ᠮᠠᠨ ᠤ ᠬᠤᠲᠠ ᠲᠠᠷᠢᠶᠠᠴᠢᠳ ᠤᠨ ᠤᠰᠤ ᠬᠡᠷᠡᠭᠯᠡᠬᠦ ᠲᠤᠰᠬᠠᠢ ᠬᠤᠷᠰᠢᠶᠠᠵᠢᠯ ᠢ ᠪᠠᠶᠢᠭᠤᠯᠤᠨ᠂ ᠠᠷᠠᠳᠡᠴᠠ ᠪᠠᠶᠢᠭᠤᠯᠬᠤ᠂ ᠠᠷᠠᠳ ᠠᠴᠠ ᠬᠡᠷᠡᠭᠯᠡᠬᠦ᠂ | ᠠᠷᠠᠳ ᠠᠴᠠ ᠬᠠᠮᠢᠶᠠᠷᠬᠤ ᠵᠠᠭᠪᠤᠷ ᠢ ᠬᠡᠷᠡᠭᠯᠡᠵᠤ ᠂ ᠤᠰᠤ ᠠᠷᠪᠢᠯᠠᠬᠤ ᠦᠷ᠎ᠡ ᠠᠰᠢᠭ ᠢ ᠲᠡᠬᠡᠭᠰᠢᠯᠡᠬᠦᠯᠦᠨ ᠲᠠᠷᠢᠶᠠᠴᠢᠳ ᠤᠨ ᠤᠰᠤ ᠬᠡᠷᠡᠭᠯᠡᠬᠦ ᠶᠢ ᠪᠠᠳᠤᠯᠠᠨ᠎ᠠ᠃ | ᠰᠤᠷᠪᠤᠯᠵᠢᠯᠠᠭᠴᠢ ᠦᠶᠤᠸᠠᠨ ᠰᠢᠶᠠᠨ ᠤ ᠯᠦᠩ ᠰᠢᠩ ᠴᠠᠩ ᠪᠠᠯᠭᠠᠰᠤᠨ ᠤ ᠰᠢ ᠱᠠ ᠭᠤᠣᠯ ᠤᠨ ᠰᠤᠪᠠᠭ ᠲᠤ ᠬᠦᠷᠬᠦ ᠳᠤ᠂ ᠲᠤᠬᠠᠢ ᠶᠢᠨ ᠭᠠᠵᠠᠷ ᠤᠨ | ᠲᠠᠷᠢᠶᠠᠴᠢᠳ ᠤᠨ ᠤᠰᠤ ᠬᠡᠷᠡᠭᠯᠡᠬᠦ ᠲᠤᠰᠬᠠᠢ ᠬᠤᠷᠰᠢᠶᠠᠵᠢᠯ ᠤᠨ ᠬᠡᠷᠡᠭ ᠡᠷᠬᠢᠯᠡᠭᠴᠢᠳ ᠤᠨ ᠳᠠᠷᠤᠭ᠎ᠠ ᠭᠦᠸᠧ ᠬᠠᠢ ᠰᠢᠶᠣᠣ ᠶᠠᠭ ᠤᠰᠤᠨ ᠤ ᠤᠷᠤᠰᠬᠠᠯ ᠤᠨ | ᠬᠡᠮᠵᠢᠶ᠎ᠡ ᠶᠢ ᠬᠡᠮᠵᠢᠵᠦ ᠂ ᠣᠯᠠᠨ ᠴᠡᠭ ᠤᠨ ᠤᠷᠤᠰᠬᠠᠯ ᠤᠨ ᠬᠡᠮᠵᠢᠯᠲᠡ ᠶᠢᠨ ᠠᠷᠭ᠎ᠠ ᠶᠢ ᠬᠡᠷᠡᠭᠯᠡᠬᠦ ᠪᠠᠷ ᠳᠠᠮᠵᠢᠭᠤᠯᠤᠨ᠂ ᠤᠷᠤᠰᠬᠠᠯ ᠤᠨ ᠬᠡᠮᠵᠢᠶ᠎ᠡ ᠶᠢ ᠲᠥᠰᠥᠭᠡᠯᠡᠨ | ᠪᠤᠳᠤᠭᠰᠠᠨ ᠲᠤᠭ᠎ᠠ ᠪᠠᠷᠢᠮᠲᠠ ᠶᠢᠨ ᠦᠨᠡᠨ ᠪᠣᠳᠠᠲᠠᠢ ᠪᠥᠭᠡᠳ ᠨᠠᠶᠢᠳᠠᠪᠤᠷᠢᠲᠠᠢ ᠪᠠᠶᠢᠬᠤ ᠶᠢ ᠪᠠᠶᠢᠴᠠᠭᠠᠵᠤ ᠪᠠᠶᠢᠯ᠎ᠠ᠃ | ᠯᠦᠩ ᠰᠢᠩ ᠴᠠᠩ ᠪᠠᠯᠭᠠᠰᠤᠨ ᠤ ᠰᠢ ᠱᠠ ᠭᠤᠤᠯ ᠤᠨ ᠰᠤᠪᠠᠭ ᠤᠨ ᠤᠰᠤ ᠠᠷᠪᠢᠯᠠᠬᠤ ᠤᠰᠤᠯᠠᠯᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ | ᠲᠠᠷᠢᠶᠠᠴᠢᠨ ᠤ ᠲᠤᠰᠬᠠᠢ ᠬᠤᠷᠰᠢᠶᠠᠵᠢᠯ ᠤᠨ ᠬᠡᠷᠡᠭ ᠡᠷᠬᠢᠯᠡᠭᠴᠢᠳ ᠤᠨ ᠳᠠᠷᠤᠭ᠎ᠠ ᠭᠦᠸᠧ ᠬᠠᠢ ᠰᠢᠶᠣᠣ ᠶᠢᠨ ᠬᠡᠯᠡᠬᠦ ᠪᠠᠷ᠂ ᠮᠠᠨ ᠤ ᠬᠤᠷᠰᠢᠶᠠᠵᠢᠯ ᠬᠤᠶᠠᠷ | ᠤᠷᠤᠰᠬᠠᠯ ᠬᠡᠮᠵᠢᠭᠴᠢ ᠬᠡᠷᠡᠭᠯᠡᠵᠦ ᠪᠠᠶᠢᠨ᠎ᠠ᠂ ᠡᠨᠡ ᠬᠤᠶᠠᠷ ᠡᠳᠦᠷ ᠲᠤ ᠶᠠᠭ ᠡᠷᠳᠡᠨᠢ ᠰᠢᠰᠢ ᠤᠰᠤᠯᠠᠵᠤ ᠪᠠᠶᠢᠭ᠎ᠠ ᠪᠤᠯᠬᠤᠷ ᠮᠠᠨ ᠤ ᠬᠤᠶᠠᠭᠤᠯᠠ ᠲᠤᠭ᠎ᠠ | ᠪᠠᠷᠢᠮᠲᠠ ᠶᠢ ᠨᠠᠩ ᠣᠨᠣᠪᠴᠢᠲᠠᠶ ᠡᠵᠡᠮᠰᠢᠬᠦ ᠪᠠᠷ ᠴᠢᠷᠮᠠᠶᠢᠨ ᠠᠵᠢᠯᠯᠠᠵᠤ ᠪᠠᠶᠢᠨ᠎ᠠ ᠬᠡᠵᠤ ᠪᠠᠶᠢᠯ᠎ᠠ᠃ | ᠰᠢ ᠱᠠ ᠭᠤᠤᠯ ᠤᠨ ᠲᠠᠷᠢᠶᠠᠴᠢᠳ ᠤᠨ ᠤᠰᠤ ᠬᠡᠷᠡᠭᠯᠡᠬᠦ ᠲᠤᠰᠬᠠᠢ ᠬᠤᠷᠰᠢᠶᠠᠵᠢᠯ ᠨᠢ 7 ᠲᠣᠰᠬᠤᠨ ᠤ 20 ᠤᠰᠤ ᠬᠡᠷᠡᠭᠯᠡᠬᠦ ᠳᠤᠭᠤᠶᠢᠯᠠᠩ ᠤᠨ 3.3 | ᠲᠦᠮᠡᠨ ᠮᠦ ᠤᠰᠤᠯᠠᠯᠲᠠ ᠶᠢᠨ ᠲᠠᠯᠠᠪᠠᠶ ᠶᠢ ᠬᠠᠷᠢᠭᠤᠴᠠᠵᠤ ᠪᠤᠢ᠃ ︽ᠪᠠᠯᠭᠠᠰᠤ ᠠᠴᠠ ᠨᠢᠭᠡᠳᠦᠯᠲᠡᠢ ᠲᠥᠯᠥᠪᠯᠡᠬᠦ᠂ ᠬᠤᠷᠰᠢᠶᠠᠵᠢᠯ ᠠᠴᠠ ᠬᠠᠮᠢᠶᠠᠷᠬᠤ᠂ ᠤᠰᠤ | ᠬᠡᠷᠡᠭᠯᠡᠬᠦ ᠡᠯ᠎ᠡ ᠳᠤᠭᠤᠶᠢᠯᠠᠩ ᠣᠷᠣᠯᠴᠠᠬᠤ︾ ᠵᠠᠭᠪᠤᠷ ᠢᠶᠠᠷ ᠬᠤᠷᠰᠢᠶᠠᠵᠢᠯ ᠠᠴᠠ ᠲᠠᠷᠢᠮᠠᠯ ᠤᠨ ᠪᠦᠲᠦᠴᠡ ᠪᠠ ᠲᠠᠷᠢᠮᠠᠯ ᠤᠨ ᠲᠠᠯᠠᠪᠠᠢ ᠪᠠᠷ ᠨᠢ ᠤᠰᠤᠨ ᠤ | ᠬᠡᠮᠵᠢᠶ᠎ᠡ ᠶᠢ ᠰᠢᠨᠵᠢᠯᠡᠬᠦ ᠤᠬᠠᠭᠠᠨᠴᠢ ᠵᠦᠢ ᠵᠣᠬᠢᠰᠲᠠᠢ ᠪᠠᠷ ᠲᠤᠬᠢᠷᠠᠭᠤᠯᠤᠨ᠂ ᠤᠰᠤᠨ ᠤ ᠰᠦᠢᠳᠬᠡᠯ ᠬᠤᠷᠢᠶᠠᠬᠤ ᠳᠠᠭᠠᠨ ᠮᠤ᠋ ᠪᠠᠷ ᠨᠢᠬᠡᠴᠢ ᠪᠤᠯᠭᠠᠨ ᠰᠦᠢᠳᠬᠡᠯ | ᠬᠤᠷᠢᠶᠠᠵᠤ᠂ ᠤᠰᠤ ᠬᠡᠷᠡᠭᠯᠡᠬᠦ ᠡᠯ᠎ᠡ ᠳᠤᠭᠤᠶᠢᠯᠠᠩ ᠠᠴᠠ ᠬᠤᠷᠢᠶᠠᠬᠤ ᠶᠢᠨ ᠬᠠᠮᠲᠤ ᠨᠢᠭᠡᠳᠦᠯᠲᠡᠢ ᠪᠠᠷ ᠬᠤᠷᠰᠢᠶᠠᠵᠢᠯ ᠳᠤ ᠲᠤᠰᠢᠶᠠᠵᠤ᠂ ᠲᠠᠬᠢᠨ ᠬᠤᠷᠰᠢᠶᠠᠵᠢᠯ ᠠᠴᠠ | ᠤᠰᠤ ᠬᠠᠩᠭᠠᠬᠤ ᠨᠢᠭᠡᠴᠢ ᠳᠤ ᠨᠢᠭᠡᠳᠦᠯᠲᠡᠢ ᠪᠠᠷ ᠲᠤᠰᠢᠶᠠᠨ ᠦᠭᠴᠦ᠂ ᠠᠯᠢ ᠤᠯᠠᠨ ᠠᠷᠭ᠎ᠠ ᠬᠡᠮᠵᠢᠶ᠎ᠡ ᠶᠢ ᠬᠡᠷᠡᠭᠵᠢᠭᠦᠯᠬᠦ ᠪᠠᠷ ᠳᠠᠮᠵᠢᠭᠤᠯᠤᠨ᠂ ᠡᠨᠡ ᠵᠢᠯ ᠰᠢ ᠱᠠ | ᠭᠤᠣᠯ ᠤᠨ 173 ᠲᠦᠮᠡᠨ ᠪᠣᠰᠤᠭ᠎ᠠ ᠳᠥᠷᠪᠡᠯᠵᠢᠨ ᠮᠧᠲᠷ ᠤᠰᠤ ᠂ 35 ᠲᠦᠮᠡᠨ ᠲᠥᠭᠦᠷᠢᠭ ᠤᠨ ᠤᠰᠤᠨ ᠤ ᠰᠦᠢᠳᠬᠡᠯ ᠢ ᠠᠷᠪᠢᠯᠠᠬᠤ ᠪᠤᠯᠤᠨ᠎ᠠ᠃ | ᠲᠠᠷᠢᠶᠠᠴᠢᠳ ᠤᠨ ᠤᠰᠤ ᠬᠡᠷᠡᠭᠯᠡᠬᠦ ᠲᠤᠰᠬᠠᠢ ᠬᠤᠷᠰᠢᠶᠠᠵᠢᠯ ᠢ ᠪᠠᠶᠢᠭᠤᠯᠤᠭᠰᠠᠨ ᠨᠢ ᠤᠰᠤ ᠪᠤᠯᠤᠨ ᠤᠰᠤᠨ ᠠᠰᠢᠭᠯᠠᠯᠲᠠ ᠶᠢᠨ ᠲᠥᠬᠦᠭᠡᠷᠦᠮᠵᠢ ᠶᠢ | ᠲᠠᠷᠢᠶᠠᠴᠢᠳ ᠤᠨ ᠠᠰᠢᠭ ᠲᠤᠰᠠ ᠲᠠᠢ ᠨᠢᠭᠲᠠ ᠬᠤᠯᠪᠣᠵᠤ᠂ ᠲᠣᠭᠲᠠᠴᠠ ᠶᠢ ᠪᠠᠶᠢᠭᠤᠯᠤᠨ ᠪᠦᠷᠢᠨᠰᠢᠭᠦᠯᠬᠦ ᠪᠠᠷ ᠳᠠᠮᠵᠢᠭᠤᠯᠤᠨ᠂ ᠤᠰᠤᠯᠠᠯᠲᠠ ᠶᠢᠨ ᠬᠠᠮᠢᠶᠠᠷᠤᠯᠲᠠ᠂ | ᠤᠰᠤᠨ ᠤ ᠰᠦᠢᠳᠬᠡᠯ ᠢ ᠪᠤᠳᠤᠵᠤ ᠬᠤᠷᠢᠶᠠᠬᠤ᠂ ᠢᠯᠡ ᠪᠠᠷ ᠵᠠᠷᠯᠠᠨ ᠨᠡᠶᠢᠲᠡᠯᠡᠬᠦ ᠵᠡᠷᠭᠡ ᠬᠠᠮᠢᠶᠠᠷᠤᠯᠲᠠ ᠶᠢᠨ ᠳᠦᠷᠢᠮ ᠢ ᠲᠤᠭᠳᠠᠭᠠᠨ᠂ ᠲᠠᠷᠢᠶᠠᠴᠢᠳ ᠢ ᠤᠰᠤ | ᠠᠷᠪᠢᠯᠠᠬᠤ ᠶᠢᠨ ᠰᠢᠭᠤᠳ ᠠᠰᠢᠭ ᠬᠦᠷᠲᠡᠭᠴᠢ ᠪᠤᠯᠭᠠᠭᠰᠠᠨ ᠪᠠᠶᠢᠨ᠎ᠠ᠃ ᠡᠨᠡ ᠵᠢᠯ᠂ ᠪᠣᠷᠣᠳᠣᠬᠤᠢ ᠶᠢᠨ ᠤᠰᠤᠯᠠᠯᠲᠠ ᠶᠢᠨ ᠣᠷᠣᠨ᠂ ᠪᠦᠬᠦ ᠤᠰᠤᠯᠠᠯᠲᠠ ᠶᠢᠨ | ᠣᠷᠣᠨ ᠳᠤ 369 ᠤᠰᠤᠨ ᠤ ᠦᠢᠯᠡᠴᠢᠯᠡᠭᠡᠨ ᠤ ᠲᠤᠰᠬᠠᠢ ᠬᠤᠷᠰᠢᠶᠠᠵᠢᠯ ᠪᠠᠶᠢᠭᠤᠯᠬᠤ ᠪᠠᠷ ᠲᠥᠯᠥᠪᠯᠡᠵᠦ᠂ ᠣᠳᠣᠬᠠᠨ ᠳᠤ ᠨᠢᠭᠡᠨᠲᠡ 213 ᠶᠢ ᠫᠠᠶᠢᠰᠠ ᠡᠯᠭᠦᠨ | ᠳᠠᠩᠰᠠᠯᠠᠭᠤᠯᠵᠠᠢ᠃ |