ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠤᠬᠠᠭᠤᠯᠵᠤ ᠲᠤᠭᠤᠰᠢᠯᠠᠭᠤᠯᠤᠨ᠂ ᠲᠠᠪᠤᠨ ᠶᠡᠭᠡ ᠡᠭᠦᠷᠭᠡ ᠶᠢᠨ ᠨᠠᠶᠢᠳᠠᠪᠤᠷᠢᠵᠢᠭᠤᠯᠤᠯᠲᠠ ᠶᠢ ᠠᠬᠢᠭᠤᠯᠤᠶ᠎ᠠ᠂ ᠭᠠᠭᠴᠠᠮᠤᠳᠤ ᠬᠢᠯᠢ ᠶᠢᠨ ᠪᠣᠭᠤᠮᠲᠠ ᠪᠠᠷ ᠦᠩᠭᠡᠷᠡᠭᠰᠡᠨ ᠪᠠᠷᠠᠭᠠᠨ ᠤ ᠬᠡᠮᠵᠢᠶ᠎ᠡ ᠲᠠᠪᠤᠨ ᠰᠠᠷ᠎ᠠ  ᠤᠷᠢᠳᠴᠢᠯᠡᠨ 2022 ᠣᠨ ᠤ ᠶᠡᠷᠦᠩᠬᠡᠶ ᠬᠡᠮᠵᠢᠶ᠎ᠡ ᠠᠴᠠ ᠳᠠᠪᠠᠪᠠ
ᠨᠡᠶᠢᠲᠡᠯᠡᠭᠰᠡᠨ ᠴᠠᠭ᠄
2023/8/16
      7 ᠰᠠᠷ᠎ᠠ ᠶᠢᠨ 26 ᠤ ᠡᠳᠦᠷ ᠪᠣᠯᠲᠠᠯ᠎ᠠ᠂ ᠭᠠᠭᠴᠠᠮᠤᠳᠤ ᠬᠢᠯᠢ ᠶᠢᠨ ᠪᠣᠭᠤᠮᠲᠠ ᠶᠢᠨ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ  ᠭᠠᠷᠭᠠᠭᠰᠠᠨ  ᠪᠠᠷᠠᠭᠠᠨ  ᠤ  ᠲᠡᠭᠡᠭᠡᠪᠦᠷᠢ  ᠶᠢᠨ  ᠬᠡᠮᠵᠢᠶ᠎ᠡ  ᠨᠡᠶᠢᠳᠡ  1920.37 ᠲᠦᠮᠡᠨ  ᠲᠣᠨ  ᠳᠤ  ᠬᠦᠷᠴᠦ᠂ ᠠᠳᠠᠯᠢ ᠬᠤᠭᠤᠴᠠᠭᠠᠨ ᠤ ᠬᠢ ᠠᠴᠠ 174.56% ᠢᠶᠠᠷ ᠨᠡᠮᠡᠭᠳᠡᠵᠡᠢ᠃ ᠡᠭᠦᠨ ᠳᠤ᠂ ᠭᠠᠳᠠᠭᠠᠳᠤ ᠠᠴᠠ ᠣᠷᠣᠭᠤᠯᠤᠭᠰᠠᠨ ᠨᠡᠭᠦᠷᠡᠰᠦ 1858.26 ᠲᠦᠮᠡᠨ ᠲᠣᠨ ᠳᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 191.08% ᠪᠠᠷ ᠨᠡᠮᠡᠭᠳᠡᠪᠡ︔ ᠭᠠᠳᠠᠭᠠᠳᠤ ᠠᠴᠠ ᠣᠷᠣᠭᠤᠯᠤᠭᠰᠠᠨ ᠵᠡᠰ ᠤᠨ ᠨᠠᠷᠢᠯᠢᠭ ᠨᠤᠨᠲᠠᠭ 48.81 ᠲᠦᠮᠡᠨ ᠲᠣᠨ ᠳᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 6.61% ᠪᠠᠷ ᠨᠡᠮᠡᠭᠳᠡᠪᠡ︔ ᠭᠠᠳᠠᠭᠠᠳᠤ ᠳᠤ  ᠭᠠᠷᠭᠠᠭᠰᠠᠨ ᠡᠳ᠋ ᠪᠠᠷᠠᠭ᠎ᠠ 13.3 ᠲᠦᠮᠡᠨ ᠲᠣᠨ ᠳᠤ ᠬᠦᠷᠴᠡᠶ᠃ ᠲᠠᠪᠤᠨ ᠰᠠᠷ᠎ᠠ  ᠤᠷᠢᠳᠴᠢᠯᠡᠨ 2022 ᠣᠨ ᠤ ᠪᠦᠬᠦ ᠵᠢᠯ ᠤᠨ ᠪᠣᠭᠤᠮᠲᠠ  ᠪᠠᠷ ᠦᠩᠭᠡᠷᠡᠭᠰᠡᠨ ᠬᠡᠮᠵᠢᠶ᠎ᠡ ᠳᠤ ᠬᠦᠷᠴᠦ᠂ ᠪᠦᠬᠦ ᠤᠯᠤᠰ ᠤᠨ ᠪᠠᠷᠠᠭ᠎ᠠ ᠥᠩᠭᠡᠷᠡᠬᠦ  ᠬᠡᠮᠵᠢᠶ᠎ᠡ ᠪᠠᠷ ᠬᠠᠮᠤᠭ ᠤᠨ ᠶᠡᠭᠡ ᠵᠠᠰᠠᠮᠠᠯ ᠵᠠᠮ ᠤᠨ ᠪᠣᠭᠤᠮᠲᠠ ᠪᠤᠯᠵᠤ᠂ ᠳᠤᠮᠳᠠᠳᠤ ᠮᠣᠩᠭᠤᠯ ᠤᠷᠤᠰ ᠤᠨ ᠠᠵᠤ ᠠᠬᠤᠢ ᠶᠢᠨ ᠬᠤᠩᠬᠢᠯ ᠤᠨ ᠴᠢᠬᠤᠯᠠ ᠬᠦᠢᠰᠦ ᠪᠠ ᠳᠤᠮᠳᠠᠳᠤ ᠮᠣᠩᠭᠤᠯ ᠤᠨ ︽ᠨᠢᠭᠡ ᠪᠦᠰᠡ ᠨᠢᠭᠡ ᠵᠠᠮ︾ ᠤᠨ ᠰᠠᠨᠠᠭᠠᠴᠢᠯᠠᠭ᠎ᠠ᠂ ︽ᠲᠠᠯ᠎ᠠ ᠨᠤᠲᠤᠭ ᠤᠨ ᠵᠠᠮ︾ ᠤᠨ ᠬᠠᠮᠤᠭ ᠤᠨ ᠰᠠᠶᠢᠨ ᠵᠣᠯᠭᠠᠭᠤᠯᠬᠤ ᠴᠡᠭ ᠪᠣᠯᠵᠠᠢ᠃      ᠳᠠᠷᠠᠭᠠᠴᠢ ᠶᠢᠨ ᠠᠯᠬᠤᠮ ᠳᠤ᠂ ᠭᠠᠭᠴᠠᠮᠤᠳᠤ  ᠬᠢᠯᠢ ᠶᠢᠨ ᠪᠣᠭᠤᠮᠲᠠ ᠶᠢᠨ ᠬᠠᠮᠢᠶᠠᠷᠤᠯᠲᠠ ᠶᠢᠨ ᠵᠥᠪᠯᠡᠯ ᠤᠨ ᠬᠢᠨ ᠪᠣᠭᠤᠮᠲᠠ ᠶᠢᠨ ᠴᠢᠨᠠᠷ ᠰᠠᠶᠢᠲᠠᠢ ᠬᠥᠭᠵᠢᠯᠲᠡ ᠪᠣᠯᠤᠨ ᠵᠠᠰᠠᠯᠲᠠ ᠶᠢᠨ ᠴᠢᠳᠠᠪᠤᠷᠢ ᠶᠢᠨ ᠣᠳᠣᠬᠢᠴᠢᠯᠠᠯᠲᠠ ᠶᠢ ᠠᠬᠢᠭᠤᠯᠬᠤ ᠪᠠᠷ ᠤᠳᠤᠷᠢᠳᠤᠮᠵᠢ ᠪᠣᠯᠭᠠᠵᠤ᠂ ᠭᠤᠣᠯᠳᠠᠯᠭ᠎ᠠ ᠲᠠᠢ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢᠨ ᠠᠯᠬᠤᠴᠠ ᠶᠢ ᠲᠦᠷᠭᠡᠳᠬᠡᠵᠦ᠂ ᠪᠣᠭᠤᠮᠲᠠ ᠶᠢᠨ ᠰᠠᠭᠤᠷᠢ ᠲᠥᠬᠦᠭᠡᠷᠦᠮᠵᠢ ᠶᠢᠨ ᠪᠦᠳᠦᠭᠡᠨ ᠪᠠᠶᠢᠭᠤᠯᠤᠯᠲᠠ ᠶᠢ ᠳᠠᠰᠤᠷᠠᠯᠳᠠ ᠦᠭᠡᠢ ᠲᠡᠭᠦᠯᠳᠡᠷᠵᠢᠭᠦᠯᠵᠦ᠂ ᠤᠯᠤᠰ ᠤᠨ ᠤᠮᠠᠷᠠᠰᠢ ᠨᠡᠬᠡᠬᠡᠯᠳᠡ ᠬᠢᠬᠦ ᠴᠢᠬᠤᠯᠠ ᠪᠠᠬᠢᠯᠡᠯᠲᠡ ᠶᠢ ᠪᠦᠳᠦᠭᠡᠨ ᠪᠠᠶᠢᠭᠤᠯᠬᠤ ᠳᠤ  ᠨᠡᠩ ᠢᠯᠡᠬᠦᠤ ᠬᠤᠪᠢ ᠨᠡᠮᠡᠷᠢ ᠪᠠᠨ  ᠦᠵᠡᠬᠦᠯᠬᠦ ᠪᠤᠯᠤᠨ᠎ᠠ᠃   
ᠢᠷᠡᠯᠲᠡ᠄ ᠪᠠᠶᠠᠨᠨᠠᠭᠤᠷ ᠤᠨ ᠮᠣᠩᠭᠤᠯ ᠷᠠᠳᠢᠣ᠋ ᠲᠧᠯᠸᠢᠰ