ᠬᠦᠰᠡᠯ ᠨᠠᠶᠢᠳᠠᠯᠭ᠎ᠠ ᠶᠢ ᠪᠠᠲᠤ ᠴᠡᠭᠡᠵᠢᠯᠡᠵᠦ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠭᠰᠠᠨ ᠪᠠᠶᠠᠨᠨᠠᠭᠤᠷ ᠤᠨ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠶ᠎ᠡ᠂  ᠪᠠᠶᠠᠨᠨᠠᠭᠤᠷ ᠣᠶ ᠰᠢᠭᠤᠢ ᠶᠢᠨ ᠳᠠᠷᠤᠭ᠎ᠠ ᠶᠢᠨ ᠳᠦᠷᠢᠮ ᠢ ᠬᠡᠷᠡᠭᠵᠢᠭᠦᠯᠵᠦ ᠣᠶ ᠰᠢᠭᠤᠢ ᠶᠢᠨ ᠳᠠᠷᠤᠭ᠎ᠠ ᠶᠢᠨ ᠵᠠᠰᠠᠯᠲᠠ ᠶᠢ ᠠᠬᠢᠭᠤᠯᠤᠨ᠎ᠠ
ᠨᠡᠶᠢᠲᠡᠯᠡᠭᠰᠡᠨ ᠴᠠᠭ᠄
2023/8/16
      ᠤᠢ ᠰᠢᠭᠤᠢ ᠶᠢᠨ ᠳᠠᠷᠤᠭ᠎ᠠ ᠶᠢᠨ ᠳᠦᠷᠢᠮ ᠪᠣᠯ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢᠨ ᠴᠢᠬᠤᠯᠠ ᠳᠦᠷᠢᠮ ᠤᠨ ᠪᠠᠲᠤᠯᠠᠭ᠎ᠠ ᠮᠥᠨ᠃ ᠣᠶᠢᠷ᠎ᠠ ᠶᠢᠨ ᠵᠢᠯ ᠳᠤ᠂ ᠮᠠᠨ ᠤ ᠬᠤᠲᠠ ᠣᠶ ᠰᠢᠭᠤᠢ ᠶᠢᠨ ᠳᠠᠷᠤᠭ᠎ᠠ ᠶᠢᠨ ᠲᠦᠷᠢᠮ ᠢ ᠪᠦᠬᠦ ᠲᠠᠯ᠎ᠠ ᠪᠠᠷ ᠠᠬᠢᠭᠤᠯᠬᠤ ᠪᠠᠷ ᠠᠮᠢ ᠠᠬᠤᠢ ᠶᠢᠨ ᠣᠷᠴᠢᠨ ᠨᠥᠬᠦᠴᠡᠯ ᠤᠨ ᠬᠠᠮᠠᠭᠠᠯᠠᠯᠲᠠ ᠶᠢ ᠰᠠᠶᠢᠲᠤᠷ ᠠᠳᠬᠤᠬᠤ ᠶᠢᠨ ᠭᠦᠴᠦᠳᠠᠢ ᠠᠷᠠᠭ᠎ᠠ ᠪᠠᠷᠢᠯ ᠪᠤᠯᠭᠠᠨ᠂ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢᠨ ᠲᠠᠯ᠎ᠠ ᠪᠠᠷ ᠲᠠᠰᠤᠷᠠᠯᠲᠠ ᠦᠭᠡᠢ ᠰᠢᠨ᠎ᠡ ᠠᠮᠵᠢᠯᠲᠠ ᠣᠯᠪᠠ᠃      ᠤᠷᠠᠳ ᠤᠨ ᠬᠤᠶᠢᠲᠤ ᠬᠤᠰᠢᠭᠤᠨ ᠤ ᠪᠠᠷᠠᠭᠤᠨ ᠪᠤᠯᠤᠩ ᠤᠢ ᠰᠢᠭᠤᠢ ᠶᠢᠨ ᠬᠠᠮᠢᠶᠠᠷᠤᠯᠲᠠ ᠶᠢᠨ ᠲᠥᠪ ᠲᠤ ᠭᠦᠷᠭᠦ ᠳᠤ᠂ ᠢᠭᠴᠤ ᠰᠠᠬᠤᠯᠢᠭ ᠤᠢ ᠮᠣᠳᠣ ᠬᠥᠬᠡᠷᠡᠨ ᠨᠣᠭᠤᠭᠠᠷᠠᠵᠤ ᠬᠠᠷᠠᠭᠳᠠᠨ᠎ᠠ᠃ ᠥᠷᠯᠥᠭᠡ ᠡᠷᠳᠡ᠂ ᠣᠶ ᠰᠢᠭᠤᠢ ᠬᠠᠮᠠᠭᠠᠯᠠᠭᠴᠢᠳ ᠣᠶ ᠰᠢᠭᠤᠢ ᠳᠣᠲᠣᠷ᠎ᠠ ᠭᠦᠨᠵᠡᠭᠡᠶᠢᠷᠡᠨ ᠮᠣᠳᠣᠨ ᠤ ᠲᠥᠷᠥᠯ ᠤᠨ ᠤᠷᠭᠤᠴᠠ᠂ ᠬᠥᠨᠥᠭᠡᠯᠲᠡᠢ ᠠᠮᠢᠳᠤ ᠪᠣᠳᠠᠰ ᠢ ᠰᠡᠷᠭᠡᠶᠢᠯᠡᠨ ᠵᠠᠰᠠᠬᠤ᠂ ᠬᠡᠭᠡᠷ᠎ᠡ ᠶᠢᠨ ᠠᠮᠢᠲᠠᠨ ᠤᠷᠭᠤᠮᠠᠯ ᠢ ᠬᠠᠮᠠᠭᠠᠯᠠᠬᠤ᠂ ᠣᠶ ᠰᠢᠭᠤᠢ ᠶᠢᠨ ᠭᠠᠯ ᠰᠡᠷᠭᠡᠶᠢᠯᠡᠬᠦ ᠵᠡᠷᠭᠡ ᠪᠠᠶᠢᠳᠠᠯ ᠳᠤ ᠡᠳᠦᠷ ᠲᠤᠲᠤᠮ ᠤᠨ ᠲᠣᠭᠤᠷᠢᠨ ᠪᠠᠶᠢᠴᠠᠭᠠᠯᠲᠠ ᠭᠢᠵᠤ ᠪᠠᠶᠢᠯ᠎ᠠ᠃ ᠪᠠᠷᠠᠭᠤᠨ ᠪᠤᠯᠤᠩ ᠣᠶ ᠰᠢᠭᠤᠢ ᠶᠢᠨ ᠬᠠᠮᠢᠶᠠᠷᠤᠯᠲᠠ ᠶᠢᠨ ᠲᠥᠪ ᠤᠨ ᠬᠠᠮᠢᠶᠠᠷᠤᠯᠲᠠ ᠶᠢᠨ ᠣᠷᠣᠨ ᠪᠦᠰᠡ 11.7 ᠲᠦᠮᠡᠨ ᠮᠦ ᠪᠠᠶᠢᠵᠤ᠂ ᠡᠭᠦᠨ ᠳᠤ ᠪᠤᠲᠠ ᠮᠣᠳᠣᠨ ᠤ ᠲᠠᠯᠠᠪᠠᠢ 5.52 ᠲᠦᠮᠡᠨ ᠮᠦ᠂ ᠤᠢ ᠰᠢᠭᠤᠢ ᠶᠢᠨ ᠲᠠᠷᠬᠠᠯᠲᠠ ᠥᠷᠭᠡᠨ᠂ ᠬᠠᠮᠢᠶᠠᠷᠤᠨ ᠡᠵᠡᠮᠳᠡᠬᠦ ᠳᠤ ᠬᠦᠴᠢᠷᠳᠡᠯ ᠶᠡᠭᠡ ᠪᠠᠶᠢᠳᠠᠭ᠃ ᠣᠶ ᠰᠢᠭᠤᠢ ᠶᠢᠨ ᠳᠠᠷᠤᠭ᠎ᠠ ᠶᠢᠨ ᠳᠦᠷᠢᠮ ᠢᠶᠠᠷ ᠠᠵᠠ ᠲᠣᠬᠢᠶᠠᠯ ᠪᠣᠯᠭᠠᠵᠤ᠂  ᠬᠠᠮᠢᠶᠠᠷᠤᠯᠳᠠ  ᠶᠢᠨ ᠲᠥᠪ ᠠᠴᠠ ᠣᠶ ᠬᠠᠮᠠᠭᠠᠯᠠᠭᠴᠢ᠂ ᠣᠶ ᠰᠢᠭᠤᠢ ᠶᠢᠨ ᠭᠠᠯ ᠤᠨᠲᠠᠷᠠᠭᠠᠵᠤ ᠠᠪᠤᠷᠠᠨ ᠲᠤᠰᠠᠯᠠᠬᠤ ᠠᠵᠢᠯᠲᠠᠨ᠂ ᠣᠶ ᠰᠢᠭᠤᠢ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠠᠵᠢᠯᠲᠠᠨ ᠢ ᠰᠣᠩᠭᠤᠨ ᠤᠷᠢᠬᠤ ᠪᠠᠷ ᠲᠠᠮᠵᠢᠨ᠂ ᠲᠤᠤᠷᠵᠢᠭᠰᠠᠨ ᠬᠠᠮᠢᠶᠠᠷᠤᠯᠲᠠ ᠬᠠᠮᠠᠭᠠᠯᠠᠯᠲᠠ ᠵᠠᠰᠠᠯᠲᠠ ᠶᠢ ᠨᠡᠶᠢᠳᠡᠮ ᠪᠦᠷᠬᠦᠭᠦᠯᠬᠦ ᠶᠢ ᠪᠡᠶᠡᠯᠡᠭᠦᠯᠦᠭᠰᠡᠨ ᠪᠠᠶᠢᠨ᠎ᠠ᠃      ᠤᠷᠠᠳ ᠤᠨ ᠬᠤᠶᠢᠲᠤ ᠬᠤᠰᠢᠭᠤᠨ ᠤ ᠪᠠᠷᠠᠭᠤᠨ ᠪᠤᠯᠤᠩ ᠣᠶ ᠰᠢᠭᠤᠢ ᠶᠢᠨ ᠬᠠᠮᠢᠶᠠᠷᠤᠯᠲᠠ ᠶᠢᠨ ᠲᠥᠪ ᠤᠨ ᠡᠷᠬᠢᠯᠡᠭᠴᠢ ᠳ᠋ᠦ᠋ ᠶᠦᠩ ᠵᠢᠶᠦ᠋ᠨ ᠰᠤᠷᠪᠤᠯᠵᠢᠯᠠᠭᠴᠢ ᠳᠤ ᠪᠥᠬᠦᠳᠡ ᠶᠢ ᠬᠡᠰᠡᠭ ᠬᠤᠪᠢᠶᠠᠨ ᠮᠣᠳᠣ ᠤᠰᠤᠯᠠᠬᠤ᠂ ᠬᠠᠶᠢᠴᠢᠯᠠᠬᠤ᠂ ᠡᠪᠡᠰᠦ ᠠᠷᠢᠯᠭᠠᠬᠤ ᠶᠢ ᠬᠠᠷᠢᠭᠤᠴᠠᠬᠤ ᠪᠠᠷ ᠪᠠᠷᠠᠬᠤ ᠦᠭᠡᠢ ᠪᠠᠰᠠ ᠲᠣᠭᠤᠷᠢᠨ ᠬᠠᠮᠠᠭᠠᠯᠠᠬᠤ ᠶᠡᠭᠡ ᠠᠩᠭᠢ ᠲᠠᠢ᠂ ᠭᠤᠷᠪᠠᠨ ᠡᠳᠦᠷ ᠲᠤ ᠨᠢᠭᠡ ᠤᠳᠠᠭ᠎ᠠ ᠲᠣᠭᠤᠷᠢᠨ ᠪᠠᠶᠢᠴᠠᠭᠠᠳᠠᠭ ᠭᠡᠪᠡ᠃      ᠤᠢ ᠰᠢᠭᠤᠢ ᠶᠢᠨ ᠳᠠᠷᠤᠭ᠎ᠠ ᠶᠢᠨ ᠳᠦᠷᠢᠮ ᠨᠢ ᠬᠥᠬᠡᠮᠳᠦᠭ ᠨᠣᠭᠤᠭᠠᠨ ᠠᠭᠤᠯᠠ ᠤᠰᠤ ᠶᠢ ᠬᠠᠮᠠᠭᠠᠯᠠᠬᠤ ᠶᠢᠨ ᠲᠠᠭᠤ ᠪᠠᠰᠠ ᠠᠵᠤ ᠠᠬᠤᠢ ᠶᠢᠨ ᠦᠷ᠎ᠡ ᠠᠰᠢᠭ ᠢ ᠠᠪᠴᠢᠷᠠᠭᠰᠠᠨ ᠪᠠᠶᠢᠨ᠎ᠠ᠃ ᠥᠩᠭᠡᠷᠡᠭᠰᠡᠨ ᠳᠤ ᠪᠠᠷᠠᠭᠤᠨ ᠪᠤᠯᠤᠩ ᠤᠢ ᠰᠢᠭᠤᠢ ᠶᠢᠨ ᠬᠠᠮᠢᠶᠠᠷᠤᠯᠲᠠ ᠶᠢᠨ ᠲᠥᠪ ᠨᠢ ᠭᠤᠣᠯᠳᠠᠭᠤ ᠬᠠᠶᠢᠯᠠᠰᠤᠨ ᠮᠣᠳᠣ ᠪᠠ ᠤᠯᠢᠶᠠᠰᠤᠨ ᠮᠣᠳᠣ ᠳᠠᠷᠢᠳᠠᠭ ᠪᠠᠶᠢᠪᠠ᠃ ᠲᠡᠷᠡ ᠨᠢ ᠠᠮᠠᠷᠬᠠᠨ ᠡᠪᠡᠳᠴᠢᠨ ᠬᠤᠷᠣᠬᠠᠶᠢᠲᠤᠯ ᠢ ᠡᠭᠦᠰᠬᠡᠳᠡᠭ᠃ ᠣᠶ ᠰᠢᠭᠤᠢ ᠶᠢᠨ ᠳᠠᠷᠤᠭ᠎ᠠ ᠶᠢᠨ ᠳᠦᠷᠢᠮ ᠢᠶᠠᠷ ᠭᠠᠷᠳᠠᠴᠠ ᠪᠣᠯᠭᠠᠵᠤ᠂ ᠣᠶ ᠰᠢᠭᠤᠢ ᠶᠢᠨ ᠲᠠᠯᠠᠪᠠᠶ ᠨᠢ ᠠᠮᠢ ᠠᠬᠤᠢ ᠶᠢᠨ ᠬᠠᠮᠠᠭᠠᠯᠠᠯᠲᠠ ᠶᠢ ᠭᠡᠷᠡᠭᠵᠢᠭᠦᠯᠭᠦ ᠪᠠᠷ ᠲᠠᠮᠵᠢᠨ᠂ ᠣᠢ ᠰᠢᠭᠤᠢ ᠶᠢᠨ ᠠᠵᠤ ᠠᠬᠤᠢ ᠶᠢ ᠬᠥᠭᠵᠢᠭᠦᠯᠵᠦ᠂ ᠲᠤᠬᠠᠢ ᠶᠢᠨ ᠭᠠᠵᠠᠷ ᠲᠤ ᠨᠡᠩ ᠲᠣᠬᠢᠷᠠᠮᠵᠢᠲᠠᠢ ᠰᠢᠯᠢᠳᠡᠭ ᠮᠣᠳᠣᠨ ᠤ ᠲᠦᠷᠦᠯ ᠢ ᠪᠣᠶᠢᠵᠢᠭᠤᠯᠵᠤ᠂ ᠤᠷᠢᠳ ᠬᠤᠵᠢᠳ ᠵᠠᠭ᠂ ᠬᠠᠷᠠᠭᠠᠨ᠎ᠠ᠂ ᠤᠯᠢᠶᠠᠰᠤ ᠵᠡᠷᠭᠡ 19 ᠵᠦᠢᠯ ᠤᠨ ᠪᠠᠶᠢᠭᠠᠯᠢᠯᠢᠭ ᠮᠣᠳᠣᠨ ᠤ ᠲᠥᠷᠥᠯ ᠢ ᠲᠠᠷᠢᠵᠤ᠂ ᠣᠶ ᠰᠢᠭᠤᠢ ᠶᠢᠨ ᠪᠦᠷᠢᠯᠳᠦᠭᠦᠨ ᠢ ᠨᠠᠩ ᠵᠣᠬᠢᠰᠲᠠᠢ ᠪᠣᠯᠭᠠᠵᠤ᠂ ᠮᠣᠳᠣᠨ ᠤ ᠲᠥᠷᠥᠯ ᠢ ᠨᠠᠩ ᠣᠯᠠᠨ ᠶᠠᠩᠵᠤ ᠶᠢᠨ ᠪᠤᠯᠭᠠᠭᠰᠠᠨ ᠪᠠᠶᠢᠨ᠎ᠠ᠃      ᠤᠷᠠᠳ ᠤᠨ ᠬᠤᠶᠢᠲᠤ ᠬᠤᠰᠢᠭᠤᠨ ᠤ ᠪᠠᠷᠠᠭᠤᠨ ᠪᠤᠯᠤᠩ ᠣᠶ ᠰᠢᠭᠤᠢ ᠶᠢᠨ ᠬᠠᠮᠢᠶᠠᠷᠤᠯᠲᠠ ᠶᠢᠨ ᠲᠥᠪ ᠤᠨ ᠡᠷᠬᠢᠯᠡᠭᠴᠢ ᠳ᠋ᠦ᠋ ᠶᠦᠩ ᠵᠢᠶᠦ᠋ᠨ ᠰᠤᠷᠪᠤᠯᠵᠢᠯᠠᠭᠴᠢ ᠳᠤ ᠲᠤᠬᠠᠢ ᠶᠢᠨ ᠵᠢᠯ ᠳᠤ ᠦᠢᠯᠡᠳᠪᠦᠷᠢ ᠪᠠᠶᠢᠭᠤᠯᠬᠤ ᠦᠶ᠎ᠡ ᠳᠤ ᠡᠯᠡᠰᠦᠨ ᠴᠥᠯ ᠪᠠᠶᠢᠭᠰᠠᠨ ᠶᠤᠮ᠂ ᠬᠡᠳᠦᠨ ᠠᠷᠪᠠᠨ ᠵᠢᠯ ᠤᠨ ᠴᠢᠷᠮᠠᠶᠢᠯᠭ᠎ᠠ ᠪᠠᠷ ᠳᠠᠮᠵᠢᠨ᠂ ᠣᠳᠣ ᠨᠢᠭᠡᠨᠲᠡ 7.6 ᠲᠦᠮᠡᠨ ᠮᠦ ᠡᠯᠡᠰᠤ ᠶᠢ ᠵᠠᠰᠠᠭᠰᠠᠨ᠂ 3 ᠵᠢᠯ ᠤᠨ ᠴᠠᠭ ᠬᠡᠷᠡᠭᠯᠡᠵᠦ ᠪᠠᠶᠢᠭᠠᠳ ᠦᠯᠡᠳᠡᠭᠰᠡᠨ 4 ᠲᠦᠮᠡᠨ ᠮᠦ ᠶᠢ ᠪᠦᠬᠦᠨ ᠢ ᠵᠠᠰᠠᠨ᠎ᠠ᠃ ᠳᠠᠷᠠᠭ᠎ᠠ ᠠᠯᠬᠤᠮ ᠳᠤ ᠪᠢᠳᠡ  ᠪᠠᠶᠢᠭᠠᠯᠢᠯᠢᠭ ᠮᠣᠳᠣᠨ ᠤ ᠲᠦᠷᠦᠯ ᠳᠤ ᠴᠠᠭᠠᠨ ᠭᠤᠶᠣᠣ᠂ ᠴᠠᠭᠠᠨ ᠥᠷᠭᠡᠰᠦ ᠳᠤ ᠤᠯᠠᠭᠠᠨ ᠭᠤᠶᠤᠤ ᠲᠠᠷᠢᠵᠤ᠂ ᠣᠶ ᠰᠢᠭᠤᠢ ᠶᠢᠨ ᠠᠵᠤ ᠠᠬᠤᠢ ᠶᠢ ᠬᠥᠭᠵᠢᠭᠦᠯᠵᠦ᠂ ᠮᠠᠯᠴᠢᠨ ᠲᠠᠷᠢᠶᠠᠴᠢᠳ ᠤᠨ ᠣᠷᠣᠯᠭ᠎ᠠ ᠶᠢ ᠨᠡᠮᠡᠭᠳᠡᠭᠦᠯᠦᠨ᠎ᠡ ᠭᠡᠪᠡ᠃      ᠣᠶ ᠰᠢᠭᠤᠢ ᠶᠢᠨ ᠳᠠᠷᠤᠭ᠎ᠠ ᠶᠢᠨ ᠳᠦᠷᠢᠮ ᠤᠨ ᠬᠥᠲᠥᠯᠥᠨ ᠳᠠᠭᠠᠭᠤᠯᠬᠤ ᠦᠢᠯᠡᠳᠦᠯ ᠢ ᠭᠦᠢᠴᠡᠳ ᠪᠠᠳᠠᠷᠠᠭᠤᠯᠵᠤ᠂ ᠮᠠᠨ ᠤ ᠬᠤᠲᠠ ᠨᠠᠮ ᠵᠠᠰᠠᠭ ᠠᠳᠠᠯᠢ ᠬᠠᠷᠢᠭᠤᠴᠠᠯᠭ᠎ᠠ ᠲᠠᠢ ︽ᠬᠤᠣᠰ ᠣᠶ ᠰᠢᠭᠤᠢ ᠶᠢᠨ ᠳᠠᠷᠤᠭ᠎ᠠ︾ ᠶᠢᠨ ᠠᠵᠢᠯ ᠤᠨ ᠲᠣᠭᠲᠠᠴᠠ ᠪᠠ ᠳᠥᠷᠪᠡᠨ ᠱᠠᠲᠤᠨ ᠤ ᠣᠶ ᠰᠢᠭᠤᠢ ᠶᠢᠨ ᠳᠠᠷᠤᠭ᠎ᠠ ᠶᠢᠨ ᠰᠢᠰᠲ᠋ᠧᠮ ᠢ ᠪᠠᠶᠢᠭᠤᠯᠪᠠ᠃ ᠣᠳᠣᠬᠠᠨ ᠳᠤ᠂ ᠨᠡᠶᠢᠲᠡ 48 ᠬᠤᠰᠢᠭᠤ ᠰᠢᠶᠠᠨ ᠲᠣᠭᠤᠷᠢᠭ ᠤᠨ ᠱᠠᠲᠤᠨ ᠤ ᠬᠠᠷᠢᠭᠤᠴᠠᠯᠭ᠎ᠠ ᠶᠢᠨ ᠲᠣᠭᠤᠷᠢᠭ᠂ 102 ᠰᠤᠮᠤ ᠰᠢᠶᠠᠩ ᠪᠠᠯᠭᠠᠰᠤ ᠶᠢᠨ ᠱᠠᠲᠤᠨ ᠤ ᠬᠠᠷᠢᠭᠤᠴᠠᠯᠭ᠎ᠠ ᠶᠢᠨ ᠲᠣᠭᠤᠷᠢᠭ᠂ 854 ᠭᠠᠴᠠᠭ᠎ᠠ ᠲᠣᠰᠬᠤᠨ ᠤ ᠱᠠᠲᠤᠨ ᠤ ᠬᠠᠷᠢᠭᠤᠴᠠᠯᠭ᠎ᠠ ᠶᠢᠨ ᠲᠣᠭᠤᠷᠢᠭ ᠬᠤᠪᠢᠶᠠᠨ᠂ ᠨᠡᠶᠢᠲᠡ 2101 ᠬᠥᠮᠥᠨ ᠢ ᠣᠶ ᠰᠢᠭᠤᠢ ᠶᠢᠨ ᠳᠠᠷᠤᠭ᠎ᠠ ᠪᠠᠷ ᠲᠤᠮᠢᠯᠠᠵᠤ᠂ ᠨᠢᠭᠡ ᠬᠦᠷᠢᠶᠡᠯᠡᠩ ᠤᠨ ᠨᠢᠭᠡ ᠣᠶ ᠰᠢᠭᠤᠢ᠂ ᠨᠢᠭᠡ ᠠᠭᠤᠯᠠ ᠶᠢᠨ ᠨᠢᠭᠡ ᠬᠥᠲᠥᠯ ᠳᠤ ᠴᠥᠮ ᠲᠤᠰᠬᠠᠢ ᠲᠤᠰᠢᠶᠠᠯᠲᠠᠨ ᠲᠤᠰᠬᠠᠢ ᠬᠠᠮᠢᠶᠠᠷᠴᠤ᠂ ᠬᠠᠷᠢᠭᠤᠴᠠᠯᠭ᠎ᠠ ᠲᠣᠳᠣᠷᠬᠠᠢ᠂ ᠵᠣᠬᠢᠴᠠᠩᠭᠤᠢ ᠡᠮᠬᠢ ᠵᠢᠷᠤᠮ ᠲᠠᠢ᠂ ᠪᠠᠲᠤᠯᠠᠭ᠎ᠠ ᠬᠦᠴᠦᠲᠡᠢ ᠣᠶ ᠰᠢᠭᠤᠢ ᠶᠢᠨ ᠡᠬᠢ ᠪᠠᠶᠠᠯᠢᠭ ᠤᠨ ᠬᠠᠮᠠᠭᠠᠯᠠᠯᠲᠠ ᠬᠠᠮᠢᠶᠠᠷᠤᠯᠲᠠ ᠶᠢᠨ ᠲᠤᠭᠳᠠᠯᠴᠠᠭ᠎ᠠ ᠶᠢ ᠪᠣᠶ ᠪᠣᠯᠭᠠᠪᠠ᠃ ᠣᠶ ᠰᠢᠭᠤᠢ ᠶᠢᠨ ᠳᠠᠷᠤᠭ᠎ᠠ ᠶᠢᠨ ᠳᠦᠷᠢᠮ ᠢ ᠬᠡᠷᠡᠭᠵᠢᠭᠦᠯᠦᠭᠰᠡᠨ ᠠᠴᠠ ᠨᠠᠰᠢ᠂ ᠪᠥᠬᠦ ᠬᠤᠲᠠ ᠶᠢᠨ ᠣᠶ ᠰᠢᠭᠤᠢ ᠨᠤᠲᠤᠭ ᠪᠡᠯᠴᠢᠭᠡᠷ ᠤᠨ ᠠᠮᠢ ᠠᠬᠤᠢ ᠶᠢᠨ ᠡᠬᠢ ᠪᠠᠶᠠᠯᠢᠭ ᠤᠨ ᠬᠠᠮᠠᠭᠠᠯᠠᠯᠲᠠ ᠪᠠ ᠬᠥᠭᠵᠢᠯᠲᠡ ᠢᠯᠡᠳᠲᠡ ᠦᠷ᠎ᠡ ᠪᠦᠲᠦᠮᠵᠢ ᠣᠯᠵᠤ᠂ 2022 ᠣᠨ ᠳᠤ᠂ ᠨᠡᠶᠢᠲᠡ 36.2 ᠲᠦᠮᠡᠨ ᠮᠦ ᠣᠶᠢᠵᠢᠭᠤᠯᠵᠤ ᠨᠣᠭᠤᠭᠠᠷᠠᠭᠤᠯᠬᠤ ᠶᠢ ᠪᠡᠶᠡᠯᠡᠭᠦᠯᠵᠦ᠂ ᠣᠶᠢᠵᠢᠭᠤᠯᠵᠤ ᠨᠣᠭᠤᠭᠠᠷᠠᠭᠤᠯᠬᠤ ᠣᠨ ᠤ ᠡᠭᠦᠷᠭᠡ ᠪᠠᠨ ᠳᠠᠪᠠᠭᠤᠯᠤᠨ ᠪᠡᠶᠡᠯᠡᠭᠦᠯᠦᠭᠰᠡᠨ ᠰᠠᠭᠤᠷᠢᠨ ᠳᠡᠭᠡᠷ᠎ᠡ᠂ ᠭᠤᠣᠯᠳᠠᠯᠭ᠎ᠠ ᠲᠠᠢ ᠣᠷᠣᠨ ᠪᠦᠰᠡ ᠶᠢ 10678 ᠮᠦ ᠨᠣᠭᠤᠭᠠᠷᠠᠭᠤᠯᠪᠠ᠃ 
ᠢᠷᠡᠯᠲᠡ᠄ ᠪᠠᠶᠠᠨᠨᠠᠭᠤᠷ ᠤᠨ ᠮᠣᠩᠭᠤᠯ ᠷᠠᠳᠢᠣ᠋ ᠲᠧᠯᠸᠢᠰ