ᠬᠦᠰᠡᠯ ᠨᠠᠶᠢᠳᠠᠯᠭ᠎ᠠ ᠶᠢ ᠪᠠᠲᠤ ᠴᠡᠭᠡᠵᠢᠯᠡᠵᠦ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠭᠰᠠᠨ ᠪᠠᠶᠠᠨᠨᠠᠭᠤᠷ ᠤᠨ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠶ᠎ᠡ᠂  ᠳᠡᠭᠡᠷ᠎ᠡ ᠬᠠᠭᠠᠰ ᠵᠢᠯ ᠳᠤ ᠪᠥᠬᠦ ᠬᠤᠲᠠ ᠶᠢᠨ ᠲᠠᠷᠢᠶᠠᠯᠠᠩ ᠮᠠᠯ ᠠᠵᠤ ᠠᠬᠤᠢ ᠶᠢᠨ ᠦᠢᠯᠡᠳᠪᠦᠷᠢᠯᠡᠯ ᠤᠨ ᠬᠥᠭᠵᠢᠯᠲᠡ ᠶᠢᠨ ᠪᠠᠶᠢᠳᠠᠯ ᠮᠠᠰᠢ ᠰᠠᠶᠢᠨ ᠪᠠᠶᠢᠵᠤ ᠠᠳᠠᠯᠢ ᠬᠤᠭᠤᠴᠠᠭᠠᠨ ᠤ ᠬᠢ ᠠᠴᠠ 9.0%  ᠨᠡᠮᠡᠭᠳᠡᠪᠡ
ᠨᠡᠶᠢᠲᠡᠯᠡᠭᠰᠡᠨ ᠴᠠᠭ᠄
2023/8/16
      ᠡᠨᠡ ᠵᠢᠯ ᠤᠨ ᠳᠡᠭᠡᠷ᠎ᠡ ᠬᠠᠭᠠᠰ ᠵᠢᠯ ᠳᠤ᠂ ᠪᠥᠬᠦ ᠬᠤᠲᠠ ᠶᠢᠨ ᠲᠠᠷᠢᠶᠠᠯᠠᠩ ᠮᠠᠯ ᠠᠵᠤ ᠠᠬᠤᠢ ᠶᠢᠨ ᠦᠢᠯᠡᠳᠪᠦᠷᠢᠯᠡᠯ ᠤᠨ ᠬᠥᠭᠵᠢᠯᠲᠡ ᠶᠢᠨ ᠪᠠᠶᠢᠳᠠᠯ ᠮᠠᠰᠢ ᠰᠠᠶᠢᠨ ᠪᠠᠶᠢᠵᠤ᠂ ᠦᠢᠯᠡᠳᠬᠦᠨ ᠤ ᠪᠥᠬᠦ ᠥᠷᠲᠡᠭ ᠨᠢ 109.0 ᠳ᠋ᠦᠩᠰᠢᠭᠤᠷ ᠲᠥᠭᠦᠷᠢᠭ ᠲᠤ ᠭᠦᠷᠴᠤ᠂ ᠠᠳᠠᠯᠢ ᠬᠤᠭᠤᠴᠠᠭᠠᠨ ᠤ ᠬᠢ ᠠᠴᠠ 9.0% ᠨᠡᠮᠡᠭᠳᠡᠪᠡ᠃      ᠦᠶᠤᠸᠠᠨ ᠰᠢᠶᠠᠨ ᠤ ᠯᠦᠩ ᠰᠢᠩ ᠴᠠᠩ ᠪᠠᠯᠭᠠᠰᠤᠨ ᠤ ᠵᠠᠩ ᠰᠠᠨ  ᠷᠦ ᠲᠣᠰᠬᠤᠨ ᠤ ᠠᠮᠲᠠᠲᠤ ᠬᠡᠮᠬᠡ ᠶᠢᠨ ᠲᠠᠷᠢᠶᠠᠨ ᠳᠤ ᠭᠦᠷᠭᠦ ᠳᠤ᠂ ᠨᠣᠮᠢᠨ ᠨᠣᠭᠤᠭᠠᠨ ᠥᠩᠭᠡ ᠲᠠᠢ ᠣᠷᠢᠶᠠᠩᠭᠤ ᠶᠢᠨ ᠨᠠᠪᠴᠢᠨ ᠳᠣᠲᠣᠷ᠎ᠠ ᠠᠴᠠ ᠵᠢᠮᠢᠰ ᠤᠨ ᠠᠩᠬᠢᠯᠤᠮ᠎ᠠ ᠦᠨᠦᠷ ᠬᠠᠩᠬᠤᠯᠤᠨ᠎ᠠ᠃ ᠲᠠᠷᠢᠮᠠᠯ ᠤᠨ ᠡᠷᠦᠬᠡ ᠨᠦᠭᠦᠳ ᠶᠠᠭ ᠰᠠᠶᠢᠬᠠᠨ ᠠᠮᠳᠠᠳᠤ ᠭᠡᠮᠭᠡ ᠪᠠᠨ ᠲᠡᠭᠦᠵᠤ ᠬᠠᠶᠢᠷᠴᠠᠭᠯᠠᠨ ᠪᠤᠭᠤᠳᠠᠯᠯᠠᠭᠠᠳ ᠬᠠᠵᠠᠭᠤ ᠬᠠᠪᠢ ᠶᠢᠨ ᠬᠤᠲᠠ ᠳᠤ ᠪᠡᠯᠡᠭ ᠤᠨ ᠬᠠᠢᠷᠴᠠᠭ ᠲᠠᠢ ᠠᠮᠲᠠᠲᠤ ᠬᠡᠮᠬᠡ ᠶᠢᠨ ᠵᠠᠬᠢᠶᠠᠯᠠᠭ᠎ᠠ ᠳᠤ ᠪᠡᠯᠡᠳᠬᠡᠯ ᠭᠢᠭᠡᠳ ᠶᠠᠭᠠᠷᠠᠵᠤ ᠪᠠᠶᠢᠯ᠎ᠠ᠃ ᠵᠠᠩ ᠰᠠᠨ  ᠷᠦ ᠲᠣᠰᠬᠤᠨ ᠨᠢ ᠡᠨᠡᠭᠦ ᠠᠮᠲᠠᠲᠤ ᠬᠡᠮᠬᠡ ᠲᠠᠷᠢᠭᠠᠳ ᠨᠢᠭᠡᠨᠲᠡ 40 ᠭᠠᠷᠤᠢ ᠵᠢᠯ ᠤᠨ ᠲᠡᠦᠬᠡ ᠲᠠᠢ ᠪᠤᠯᠵᠤ᠂ ᠲᠠᠷᠢᠶᠠᠨ ᠭᠠᠵᠠᠷ ᠤᠨ ᠬᠠᠮᠢᠶᠠᠷᠤᠯᠲᠠ ᠨᠠᠷᠢᠯᠢᠭ᠂ ᠳᠠᠷᠢᠵᠤ ᠤᠷᠭᠤᠭᠤᠯᠬᠤ ᠶᠠᠪᠤᠴᠠ ᠳᠤ ᠪᠣᠷᠳᠣᠭᠤᠷ ᠡᠮ ᠢ ᠴᠢᠩᠭ᠎ᠠ ᠭᠢᠵᠠᠭᠠᠷᠯᠠᠭᠰᠠᠨ ᠠᠴᠠ ᠠᠳᠡᠬᠢ ᠠᠮᠲᠠᠲᠤ ᠬᠡᠮᠬᠡ ᠶᠢᠨ ᠠᠮᠲᠠ  ᠨᠢ ᠰᠠᠶᠢᠬᠠᠨ ᠪᠠᠶᠢᠵᠤ᠂ ᠬᠡᠷᠡᠭᠯᠡᠭᠴᠢᠳ ᠤᠨ ᠲᠠᠭᠠᠰᠢᠶᠠᠯ ᠢ ᠣᠯᠣᠭᠰᠠᠨ ᠪᠠᠶᠢᠨ᠎ᠠ᠃      ᠦᠶᠤᠸᠠᠨ ᠰᠢᠶᠠᠨ ᠤ ᠢᠦᠢ ᠾᠧᠩ ᠲᠠᠷᠢᠶᠠᠯᠠᠩ ᠤᠨ ᠲᠠᠷᠢᠶᠠᠴᠢᠳ ᠤᠨ ᠬᠤᠷᠰᠢᠶᠠᠵᠢᠯ ᠤᠨ ᠬᠡᠷᠡᠭ ᠡᠷᠬᠢᠯᠡᠭᠴᠢᠳ ᠤᠨ ᠳᠠᠷᠤᠭ᠎ᠠ ᠸᠠᠩ ᠢᠦᠢ ᠵᠦ ᠰᠤᠷᠪᠤᠯᠵᠢᠯᠠᠭᠴᠢ ᠳᠤ ᠰᠠᠶ᠋ᠢᠬᠠᠨ ᠪᠤᠯᠪᠠᠰᠤᠷᠠᠭᠰᠠᠨ ᠭᠤᠸᠠ  ᠶᠢ ᠪᠢᠳᠡ ᠪᠦᠭᠦᠨ ᠢ ᠪᠡᠯᠡᠭ ᠤᠨ ᠬᠠᠶᠢᠷᠴᠠᠭ ᠲᠤ ᠰᠠᠪᠠᠯᠠᠵᠤ᠂ ᠪᠡᠯᠡᠭ ᠤᠨ ᠬᠠᠶᠢᠷᠴᠠᠭ ᠤᠨ ᠦᠨ᠎ᠡ ᠨᠢ ᠵᠢᠩ ᠪᠦᠷᠢ ᠳᠡᠭᠡᠨ 4 ᠠᠴᠠ 5 ᠲᠥᠭᠦᠷᠢᠭ᠂ ᠭᠤᠸᠠ ᠶᠡᠭᠡ ᠪᠠᠷ ᠪᠤᠯᠪᠠᠰᠤᠷᠠᠭᠰᠠᠨ ᠤ ᠰᠡᠭᠦᠯᠡᠷ᠂ ᠪᠢᠳᠡ ᠲᠡᠷᠭᠡᠨ ᠳᠤ ᠰᠠᠪᠠᠯᠠᠳᠠᠭ᠂ ᠵᠢᠩ ᠪᠦᠷᠢ ᠳᠡᠭᠡᠨ 2.5  ᠠᠴᠠ 3 ᠲᠥᠭᠦᠷᠢᠭ᠂ ᠬᠤᠷᠰᠢᠶᠠᠵᠢᠯ ᠤᠨ ᠡᠨᠡ ᠵᠢᠯ ᠤᠨ ᠪᠠᠶᠢᠳᠠᠯ ᠠᠴᠠ ᠦᠵᠡᠪᠡᠯ᠂ ᠮᠦ ᠪᠦᠷᠢ ᠶᠢᠨ ᠣᠷᠣᠯᠭ᠎ᠠ 4 —5000 ᠲᠥᠭᠦᠷᠢᠭ ᠭᠦᠷᠭᠦ  ᠳᠤ ᠪᠠᠲᠤᠯᠠᠭ᠎ᠠ ᠲᠠᠢ ᠭᠡᠪᠡ᠃      ᠪᠣᠷᠤᠯᠠᠭᠤᠯᠭ᠎ᠠ ᠶᠢᠨ ᠵᠠᠮ ᠪᠠᠲᠤᠯᠠᠭ᠎ᠠ ᠲᠠᠢ᠂ ᠲᠣᠰᠬᠤᠨ ᠤ ᠠᠷᠠᠳ ᠤᠨ ᠣᠷᠣᠯᠭ᠎ᠠ ᠶᠢ ᠨᠡᠮᠡᠭᠳᠡᠭᠦᠯᠵᠦ ᠳᠡᠶᠢᠯᠬᠦ ᠨᠢ ︽ᠨᠠᠮ ᠤᠨ ᠡᠭᠦᠷ + ᠬᠤᠷᠰᠢᠶᠠᠵᠢᠯ + ᠰᠠᠭᠤᠷᠢᠨ ᠭᠠᠵᠠᠷ + ᠲᠠᠷᠢᠶᠠᠴᠢᠨ ᠡᠷᠦᠬᠡ︾ ᠬᠤᠯᠪᠤᠭᠠᠯᠠᠭᠰᠠᠨ ᠬᠥᠭᠵᠢᠯᠲᠡ ᠶᠢᠨ ᠵᠠᠭᠪᠤᠷ ᠠᠴᠠ ᠰᠠᠯᠵᠤ ᠪᠤᠯᠤᠰᠢ ᠦᠭᠡᠢ ᠶᠤᠮ᠃  ᠡᠨᠡ ᠵᠢᠯ᠂ ᠵᠠᠩ ᠰᠠᠨ  ᠷᠦ ᠲᠣᠰᠬᠤᠨ ᠢᠦᠢ ᠾᠧᠩ ᠲᠠᠷᠢᠶᠠᠯᠠᠩ ᠤᠨ ᠲᠠᠷᠢᠶᠠᠴᠢᠳ ᠤᠨ ᠬᠤᠷᠰᠢᠶᠠᠵᠢᠯ ᠢ ᠪᠠᠶᠢᠭᠤᠯᠵᠤ᠂ ᠰᠢᠨᠵᠢᠯᠡᠬᠦ ᠤᠬᠠᠭᠠᠨᠴᠢᠯᠠᠭᠰᠠᠨ ᠲᠠᠷᠢᠮᠠᠯ ᠤᠨ ᠮᠡᠷᠭᠡᠵᠢᠯ᠂ ᠬᠢᠮᠢ ᠶᠢᠨ ᠪᠣᠷᠳᠣᠭᠤᠷ ᠤᠨ ᠬᠠᠷᠢᠴᠠᠯ ᠢ ᠲᠤᠰᠬᠠᠢ ᠲᠤᠭᠢᠷᠠᠭᠤᠯᠬᠤ᠂ ᠥᠨᠳᠥᠷ ᠪᠦᠲᠦᠮᠵᠢᠲᠡᠢ ᠬᠥᠭᠵᠢᠯᠲᠡ ᠶᠢᠨ ᠵᠠᠭᠪᠤᠷ ᠢ ᠭᠡᠷᠡᠭᠯᠡᠨ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠭᠦᠴᠦᠨ ᠨᠡᠮᠡᠷᠢᠯᠡᠵᠤ ᠪᠠᠶᠢᠨ᠎ᠠ᠃      ᠦᠶᠤᠸᠠᠨ ᠰᠢᠶᠠᠨ ᠤ ᠢᠦᠢ ᠾᠧᠩ ᠲᠠᠷᠢᠶᠠᠯᠠᠩ ᠤᠨ ᠲᠠᠷᠢᠶᠠᠴᠢᠳ ᠤᠨ ᠬᠤᠷᠰᠢᠶᠠᠵᠢᠯ ᠤᠨ ᠳᠠᠷᠤᠭ᠎ᠠ ᠸᠠᠩ ᠢᠦᠢ ᠵᠦ ᠰᠤᠷᠪᠤᠯᠵᠢᠯᠠᠭᠴᠢ ᠳᠤ ᠮᠠᠨ ᠤ ᠬᠤᠷᠰᠢᠶᠠᠵᠢᠯ ᠡᠨᠡ ᠵᠢᠯ ᠰᠠᠶ᠋ᠢ ᠪᠠᠶᠢᠭᠤᠯᠤᠭᠳᠠᠭᠰᠠᠨ᠂ ᠡᠨᠡ ᠵᠢᠯ ᠤᠨ ᠠᠰᠢᠭ ᠣᠷᠣᠯᠭ᠎ᠠ ᠨᠡᠯᠢᠶᠡᠳ ᠰᠠᠶᠢᠨ ᠪᠠᠶᠢᠳᠠᠯ ᠳᠣᠣᠷ᠎ᠠ᠂ ᠳᠠᠷᠠᠭ᠎ᠠ ᠵᠢᠯ ᠳᠤ ᠨᠡᠩ ᠣᠯᠠᠨ  ᠲᠠᠷᠢᠶᠠᠴᠢᠳ ᠢ ᠬᠤᠷᠰᠢᠶᠠᠵᠢᠯ ᠳᠤ ᠣᠷᠣᠭᠤᠯᠬᠤ ᠪᠠᠷ ᠪᠡᠯᠡᠳᠬᠡᠵᠦ ᠪᠠᠶᠢᠨ᠎ᠠ᠃ ᠭᠡᠰᠢᠭᠦᠳ ᠢᠶᠠᠨ ᠲᠠᠶᠢᠴᠢᠯᠠᠨ  ᠠᠮᠳᠠᠳᠤ ᠭᠤᠸᠠ ᠶᠢᠨ ᠢᠶᠠᠨ ᠴᠢᠨᠠᠷ ᠢ ᠰᠠᠶᠢᠵᠢᠷᠠᠭᠤᠯᠤᠨ᠂ ᠢᠯᠡᠭᠦᠬᠡᠨ ᠵᠣᠭᠤᠰ ᠤᠯᠬᠤ ᠪᠠᠷ ᠴᠢᠷᠮᠠᠶᠢᠨ᠎ᠠ ᠭᠡᠪᠡ᠃      ᠮᠠᠨ ᠤ ᠬᠤᠲᠠ ᠶᠢᠨ ᠠᠯᠠᠰᠢᠨ ᠬᠤᠨᠢᠨ ᠤ ᠲᠡᠵᠢᠭᠡᠭᠰᠡᠨ ᠬᠡᠮᠵᠢᠶ᠎ᠡ ᠪᠠ ᠪᠣᠷᠣᠯᠠᠭᠤᠯᠤᠭᠰᠠᠨ ᠬᠡᠮᠵᠢᠶ᠎ᠡ ᠴᠥᠮ ᠪᠦᠬᠦ ᠤᠯᠤᠰ ᠤᠨ ᠨᠢᠭᠡᠳᠦᠭᠡᠷ ᠲᠤ ᠣᠷᠣᠵᠤ᠂ ᠪᠦᠬᠦ ᠤᠯᠤᠰ ᠤᠨ ᠴᠣᠷ ᠤᠨ ᠭᠠᠭᠴᠠ ᠠᠯᠠᠰᠢᠨ ᠬᠤᠨᠢ ᠶᠢ ᠵᠢᠯ ᠤᠨ ᠳᠥᠷᠪᠡᠨ ᠤᠯᠠᠷᠢᠯ ᠳᠤ ᠲᠡᠩᠴᠡᠭᠦᠷᠢᠲᠡᠢ ᠪᠠᠷ ᠪᠤᠷᠤᠯᠠᠭᠤᠯᠵᠤ ᠲᠡᠶᠢᠯᠭᠦ ᠭᠠᠵᠠᠷ ᠤᠨ ᠲᠠᠰ ᠤᠨ ᠬᠤᠲᠠ ᠪᠤᠯᠤᠨ᠎ᠠ᠃ ᠣᠶᠢᠷ᠎ᠠ ᠶᠢᠨ ᠵᠢᠯ ᠤᠳ ᠲᠤ᠂ ᠮᠠᠨ ᠤ ᠬᠤᠲᠠ ᠠᠯᠠᠰᠢᠨ ᠬᠤᠨᠢ ᠶᠢ ᠬᠡᠪᠴᠢᠶᠡᠵᠢᠭᠦᠯᠦᠨ᠂ ᠪᠠᠷᠢᠮᠵᠢᠶᠠᠵᠢᠭᠤᠯᠤᠨ ᠲᠡᠵᠢᠭᠡᠨ ᠦᠷᠡᠵᠢᠭᠦᠯᠬᠦ ᠶᠢ ᠭᠤᠣᠯᠳᠠᠯᠭ᠎ᠠ ᠲᠠᠢ ᠬᠥᠭᠵᠢᠭᠦᠯᠵᠦ᠂  ᠠᠯᠠᠰᠢᠨ ᠬᠤᠨᠢ ᠶᠢ ᠦᠷᠡᠵᠢᠭᠦᠯᠦᠨ ᠪᠣᠶᠢᠵᠢᠭᠤᠯᠬᠤ ᠪᠠ ᠥᠨᠳᠥᠷ ᠦᠷ᠎ᠡ ᠪᠦᠲᠦᠮᠵᠢᠲᠡᠶ ᠦᠢᠯᠡᠳᠪᠦᠷᠢᠯᠡᠵᠦ ᠡᠵᠡᠩᠨᠡᠬᠦ‍ ᠨᠢᠭᠡ ᠢᠵᠢ ᠵᠠᠭᠪᠤᠷ ᠢ ᠪᠤᠢ ᠪᠤᠯᠭᠠᠭᠰᠠᠨ ᠪᠠᠶᠢᠨ᠎ᠠ᠃      ᠤᠷᠠᠳ ᠤᠨ ᠳᠤᠮᠳᠠᠳᠤ ᠬᠤᠰᠢᠭᠤᠨ ᠤ ᠠᠯᠠᠰᠢᠨ ᠬᠤᠨᠢ ᠶᠢ ᠡᠷᠯᠢᠰᠡᠵᠢᠭᠦᠯᠦᠨ ᠠᠰᠢᠭᠯᠠᠬᠤ ᠰᠢᠰᠲ᠋ᠧᠮ ᠤᠨ ᠪᠠᠶᠢᠭᠤᠯᠤᠯᠲᠠ ᠵᠢᠴᠢ ᠥᠨᠳᠥᠷ ᠦᠷ᠎ᠡ ᠠᠰᠢᠭ  ᠲᠠᠢ ᠲᠡᠵᠢᠭᠡᠨ ᠦᠷᠡᠵᠢᠭᠦᠯᠬᠦ ᠬᠦᠷᠢᠶᠡᠯᠡᠩ ᠲᠣᠭᠤᠷᠢᠭ ᠲᠤ ᠤᠷᠤᠬᠤ ᠳᠤ᠂ ᠨᠢᠭᠡᠨᠲᠡ ᠪᠠᠶᠢᠭᠤᠯᠤᠭᠰᠠᠨ ᠣᠶᠤᠨᠴᠢᠯᠠᠭᠰᠠᠨ᠂ ᠪᠠᠷᠢᠮᠵᠢᠶᠠᠵᠢᠭᠰᠠᠨ ᠠᠯᠠᠰᠢᠨ ᠬᠤᠨᠢ ᠲᠡᠵᠢᠭᠡᠨ ᠦᠷᠡᠵᠢᠭᠦᠯᠬᠦ ᠬᠠᠰᠢᠶ᠎ᠠ ᠰᠠᠷᠠᠪᠴᠢ ᠨᠢ ᠠᠭᠤᠵᠢᠮ ᠰᠠᠷᠠᠭᠤᠯ ᠬᠠᠷᠠᠭᠳᠠᠵᠤ᠂ ᠲᠡᠵᠢᠭᠡᠯ ᠪᠣᠷᠳᠤᠭ᠎ᠠ ᠶᠢ ᠤᠩᠭᠤᠴᠠ ᠳᠤ ᠭᠢᠭᠦ ᠳᠤ ᠲᠠᠷᠭᠤ ᠬᠦᠴᠦ ᠰᠠᠶᠢᠳᠠᠢ ᠠᠯᠠᠰᠢᠨ ᠬᠤᠨᠢᠳ ᠡᠪᠡᠰᠤ ᠪᠤᠷᠳᠤᠭ᠎ᠠ ᠪᠠᠨ  ᠪᠤᠯᠢᠶᠠᠯᠳᠤᠨ ᠢᠳᠡᠵᠤ ᠪᠠᠶᠢᠯ᠎ᠠ᠃      ᠠᠯᠠᠰᠢᠨ ᠬᠤᠨᠢ ᠶᠢ ᠡᠷᠯᠢᠰᠡᠵᠢᠭᠦᠯᠦᠨ ᠠᠰᠢᠭᠯᠠᠬᠤ  ᠰᠢᠰᠲ᠋ᠧᠮ ᠤᠨ ᠪᠠᠶᠢᠭᠤᠯᠤᠯᠲᠠ ᠵᠢᠴᠢ ᠥᠨᠳᠥᠷ ᠦᠷ᠎ᠡ ᠠᠰᠢᠭ ᠲᠠᠢ ᠲᠡᠵᠢᠭᠡᠨ ᠦᠷᠡᠵᠢᠭᠦᠯᠬᠦ ᠬᠦᠷᠢᠶᠡᠯᠡᠩ ᠲᠣᠭᠤᠷᠢᠭ ᠤᠨ ᠶᠡᠷᠦᠩᠬᠡᠢ ᠳᠠᠭᠠᠭᠠᠮᠠᠯ ᠯᠢᠦ ᠰᠢᠶᠣᠣ ᠶᠠᠨ ᠰᠤᠷᠪᠤᠯᠵᠢᠯᠠᠭᠴᠢ ᠳᠤ ᠤᠷᠠᠳ ᠤᠨ ᠳᠤᠮᠳᠠᠳᠤ ᠬᠤᠰᠢᠭᠤᠨ ᠳᠤ ᠡᠨᠡᠭᠦ ᠲᠥᠷᠥᠯ ᠵᠦᠢᠯ ᠢ ᠪᠦᠳᠦᠭᠡᠨ ᠪᠠᠶᠢᠭᠤᠯᠤᠭᠰᠠᠨ ᠠᠴᠢ ᠬᠤᠯᠪᠣᠭᠳᠠᠯ ᠨᠢ ᠮᠠᠯᠴᠢᠨ ᠲᠠᠷᠢᠶᠠᠴᠢᠳ ᠢ ᠳᠠᠭᠠᠭᠤᠯᠤᠨ ᠣᠲᠣ ᠦᠶ᠎ᠡ ᠶᠢᠨ ᠮᠠᠯ ᠠᠵᠤ ᠠᠬᠤᠢ ᠶᠢᠨ ᠬᠡᠯᠪᠡᠷᠢ ᠶᠢ ᠬᠤᠪᠢᠷᠠᠭᠤᠯᠬᠤ ᠶᠠᠪᠤᠳᠠᠯ ᠪᠣᠯᠣᠨ᠎ᠠ᠂ ᠨᠢᠭᠡᠳᠦᠭᠡᠷ ᠲᠤ᠂  ᠪᠢᠳᠡ ᠲᠡᠵᠢᠭᠡᠯ ᠪᠣᠷᠳᠤᠭ᠎ᠠ ᠶᠢ ᠪᠠᠷᠢᠮᠵᠢᠶᠠᠵᠢᠭᠤᠯᠬᠤ ᠪᠠᠷ ᠭᠤᠣᠯ ᠪᠣᠯᠭᠠᠨ᠎ᠠ᠃ ᠬᠤᠶᠠᠳᠤᠭᠠᠷ ᠲᠤ᠂ ᠬᠤᠨᠢᠨ ᠤ ᠡᠭᠦᠯᠳᠡᠷ ᠢ ᠪᠠᠷᠢᠮᠵᠢᠶᠠᠵᠢᠭᠤᠯᠬᠤ᠃ ᠭᠤᠷᠪᠠᠳᠤᠭᠠᠷ ᠲᠤ᠂ ᠤᠳᠤ ᠦᠶ᠎ᠡ ᠶᠢᠨ ᠬᠠᠰᠢᠶ᠎ᠠ ᠰᠠᠷᠠᠪᠴᠢ ᠶᠢᠨ ᠪᠠᠷᠢᠮᠵᠢᠶᠠᠵᠢᠯᠲᠠ᠃ ᠳᠥᠷᠪᠡᠳᠦᠭᠡᠷ ᠲᠤ᠂ ᠬᠢᠵᠢᠭ ᠢ ᠰᠡᠷᠭᠡᠶᠢᠯᠡᠬᠦ᠂ ᠲᠡᠵᠢᠭᠡᠨ ᠠᠷᠠᠴᠢᠯᠠᠬᠤ ᠬᠠᠮᠢᠶᠠᠷᠤᠯᠲᠠ ᠶᠢ ᠪᠠᠷᠢᠮᠵᠢᠶᠠᠵᠢᠭᠤᠯᠬᠤ ᠪᠤᠯᠤᠨ᠎ᠠ ᠭᠡᠪᠡ᠃      2022 ᠣᠨ ᠳᠤ᠂ ᠤᠷᠠᠳ ᠤᠨ ᠳᠤᠮᠳᠠᠳᠤ ᠬᠤᠰᠢᠭᠤ ︽ᠤᠷᠠᠳ ᠤᠨ ᠳᠤᠮᠳᠠᠳᠤ ᠬᠤᠰᠢᠭᠤᠨ ᠤ ᠬᠦᠷᠡᠩ ᠡᠪᠡᠰᠦᠨ ᠤ ᠠᠮᠢᠳᠤ ᠪᠣᠳᠠᠰ ᠤᠨ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ︾ ᠶᠢ ᠤᠷᠢᠨ ᠤᠷᠤᠭᠤᠯᠵᠤ᠂ ᠲᠦᠯᠦᠪᠯᠡᠭᠡ ᠪᠠᠷ 7 ᠳ᠋ᠦᠩᠰᠢᠭᠤᠷ ᠭᠠᠷᠤᠢ ᠲᠥᠭᠦᠷᠢᠭ ᠤᠨ ᠶᠡᠷᠦᠩᠬᠡᠢ ᠪᠡᠯᠡ ᠤᠷᠤᠭᠤᠯᠤᠨ᠂ ︽ᠠᠯᠠᠰᠢᠨ ᠬᠤᠨᠢ ᠶᠢ ᠡᠷᠯᠢᠰᠡᠵᠢᠭᠦᠯᠦᠨ ᠠᠰᠢᠭᠯᠠᠬᠤ ᠰᠢᠰᠲ᠋ᠧᠮᠵᠢ ᠶᠢᠨ ᠪᠦᠲᠦᠭᠡᠨ ᠪᠠᠶᠢᠭᠤᠯᠤᠯᠲᠠ ᠵᠢᠴᠢ ᠥᠨᠳᠥᠷ ᠦᠷ᠎ᠡ ᠠᠰᠢᠭ ᠲᠠᠢ ᠲᠡᠵᠢᠭᠡᠨ ᠦᠷᠡᠵᠢᠭᠦᠯᠬᠦ ᠬᠦᠷᠢᠶᠡᠯᠡᠩ ᠲᠣᠭᠤᠷᠢᠭ︾ ᠤᠨ ᠲᠥᠷᠥᠯ ᠵᠦᠢᠯ ᠢ ᠪᠦᠲᠦᠭᠡᠨ ᠪᠠᠶᠢᠭᠤᠯᠬᠤ ᠪᠠᠷ ᠪᠠᠶᠢᠨ᠎ᠠ᠃ ᠣᠳᠣᠬᠠᠨ ᠳᠤ᠂ ᠠᠯᠠᠰᠢᠨ ᠬᠤᠨᠢ ᠡᠷᠯᠢᠰᠡᠵᠢᠭᠦᠯᠦᠨ ᠠᠰᠢᠭᠯᠠᠬᠤ ᠰᠢᠰᠲ᠋ᠧᠮᠵᠢ ᠶᠢᠨ ᠪᠣᠶᠢᠵᠢᠭᠤᠯᠤᠭᠰᠠᠨ ᠬᠤᠨᠢ ᠶᠢ ᠪᠣᠶᠢᠵᠢᠭᠤᠯᠬᠤ ᠵᠢᠴᠢ ᠡᠮᠦᠨᠡᠬᠢ ᠬᠤᠭᠤᠴᠠᠭᠠᠨ ᠤ ᠰᠢᠨᠵᠢᠯᠡᠬᠦ ᠤᠬᠠᠭᠠᠨ ᠤ ᠰᠤᠳᠤᠯᠤᠯ ᠤᠨ ᠵᠢᠱᠢᠶ᠎ᠡ ᠦᠵᠡᠭᠦᠯᠬᠦ ᠰᠠᠭᠤᠷᠢᠨ ᠭᠠᠵᠠᠷ ᠢ ᠨᠢᠭᠡᠨᠲᠡ ᠪᠠᠶᠢᠭᠤᠯᠵᠤ ᠳᠠᠭᠤᠰᠬᠠᠭᠠᠳ ᠠᠰᠢᠭᠯᠠᠯᠲᠠ ᠳᠤ ᠣᠷᠣᠭᠤᠯᠪᠠ᠃      ᠠᠯᠠᠰᠢᠨ ᠬᠤᠨᠢ ᠶᠢ ᠡᠷᠯᠢᠰᠡᠵᠢᠭᠦᠯᠦᠨ ᠠᠰᠢᠭᠯᠠᠬᠤ  ᠰᠢᠰᠲ᠋ᠧᠮ ᠤᠨ ᠪᠠᠶᠢᠭᠤᠯᠤᠯᠲᠠ ᠵᠢᠴᠢ ᠥᠨᠳᠥᠷ ᠦᠷ᠎ᠡ ᠠᠰᠢᠭ ᠲᠠᠢ ᠲᠡᠵᠢᠭᠡᠨ ᠦᠷᠡᠵᠢᠭᠦᠯᠬᠦ ᠬᠦᠷᠢᠶᠡᠯᠡᠩ ᠲᠣᠭᠤᠷᠢᠭ ᠤᠨ ᠶᠡᠷᠦᠩᠬᠡᠢ ᠳᠠᠭᠠᠭᠠᠮᠠᠯ ᠯᠢᠦ ᠰᠢᠶᠣᠣ ᠶᠠᠨ ᠰᠤᠷᠪᠤᠯᠵᠢᠯᠠᠭᠴᠢ ᠳᠤ ᠳᠠᠷᠠᠭᠠᠴᠢ ᠶᠢᠨ ᠠᠯᠬᠤᠮ ᠳᠤ ᠪᠢᠳᠡ ᠤᠷᠠᠳ ᠤᠨ ᠳᠤᠮᠳᠠᠳᠤ ᠬᠤᠰᠢᠭᠤᠨ ᠤ ᠲᠤᠭᠤᠯᠳᠠᠢ ᠮᠠᠯᠵᠢᠯ ᠤᠨ ᠲᠠᠯᠠᠪᠠᠢ ᠳᠤ 1400 ᠮᠦ ᠭᠠᠵᠠᠷ ᠬᠤᠳᠠᠯᠳᠤᠨ ᠠᠪᠤᠭᠠᠳ᠂ ᠨᠢᠭᠡ ᠬᠦᠷᠢᠶᠡᠯᠡᠩ ᠭᠤᠷᠪᠠᠨ ᠲᠣᠭᠤᠷᠢᠭ ᠢ ᠥᠷᠭᠡᠳᠬᠡᠨ ᠪᠠᠶᠢᠭᠤᠯᠬᠤ ᠪᠠᠷ ᠲᠦᠯᠦᠪᠯᠡᠵᠤ ᠪᠠᠶᠢᠨ᠎ᠠ᠃ ᠡᠭᠦᠨ ᠳᠤ ᠨᠢᠭᠡ ᠲᠦᠮᠡᠨ ᠡᠭᠦᠯᠳᠡᠷ ᠤᠨ ᠬᠤᠨᠢ ᠶᠢ ᠲᠡᠵᠢᠭᠡᠨ ᠦᠷᠡᠵᠢᠭᠦᠯᠭᠦ ᠣᠷᠣᠨ᠂ 5 ᠲᠦᠮᠡᠨ ᠦᠷᠡᠵᠢᠯ ᠤᠨ ᠡᠮ᠎ᠡ ᠬᠤᠨᠢᠨ ᠤ ᠬᠦᠷᠢᠶᠡᠯᠡᠩ ᠲᠣᠭᠤᠷᠢᠭ᠂ 20 ᠲᠦᠮᠡᠨ ᠬᠤᠨᠢᠨ ᠤ ᠪᠣᠷᠳᠣᠵᠤ ᠲᠠᠷᠭᠤᠯᠠᠭᠤᠯᠬᠤ ᠬᠦᠷᠢᠶᠡᠯᠡᠩ ᠲᠣᠭᠤᠷᠢᠭ ᠢ ᠪᠠᠭᠳᠠᠭᠠᠨ᠎ᠠ᠃ ᠬᠤᠭᠤᠴᠠᠭ᠎ᠠ ᠬᠤᠪᠢᠶᠠᠨ ᠲᠣᠭᠤᠷᠢᠭ ᠬᠤᠪᠢᠶᠠᠨ ᠪᠦᠲᠦᠭᠡᠨ ᠪᠠᠶᠢᠭᠤᠯᠬᠤ ᠪᠠᠷ ᠪᠡᠯᠡᠳᠭᠡᠵᠤ᠂ ᠡᠨᠡ ᠵᠢᠯ ᠤᠨ 12 ᠰᠠᠷ᠎ᠠ ᠳᠤ ᠨᠢᠭᠡ ᠲᠦᠮᠡᠨ ᠡᠭᠦᠯᠳᠡᠷ ᠤᠨ ᠬᠤᠨᠢ ᠲᠡᠵᠢᠭᠡᠨ ᠦᠷᠡᠵᠢᠭᠦᠯᠬᠦ ᠬᠦᠷᠢᠶᠡᠯᠡᠩ ᠲᠣᠭᠤᠷᠢᠭ ᠤᠨ ᠪᠦᠲᠦᠭᠡᠨ ᠪᠠᠶᠢᠭᠤᠯᠤᠯᠲᠠ ᠶᠢ ᠲᠠᠭᠤᠰᠬᠠᠬᠤ ᠪᠠᠷ ᠲᠥᠯᠥᠪᠯᠡᠵᠦ ᠪᠠᠶᠢᠨ᠎ᠠ ᠭᠡᠪᠡ᠃      ᠡᠨᠡ ᠵᠢᠯ ᠤᠨ ᠳᠡᠭᠡᠷ᠎ᠡ ᠬᠠᠭᠠᠰ ᠵᠢᠯ ᠳᠤ᠂ ᠪᠥᠬᠦ ᠬᠤᠲᠠ ᠶᠢᠨ ᠲᠠᠷᠢᠶᠠᠯᠠᠩ ᠣᠶ ᠰᠢᠭᠤᠢ ᠮᠠᠯ ᠠᠵᠤ ᠠᠬᠤᠢ ᠵᠢᠭᠠᠰᠤᠨ ᠠᠵᠤ ᠠᠬᠤᠢ ᠶᠢᠨ ᠦᠢᠯᠡᠳᠬᠦᠨ ᠤ ᠪᠥᠬᠦ ᠥᠷᠲᠡᠭ 109.0 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 9.0% ᠨᠡᠮᠡᠭᠳᠡᠵᠦ᠂ ᠨᠢᠳᠤᠨᠤᠨ ᠤ ᠠᠳᠠᠯᠢ ᠬᠤᠭᠤᠴᠠᠭ᠎ᠠ ᠪᠠ ᠨᠢᠭᠡᠳᠦᠭᠡᠷ ᠤᠯᠠᠷᠢᠯ ᠤᠨ ᠬᠢ ᠠᠴᠠ ᠲᠤᠰᠪᠤᠷᠢ 3.0᠂ 3.5 ᠵᠠᠭᠤᠨ ᠤ ᠨᠢᠭᠡᠴᠢ ᠳᠡᠭᠡᠭᠰᠢᠯᠡᠪᠡ᠃ ᠪᠥᠬᠦ ᠬᠤᠲᠠ ᠶᠢᠨ ᠮᠠᠯ ᠤᠨ ᠲᠤᠭ᠎ᠠ ᠲᠣᠯᠣᠭᠠᠢ 1239.5 ᠲᠦᠮᠡ ᠳᠤ ᠬᠦᠷᠴᠦ᠂ 9.2% ᠢᠶᠠᠷ ᠨᠡᠮᠡᠭᠳᠡᠪᠡ᠃ ᠬᠤᠨᠢᠨ ᠤ ᠭᠠᠷᠭᠠᠯᠳᠠ 666.2 ᠲᠦᠮᠡᠨ ᠲᠤᠯᠤᠭᠠᠢ ᠳᠤ ᠬᠦᠷᠴᠦ᠂ 8.1% ᠪᠠᠷ ᠨᠡᠮᠡᠭᠳᠡᠪᠡ᠃ ᠠᠯᠠᠰᠢᠨ ᠦᠬᠡᠷ ᠤᠨ ᠭᠠᠷᠭᠠᠯᠲᠠ 3.4 ᠲᠦᠮᠡᠨ ᠲᠤᠯᠤᠭᠠᠢ ᠳᠤ ᠬᠦᠷᠴᠦ᠂ 14.1% ᠪᠠᠷ ᠨᠡᠮᠡᠭᠳᠡᠪᠡ᠃ ᠠᠮᠢᠳᠤ ᠭᠠᠭ᠋ᠠᠢ ᠶᠢᠨ ᠭᠠᠷᠭᠠᠯᠲᠠ 19.9 ᠲᠦᠮᠡᠨ ᠲᠤᠯᠤᠭᠠᠢ ᠳᠤ ᠬᠦᠷᠴᠦ᠂ 5.9% ᠪᠠᠷ ᠨᠡᠮᠡᠭᠳᠡᠪᠡ᠃ ᠮᠢᠬᠠᠨ ᠤ ᠲᠥᠷᠥᠯ ᠤᠨ ᠶᠡᠷᠦᠩᠬᠡᠢ ᠭᠠᠷᠤᠯᠲᠠ 25.3 ᠲᠦᠮᠡᠨ ᠲᠣᠨ ᠳᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 7.9% ᠪᠠᠷ ᠨᠡᠮᠡᠭᠳᠡᠪᠡ᠃   
ᠢᠷᠡᠯᠲᠡ᠄ ᠪᠠᠶᠠᠨᠨᠠᠭᠤᠷ ᠤᠨ ᠮᠣᠩᠭᠤᠯ ᠷᠠᠳᠢᠣ᠋ ᠲᠧᠯᠸᠢᠰ