ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠤᠬᠠᠭᠤᠯᠵᠤ ᠲᠤᠭᠤᠰᠢᠯᠠᠭᠤᠯᠤᠨ᠂ ᠲᠠᠪᠤᠨ ᠶᠡᠭᠡ ᠡᠭᠦᠷᠭᠡ ᠶᠢᠨ ᠨᠠᠶᠢᠳᠠᠪᠤᠷᠢᠵᠢᠭᠤᠯᠤᠯᠲᠠ ᠶᠢ ᠠᠬᠢᠭᠤᠯᠤᠶ᠎ᠠ᠂ ᠬᠤᠲᠠ ᠶᠢᠨ ᠳᠥᠷᠪᠡᠳᠦᠭᠡᠷ ᠳᠤᠮᠳᠠᠳᠤ ᠰᠤᠷᠭᠠᠭᠤᠯᠢ  ᠳᠥᠷᠪᠡᠳᠦᠭᠡᠷ ᠪᠠᠭ᠎ᠠ ᠰᠤᠷᠭᠠᠭᠤᠯᠢ ᠳᠥᠷᠪᠡᠳᠦᠭᠡᠷ ᠬᠡᠦᠬᠡᠳ ᠤᠨ ᠴᠡᠴᠡᠷᠯᠢᠭ ᠤᠨ ᠪᠦᠲᠦᠭᠡᠨ ᠪᠠᠶᠢᠭᠤᠯᠤᠯᠳᠡ ᠪᠠᠷᠢᠯᠭ᠎ᠠ ᠪᠠᠨ ᠡᠬᠢᠯᠡᠭᠦᠯᠪᠡ
ᠨᠡᠶᠢᠲᠡᠯᠡᠭᠰᠡᠨ ᠴᠠᠭ᠄
2023/8/16
      7 ᠰᠠᠷ᠎ᠠ ᠶᠢᠨ 30 ᠤ ᠡᠳᠦᠷ᠂ ᠪᠠᠶᠠᠨᠨᠠᠭᠤᠷ ᠬᠤᠲᠠ ᠶᠢᠨ ᠳᠥᠷᠪᠡᠳᠦᠭᠡᠷ ᠳᠤᠮᠳᠠᠳᠤ ᠰᠤᠷᠭᠠᠭᠤᠯᠢ᠂ ᠳᠥᠷᠪᠡᠳᠦᠭᠡᠷ ᠪᠠᠭ᠎ᠠ ᠰᠤᠷᠭᠠᠭᠤᠯᠢ᠂ ᠳᠥᠷᠪᠡᠳᠦᠭᠡᠷ ᠬᠡᠦᠬᠡᠳ ᠤᠨ ᠴᠡᠴᠡᠷᠯᠢᠭ ᠤᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠵᠢᠩᠬᠢᠨᠢ ᠪᠠᠷ ᠠᠵᠢᠯ ᠡᠬᠢᠯᠡᠪᠡ᠃ ᠣᠶᠢᠯᠠᠭᠠᠭᠰᠠᠨ ᠢᠶᠠᠷ᠂ ᠲᠤᠰ ᠲᠥᠷᠥᠯ ᠵᠦᠢᠯ ᠨᠢ ᠯᠢᠨ ᠾᠧ ᠲᠣᠭᠤᠷᠢᠭ ᠤᠨ ᠤᠯᠠᠭᠠᠨᠪᠤᠬ᠎ᠠ ᠵᠠᠮ ᠬᠢᠭᠡᠳ ᠯᠢ ᠮᠢᠨ ᠪᠠᠷᠠᠭᠤᠨ ᠵᠡᠭᠡᠯᠢ ᠶᠢᠨ ᠠᠭᠤᠯᠵᠠᠷ ᠤᠨ ᠪᠠᠷᠠᠭᠤᠨ ᠬᠤᠶᠢᠲᠤ ᠲᠠᠯ᠎ᠠ ᠳᠤ ᠪᠤᠶ᠃ ᠡᠨᠡ ᠭᠤᠷᠪᠠᠨ ᠰᠤᠷᠭᠠᠭᠤᠯᠢ ᠶᠢ 2024 ᠣᠨ ᠤ 9 ᠰᠠᠷ᠎ᠠ ᠳᠤ ᠪᠠᠶᠢᠭᠤᠯᠵᠤ ᠳᠠᠭᠤᠰᠬᠠᠭᠠᠳ ᠠᠰᠢᠭᠯᠠᠯᠲᠠ ᠳᠤ ᠣᠷᠣᠭᠤᠯᠬᠤ ᠪᠠᠷ ᠲᠥᠯᠥᠪᠯᠡᠵᠦ᠂ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠱᠠᠲᠤᠨ ᠤ 2580 ᠡᠷᠳᠡᠮ ᠤᠨ ᠴᠣᠯᠠ᠂ ᠰᠤᠷᠬᠤ ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠤᠨ 360 ᠡᠷᠳᠡᠮ ᠤᠨ ᠴᠣᠯᠠ ᠶᠢ ᠬᠠᠩᠭᠠᠵᠤ᠂ ᠲᠥᠷᠥᠯ ᠵᠦᠢᠯ ᠢ ᠪᠠᠶᠢᠭᠤᠯᠤᠭᠰᠠᠨ ᠤ ᠳᠠᠷᠠᠭ᠎ᠠ ᠯᠢᠨ ᠾᠧ  ᠬᠤᠲᠠ  ᠶᠢᠨ  ᠲᠣᠭᠤᠷᠢᠭ  ᠤᠨ  ᠰᠤᠷᠭᠠᠭᠤᠯᠢ  ᠶᠢᠨ  ᠪᠠᠶᠢᠷᠢᠰᠢᠯ  ᠢ  ᠤᠯᠠᠮ  ᠨᠢᠭᠡ  ᠠᠯᠬᠤᠮ  ᠰᠢᠯᠢᠳᠡᠭᠵᠢᠭᠦᠯᠵᠦ᠂ ᠯᠢᠨ ᠾᠧ ᠬᠤᠲᠠ ᠶᠢᠨ ᠲᠣᠭᠤᠷᠢᠭ ᠤᠨ ᠡᠷᠳᠡᠮ ᠤᠨ ᠴᠣᠯᠠ ᠬᠦᠷᠦᠯᠴᠡᠬᠦ ᠦᠭᠡᠢ ᠪᠠᠶᠢᠬᠤ ᠵᠥᠷᠢᠴᠡᠯ ᠢ ᠰᠢᠢᠳᠪᠦᠷᠢᠯᠡᠨ᠂ ᠰᠤᠷᠭᠠᠭᠤᠯᠢ ᠳᠤ ᠣᠷᠣᠬᠤ ᠨᠠᠰᠤᠨ ᠤ ᠬᠡᠦᠬᠡᠳ ᠤᠨ ᠰᠤᠷᠭᠠᠭᠤᠯᠢ ᠳᠤ ᠣᠷᠣᠬᠤ ᠬᠡᠷᠡᠭᠴᠡᠭᠡ ᠶᠢ ᠬᠠᠩᠭᠠᠨ᠎ᠠ᠃      ᠵᠢᠶᠠᠩᠰᠢ ᠶᠢᠨ ᠪᠠᠷᠢᠯᠭ᠎ᠠ ᠶᠢᠨ ᠠᠵᠤ ᠦᠢᠯᠡᠳᠪᠦᠷᠢ ᠶᠢᠨ ᠨᠢᠭᠡᠳᠦᠭᠡᠷ ᠪᠠᠷᠢᠯᠭ᠎ᠠ ᠶᠢᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠶᠢᠨ ᠲᠦᠷᠦᠯ ᠵᠦᠢᠯ ᠤᠨ ᠳᠠᠭᠠᠭᠠᠮᠠᠯ ᠯᠢᠦ ᠫᠧᠢ  ᠶᠢᠨ ᠲᠠᠨᠢᠯᠴᠠᠭᠤᠯᠬᠤ ᠪᠠᠷ᠂ ᠣᠳᠣᠬᠠᠨ ᠳᠤ ᠪᠠᠷᠢᠯᠭ᠎ᠠ ᠶᠢᠨ ᠲᠠᠯᠠᠪᠠᠢ ᠨᠢᠭᠡᠨᠲᠡ ᠲᠡᠭᠰᠢ ᠪᠣᠯᠵᠤ᠂ ᠠᠵᠢᠯ ᠡᠬᠢᠯᠡᠭᠦᠯᠬᠦ ᠨᠥᠬᠦᠴᠡᠯ ᠪᠦᠷᠢᠳᠦᠭᠰᠡᠨ ᠪᠠᠶᠢᠨ᠎ᠠ᠂ ᠠᠵᠢᠯ ᠡᠬᠢᠯᠡᠭᠦᠯᠬᠦ ᠶᠠᠪᠤᠴᠠ ᠳᠤ᠂ ᠮᠠᠨ ᠤ ᠺᠣᠮᠫᠠᠨᠢ ᠴᠢᠩᠭ᠎ᠠ ᠱᠠᠭᠠᠷᠳᠠᠵᠤ᠂ ᠨᠠᠷᠢᠯᠢᠭ ᠬᠠᠮᠢᠶᠠᠷᠴᠤ᠂ ᠶᠠᠰᠤ ᠴᠢᠨᠠᠷ ᠠᠮᠤᠷ ᠲᠦᠪᠰᠢᠨ ᠢ ᠪᠠᠲᠤᠯᠠᠭᠰᠠᠨ ᠤᠷᠢᠲᠠᠯ ᠳᠣᠣᠷ᠎ᠠ᠂ ᠡᠨᠡ ᠵᠢᠯ ᠤᠨ ᠰᠡᠭᠦᠯᠴᠢ ᠪᠠᠷ ᠪᠦᠬᠦᠨ ᠢ ᠪᠡᠶᠡᠯᠡᠭᠦᠯᠵᠦ᠂ ᠢᠷᠡᠬᠦ ᠵᠢᠯ ᠤᠨ 7 ᠰᠠᠷ᠎ᠠ ᠳᠤ ᠠᠵᠢᠯ ᠢᠶᠠᠨ ᠲᠤᠰᠢᠶᠠᠬᠤ ᠪᠠᠷ ᠲᠥᠯᠥᠪᠯᠡᠵᠦ ᠪᠤᠢ ᠭᠡᠵᠤ ᠪᠠᠶᠢᠯ᠎ᠠ᠃
ᠢᠷᠡᠯᠲᠡ᠄ ᠪᠠᠶᠠᠨᠨᠠᠭᠤᠷ ᠤᠨ ᠮᠣᠩᠭᠤᠯ ᠷᠠᠳᠢᠣ᠋ ᠲᠧᠯᠸᠢᠰ