ᠲᠠᠪᠤᠨ ᠶᠡᠭᠡ ᠡᠭᠦᠷᠭᠡ ᠶᠢᠨ ᠨᠠᠶᠢᠳᠠᠪᠤᠷᠢᠵᠢᠭᠤᠯᠤᠯᠲᠠ ᠶᠢ ᠠᠬᠢᠭᠤᠯᠤᠶ᠎ᠠ᠂ ᠤᠷᠠᠳ ᠤᠨ ᠡᠮᠤᠨᠡᠲᠤ ᠬᠤᠰᠢᠭᠤᠨ ᠤ ᠲᠠᠷᠢᠶᠠᠯᠠᠩ ᠤᠨ ᠤᠰᠤ ᠠᠷᠪᠢᠯᠠᠵᠤ᠂ ᠦᠷ᠎ᠡ ᠠᠰᠢᠭ ᠢ ᠨᠡᠮᠡᠭᠳᠡᠬᠦᠯᠬᠦ ᠲᠤᠰᠬᠠᠢ ᠰᠡᠳᠤᠪᠳᠤ ᠤᠬᠠᠭᠤᠯᠤᠨ ᠲᠠᠶᠢᠯᠪᠤᠷᠢᠯᠠᠯᠳᠠ ᠶᠢᠨ ᠪᠦᠯᠬᠦᠮ ᠰᠢᠶᠠᠨ ᠹᠧᠩ ᠪᠠᠯᠭᠠᠰᠤᠨ ᠳᠤ ᠬᠦᠷᠴᠦ ᠤᠬᠠᠭᠤᠯᠭ᠎ᠠ ᠬᠢᠪᠡ
ᠨᠡᠶᠢᠲᠡᠯᠡᠭᠰᠡᠨ ᠴᠠᠭ᠄
2023/8/16
      ᠤᠶᠢᠷ᠎ᠠ ᠶᠢᠨ ᠡᠳᠦᠷ᠂ ᠲᠠᠷᠢᠶᠠᠯᠠᠩ ᠤᠨ ᠤᠰᠤ ᠠᠷᠪᠢᠯᠠᠵᠤ᠂ ᠦᠷ᠎ᠡ ᠠᠰᠢᠭ ᠢ ᠨᠡᠮᠡᠭᠳᠡᠬᠦᠯᠬᠦ ᠲᠤᠰᠬᠠᠢ ᠰᠡᠳᠤᠪᠳᠤ ᠤᠬᠠᠭᠤᠯᠭ᠎ᠠ ᠶᠢᠨ ᠪᠦᠯᠬᠦᠮ ᠤᠷᠠᠳ ᠤᠨ ᠡᠮᠤᠨᠡᠲᠤ ᠬᠤᠰᠢᠭᠤᠨ ᠤ ᠰᠢᠶᠡᠨ ᠹᠧᠩ ᠪᠠᠯᠭᠠᠰᠤᠨ ᠳᠤ ᠬᠦᠷᠴᠦ ᠤᠬᠠᠭᠤᠯᠤᠨ ᠲᠠᠶᠢᠯᠪᠤᠷᠢᠯᠠᠯᠳᠠ ᠬᠢᠵᠤ᠂ ᠰᠢᠶᠡᠨ ᠹᠧᠩ ᠪᠠᠯᠭᠠᠰᠤᠨ ᠤ ᠡᠯ᠎ᠡ ᠲᠤᠰᠬᠤᠨ ᠤ ᠬᠤᠶᠠᠷ ᠵᠦᠪᠯᠡᠯ ᠤᠨ ᠬᠡᠰᠢᠬᠦᠨ ᠪᠠ ᠲᠠᠷᠢᠶᠠᠯᠠᠩ ᠤᠨ ᠤᠰᠤ ᠠᠷᠪᠢᠯᠠᠬᠤ ᠬᠤᠷᠰᠢᠶᠠᠵᠢᠯ ᠤᠨ ᠬᠠᠷᠢᠭᠤᠴᠠᠯᠭᠠᠳᠠᠨ ᠤᠬᠠᠭᠤᠯᠭ᠎ᠠ ᠳᠤ ᠤᠷᠤᠯᠴᠠᠭᠰᠠᠨ ᠪᠠᠶᠢᠨ᠎ᠠ᠃      ᠤᠬᠠᠭᠤᠯᠭ᠎ᠠ ᠪᠠᠷ᠂ ᠤᠷᠠᠳ ᠤᠨ ᠡᠮᠤᠨᠡᠳᠦ ᠬᠤᠰᠢᠭᠤᠨ ᠤ ᠤᠬᠠᠭᠤᠯᠭ᠎ᠠ ᠶᠢᠨ  ᠪᠦᠯᠬᠦᠮ ᠤᠨ ᠬᠠᠷᠢᠭᠤᠴᠠᠯᠭᠠᠳᠠᠨ ᠵᠠᠩ ᠴᠢᠩ ᡁᠢ ︽ᠤᠰᠤ ᠠᠷᠪᠢᠯᠠᠬᠤ ᠤᠰᠤᠯᠠᠯᠳᠠ ᠶᠢ ᠬᠦᠭᠵᠢᠬᠦᠯᠵᠦ᠂ ᠠᠮᠤ ᠪᠤᠳᠠᠭᠠᠨ ᠤ ᠠᠮᠤᠷ ᠲᠦᠪᠰᠢᠨ ᠢ ᠬᠠᠮᠠᠭᠠᠯᠠᠬᠤ︾ ᠬᠡᠬᠦ ᠭᠤᠤᠯ ᠰᠡᠳᠤᠪ ᠢᠶᠠᠷ ᠶᠠᠭᠤᠨ ᠤ ᠤᠴᠢᠷ ᠠᠴᠠ ᠤᠰᠤ ᠠᠷᠪᠢᠯᠠᠵᠤ ᠤᠰᠤᠯᠠᠯᠳᠠ ᠶᠢ ᠬᠦᠭᠵᠢᠬᠦᠯᠬᠦ᠂ ᠤᠰᠤᠨ ᠤ ᠡᠬᠢ ᠪᠠᠶᠠᠯᠢᠭ ᠢ ᠠᠷᠪᠢᠯᠠᠵᠤ ᠡᠷᠴᠢᠮᠵᠢᠬᠦᠯᠦᠨ ᠠᠰᠢᠭᠯᠠᠬᠤ ᠤᠳᠤᠬᠢ ᠪᠠᠶᠢᠳᠠᠯ᠂ ᠠᠰᠠᠭᠤᠳᠠᠯ ᠵᠢᠴᠢ ᠵᠠᠰᠠᠯᠳᠠ᠂ ᠤᠰᠤ ᠠᠷᠪᠢᠯᠠᠵᠤ ᠤᠰᠤ ᠶᠢ ᠡᠵᠡᠮᠳᠡᠬᠦ ᠱᠠᠭᠠᠷᠳᠠᠯᠭ᠎ᠠ ᠶᠢ ᠬᠦᠨᠵᠡᠬᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠵᠡᠷᠭᠡ ᠭᠤᠷᠪᠡᠨ ᠲᠠᠯ᠎ᠠ ᠪᠠᠷ ᠲᠤᠳᠤᠷᠬᠠᠶᠢᠯᠠᠨ ᠦᠬᠦᠯᠡᠭᠰᠡᠨ ᠪᠠᠶᠢᠨ᠎ᠠ᠃ ᠬᠤᠰᠢᠭᠤᠨ ᠤ ᠤᠰᠤᠨ ᠠᠰᠢᠭᠯᠠᠯᠳᠠ ᠶᠢᠨ ᠲᠤᠪᠴᠢᠶᠠᠨ ᠤ ᠲᠡᠭᠡᠳᠤ ᠲᠡᠰ ᠤᠨ ᠤᠰᠤᠨ ᠠᠰᠢᠭᠯᠠᠯᠳᠠ ᠶᠢᠨ ᠢᠨᠵᠧᠨᠧᠷ ᠯᠢᠦ ᠠᠢ ᠫᠢᠩ ᠤᠷᠠᠳ ᠤᠨ ᠡᠮᠤᠨᠡᠳᠦ ᠬᠤᠰᠢᠭᠤᠨ ᠤ ᠭᠠᠵᠠᠷ ᠲᠤᠤᠷᠠᠬᠢ ᠤᠰᠤᠨ ᠤ ᠤᠳᠤᠬᠢ ᠪᠠᠶᠢᠳᠠᠯ᠂ ᠵᠠᠰᠠᠯᠳᠠ ᠪᠠ ᠬᠠᠮᠠᠭᠠᠯᠠᠯᠳᠠ ᠶᠢᠨ ᠲᠦᠷᠦ ᠶᠢᠨ ᠪᠤᠳᠤᠯᠭ᠎ᠠ ᠶᠢᠨ ᠠᠷᠭ᠎ᠠ ᠬᠡᠮᠵᠢᠶ᠎ᠡ ᠵᠡᠷᠭᠡ ᠬᠤᠶᠠᠷ ᠲᠠᠯ᠎ᠠ ᠪᠠᠷ ᠲᠠᠶᠢᠯᠤᠮᠵᠢ ᠬᠢᠪᠡ᠃ ᠪᠦᠬᠦᠶᠢᠯᠡ ᠲᠠᠯᠠᠪᠤᠷ ᠤᠨ ᠮᠡᠳᠡᠬᠦᠯᠦᠯᠳᠡ ᠨᠢ ᠤᠯᠤᠰ ᠲᠦᠷᠦ ᠶᠢᠨ ᠵᠤᠭᠰᠤᠴᠠ ᠦᠨᠳᠦᠷ᠂ ᠤᠨᠤᠯ ᠤᠨ ᠲᠤᠳᠤᠷᠬᠠᠶᠢᠯᠠᠯᠳᠠ ᠬᠦᠨᠵᠡᠬᠡᠢ ᠪᠠᠶᠢᠵᠤ ᠤᠰᠤ ᠠᠷᠪᠢᠯᠠᠵᠤ ᠤᠰᠤ ᠶᠢ ᠬᠠᠮᠠᠭᠠᠯᠠᠬᠤ ᠬᠦᠨ ᠵᠤᠵᠠᠭᠠᠨ ᠠᠭᠤᠷ ᠠᠮᠢᠰᠬᠤᠯ ᠢ ᠪᠤᠢ ᠪᠤᠯᠭᠠᠭᠰᠠᠨ ᠪᠠᠶᠢᠨ᠎ᠠ᠃      ᠲᠠᠷᠠᠭᠠᠪᠠᠷ ᠨᠢ ᠬᠤᠶᠠᠷ ᠤᠬᠠᠭᠤᠯᠤᠨ ᠲᠠᠶᠢᠯᠪᠤᠷᠢᠯᠠᠭᠴᠢ  ︽ᠬᠢᠴᠢᠶᠡᠯ ᠤᠨ ᠲᠡᠩᠭᠢᠮ︾ ᠠᠴᠠ ᠭᠠᠷᠦᠨ ᠹᠧᠨ ᠱᠦᠢ ᠲᠤᠰᠬᠤᠨ ᠳᠤ ᠬᠦᠷᠴᠦ᠂ ᠤᠯᠠᠨ ᠲᠦᠮᠡᠨ ᠲᠠᠢ ᠨᠢᠭᠤᠷᠳᠠᠨ ᠶᠠᠷᠢᠯᠴᠠᠬᠤ ᠬᠡᠯᠪᠡᠷᠢ ᠪᠠᠷ ᠲᠦᠷᠦ ᠶᠢᠨ ᠪᠤᠳᠤᠯᠭ᠎ᠠ ᠶᠢ ᠶᠠᠷᠢᠵᠤ᠂ ᠤᠨᠤᠯ ᠢ ᠤᠬᠠᠭᠤᠯᠤᠨ᠂ ᠤᠯᠠᠨ ᠲᠦᠮᠡᠨ ᠳᠤ ᠤᠰᠤᠨ ᠤ ᠡᠬᠢ ᠪᠠᠶᠠᠯᠢᠭ ᠢ ᠬᠠᠮᠠᠭᠠᠯᠠᠬᠤ ᠶᠢᠨ ᠴᠢᠬᠤᠯᠠ ᠴᠢᠨᠠᠷ ᠪᠠ ᠪᠠᠴᠢᠮ ᠴᠢᠨᠠᠷ ᠢ ᠬᠦᠨᠵᠡᠬᠡᠢ ᠲᠠᠨᠢᠭᠤᠯᠵᠤ᠂ ᠨᠡᠩ ᠤᠯᠠᠨ ᠲᠤᠰᠬᠤᠨ ᠤ ᠠᠷᠠᠳ ᠢ ᠤᠰᠤ ᠠᠷᠪᠢᠯᠠᠵᠤ ᠤᠰᠤ ᠶᠢ ᠡᠵᠡᠮᠳᠡᠬᠦ ᠠᠵᠢᠯᠯᠠᠭ᠎ᠠ ᠳᠤ ᠤᠷᠤᠯᠴᠠᠬᠤ ᠶᠢ ᠬᠦᠳᠦᠯᠦᠨ  ᠵᠢᠯᠤᠭᠤᠳᠤᠭᠰᠠᠨ ᠪᠠᠶᠢᠨ᠎ᠠ᠃      ᠲᠠᠷᠠᠭᠠᠴᠢ ᠶᠢᠨ ᠠᠯᠬᠤᠮ ᠳᠤ᠂ ᠤᠷᠠᠳ ᠤᠨ ᠡᠮᠤᠨᠡᠲᠤ ᠬᠤᠰᠢᠭᠤᠨ ᠤ ᠤᠬᠠᠭᠤᠯᠭ᠎ᠠ ᠶᠢᠨ ᠪᠦᠯᠬᠦᠮ ᠤᠨ ᠬᠢᠨ ᠪᠠᠰᠠ ᠡᠯ᠎ᠡ ᠰᠤᠮᠤ  ᠪᠠᠯᠭᠠᠰᠤᠨ ᠳᠤ ᠬᠦᠷᠴᠦ ᠤᠬᠠᠭᠤᠯᠤᠨ ᠲᠠᠶᠢᠯᠪᠤᠷᠢᠯᠡᠯᠳᠡ ᠬᠢᠵᠦ᠂ ᠲᠠᠷᠢᠶᠠᠯᠠᠩ ᠤᠨ ᠤᠰᠤ ᠠᠷᠪᠢᠯᠠᠵᠤ ᠦᠷ᠎ᠡ ᠠᠰᠢᠭ ᠢ ᠨᠡᠮᠡᠭᠳᠡᠬᠦᠯᠬᠦ ᠶᠢ ᠪᠦᠬᠦ ᠲᠠᠯ᠎ᠠ ᠪᠠᠷ ᠠᠬᠢᠭᠤᠯᠤᠨ᠂ ᠤᠰᠤᠯᠠᠯᠳᠠ ᠶᠢᠨ ᠡᠬᠢ ᠠᠴᠠ ᠲᠠᠷᠢᠶᠠᠨ ᠭᠠᠵᠠᠷ ᠲᠤ ᠬᠦᠷᠳᠡᠯ᠎ᠡ ᠲᠤᠰᠤᠯ ᠤᠰᠤ ᠶᠢ ᠴᠤ ᠠᠷᠪᠢᠯᠠᠵᠤ ᠬᠡᠷᠡᠭᠯᠡᠬᠦ ᠶᠢ ᠠᠬᠢᠭᠤᠯᠬᠤ ᠪᠠᠷ ᠪᠠᠶᠢᠨ᠎ᠠ᠃
ᠢᠷᠡᠯᠲᠡ᠄ ᠪᠠᠶᠠᠨᠨᠠᠭᠤᠷ ᠤᠨ ᠮᠣᠩᠭᠤᠯ ᠷᠠᠳᠢᠣ᠋ ᠲᠧᠯᠸᠢᠰ