ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠤᠬᠠᠭᠤᠯᠵᠤ ᠲᠤᠭᠤᠰᠢᠯᠠᠭᠤᠯᠤᠨ᠂ ᠲᠠᠪᠤᠨ ᠶᠡᠭᠡ ᠡᠭᠦᠷᠭᠡ ᠶᠢᠨ ᠨᠠᠶᠢᠳᠠᠪᠤᠷᠢᠵᠢᠭᠤᠯᠤᠯᠲᠠ ᠶᠢ ᠠᠬᠢᠭᠤᠯᠤᠶ᠎ᠠ᠂ ᠭᠠᠭᠴᠠᠮᠣᠳᠤ ᠪᠣᠭᠤᠮᠲᠠ ᠪᠠᠷ ᠥᠩᠭᠡᠷᠡᠬᠦ ᠪᠠᠷᠠᠭᠠᠨ ᠤ ᠬᠡᠮᠵᠢᠶ᠎ᠡ 2000 ᠲᠦᠮᠡᠨ ᠲᠣᠨ ᠢ ᠳᠠᠪᠠᠪᠠ
ᠨᠡᠶᠢᠲᠡᠯᠡᠭᠰᠡᠨ ᠴᠠᠭ᠄
2023/8/16
      ᠣᠶᠢᠷ᠎ᠠ ᠶᠢᠨ ᠡᠳᠦᠷ᠂ ᠰᠤᠷᠪᠤᠯᠵᠢᠯᠠᠭᠴᠢ ᠭᠠᠭᠴᠠᠮᠣᠳᠤ ᠪᠣᠭᠤᠮᠲᠠ ᠶᠢᠨ ᠬᠠᠮᠢᠶᠠᠷᠤᠯᠲᠠ ᠶᠢᠨ ᠵᠥᠪᠯᠡᠯ ᠠᠴᠠ ᠣᠶᠢᠯᠠᠭᠠᠭᠰᠠᠨ  ᠢᠶᠠᠷ᠂  2023 ᠣᠨ  ᠤ ᠭᠠᠭᠴᠠᠮᠣᠳᠤ ᠪᠣᠭᠤᠮᠲᠠ ᠶᠢᠨ ᠪᠣᠭᠤᠮᠲᠠ ᠪᠠᠷ ᠥᠩᠭᠡᠷᠡᠬᠦ ᠪᠠᠷᠠᠭᠠᠨ ᠤ ᠬᠡᠮᠵᠢᠶ᠎ᠡ 2000 ᠲᠦᠮᠡᠨ ᠲᠣᠨ ᠢ ᠳᠠᠪᠠᠵᠤ᠂ ᠦᠷᠭᠦᠯᠵᠢᠯᠡᠨ ᠥᠪᠡᠷᠲᠡᠭᠡᠨ ᠵᠠᠰᠠᠬᠤ ᠣᠷᠣᠨ ᠤ ᠡᠯ᠎ᠡ ᠪᠣᠭᠤᠮᠲᠠ ᠳᠤᠮᠳᠠ  ᠲᠡᠷᠢᠭᠦᠯᠡᠭᠰᠡᠨ ᠪᠠᠶᠢᠨ᠎ᠠ᠃ ᠡᠨᠡ ᠵᠢᠯ ᠠᠴᠠ ᠨᠠᠰᠢ᠂ ᠭᠠᠭᠴᠠᠮᠣᠳᠤ ᠪᠣᠭᠤᠮᠲᠠ  ᠣᠶᠤᠨᠴᠢᠯᠠᠭᠰᠠᠨ ᠪᠣᠭᠤᠮᠲᠠ ᠪᠠᠷ  ᠥᠩᠭᠡᠷᠡᠬᠦ ᠶᠢ ᠦᠷᠭᠦᠯᠵᠢᠯᠡᠨ ᠠᠬᠢᠭᠤᠯᠵᠤ᠂ ᠬᠢᠯᠢ ᠠᠯᠤᠰᠯᠠᠭᠰᠠᠨ ᠵᠢᠯᠣᠭᠤᠴᠢ ᠦᠭᠡᠢ ᠪᠣᠭᠤᠮᠲᠠ ᠪᠠᠷ ᠥᠩᠭᠡᠷᠡᠬᠦ ᠲᠥᠷᠥᠯ ᠵᠦᠢᠯ ᠤᠨ ᠲᠤᠰᠬᠠᠢ ᠨᠡᠪᠲᠡᠷᠡᠬᠦ ᠵᠠᠮ᠂ ᠲᠤᠰᠬᠠᠢ ᠪᠣᠭᠤᠮᠲᠠ ᠶᠢᠨ ᠬᠢᠨᠠᠯᠲᠠ ᠬᠠᠮᠢᠶᠠᠷᠤᠯᠲᠠ ᠶᠢᠨ ᠣᠷᠣᠨ ᠤ ᠪᠦᠲᠦᠭᠡᠨ ᠪᠠᠶᠢᠭᠤᠯᠤᠯᠲᠠ ᠶᠢ ᠦᠷᠭᠦᠯᠵᠢᠯᠡᠨ ᠠᠬᠢᠭᠤᠯᠵᠤ᠂ ᠪᠣᠭᠤᠮᠲᠠ ᠪᠠᠷ ᠥᠩᠭᠡᠷᠡᠬᠦ ᠦᠢᠯᠡᠳᠦᠯ ᠴᠢᠳᠠᠪᠤᠷᠢ ᠢᠯᠡᠳᠲᠡ ᠳᠡᠭᠡᠭᠰᠢᠯᠡᠪᠡ᠃ 8 ᠰᠠᠷ᠎ᠠ ᠶᠢᠨ 2 ᠤᠨ ᠡᠳᠦᠷ ᠪᠣᠯᠲᠠᠯ᠎ᠠ᠂ ᠭᠠᠭᠴᠠᠮᠣᠳᠤ ᠪᠣᠭᠤᠮᠲᠠ ᠶᠢᠨ ᠭᠠᠳᠠᠭᠠᠳᠤ ᠠᠴᠠ ᠣᠷᠣᠭᠤᠯᠬᠤ ᠪᠠ ᠭᠠᠳᠠᠭᠠᠳᠤ ᠳᠤ ᠭᠠᠷᠭᠠᠬᠤ ᠪᠠᠷᠠᠭᠠᠨ ᠤ ᠲᠡᠭᠡᠭᠡᠪᠦᠷᠢ ᠨᠡᠶᠢᠲᠡ 2009.21 ᠲᠦᠮᠡᠨ ᠲᠣᠨ ᠪᠡᠶᠡᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ 171.43%  ᠪᠠᠷ  ᠨᠡᠮᠡᠭᠳᠡᠵᠦ᠂ ᠭᠠᠳᠠᠭᠠᠳᠤ ᠠᠴᠠ ᠣᠷᠣᠭᠤᠯᠤᠭᠰᠠᠨ ᠨᠡᠭᠦᠷᠡᠰᠦ  1944.05  ᠲᠦᠮᠡᠨ  ᠲᠣᠨ  ᠳᠤ  ᠬᠦᠷᠴᠦ᠂  ᠠᠳᠠᠯᠢ  ᠬᠤᠭᠤᠴᠠᠭᠠᠨ  ᠤ  ᠬᠢ  ᠠᠴᠠ  186.95% ᠪᠠᠷ  ᠨᠡᠮᠡᠭᠳᠡᠨ᠂ ᠭᠠᠳᠠᠭᠠᠳᠤ ᠠᠴᠠ ᠣᠷᠣᠭᠤᠯᠤᠭᠰᠠᠨ ᠵᠡᠰ ᠤᠨ ᠨᠠᠷᠢᠯᠢᠭ ᠨᠤᠨᠳᠠᠭ 50.94 ᠲᠦᠮᠡᠨ ᠲᠣᠨ ᠳᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 8.03% ᠪᠠᠷ  ᠨᠡᠮᠡᠭᠳᠡᠵᠦ᠂ ᠭᠠᠳᠠᠭᠠᠳᠤ ᠳᠤ ᠭᠠᠷᠭᠠᠬᠤ ᠪᠠᠷᠠᠭ᠎ᠠ14.22 ᠲᠦᠮᠡᠨ ᠲᠣᠨ ᠳᠤ ᠬᠦᠷᠴᠡᠢ᠃
ᠢᠷᠡᠯᠲᠡ᠄ ᠪᠠᠶᠠᠨᠨᠠᠭᠤᠷ ᠤᠨ ᠮᠣᠩᠭᠤᠯ ᠷᠠᠳᠢᠣ᠋ ᠲᠧᠯᠸᠢᠰ