭ | ᠬᠤᠪᠢᠶᠠᠨ ᠳᠠᠭᠠᠭᠠᠴᠢᠯᠠᠭᠰᠠᠨ ᠬᠠᠷᠢᠭᠤᠴᠠᠯᠭᠠᠲᠠᠨ ᠤ ᠨᠡᠷᠡᠰ᠂ ᠪᠠᠶᠠᠨᠨᠠᠭᠤᠷ ᠬᠤᠳᠠ ᠶᠢᠨ ᠦᠶᠡᠷ ᠢ ᠰᠡᠷᠭᠡᠶᠢᠯᠡᠵᠦ ᠭᠠᠩ ᠬᠠᠭᠰᠠᠷᠠᠭᠠᠨ ᠲᠠᠢ ᠲᠡᠮᠡᠴᠡᠬᠦ ᠪᠠᠴᠢᠮ | ᠪᠠᠶᠢᠳᠠᠯ ᠢ ᠠᠷᠭᠠᠴᠠᠵᠤ ᠠᠪᠤᠷᠠᠨ ᠲᠤᠰᠠᠯᠠᠬᠤ ᠡᠩᠨᠡᠭᠡᠨ ᠤ ᠪᠦᠷᠢᠳᠬᠡᠯ ᠤᠨ ᠬᠦᠰᠦᠨᠦᠭᠲᠦ᠂ ᠪᠠᠶᠠᠨᠨᠠᠭᠤᠷ ᠬᠤᠳᠠ ᠶᠢᠨ ᠦᠶᠡᠷ ᠢ ᠰᠡᠷᠭᠡᠶᠢᠯᠡᠵᠦ ᠭᠠᠩ | ᠬᠠᠭᠰᠠᠷᠠᠭᠠᠨ ᠲᠠᠢ ᠲᠡᠮᠡᠴᠡᠬᠦ ᠲᠤᠰᠬᠠᠢ ᠮᠡᠷᠭᠡᠵᠢᠯᠲᠡᠨ ᠤ ᠬᠤᠷᠢᠶᠠᠩᠭᠤᠢ ᠬᠦᠰᠦᠨᠦᠭᠲᠦ᠂ ᠪᠠᠶᠠᠨᠨᠠᠭᠤᠷ ᠬᠤᠳᠠ ᠶᠢᠨ ᠦᠶᠡᠷ ᠢ ᠰᠡᠷᠭᠡᠶᠢᠯᠡᠵᠦ ᠭᠠᠩ ᠬᠠᠭᠰᠠᠷᠠᠭᠠᠨ ᠲᠠᠢ | ᠲᠡᠮᠡᠴᠡᠬᠦ ᠪᠠᠷᠠᠭ᠎ᠠ ᠨᠥᠭᠡᠴᠡᠯᠡᠭᠰᠡᠨ ᠪᠠᠶᠢᠳᠠᠯ ᠤᠨ ᠬᠦᠰᠦᠨᠦᠭᠲᠦ᠂ ᠪᠠᠶᠠᠨᠨᠠᠭᠤᠷ ᠬᠤᠳᠠ ᠶᠢᠨ ᠤᠰᠤᠨ ᠰᠢᠰᠲ᠋ᠧᠮ ᠤᠨ ᠵᠢᠷᠤᠭ᠂ ᠬᠠᠳᠤᠨ ᠭᠤᠣᠯ ᠤᠨ ᠪᠠᠶᠠᠨᠨᠠᠭᠤᠷ | ᠬᠤᠳᠠ ᠶᠢᠨ ᠬᠡᠰᠡᠭ ᠤᠨ ᠦᠶᠡᠷ ᠢ ᠰᠡᠷᠭᠡᠶᠢᠯᠡᠬᠦ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢᠨ ᠬᠠᠪᠲᠠᠭᠠᠢ ᠶᠢᠨ ᠲᠠᠶᠢᠯᠪᠤᠷᠢ ᠵᠢᠷᠤᠭ᠂ ᠥᠪᠥᠷ ᠮᠣᠩᠭᠤᠯ ᠤᠨ | ᠥᠪᠡᠷᠲᠡᠭᠡᠨ ᠵᠠᠰᠠᠬᠤ ᠣᠷᠣᠨ ᠤ ᠪᠠᠶᠠᠨᠨᠠᠭᠤᠷ ᠬᠤᠳᠠ ᠶᠢᠨ ᠭᠠᠩ ᠬᠠᠭᠰᠠᠷᠠᠭᠠᠨ ᠲᠠᠢ ᠭᠠᠮᠰᠢᠭᠳᠠᠭᠰᠠᠨ ᠬᠥᠮᠥᠨ ᠠᠮᠠ ᠶᠢᠨ ᠠᠶᠤᠯ ᠲᠦᠭᠰᠢᠭᠦᠷᠢ ᠶᠢᠨ ᠣᠷᠣᠨ ᠤ | ᠬᠤᠪᠢᠶᠠᠷᠢᠯᠠᠯ ᠤᠨ ᠵᠢᠷᠤᠭ᠃ ᠬᠤᠶᠠᠷ ᠲᠤ ᠵᠣᠬᠢᠶᠠᠨ ᠪᠠᠶᠢᠭᠤᠯᠵᠤ ᠵᠢᠯᠤᠭᠤᠳᠬᠤ ᠰᠢᠰᠲ᠋ᠧᠮ ᠤᠨ ᠲᠠᠯ᠎ᠠ ᠪᠠᠷ᠃ ᠬᠤᠲᠠ ᠶᠢᠨ ᠦᠶᠡᠷ ᠢ ᠰᠡᠷᠭᠡᠶᠢᠯᠡᠨ ᠭᠠᠩ ᠲᠠᠢ | ᠲᠡᠮᠡᠴᠡᠬᠦ ᠵᠢᠯᠤᠭᠤᠳᠬᠤ ᠭᠠᠵᠠᠷ ᠢ ᠲᠣᠳᠣᠷᠬᠠᠢ ᠲᠣᠭᠲᠠᠭᠠᠵᠤ᠂ ᠬᠤᠲᠠ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠤᠳᠤᠷᠢᠳᠤᠯᠭ᠎ᠠ ᠳᠣᠣᠷ᠎ᠠ ᠪᠥᠬᠦ | ᠬᠤᠲᠠ ᠶᠢᠨ ᠦᠶᠡᠷ ᠢ ᠰᠡᠷᠭᠡᠶᠢᠯᠡᠨ ᠭᠠᠩ ᠲᠠᠢ ᠲᠡᠮᠡᠴᠡᠬᠦ ᠠᠵᠢᠯ ᠢ ᠬᠠᠷᠢᠭᠤᠴᠠᠨ᠎ᠠ᠃ ᠦᠶᠡᠷ ᠰᠡᠷᠭᠡᠶᠢᠯᠡᠯᠲᠡ ᠶᠢᠨ Ⅰ ᠲᠠᠰ ᠤᠨ Ⅱ ᠲᠠᠰ ᠤᠨ ᠪᠠᠴᠢᠮ ᠪᠠᠶᠢᠳᠠᠯ ᠢ | ᠠᠷᠭᠠᠴᠠᠬᠤ ᠶᠢ ᠳᠠᠭᠠᠵᠤ ᠬᠢᠬᠦ ᠪᠤᠶᠤ ᠪᠠᠴᠢᠮ ᠭᠠᠮᠰᠢᠭ ᠲᠠᠢ ᠲᠡᠮᠡᠴᠡᠬᠦ ᠬᠤᠭᠤᠴᠠᠭᠠᠨ ᠳᠤ᠂ ᠬᠤᠲᠠ ᠶᠢᠨ ᠦᠶᠡᠷ ᠢ ᠰᠡᠷᠭᠡᠶᠢᠯᠡᠵᠦ ᠭᠠᠩ ᠲᠠᠢ ᠲᠡᠮᠡᠴᠡᠬᠦ | ᠵᠢᠯᠤᠭᠤᠳᠬᠤ ᠭᠠᠵᠠᠷ ᠤᠨ ᠶᠡᠷᠦᠩᠬᠡᠢ ᠵᠢᠯᠣᠭᠤᠳᠤᠭᠴᠢ ᠪᠠ ᠳᠡᠳ᠋ ᠶᠡᠷᠦᠩᠬᠡᠢ ᠵᠢᠯᠣᠭᠤᠳᠤᠭᠴᠢ ᠬᠤᠲᠠ ᠶᠢᠨ ᠦᠶᠡᠷ ᠢ ᠰᠡᠷᠭᠡᠶᠢᠯᠡᠵᠦ ᠭᠠᠩ ᠲᠠᠢ ᠲᠡᠮᠡᠴᠡᠬᠦ | ᠵᠢᠯᠤᠭᠤᠳᠬᠤ ᠲᠥᠪ ᠲᠤ ᠰᠠᠭᠤᠵᠤ ᠵᠢᠯᠤᠭᠤᠳᠴᠤ᠂ ᠬᠤᠲᠠ ᠶᠢᠨ ᠰᠡᠷᠭᠡᠶᠢᠯᠡᠯᠲᠡ ᠶᠢᠨ ᠠᠵᠢᠯ ᠤᠨ ᠠᠯᠪᠠᠨ ᠭᠡᠷ ᠤᠨ ᠠᠵᠢᠯ ᠤᠨ ᠲᠤᠰᠬᠠᠢ ᠠᠩᠭᠢ ᠬᠤᠲᠠ ᠶᠢᠨ | ᠦᠶᠡᠷ ᠢ ᠰᠡᠷᠭᠡᠶᠢᠯᠡᠵᠦ ᠭᠠᠩ ᠲᠠᠢ ᠲᠡᠮᠡᠴᠡᠬᠦ ᠵᠢᠯᠤᠭᠤᠳᠬᠤ ᠲᠥᠪ ᠲᠤ ᠲᠥᠪᠯᠡᠷᠡᠨ ᠠᠵᠢᠯᠯᠠᠨ᠎ᠠ᠃ ᠦᠶᠡᠷ ᠰᠡᠷᠭᠡᠶᠢᠯᠡᠯᠲᠡ ᠶᠢᠨ Ⅰ ᠲᠠᠰ ᠤᠨ Ⅱ ᠲᠠᠰ ᠤᠨ | ᠪᠠᠴᠢᠮ ᠪᠠᠶᠢᠳᠠᠯ ᠢ ᠠᠷᠭᠠᠴᠠᠬᠤ ᠠᠵᠢᠯ ᠢ ᠡᠬᠢᠯᠡᠭᠦᠯᠦᠭᠰᠡᠨ ᠤ ᠳᠠᠷᠠᠭ᠎ᠠ᠂ ᠭᠠᠮᠰᠢᠭ ᠡᠭᠦᠰᠦᠭᠰᠡᠨ ᠪᠠᠶᠢᠳᠠᠯ ᠢ ᠦᠨᠳᠦᠰᠦᠯᠡᠨ᠂ ᠬᠤᠲᠠ ᠶᠢᠨ ᠤᠳᠤᠷᠢᠳᠤᠯᠭ᠎ᠠ ᠶᠢᠨ | ᠳᠠᠭᠠᠭᠤᠯᠤᠭᠰᠠᠨ ᠡᠮᠦᠨ᠎ᠡ ᠹᠷᠣᠨᠲ ᠤᠨ ᠠᠵᠢᠯᠯᠠᠬᠤ ᠳᠤᠭᠤᠶᠢᠯᠠᠩ ᠢ ᠲᠣᠮᠢᠯᠠᠵᠤ᠂ ᠲᠤᠬᠠᠢ ᠶᠢᠨ ᠲᠠᠯᠠᠪᠤᠷ ᠲᠤ ᠣᠴᠢᠭᠤᠯᠤᠨ ᠣᠷᠣᠨ ᠨᠤᠲᠤᠭ ᠢ ᠵᠢᠯᠣᠭᠤᠳᠤᠨ | ᠰᠢᠮᠳᠠᠭᠤᠯᠵᠤ ᠪᠠᠶᠢᠭᠠᠳ ᠦᠶᠡᠷ ᠢ ᠰᠡᠷᠭᠡᠶᠢᠯᠡᠵᠦ ᠠᠶᠤᠯ ᠠᠴᠠ ᠠᠪᠤᠷᠠᠬᠤ ᠠᠵᠢᠯ ᠢ ᠰᠠᠶᠢᠲᠤᠷ ᠬᠢᠯᠭᠡᠨ᠎ᠡ᠃ ᠭᠤᠷᠪᠠ ᠳᠤ ᠪᠠᠴᠢᠮ ᠪᠠᠶᠢᠳᠠᠯ ᠢ ᠠᠷᠭᠠᠴᠠᠬᠤ ᠲᠠᠯ᠎ᠠ ᠪᠠᠷ | ᠃ ᠤᠷᠢᠳᠴᠢᠯᠠᠨ ᠰᠡᠷᠡᠮᠵᠢᠯᠡᠭᠦᠯᠬᠦ ᠪᠠ ᠪᠠᠴᠢᠮ ᠪᠠᠶᠢᠳᠠᠯ ᠢ ᠠᠷᠭᠠᠴᠠᠬᠤ ᠶᠢᠨ ᠳᠠᠭᠠᠬᠤ ᠶᠢᠨ ᠬᠤᠯᠪᠤᠭᠠᠯᠠᠨ ᠬᠥᠳᠡᠯᠦᠯᠴᠡᠬᠦ ᠶᠢ ᠪᠠᠶᠢᠭᠤᠯᠵᠤ᠂ ᠪᠠᠴᠢᠮ ᠪᠠᠶᠢᠳᠠᠯ ᠢ | ᠠᠷᠭᠠᠴᠠᠬᠤ ᠶᠢᠨ ᠳᠠᠭᠠᠬᠤ ᠶᠢᠨ ᠪᠣᠭᠤᠮᠲᠠ ᠶᠢ ᠡᠬᠢᠯᠡᠭᠦᠯᠬᠦ ᠶᠢᠨ ᠬᠠᠮᠲᠤ ᠪᠣᠳᠠᠲᠠᠢ ᠲᠠᠢ ᠪᠠᠨ ᠤᠶᠠᠯᠳᠤᠭᠤᠯᠤᠨ ᠪᠠᠴᠢᠮ ᠪᠠᠶᠢᠳᠠᠯ ᠢ ᠠᠷᠭᠠᠴᠠᠬᠤ ᠶᠢᠨ ᠳᠠᠭᠠᠬᠤ ᠶᠢᠨ | ᠠᠷᠭ᠎ᠠ ᠬᠡᠮᠵᠢᠶ᠎ᠡ ᠶᠢ ᠤᠯᠠᠮ ᠨᠢᠭᠡ ᠠᠯᠬᠤᠮ ᠨᠠᠷᠢᠯᠢᠭᠵᠢᠭᠤᠯᠵᠤ᠂ ᠪᠠᠴᠢᠮ ᠪᠠᠶᠢᠳᠠᠯ ᠢⅣ ᠳᠡᠰ ᠤᠨ ᠪᠠᠴᠢᠮ ᠪᠠᠶᠢᠳᠠᠯ ᠢ ᠠᠷᠭᠠᠴᠠᠬᠤ ᠳᠤ ᠬᠤᠲᠠ ᠶᠢᠨ | ᠰᠡᠷᠭᠡᠶᠢᠯᠡᠯᠲᠡ ᠶᠢᠨ ᠠᠯᠪᠠᠨ ᠭᠡᠷ ᠤᠨ ᠡᠷᠬᠢᠯᠡᠭᠴᠢ ᠠᠴᠠ ᠭᠠᠷ ᠤᠨ ᠦᠰᠦᠭ ᠵᠢᠷᠤᠵᠤⅢ ᠲᠠᠰ ᠤᠨ ᠪᠠᠴᠢᠮ ᠪᠠᠶᠢᠳᠠᠯ ᠢ ᠠᠷᠭᠠᠴᠠᠬᠤ ᠳᠤ ᠳᠠᠭᠠᠬᠤ ᠶᠢ ᠳᠡᠳ᠋ | ᠶᠡᠷᠦᠩᠬᠡᠢ ᠵᠢᠯᠣᠭᠤᠳᠤᠭᠴᠢ ︵ᠬᠤᠲᠠ ᠶᠢᠨ ᠰᠡᠷᠭᠡᠶᠢᠯᠡᠯᠲᠡ ᠶᠢᠨ ᠠᠯᠪᠠᠨ ᠭᠡᠷ ᠤᠨ ᠡᠷᠬᠢᠯᠡᠭᠴᠢ︶ ᠠᠴᠠ ᠭᠠᠷ ᠤᠨ ᠥᠰᠥᠭ ᠵᠢᠷᠤᠵᠤ ᠡᠬᠢᠯᠡᠭᠦᠯᠦᠨ᠎ᠡ︔Ⅱ ᠲᠠᠰ ᠤᠨ | ᠪᠠᠴᠢᠮ ᠪᠠᠶᠢᠳᠠᠯ ᠢ ᠠᠷᠭᠠᠴᠠᠬᠤ ᠶᠢᠨ ᠳᠠᠭᠠᠬᠤ ᠶᠢ ᠪᠠᠶᠢᠩᠭᠤ ᠶᠢᠨ ᠳᠡᠳ᠋ ᠶᠡᠷᠦᠩᠬᠡᠢ ᠵᠢᠯᠣᠭᠤᠳᠤᠭᠴᠢ ᠭᠠᠷ ᠤᠨ ᠥᠰᠥᠭ ᠵᠢᠷᠤᠵᠤ ᠡᠬᠢᠯᠡᠭᠦᠯᠦᠨ᠎ᠡ︔Ⅰ ᠳᠡᠰ ᠤᠨ | ᠪᠠᠴᠢᠮ ᠪᠠᠶᠢᠳᠠᠯ ᠢ ᠠᠷᠭᠠᠴᠠᠬᠤ ᠶᠢᠨ ᠳᠠᠭᠠᠬᠤ ᠶᠢ ᠬᠤᠲᠠ ᠶᠢᠨ ᠰᠡᠷᠭᠡᠶᠢᠯᠡᠯᠲᠡ ᠶᠢᠨ ᠶᠡᠷᠦᠩᠬᠡᠢ ᠵᠢᠯᠣᠭᠤᠳᠤᠭᠴᠢ ᠠᠴᠠ ᠭᠠᠷ ᠤᠨ ᠦᠰᠦᠭ ᠵᠢᠷᠤᠵᠤ ᠡᠬᠢᠯᠡᠭᠦᠯᠦᠨ᠎ᠡ᠃ | ᠳᠥᠷᠪᠡ ᠳᠤ ᠠᠶᠤᠯ ᠠᠴᠠ ᠠᠪᠤᠷᠠᠨ ᠲᠤᠰᠠᠯᠠᠬᠤ ᠲᠠᠯ᠎ᠠ ᠪᠠᠷ᠃ ᠠᠶᠤᠯ ᠠᠴᠠ ᠠᠪᠤᠷᠠᠵᠤ ᠠᠪᠤᠷᠠᠨ ᠲᠤᠰᠠᠯᠠᠬᠤ ᠬᠦᠴᠦᠨ᠂ ᠠᠪᠤᠷᠠᠨ ᠲᠤᠰᠠᠯᠠᠬᠤ ᠶᠢ ᠥᠷᠨᠢᠭᠦᠯᠬᠦ᠂ | ᠠᠪᠤᠷᠠᠨ ᠲᠤᠰᠠᠯᠠᠬᠤ ᠶᠢ ᠬᠡᠷᠡᠭᠵᠢᠭᠦᠯᠬᠦ᠂ ᠪᠠᠶᠢᠳᠠᠯ ᠢ ᠪᠤᠢ ᠪᠣᠯᠭᠠᠬᠤ ᠲᠠᠯ᠎ᠠ ᠪᠠᠷ ᠪᠣᠳᠠᠲᠠᠢ ᠵᠠᠳᠠᠯᠤᠯᠲᠠ ᠪᠠ ᠲᠣᠭᠠᠴᠢᠯᠲᠠ ᠬᠢᠵᠡᠢ᠃ ᠲᠠᠪᠤ ᠳᠤ ᠪᠠᠴᠢᠮ ᠪᠠᠶᠢᠳᠠᠯ ᠢ | ᠠᠷᠭᠠᠴᠠᠬᠤ ᠪᠠᠲᠤᠯᠠᠭ᠎ᠠ ᠶᠢᠨ ᠡᠩᠨᠡᠭᠡᠨ ᠤ ᠪᠠᠲᠤᠯᠠᠭ᠎ᠠ᠂ ᠡᠳ᠋ ᠪᠣᠳᠠᠰ ᠤᠨ ᠪᠠᠲᠤᠯᠠᠭ᠎ᠠ᠂ ᠪᠡᠯᠡ ᠮᠥᠩᠭᠦᠨ ᠤ ᠪᠠᠲᠤᠯᠠᠭ᠎ᠠ᠂ ᠮᠡᠷᠭᠡᠵᠢᠯ ᠤᠨ ᠪᠠᠲᠤᠯᠠᠭ᠎ᠠ᠂ ᠠᠵᠢᠯᠲᠠᠨ ᠤ | ᠰᠢᠯᠵᠢᠯᠲᠡ ᠶᠢᠨ ᠪᠠᠲᠤᠯᠠᠭ᠎ᠠ᠂ ᠶᠡᠷᠦᠩᠬᠡᠶᠢᠯᠡᠭᠰᠡᠨ ᠪᠠᠲᠤᠯᠠᠭ᠎ᠠ ᠵᠡᠷᠭᠡ ᠬᠠᠮᠢᠶ᠎ᠠ ᠪᠦᠬᠦᠢ ᠠᠭᠤᠯᠭ᠎ᠠ ᠶᠢ ᠲᠣᠳᠣᠷᠬᠠᠶᠢᠯᠠᠪᠠ᠃ ᠵᠢᠷᠭᠤᠭ᠎ᠠ ᠳᠤ ᠰᠡᠭᠦᠯᠴᠢ ᠶᠢᠨ | ᠬᠤᠭᠤᠴᠠᠭᠠᠨ ᠤ ᠰᠢᠢᠳᠪᠦᠷᠢᠯᠡᠬᠦ ᠲᠠᠯ᠎ᠠ᠃ ᠭᠠᠮᠰᠢᠭ ᠠᠴᠠ ᠠᠪᠤᠷᠠᠨ ᠲᠤᠰᠠᠯᠠᠬᠤ᠂ ᠦᠶᠡᠷ ᠢ ᠰᠡᠷᠭᠡᠶᠢᠯᠡᠵᠦ ᠠᠶᠤᠯ ᠠᠴᠠ ᠠᠪᠤᠷᠠᠬᠤ ᠵᠢᠴᠢ ᠭᠠᠩ ᠬᠠᠭᠰᠠᠷᠠᠭᠠᠨ ᠲᠠᠢ | ᠲᠡᠮᠡᠴᠡᠬᠦ ᠡᠳ᠋ ᠪᠣᠳᠠᠰ ᠢ ᠨᠥᠬᠦᠪᠦᠷᠢᠯᠡᠬᠦ᠂ ᠤᠰᠤᠨ ᠳᠤ ᠡᠪᠳᠡᠭᠳᠡᠭᠰᠡᠨ ᠪᠠᠷᠢᠯᠭ᠎ᠠ ᠶᠢᠨ ᠲᠥᠬᠦᠭᠡᠷᠦᠮᠵᠢ ᠶᠢ ᠰᠡᠯᠪᠢᠨ ᠵᠠᠰᠠᠬᠤ᠂ ᠭᠠᠮᠰᠢᠭ ᠤᠨ ᠳᠠᠷᠠᠭᠠᠬᠢ ᠲᠠᠬᠢᠨ | ᠪᠦᠲᠦᠭᠡᠨ ᠪᠠᠶᠢᠭᠤᠯᠬᠤ᠂ ᠦᠶᠡᠷ ᠢ ᠰᠡᠷᠭᠡᠶᠢᠯᠡᠵᠦ ᠭᠠᠩ ᠬᠠᠭᠰᠠᠷᠠᠭᠠᠨ ᠲᠠᠢ ᠲᠡᠮᠡᠴᠡᠬᠦ ᠠᠵᠢᠯ ᠢ ᠦᠨᠡᠯᠡᠬᠦ ᠵᠡᠷᠭᠡ ᠰᠡᠭᠦᠯᠴᠢ ᠶᠢᠨ ᠬᠤᠭᠤᠴᠠᠭᠠᠨ ᠤ ᠰᠢᠢᠳᠪᠦᠷᠢᠯᠡᠬᠦ | ᠠᠵᠢᠯ ᠤᠨ ᠠᠷᠭ᠎ᠠ ᠬᠡᠮᠵᠢᠶ᠎ᠡ ᠶᠢ ᠡᠮᠬᠢᠯᠡᠨ ᠨᠡᠶᠢᠯᠡᠭᠦᠯᠵᠦ᠂ ᠨᠠᠷᠢᠯᠢᠭᠵᠢᠭᠤᠯᠤᠨ ᠲᠡᠭᠦᠯᠳᠡᠷᠵᠢᠭᠦᠯᠪᠡ᠃ | ︽ᠪᠠᠶᠠᠨᠨᠠᠭᠤᠷ ᠬᠤᠲᠠ ᠶᠢᠨ ᠦᠶᠡᠷ ᠢ ᠰᠡᠷᠭᠡᠶᠢᠯᠡᠨ ᠭᠠᠩ ᠲᠠᠢ ᠲᠡᠮᠡᠴᠡᠬᠦ ᠪᠠᠴᠢᠮ ᠪᠠᠶᠢᠳᠠᠯ ᠢ ᠠᠷᠭᠠᠴᠠᠬᠤ ᠲᠥᠰᠥᠯ ︵2023 ᠣᠨ ᠤ ᠬᠡᠪᠯᠡᠯ︶︾ ᠢ | ᠳᠠᠷᠤᠮᠠᠯᠯᠠᠨ ᠶᠠᠪᠤᠭᠤᠯᠬᠤ ᠲᠤᠬᠠᠢ ᠪᠠᠶᠠᠨᠨᠠᠭᠤᠷ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ ᠤᠨ ᠮᠡᠳᠡᠭᠳᠡᠯ | | | |