ᠬᠤᠲᠠ ᠶᠢᠨ ᠨᠠᠮ ᠤᠨ ᠬᠤᠷᠢᠶᠠᠨ ᠤ ᠲᠠᠪᠤᠳᠤᠭᠠᠷ ᠬᠤᠭᠤᠴᠠᠭᠠᠨ ᠤ ᠲᠠᠪᠤᠳᠤᠭᠠᠷ ᠪᠦᠭᠦᠳᠡ ᠬᠤᠷᠠᠯ ᠠᠴᠠ ︽ᠲᠠᠷᠢᠶᠠᠨ ᠭᠠᠵᠠᠷ᠂ ᠤᠰᠤ᠂ | ᠲᠠᠷᠢᠶᠠᠨ ᠦᠷ᠎ᠡ᠂ ᠠᠮᠤ ᠪᠤᠳᠠᠭ᠎ᠠ᠂ ᠮᠢᠬ᠎ᠠ᠂ ᠰᠦ︾ ᠵᠡᠷᠭᠡ ᠵᠢᠷᠭᠤᠭᠠᠨ ᠭᠤᠣᠯᠳᠠᠯᠭ᠎ᠠ ᠶᠢᠨ ᠲᠤᠭᠤᠷᠢᠨ ᠳᠤ ᠦᠷᠭᠦᠯᠵᠢᠯᠡᠨ ᠲᠤᠭ᠎ᠠ ᠬᠡᠮᠵᠢᠶ᠎ᠡ ᠶᠢ ᠶᠡᠭᠡᠰᠭᠡᠵᠤ᠂ | ᠬᠤᠳᠠᠯᠳᠤᠭᠠᠨ ᠤ ᠶᠠᠰᠤ ᠴᠢᠨᠠᠷ ᠢ ᠳᠡᠭᠡᠭᠰᠢᠯᠡᠭᠦᠯᠦᠨ᠂ ᠤᠨᠠᠯᠳᠠ ᠶᠢ ᠨᠡᠮᠡᠭᠳᠡᠭᠦᠯᠵᠦ᠂ ᠬᠠᠲᠤᠨ ᠭᠤᠣᠯ ᠤᠨ ᠰᠠᠪᠠ ᠭᠠᠵᠠᠷ ᠤᠨ ᠣᠲᠣ ᠦᠶ᠎ᠡ ᠶᠢᠨ ᠥᠨᠳᠥᠷ | ᠪᠦᠲᠦᠮᠵᠢᠲᠡᠶ ᠲᠠᠷᠢᠶᠠᠯᠠᠩ ᠤᠨ ᠲᠥᠪᠯᠡᠷᠡᠭᠰᠡᠨ ᠣᠷᠣᠨ ᠢ ᠲᠦᠷᠭᠡᠪᠴᠢᠯᠡᠨ ᠪᠠᠶᠢᠭᠤᠯᠵᠤ᠂ ᠦᠷ᠎ᠡ ᠬᠤᠶᠢᠴᠢᠰ ᠤᠨ ᠢᠶᠠᠨ ᠲᠦᠯᠦᠭᠡ ᠪᠣᠷᠣᠳᠣᠬᠤᠢ ᠶᠢᠨ | ᠤᠰᠤᠯᠠᠯᠲᠠ ᠶᠢᠨ ᠣᠷᠣᠨ ᠤ ᠮᠢᠩᠭᠠᠨ ᠣᠨ ᠤ ᠰᠠᠭᠤᠷᠢ ᠦᠢᠯᠡᠰ ᠢ ᠰᠠᠶᠢᠲᠤᠷ ᠰᠠᠭᠢᠬᠤ ᠭᠡᠷᠡᠭᠳᠠᠢ ᠭᠡᠵᠤ ᠲᠤᠷᠠᠳᠪᠠ᠃ ᠬᠤᠷᠠᠯ ᠤᠨ ᠵᠣᠷᠢᠭ ᠰᠠᠨᠠᠭ᠎ᠠ ᠶᠢ | ᠲᠤᠤᠱᠯᠠᠭᠤᠯᠤᠨ ᠨᠠᠶᠢᠳᠠᠪᠤᠷᠢᠵᠢᠭᠤᠯᠵᠤ᠂ ᠮᠠᠨ ᠤ ᠬᠤᠲᠠ ᠡᠬᠢ ᠪᠠᠶᠠᠯᠢᠭ ᠤᠨ ᠳᠠᠪᠠᠭᠤᠯᠢᠭ ᠲᠠᠭᠠᠨ ᠲᠦᠰᠢᠭᠯᠡᠨ᠂ ᠴᠢᠨᠠᠷ ᠰᠠᠶᠢᠲᠠᠢ ᠰᠦ ᠶᠢᠨ ᠡᠬᠢ ᠰᠤᠷᠪᠤᠯᠵᠢ ᠶᠢᠨ | ᠰᠠᠭᠤᠷᠢᠨ ᠭᠠᠵᠠᠷ ᠢ ᠪᠦᠲᠦᠭᠡᠨ ᠪᠠᠶᠢᠭᠤᠯᠬᠤ᠂ ᠰᠢᠯᠢᠳᠡᠭ ᠡᠭᠦᠯᠳᠡᠷ ᠢ ᠪᠤᠶᠢᠵᠢᠭᠤᠯᠬᠤ᠂ ᠪᠥᠭᠡᠮᠨᠡᠷᠡᠨ ᠭᠦᠭᠵᠢᠭᠦᠯᠭᠦ ᠳᠤ ᠠᠩᠬᠠᠷᠤᠯ ᠢᠶᠠᠨ ᠬᠠᠨᠳᠤᠭᠤᠯᠵᠤ᠂ ᠰᠦ ᠶᠢᠨ | ᠦᠢᠯᠡᠰ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ ᠨᠡᠶᠢᠯᠡᠮᠡᠯ ᠬᠦᠴᠦᠨ ᠢ ᠪᠣᠶ ᠪᠣᠯᠭᠠᠵᠤ᠂ ᠤᠯᠤᠰ ᠤᠨ ︽ᠪᠣᠬᠢᠷᠲᠤᠯ ᠦᠭᠡᠢ ᠰᠦ ᠶᠢᠨ ᠡᠬᠢ | ᠰᠤᠷᠪᠤᠯᠵᠢ ᠶᠢᠨ ᠰᠠᠭᠤᠷᠢᠨ ᠭᠠᠵᠠᠷ︾ ᠢ ᠪᠥᠬᠦ ᠬᠦᠴᠦᠨ ᠢᠶᠠᠷ ᠵᠶ᠋ᠡᠨᠴᠣᠭᠴᠠᠯᠠᠨᠠ᠃ | ᠥᠪᠥᠷ ᠮᠣᠩᠭᠤᠯ ᠤᠨ ᠭᠤᠸᠠᠨ ᠮᠤ᠋ ᠮᠠᠯ ᠠᠵᠤ ᠠᠬᠤᠢ ᠶᠢᠨ ᠬᠢᠵᠠᠭᠠᠷᠲᠤ ᠺᠣᠮᠫᠠᠨᠢ ᠶᠢᠨ ᠰᠦ ᠰᠠᠭᠠᠬᠤ ᠲᠢᠩᠬᠢᠮ ᠳᠤ ᠤᠷᠤᠬᠤ ᠳᠤ᠂ ᠰᠠᠭᠠᠯᠢ ᠶᠢᠨ | ᠦᠨᠢᠶ᠎ᠡ ᠶᠢ ᠰᠢᠯᠭᠠᠨ ᠪᠠᠶᠢᠴᠠᠭᠠᠬᠤ᠂ ᠰᠦ ᠰᠠᠭᠠᠬᠤ᠂ ᠡᠮᠲᠦ ᠤᠬᠢᠶᠠᠯᠭ᠎ᠠ ᠭᠢᠭᠦ ᠵᠡᠷᠭᠡ ᠠᠯᠬᠤᠮ ᠢᠶᠠᠷ ᠶᠠᠪᠤᠭᠳᠠᠭᠤᠯᠤᠭᠰᠠᠨ ᠤ ᠳᠠᠷᠠᠭ᠎ᠠ᠂ ᠦᠢᠯᠡᠳᠪᠦᠷᠢᠯᠡᠭᠰᠡᠨ | ᠰᠢᠨ᠎ᠡ ᠰᠣᠷᠭᠤᠭ ᠦᠨᠢᠶᠡᠨ ᠰᠦ ᠶᠢ ᠪᠦᠭᠦ ᠮᠠᠰᠢᠨ ᠢᠶᠠᠷ ᠲᠠᠮᠵᠢᠭᠤᠯᠤᠨ ᠮᠥᠩᠭᠦᠨ ᠥᠩᠭᠡᠲᠡᠢ ᠠᠭᠠᠷ ᠦᠭᠡᠢ ᠬᠤᠭᠤᠯᠠᠢ ᠳᠤ ᠴᠤᠭᠯᠠᠭᠤᠯᠵᠤ᠂ ᠲᠦᠭᠦᠬᠡᠢ ᠰᠦ | ᠰᠠᠪᠠᠯᠠᠵᠤ ᠵᠦᠭᠡᠭᠡᠪᠦᠷᠢᠯᠡᠭᠦ ᠲᠡᠷᠭᠡ ᠪᠠᠷ ᠢ ᠯᠢ ᠰᠦ ᠶᠢᠨ ᠦᠢᠯᠡᠰ ᠲᠤ ᠭᠦᠷᠭᠡᠵᠤ ᠪᠠᠶᠢᠯ᠎ᠠ᠃ ᠭᠤᠸᠠᠨ ᠮᠤ᠋ ᠮᠠᠯ ᠠᠵᠤ ᠠᠬᠤᠢ ᠶᠢᠨ ᠬᠢᠵᠠᠭᠠᠷᠲᠤ ᠺᠣᠮᠫᠠᠨᠢ ᠶᠢᠨ | ᠨᠢᠭᠡᠳᠦᠭᠡᠷ ᠬᠤᠭᠤᠴᠠᠭᠠᠨ ᠤ ᠲᠥᠷᠥᠯ ᠵᠦᠢᠯ ᠤᠨ ᠲᠠᠯᠠᠪᠠᠶ ᠨᠢ 600 ᠮᠦ ᠪᠠᠶᠢᠵᠤ᠂ ᠶᠡᠷᠦᠩᠬᠡᠢ ᠪᠡᠯᠡ ᠣᠷᠣᠭᠤᠯᠤᠯᠲᠠ ᠨᠢ 1.4 ᠳ᠋ᠦᠩᠰᠢᠭᠤᠷ ᠲᠥᠭᠦᠷᠢᠭ᠂ | ᠡᠳᠦᠷ ᠲᠤ 64 ᠲᠣᠨ ᠰᠢᠨ᠎ᠡ ᠰᠤᠷᠭᠤᠭ ᠰᠦ ᠤᠶᠢᠯᠡᠳᠪᠤᠷᠢᠯᠡᠳᠡᠭ᠃ | ᠥᠪᠥᠷ ᠮᠣᠩᠭᠤᠯ ᠤᠨ ᠭᠤᠸᠠᠨ ᠮᠤ᠋ ᠮᠠᠯ ᠠᠵᠤ ᠠᠬᠤᠢ ᠶᠢᠨ ᠬᠢᠵᠠᠭᠠᠷᠲᠤ ᠺᠣᠮᠫᠠᠨᠢ ᠶᠢᠨ ᠶᠡᠷᠦᠩᠬᠡᠢ ᠳᠠᠭᠠᠭᠠᠮᠠᠯ ᠷᠧᠨ ᠵᠢᠶᠦ᠋ᠨ ᠮᠢᠩ ᠰᠤᠷᠪᠤᠯᠵᠢᠯᠠᠭᠴᠢ ᠳᠤ | ᠣᠳᠣᠬᠠᠨ ᠳᠤ᠂ ᠦᠬᠡᠷ ᠤᠨ ᠬᠠᠰᠢᠶ᠎ᠠ᠂ ᠡᠪᠡᠰᠦᠨ ᠤ ᠫᠧᠩ ᠢ ᠨᠢᠭᠡᠨᠲᠡ ᠪᠠᠶᠢᠭᠤᠯᠵᠤ ᠳᠠᠭᠤᠰᠬᠠᠪᠠ᠃ ᠵᠢᠱᠢᠯᠲᠡ ᠪᠠᠷ 8 ᠰᠠᠷ᠎ᠠ ᠳᠤ ᠤᠶᠢᠯᠡᠳᠪᠤᠷᠢᠯᠡᠯ ᠢᠶᠠᠨ | ᠡᠭᠢᠯᠡᠭᠦᠯᠵᠤ᠂ ᠲᠤᠬᠠᠢ ᠶᠢᠨ ᠦᠶ᠎ᠡ ᠳᠤ ᠰᠠᠭᠠᠯᠢ ᠶᠢᠨ ᠦᠨᠢᠶ᠎ᠡ 4500 ᠣᠷᠴᠢᠮ ᠭᠦᠷᠴᠤ᠂ ᠡᠳᠦᠷ ᠲᠤ 80 ᠲᠤᠨ ᠰᠢᠨ᠎ᠡ ᠰᠤᠷᠭᠤᠭ ᠰᠦ ᠤᠶᠢᠯᠡᠳᠪᠤᠷᠢᠯᠡᠨ᠎ᠡ | ᠭᠡᠪᠡ᠃ | ᠳ᠋ᠧᠩᠺᠸᠤ ᠰᠢᠶᠠᠨ ᠰᠦ ᠶᠢᠨ ᠦᠢᠯᠡᠰ ᠤᠨ ᠴᠢᠨᠠᠷ ᠰᠠᠶᠢᠲᠠᠢ ᠬᠥᠭᠵᠢᠯᠲᠡ ᠪᠠᠷ ᠭᠤᠣᠯ ᠪᠣᠯᠭᠠᠵᠤ᠂ 47.5 ᠳ᠋ᠦᠩᠰᠢᠭᠤᠷ ᠲᠥᠭᠦᠷᠢᠭ ᠤᠨ ᠶᠡᠷᠦᠩᠬᠡᠢ ᠪᠡᠯᠡ | ᠤᠷᠤᠭᠤᠯᠤᠭᠰᠠᠨ ᠳᠤᠮᠳᠠᠳᠤ ᠤᠯᠤᠰ ᠤᠨ ᠤᠯᠠᠭᠠᠨᠪᠤᠬ᠎ᠠ ᠶᠢᠨ ᠮᠥ᠋ᠩ ᠨᠢᠦ ᠤᠳᠤ ᠦᠶ᠎ᠡ ᠶᠢᠨ ᠮᠠᠯ ᠠᠵᠤ ᠠᠬᠤᠢ ᠶᠢᠨ ᠠᠵᠤ ᠦᠢᠯᠡᠰ ᠤᠨ ᠬᠦᠷᠢᠶᠡᠯᠡᠩ ᠤᠨ | ᠥᠨᠳᠥᠷ ᠪᠠᠷᠢᠮᠵᠢᠶᠠᠲᠤ ᠰᠠᠭᠠᠯᠢ ᠶᠢᠨ ᠦᠨᠢᠶ᠎ᠡ ᠲᠡᠵᠢᠭᠡᠨ ᠦᠷᠡᠵᠢᠭᠦᠯᠬᠦ ᠬᠦᠷᠢᠶᠡᠯᠡᠩ᠂ 15 ᠳ᠋ᠦᠩᠰᠢᠭᠤᠷ ᠲᠥᠭᠦᠷᠢᠭ ᠤᠨ ᠶᠡᠷᠤᠩᠭᠡᠢ ᠪᠡᠯᠡ ᠣᠷᠣᠭᠤᠯᠤᠭᠰᠠᠨ | ᠮᠧᠩ ᠨᠢᠦ ᠱᠧᠩ ᠮᠦ ᠳᠡᠭᠡᠳᠦ ᠰᠢᠨᠵᠢᠯᠡᠬᠦ ᠮᠡᠷᠭᠡᠵᠢᠯ ᠤᠨ ᠠᠵᠤ ᠦᠢᠯᠡᠰ ᠤᠨ ᠬᠦᠷᠢᠶᠡᠯᠡᠩ ᠢ ᠭᠤᠤᠯᠳᠠᠯᠭ᠎ᠠ ᠲᠠᠢ ᠪᠦᠳᠦᠭᠡᠨ ᠪᠠᠶᠢᠭᠤᠯᠵᠤ ᠪᠠᠶᠢᠨ᠎ᠠ᠃ ᠤᠳᠤᠬᠠᠨ | ᠪᠤᠯᠳᠠᠯ᠎ᠠ᠂ ᠨᠢᠭᠡᠨᠲᠡ ᠠᠳᠠᠯᠢ ᠪᠤᠰᠤ ᠬᠡᠪᠴᠢᠶᠡᠵᠢᠭᠰᠡᠨ ᠰᠠᠭᠠᠯᠢ ᠶᠢᠨ ᠦᠨᠢᠶᠡᠨ ᠤ ᠮᠠᠯᠵᠢᠯ ᠤᠨ ᠲᠠᠯᠠᠪᠠᠶ ᠶᠢ 50 ᠪᠠᠶᠢᠭᠤᠯᠵᠤ᠂ 15.53 ᠲᠦᠮᠡᠨ ᠰᠠᠭᠠᠯᠢ ᠶᠢᠨ | ᠦᠨᠢᠶ᠎ᠡ ᠲᠠᠢ ᠪᠠᠶᠢᠵᠤ᠂ ᠵᠢᠯ ᠤᠨ ᠡᠴᠦᠰ ᠪᠣᠯᠬᠤ ᠳᠤ ᠵᠢᠯ ᠳᠤ 72.5 ᠲᠦᠮᠡᠨ ᠲᠣᠨ ᠰᠢᠨ᠎ᠡ ᠰᠣᠷᠭᠤᠭ ᠰᠦ ᠤᠶᠢᠯᠡᠳᠪᠤᠷᠢᠯᠡᠭᠦ ᠪᠠᠷ ᠪᠠᠶᠢᠨ᠎ᠠ᠃ | ᠳ᠋ᠧᠩᠺᠸᠤ ᠰᠢᠶᠠᠨ ᠤ ᠲᠠᠷᠢᠶᠠᠯᠠᠩ ᠮᠠᠯ ᠠᠵᠤ ᠠᠬᠤᠢ ᠪᠠ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶᠠᠨ ᠤ ᠳᠠᠷᠤᠭ᠎ᠠ ᠭᠤᠸ ᠢ ᠸᠧᠨ ᠰᠤᠷᠪᠤᠯᠵᠢᠯᠠᠭᠴᠢ | ᠳᠤ ᠣᠳᠣᠬᠠᠨ ᠳᠤ ᠡᠯ᠎ᠡ ᠲᠥᠷᠥᠯ ᠤᠨ ᠨᠥᠬᠦᠪᠦᠷᠢ ᠶᠢ ᠨᠠᠶᠢᠳᠠᠪᠤᠷᠢᠵᠢᠭᠤᠯᠤᠭᠰᠠᠨ ᠨᠢ ᠨᠡᠶᠢᠲᠡ 1 ᠳ᠋ᠦᠩᠰᠢᠭᠤᠷ ᠲᠥᠭᠦᠷᠢᠭ ᠢ ᠳᠠᠪᠠᠵᠠᠢ᠂ ᠳ᠋ᠧᠩᠺᠸᠤ ᠨᠢ ᠨᠢᠭᠡᠨᠲᠡ | ᠪᠥᠬᠦ ᠤᠯᠤᠰ ᠤᠨ ᠬᠠᠮᠤᠭ ᠤᠨ ᠲᠣᠮᠣ ᠣᠷᠭᠠᠨᠢᠭ ᠰᠦ ᠦᠢᠯᠡᠳᠪᠦᠷᠢᠯᠡᠵᠦ ᠪᠣᠯᠪᠠᠰᠤᠷᠠᠭᠤᠯᠬᠤ ᠰᠠᠭᠤᠷᠢᠨ ᠭᠠᠵᠠᠷ ᠪᠣᠯᠵᠠᠢ᠂ ᠵᠢᠱᠢᠯᠲᠡ ᠪᠠᠷ ᠢᠷᠡᠬᠦ 3 ᠵᠢᠯ ᠤᠨ | ᠳᠣᠲᠣᠷ᠎ᠠ ᠡᠳᠦᠷ ᠲᠤ 3000 ᠲᠣᠨ ᠠᠴᠠ ᠲᠡᠭᠡᠭᠰᠢ ᠰᠢᠨ᠎ᠡ ᠰᠤᠷᠭᠤᠭ ᠰᠦ ᠦᠢᠯᠡᠳᠪᠦᠷᠢᠯᠡᠬᠦ ᠶᠢ ᠪᠡᠶᠡᠯᠡᠭᠦᠯᠵᠤ᠂ ᠵᠢᠯ ᠤᠨ ᠦᠢᠯᠡᠳᠬᠦᠨ ᠤ ᠦᠷᠳᠡᠭ ᠨᠢ 40 | ᠳ᠋ᠦᠩᠰᠢᠭᠤᠷ ᠲᠥᠭᠦᠷᠢᠭ ᠢ ᠲᠠᠪᠠᠭ᠋ᠤ ᠪᠣᠯᠣᠨ᠎ᠠ ᠭᠡᠪᠡ᠃ | 2023 ᠣᠨ ᠳᠤ ᠮᠠᠨ ᠤ ᠬᠤᠲᠠ ᠵᠠᠭᠤᠨ ᠳ᠋ᠦᠩᠰᠢᠭᠤᠷ ᠳᠡᠰ ᠤᠨ ᠰᠦᠨ ᠤ ᠠᠵᠤ ᠦᠢᠯᠡᠰ ᠤᠨ ᠰᠦᠷᠦᠭᠵᠢᠯ ᠢ ᠪᠤᠶ ᠪᠣᠯᠭᠠᠬᠤ ᠭᠤᠣᠯ ᠱᠤᠭᠤᠮ ᠤᠨ | ᠲᠣᠭᠤᠷᠢᠨ ᠳᠤ᠂ ᠪᠥᠬᠦ ᠠᠵᠤ ᠦᠢᠯᠡᠰ ᠤᠨ ᠬᠡᠯᠬᠢᠶ᠎ᠡ ᠶᠢ ᠵᠣᠬᠢᠴᠠᠯᠳᠤᠭᠤᠯᠤᠨ ᠬᠥᠭᠵᠢᠭᠦᠯᠬᠦ ᠱᠠᠭᠠᠷᠳᠠᠯᠭ᠎ᠠ ᠶᠣᠰᠣᠭᠠᠷ᠂ ᠦᠢᠯᠡᠳᠪᠦᠷᠢ ᠪᠠᠶᠢᠭᠤᠯᠬᠤ ᠪᠠᠷ ᠰᠠᠭᠤᠷᠢᠨ | ᠭᠠᠵᠠᠷ ᠤᠨ ᠪᠦᠲᠦᠭᠡᠨ ᠪᠠᠶᠢᠭᠤᠯᠤᠯᠲᠠ ᠶᠢ ᠠᠭᠢᠭᠤᠯᠬᠤ᠂ ᠰᠠᠭᠤᠷᠢᠨ ᠭᠠᠵᠠᠷ ᠪᠠᠶᠢᠭᠤᠯᠬᠤ ᠪᠠᠷ ᠲᠠᠷᠢᠶᠠᠴᠢᠳ ᠤᠨ ᠦᠢᠯᠡᠳᠪᠦᠷᠢᠯᠡᠯ ᠢ ᠲᠡᠮᠵᠢᠭᠦ ᠪᠠᠷ | ᠲᠠᠮᠵᠢᠨ᠂ ︽ᠲᠠᠷᠢᠶᠠᠨ ᠭᠠᠵᠠᠷ ᠢ ᠰᠠᠶᠢᠵᠢᠷᠠᠭᠤᠯᠵᠤ᠂ ᠡᠪᠡᠰᠦ ᠰᠠᠶᠢᠨ ᠲᠠᠷᠢᠵᠦ᠂ ᠦᠬᠡᠷ ᠢᠶᠠᠨ ᠰᠠᠶᠢᠨ ᠲᠡᠵᠢᠭᠡᠵᠦ᠂ ᠴᠢᠨᠠᠷ ᠰᠠᠶᠢᠳᠠᠢ ᠰᠦ ᠬᠤᠳᠠᠯᠳᠤᠬᠤ︾ | ᠠᠵᠤ ᠦᠢᠯᠡᠰ ᠤᠨ ᠬᠡᠯᠬᠢᠶ᠎ᠡ ᠶᠢ ᠪᠤᠢ ᠪᠤᠯᠭᠠᠨ᠂ ᠥᠷᠭᠡᠨ ᠤᠯᠠᠨ ᠮᠠᠯᠴᠢᠨ ᠲᠠᠷᠢᠶᠠᠴᠢᠳ ᠲᠤ ᠰᠦ ᠶᠢᠨ ᠦᠢᠯᠡᠰ ᠤᠨ ᠭᠦᠭᠵᠢᠯᠳᠡ ᠶᠢᠨ ᠠᠰᠢᠭ ᠢ ᠬᠠᠮᠲᠤᠪᠠᠷ | ᠡᠳ᠋ᠯᠡᠭᠦᠯᠦᠨ᠎ᠡ᠃ 6 ᠰᠠᠷ᠎ᠠ ᠶᠢᠨ ᠡᠴᠦᠰ ᠪᠤᠯᠳᠠᠯ᠎ᠠ᠂ ᠪᠥᠬᠦ ᠬᠤᠲᠠ ᠶᠢᠨ ᠰᠠᠭᠠᠯᠢ ᠶᠢᠨ ᠦᠨᠢᠶ᠎ᠡ ᠶᠢᠨ ᠲᠤᠭ᠎ᠠ 32.25 ᠲᠦᠮᠡ ᠳᠤ ᠬᠦᠷᠴᠦ᠂ ᠡᠳᠦᠷ ᠲᠤ | 3900 ᠲᠣᠨ ᠰᠢᠨ᠎ᠡ ᠰᠤᠷᠭᠤᠭ ᠰᠦ ᠤᠶᠢᠯᠡᠳᠪᠤᠷᠢᠯᠡᠵᠤ ᠪᠠᠶᠢᠨ᠎ᠠ᠃ | ︽ᠰᠦ ᠶᠢᠨ ᠦᠢᠯᠡᠰ ᠢ ᠬᠥᠭᠵᠢᠭᠦᠯᠦᠨ ᠮᠠᠨᠳᠤᠭᠤᠯᠬᠤ︾ ᠠᠵᠢᠯᠯᠠᠭ᠎ᠠ ᠶᠢᠨ ᠲᠣᠭᠤᠷᠢᠨ ᠳᠤ᠂ ᠮᠠᠨ ᠤ ᠬᠤᠲᠠ ᠪᠠᠰᠠ ᠢ ᠯᠢ᠂ ᠮᠧᠩ ᠨᠢᠦ᠂ ᠱᠧᠩ ᠮᠦ | ᠳᠡᠭᠡᠳᠦ ᠰᠢᠨᠵᠢᠯᠡᠭᠦ ᠮᠡᠷᠭᠡᠵᠢᠯ ᠵᠡᠷᠭᠡ ᠲᠣᠮᠣ ᠬᠡᠯᠪᠡᠷᠢ ᠶᠢᠨ ᠴᠠᠭᠠᠨ ᠢᠳᠡᠭᠡ ᠡᠳ᠋ᠰᠢᠭᠦᠯᠬᠦ ᠠᠵᠤ ᠠᠬᠤᠶᠢᠯᠠᠯ ᠢ ᠲᠦᠰᠢᠭᠯᠡᠨ᠂ ᠴᠢᠨᠠᠷ ᠰᠠᠶᠢᠲᠠᠢ ᠰᠦ ᠶᠢᠨ | ᠢᠷᠡᠯᠲᠡ ᠶᠢᠨ ᠰᠠᠭᠤᠷᠢᠨ ᠭᠠᠵᠠᠷ ᠢ ᠪᠠᠶᠢᠷᠢᠯᠠᠭᠤᠯᠵᠤ᠂ ᠣᠲᠣ ᠨᠢᠭᠡᠨᠲᠡ 123 ᠡᠷᠦᠭᠡ ᠭᠡᠪᠴᠢᠶᠡᠵᠢᠭᠰᠡᠨ ᠲᠡᠵᠢᠭᠡᠨ ᠦᠷᠡᠵᠢᠭᠦᠯᠬᠦ ᠲᠠᠯᠠᠪᠠᠶ ᠶᠢ ᠪᠠᠶᠢᠭᠤᠯᠵᠤ᠂ | ᠬᠡᠪᠴᠢᠶᠡᠵᠢᠭᠦᠯᠦᠭᠰᠡᠨ ᠲᠡᠵᠢᠭᠡᠨ ᠦᠷᠡᠵᠢᠭᠦᠯᠬᠦ ᠬᠤᠪᠢ ᠶᠢᠨ ᠵᠢᠩ 98% ᠳᠤ ᠬᠥᠷᠪᠡ᠃ | | |