ᠮᠠᠨ ᠤ ᠬᠤᠳᠠ ᠬᠠᠳᠤᠨ ᠭᠤᠣᠯ ᠤᠨ ᠤᠰᠤ ᠶᠢ ᠲᠠᠲᠠᠵᠤ ᠳᠤᠰᠤᠯᠭᠠᠨ ᠤᠰᠤᠯᠠᠬᠤ ᠤᠰᠤ ᠠᠷᠪᠢᠯᠠᠬᠤ ᠲᠦᠷᠦᠯ ᠵᠦᠢᠯ ᠢ ᠬᠡᠷᠡᠭᠵᠢᠭᠦᠯᠬᠦ ᠪᠠᠷ ᠳᠠᠮᠵᠢᠭᠤᠯᠵᠤ᠂ | ᠤᠰᠤᠨ ᠤ ᠡᠬᠢ ᠪᠠᠶᠠᠯᠢᠭ ᠤᠨ ᠠᠰᠢᠭᠯᠠᠯᠲᠠ ᠶᠢᠨ ᠨᠤᠷᠮ᠎ᠠ ᠶᠢ ᠳᠠᠰᠤᠷᠠᠯᠳᠠ ᠦᠭᠡᠢ ᠳᠡᠭᠡᠭᠰᠢᠯᠡᠭᠦᠯᠵᠦ᠂ ᠲᠠᠷᠢᠶᠠᠯᠠᠩ ᠤᠨ ᠤᠰᠤ ᠠᠷᠪᠢᠯᠠᠵᠤ ᠦᠷ᠎ᠡ ᠠᠰᠢᠭ ᠢ | ᠨᠡᠮᠡᠭᠳᠡᠭᠦᠯᠬᠦ ᠶᠢ ᠠᠬᠢᠭᠤᠯᠵᠤ ᠪᠠᠶᠢᠨ᠎ᠠ᠃ | ᠤᠷᠠᠳ ᠤᠨ ᠬᠤᠶᠢᠲᠤ ᠬᠤᠰᠢᠭᠤᠨ ᠤ ᠪᠠᠶᠠᠨᠪᠤᠯᠠᠭ ᠪᠠᠯᠭᠠᠰᠤᠨ ᠤ ᠳ᠋ᠦᠩ ᠱᠧᠩ ᠲᠣᠰᠬᠤᠨ ᠤ ︽ᠳᠥᠷᠪᠡᠨ ᠤᠰᠤ ᠶᠢ ᠬᠤᠯᠪᠣᠯᠳᠤᠭᠤᠯᠬᠤ︾ ᠳᠤᠰᠤᠯᠭᠠᠨ | ᠤᠰᠤᠯᠠᠬᠤ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠲᠤᠬᠠᠢ ᠶᠢᠨ ᠲᠠᠯᠠᠪᠤᠷ ᠲᠤ᠂ ᠡᠯ᠎ᠡ ᠲᠥᠷᠥᠯ ᠤᠨ ᠮᠠᠰᠢᠨ ᠲᠥᠬᠦᠭᠡᠷᠦᠮᠵᠢ᠂ ᠪᠠᠷᠢᠯᠭ᠎ᠠ ᠶᠢᠨ ᠲᠡᠷᠭᠡ | ᠨᠠᠭᠠᠰᠢ ᠴᠠᠭᠠᠰᠢ ᠰᠦᠯᠵᠢᠯᠳᠦᠨ᠂ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠠᠭ ᠡᠮᠬᠢ ᠲᠢᠭᠯᠢᠮ ᠲᠠᠢ ᠶᠠᠪᠤᠭᠳᠠᠵᠤ ᠪᠠᠶᠢᠯ᠎ᠠ᠃ | ︽ᠳᠥᠷᠪᠡᠨ ᠤᠰᠤ ᠶᠢ ᠬᠤᠯᠪᠣᠯᠳᠤᠭᠤᠯᠬᠤ︾ ᠭᠡᠳᠡᠭ ᠨᠢ ᠳᠠᠷᠤᠢ ᠬᠠᠲᠤᠨ ᠭᠤᠣᠯ ᠤᠨ ᠤᠰᠤ᠂ ᠵᠣᠬᠢᠶᠠᠮᠠᠯ ᠨᠠᠭᠤᠷ ᠤᠨ ᠤᠰᠤ᠂ ᠦᠶᠡᠷ ᠤᠨ ᠤᠰᠤ᠂ | ᠭᠠᠵᠠᠷ ᠳᠣᠣᠷᠠᠬᠢ ᠤᠰᠤ ᠶᠢ ᠬᠤᠯᠪᠣᠯᠳᠤᠭᠤᠯᠤᠨ ᠤᠰᠤᠯᠠᠬᠤ ᠶᠢ ᠬᠡᠯᠡᠵᠦ ᠪᠣᠶ᠂ ᠲᠣᠰ ᠲᠥᠷᠥᠯ ᠵᠦᠢᠯ ᠤᠨ ᠤᠰᠤᠯᠠᠯᠲᠠ ᠶᠢᠨ ᠲᠠᠯᠠᠪᠠᠶ ᠨᠢ 1.2 ᠲᠦᠮᠡᠨ ᠮᠦ | ᠪᠠᠶᠢᠵᠤ᠂ ᠡᠮᠦᠨ᠎ᠡ ᠤᠮᠠᠷ᠎ᠠ ᠬᠤᠶᠠᠷ ᠬᠡᠰᠡᠭ ᠬᠤᠪᠢᠶᠠᠨ 2 ᠰᠠᠭᠤᠷᠢ ᠣᠶᠤᠨᠲᠤ ᠤᠰᠤ ᠪᠣᠷᠳᠣᠭᠤᠷ ᠢ ᠨᠢᠭᠡ ᠴᠤᠭᠴᠠᠵᠢᠭᠤᠯᠤᠭᠰᠠᠨ ᠤᠰᠤᠯᠠᠯᠲᠠ ᠶᠢᠨ ᠰᠢᠰᠲ᠋ᠧᠮ ᠢ | ᠤᠭᠰᠠᠷᠠᠬᠤ ᠪᠠᠷ ᠲᠥᠯᠥᠪᠯᠡᠵᠦ᠂ ᠬᠡᠰᠡᠭ ᠪᠦᠷᠢ ᠳᠤ 1 ᠢᠵᠢ ᠪᠦᠷᠢᠨ ᠣᠶᠤᠨᠴᠢᠯᠠᠭᠰᠠᠨ ᠬᠥᠭᠡᠷᠭᠡ ᠶᠢᠨ ᠥᠷᠲᠡᠭᠡ ᠪᠠᠶᠢᠭᠤᠯᠵᠤ᠂ ᠬᠥᠭᠡᠷᠭᠡ ᠶᠢᠨ ᠥᠷᠲᠡᠭᠡᠨ ᠤ | ᠤᠷᠤᠰᠬᠠᠯ ᠤᠨ ᠬᠡᠮᠵᠢᠶ᠎ᠡ ᠨᠢ ᠴᠠᠭ ᠪᠦᠷᠢ 900 ᠪᠣᠰᠤᠭ᠎ᠠ ᠳᠥᠷᠪᠡᠯᠵᠢᠨ ᠮᠧᠲᠷ ᠲᠤ ᠬᠦᠷᠴᠦ᠂ ᠲᠥᠷᠥᠯ ᠵᠦᠢᠯ ᠢ ᠬᠡᠷᠡᠭᠵᠢᠭᠦᠯᠦᠭᠰᠡᠨ ᠢᠶᠠᠷ ᠤᠰᠤᠨ ᠤ ᠡᠬᠢ | ᠪᠠᠶᠠᠯᠢᠭ ᠢ ᠪᠦᠲᠦᠮᠵᠢᠲᠡᠶ ᠠᠷᠪᠢᠯᠠᠵᠤ᠂ ᠭᠠᠵᠠᠷ ᠳᠣᠣᠷᠠᠬᠢ ᠤᠰᠤ ᠶᠢ ᠨᠡᠭᠡᠭᠡᠨ ᠠᠰᠢᠭᠯᠠᠬᠤ ᠶᠢ ᠪᠠᠭᠠᠰᠬᠠᠬᠤ ᠪᠤᠯᠤᠨ᠎ᠠ᠃ | ᠤᠷᠠᠳ ᠤᠨ ᠬᠤᠶᠢᠲᠤ ᠬᠤᠰᠢᠭᠤᠨ ᠤ ᠲᠠᠷᠢᠶᠠᠨ ᠭᠠᠵᠠᠷ ᠤᠨ ᠶᠠᠰᠤ ᠴᠢᠨᠠᠷ ᠤᠨ ᠬᠠᠮᠠᠭᠠᠯᠠᠯᠲᠠ ᠶᠢᠨ ᠲᠥᠪ ᠤᠨ ᠡᠷᠬᠢᠯᠡᠭᠴᠢ ᠶᠠᠩ ᠵᠢᠶᠠᠨ ᠵᠥᠩ ᠤᠨ ᠬᠡᠯᠡᠬᠦ | ᠪᠠᠷ᠂ ᠲᠣᠰ ᠴᠥᠭᠦᠷᠥᠮ ᠢ ᠪᠠᠶᠢᠭᠤᠯᠤᠭᠰᠠᠨ ᠤ ᠳᠠᠷᠠᠭ᠎ᠠ᠂ ᠳ᠋ᠦᠩ ᠱᠧᠩ ᠲᠣᠰᠬᠤᠨ ᠤ ᠭᠠᠵᠠᠷ ᠳᠣᠣᠷᠠᠬᠢ ᠤᠰᠤ᠂ ᠴᠢᠨᠠᠭᠰᠢᠯᠠᠪᠠᠯ ᠤᠷᠠᠳ ᠤᠨ ᠬᠤᠶᠢᠲᠤ | ᠬᠤᠰᠢᠭᠤᠨ ᠤ ᠭᠠᠵᠠᠷ ᠳᠣᠣᠷᠠᠬᠢ ᠤᠰᠤᠨ ᠤ ᠳᠠᠭᠠᠭᠠᠴᠠ ᠶᠢᠨ ᠬᠡᠮᠵᠢᠶ᠎ᠡ ᠨᠢ ᠪᠠᠭᠠᠰᠤᠭᠰᠠᠨ ᠠᠰᠠᠭᠤᠳᠠᠯ ᠢ ᠰᠢᠢᠳᠪᠤᠷᠢᠯᠡᠨ᠎ᠡ ᠬᠡᠵᠤ ᠪᠠᠶᠢᠯ᠎ᠠ᠃ | ᠤᠰᠤᠨ ᠠᠰᠢᠭᠯᠠᠯᠲᠠ ᠪᠣᠯ ᠲᠠᠷᠢᠶᠠᠯᠠᠩ ᠤᠨ ᠠᠮᠢᠨ ᠰᠤᠳᠠᠰᠤ ᠮᠥᠨ᠃ ᠮᠠᠨ ᠤ ᠬᠤᠲᠠ ᠬᠠᠲᠤᠨ ᠭᠤᠣᠯ ᠤᠨ ᠤᠰᠤ ᠶᠢ ᠲᠠᠲᠠᠵᠤ ᠳᠤᠰᠤᠯᠭᠠᠨ ᠤᠰᠤᠯᠠᠬᠤ | ᠪᠠ ᠳᠣᠣᠷ᠎ᠠ ᠳᠠᠷᠤᠯᠲᠠᠲᠤ ᠬᠤᠭᠤᠯᠠᠢ ᠪᠠᠷ ᠤᠰᠤᠯᠠᠬᠤ ᠠᠵᠢᠯ ᠢ ᠢᠳᠡᠪᠬᠢᠲᠡᠢ ᠬᠥᠭᠵᠢᠭᠦᠯᠵᠦ᠂ 2022 ᠣᠨ ᠳᠤ᠂ ᠪᠥᠬᠦ ᠬᠤᠲᠠ ᠳᠤ ᠬᠠᠲᠤᠨ ᠭᠤᠣᠯ ᠤᠨ | ᠤᠰᠤ ᠶᠢ ᠲᠠᠲᠠᠵᠤ ᠳᠤᠰᠤᠯᠭᠠᠨ ᠤᠰᠤᠯᠠᠬᠤ ᠲᠤᠷᠰᠢᠯᠲᠠ ᠶᠢᠨ 16 ᠲᠥᠷᠥᠯ ᠵᠦᠢᠯ ᠢ ᠪᠦᠲᠦᠭᠡᠨ ᠪᠠᠶᠢᠭᠤᠯᠵᠤ᠂ ᠲᠠᠷᠢᠶᠠᠨ ᠭᠠᠵᠠᠷ ᠤᠨ ᠤᠰᠤ ᠠᠷᠪᠢᠯᠠᠬᠤ | ᠬᠡᠮᠵᠢᠶ᠎ᠡ ᠶᠢ 0.9 ᠳ᠋ᠦᠩᠰᠢᠭᠤᠷ ᠪᠣᠰᠤᠭ᠎ᠠ ᠳᠥᠷᠪᠡᠯᠵᠢᠨ ᠮᠧᠲᠷ ᠪᠡᠶᠡᠯᠡᠭᠦᠯᠪᠡ᠃ ᠡᠨᠡ ᠵᠢᠯ᠂ ᠮᠠᠨ ᠤ ᠬᠤᠲᠠ ᠬᠠᠲᠤᠨ ᠭᠤᠣᠯ ᠤᠨ ᠤᠰᠤ ᠶᠢ ᠲᠠᠲᠠᠵᠤ | ᠳᠤᠰᠤᠯᠭᠠᠨ ᠤᠰᠤᠯᠠᠬᠤ ᠴᠥᠭᠦᠷᠥᠮ ᠢ 46 ᠪᠠᠶᠢᠭᠤᠯᠵᠤ᠂ ᠤᠰᠤ ᠪᠣᠷᠳᠣᠭᠤᠷ ᠢ ᠨᠢᠭᠡ ᠴᠣᠭᠴᠠᠵᠢᠭᠤᠯᠤᠨ ᠤᠰᠤᠯᠠᠬᠤ ᠲᠠᠯᠠᠪᠠᠶ ᠶᠢ 29.7 ᠲᠦᠮᠡᠨ ᠮᠦ ᠳᠤ | ᠬᠦᠷᠬᠡᠵᠤ᠂ ᠰᠢᠯᠵᠢᠮᠡᠯ ᠬᠡᠯᠪᠡᠷᠢ ᠶᠢᠨ ᠬᠠᠲᠤᠨ ᠭᠤᠣᠯ ᠤᠨ ᠤᠰᠤ ᠶᠢ ᠲᠠᠲᠠᠵᠤ ᠰᠢᠭᠤᠳ ᠱᠦᠭᠦᠵᠦ ᠳᠤᠰᠤᠯᠭᠠᠨ ᠤᠰᠤᠯᠠᠬᠤ ᠲᠥᠬᠦᠭᠡᠷᠦᠮᠵᠢ ᠶᠢ 768 | ᠲᠤᠬᠢᠷᠠᠭᠤᠯᠤᠨ᠂ ᠬᠠᠮᠤᠷᠬᠤ ᠲᠠᠯᠠᠪᠠᠶ ᠨᠢ 56.6 ᠲᠦᠮᠡᠨ ᠮᠦ ᠳᠤ ᠬᠦᠷᠴᠦ᠂ ᠬᠠᠲᠤᠨ ᠭᠤᠣᠯ ᠤᠨ ᠤᠰᠤ ᠶᠢ ᠲᠠᠲᠠᠵᠤ ᠳᠤᠰᠤᠯᠭᠠᠨ ᠤᠰᠤᠯᠠᠬᠤ ᠲᠠᠯᠠᠪᠠᠶ ᠨᠡᠶᠢᠲᠡ | 86.3 ᠲᠦᠮᠡᠨ ᠮᠦ ᠳᠤ ᠬᠦᠷᠴᠦ᠂ ᠤᠰᠤ ᠠᠷᠪᠢᠯᠠᠬᠤ ᠴᠢᠳᠠᠪᠤᠷᠢ ᠶᠢ 0.66 ᠳ᠋ᠦᠩᠰᠢᠭᠤᠷ ᠪᠣᠰᠤᠭ᠎ᠠ ᠳᠥᠷᠪᠡᠯᠵᠢᠨ ᠮᠧᠲᠷ ᠠᠴᠠ ᠳᠡᠭᠡᠭᠰᠢ | ᠬᠦᠷᠬᠡᠭᠰᠡᠨ ᠪᠠᠶᠢᠨ᠎ᠠ᠃ |