︽ᠦᠨᠡᠨ︾ ᠰᠡᠳᠬᠦᠯ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠵᠣᠬᠢᠶᠠᠯ ᠢ ᠨᠡᠶᠢᠲᠡᠯᠡᠪᠡ | ᠰᠢᠨᠬᠤᠸᠠ ᠬᠤᠷᠢᠶ᠎ᠠ ᠶᠢᠨ ᠪᠡᠭᠡᠵᠢᠩ ᠤᠨ 8 ᠰᠠᠷ᠎ᠠ ᠶᠢᠨ 15 ᠤ ᠴᠠᠭᠢᠯᠭᠠᠨ ᠮᠡᠳᠡᠭᠡ 8 ᠰᠠᠷ᠎ᠠ ᠶᠢᠨ 16 ᠤ ᠡᠳᠦᠷ ᠬᠡᠪᠯᠡᠭᠳᠡᠬᠦ 16 ᠳ᠋ᠤᠭᠠᠷ | ᠬᠤᠭᠤᠴᠠᠭᠠᠨ ᠤ ︽ᠦᠨᠡᠨ︾ ᠰᠡᠳᠬᠦᠯ ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ᠂ ᠲᠥᠪ ᠤᠨ ᠴᠡᠷᠢᠭ ᠤᠨ ᠶᠠᠪᠤᠳᠠᠯ ᠤᠨ | ᠬᠤᠷᠢᠶ᠎ᠠ ᠶᠢᠨ ᠲᠡᠷᠢᠭᠦᠯᠡᠭᠴᠢ ᠰᠢ ᠶᠢᠨ ᠫᠢᠩ ᠤᠨ ︽ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠪᠣᠯ ᠤᠯᠤᠰ ᠢᠶᠠᠨ ᠬᠦᠴᠦᠷᠬᠡᠭᠵᠢᠭᠦᠯᠬᠦ ᠪᠦᠲᠦᠭᠡᠨ | ᠪᠠᠶᠢᠭᠤᠯᠤᠯᠲᠠ ᠦᠨᠳᠦᠰᠦᠲᠡᠨ ᠤ ᠰᠡᠷᠭᠦᠨ ᠮᠠᠨᠳᠤᠯᠲᠠ ᠶᠢᠨ ᠰᠠᠷᠠᠭᠤᠯ ᠳᠠᠷᠳᠠᠩ ᠵᠠᠮ ᠮᠥᠨ︾ ᠭᠡᠬᠦ ᠴᠢᠬᠤᠯᠠ ᠵᠣᠬᠢᠶᠠᠯ ᠢ ᠨᠡᠶᠢᠲᠡᠯᠡᠪᠡ᠃ | ᠵᠣᠬᠢᠶᠠᠯ ᠳᠤ᠂ ᠨᠢᠭᠡ ᠤᠯᠤᠰ ᠣᠳᠣᠬᠢᠴᠢᠯᠠᠯᠲᠠ ᠲᠡᠶᠢᠰᠢ ᠤᠷᠤᠭᠰᠢᠯᠠᠬᠤ ᠳᠤ ᠣᠳᠣᠬᠢᠴᠢᠯᠠᠯᠲᠠ ᠶᠢᠨ ᠡᠩ ᠤᠨ ᠵᠢᠮ᠎ᠡ ᠶᠣᠰᠣ ᠶᠢ ᠵᠢᠷᠤᠮᠯᠠᠬᠤ ᠪᠥᠭᠡᠳ ᠨᠡᠩ | ᠴᠤ ᠲᠤᠰ ᠤᠯᠤᠰ ᠤᠨ ᠢᠶᠠᠨ ᠪᠣᠳᠠᠲᠤ ᠪᠠᠶᠢᠳᠠᠯ ᠲᠠᠢ ᠨᠡᠶᠢᠴᠡᠵᠦ᠂ ᠲᠤᠰ ᠤᠯᠤᠰ ᠤᠨ ᠢᠶᠠᠨ ᠣᠨᠴᠠᠯᠢᠭ ᠲᠠᠢ ᠪᠠᠶᠢᠬᠤ ᠬᠡᠷᠡᠭᠲᠡᠢ᠃ ᠳᠤᠮᠳᠠᠳᠤ ᠤᠯᠤᠰ ᠤᠨ | ᠮᠠᠶ᠋ᠢᠭ ᠤᠨ ᠣᠳᠣᠬᠢᠴᠢᠯᠠᠯᠲᠠ ᠨᠢ ᠡᠯ᠎ᠡ ᠤᠯᠤᠰ ᠤᠨ ᠣᠳᠣᠬᠢᠴᠢᠯᠠᠯᠲᠠ ᠶᠢᠨ ᠬᠠᠮᠲᠤ ᠶᠢᠨ ᠣᠨᠴᠠᠯᠢᠭ ᠲᠠᠢ ᠪᠥᠭᠡᠳ ᠨᠡᠩ ᠴᠤ ᠥᠪᠡᠷ ᠤᠨ ᠤᠯᠤᠰ ᠤᠨ | ᠪᠠᠶᠢᠳᠠᠯ ᠳᠠᠭᠠᠨ ᠰᠠᠭᠤᠷᠢᠯᠠᠭᠰᠠᠨ ᠢᠯᠡ ᠲᠣᠳᠣ ᠣᠨᠴᠠᠯᠢᠭ ᠲᠠᠢ ᠶᠤᠮ᠃ ᠨᠠᠮ ᠤᠨ ᠬᠤᠷᠢᠳᠤᠭᠠᠷ ᠶᠡᠭᠡ ᠬᠤᠷᠠᠯ ᠤᠨ ᠢᠯᠡᠳᠬᠡᠯ ᠳᠤ ᠳᠤᠮᠳᠠᠳᠤ ᠤᠯᠤᠰ ᠤᠨ | ᠮᠠᠶ᠋ᠢᠭ ᠤᠨ ᠣᠳᠣᠬᠢᠴᠢᠯᠠᠯᠲᠠ ᠶᠢᠨ 5 ᠲᠠᠯ᠎ᠠ ᠶᠢᠨ ᠳᠤᠮᠳᠠᠳᠤ ᠤᠯᠤᠰ ᠤᠨ ᠣᠨᠴᠠᠯᠢᠭ ᠢ ᠲᠣᠳᠣᠷᠬᠠᠢ ᠬᠤᠷᠢᠶᠠᠩᠭᠤᠶᠢᠯᠠᠵᠤ᠂ ᠳᠤᠮᠳᠠᠳᠤ ᠤᠯᠤᠰ ᠤᠨ ᠮᠠᠶ᠋ᠢᠭ ᠤᠨ | ᠣᠳᠣᠬᠢᠴᠢᠯᠠᠯᠲᠠ ᠶᠢᠨ ᠰᠢᠨᠵᠢᠯᠡᠬᠦ ᠤᠬᠠᠭᠠᠨᠴᠢ ᠠᠭᠤᠯᠤᠭᠳᠠᠬᠤᠨ ᠢ ᠭᠦᠨᠵᠡᠭᠡᠢ ᠢᠯᠡᠷᠡᠭᠦᠯᠪᠡ᠃ ᠡᠨᠡ ᠨᠢ ᠤᠨᠤᠯ ᠤᠨ ᠬᠤᠷᠢᠶᠠᠩᠭᠤᠶᠢᠯᠠᠯ ᠪᠤᠯᠬᠤ ᠪᠥᠭᠡᠳ ᠪᠠᠰᠠ | ᠴᠤ ᠦᠢᠯᠡᠳᠦᠯᠭᠡ ᠶᠢᠨ ᠱᠠᠭᠠᠷᠳᠠᠯᠭ᠎ᠠ ᠪᠠᠶᠢᠵᠤ᠂ ᠨᠡᠶᠢᠭᠡᠮ ᠵᠢᠷᠤᠮᠲᠤ ᠣᠳᠣᠬᠢᠴᠢᠯᠠᠭᠰᠠᠨ ᠬᠦᠴᠦᠷᠬᠡᠭ ᠤᠯᠤᠰ ᠢ ᠪᠦᠭᠦ ᠲᠠᠯ᠎ᠠ ᠪᠠᠷ ᠪᠦᠲᠦᠭᠡᠨ ᠪᠠᠶᠢᠭᠤᠯᠬᠤ᠂ | ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢ ᠪᠡᠶᠡᠯᠡᠭᠦᠯᠬᠦ ᠳᠤ ᠰᠠᠷᠠᠭᠤᠯ ᠳᠠᠷᠳᠠᠩ ᠵᠠᠮ ᠢ ᠵᠢᠭᠠᠵᠤ ᠥᠭᠴᠡᠢ ᠭᠡᠵᠦ ᠴᠢᠬᠤᠯᠠᠴᠢᠯᠠᠪᠠ᠃ | ᠵᠣᠬᠢᠶᠠᠯ ᠳᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠳᠤᠮᠳᠠᠳᠤ ᠤᠯᠤᠰ ᠤᠨ ᠣᠨᠴᠠᠯᠢᠭ ᠢ ᠠᠮᠵᠢᠯᠲᠠ ᠲᠠᠢ ᠦᠢᠯᠡᠳᠦᠯᠭᠡ ᠪᠣᠯᠭᠠᠨ | ᠬᠤᠪᠢᠷᠠᠭᠤᠯᠵᠤ᠂ ᠢᠯᠡ ᠲᠣᠳᠣ ᠣᠨᠴᠠᠯᠢᠭ ᠢ ᠥᠪᠡᠷᠮᠢᠴᠡ ᠳᠠᠪᠠᠭᠤᠯᠢᠭ ᠪᠣᠯᠭᠠᠨ ᠬᠤᠪᠢᠷᠠᠭᠤᠯᠬᠤ ᠳᠤ ᠬᠠᠲᠠᠭᠤᠵᠢᠯᠲᠠᠢ ᠴᠢᠷᠮᠠᠶᠢᠯᠭ᠎ᠠ ᠭᠠᠷᠭᠠᠬᠤ ᠬᠡᠷᠡᠭᠲᠡᠢ᠃ | ᠨᠢᠭᠡᠳᠦᠭᠡᠷ ᠲᠤ᠂ ᠬᠥᠮᠥᠨ ᠠᠮᠠ ᠶᠢᠨ ᠬᠡᠪᠴᠢᠶ᠎ᠡ ᠶᠢᠨ ᠯᠤᠲᠤ ᠶᠡᠭᠡ ᠣᠳᠣᠬᠢᠴᠢᠯᠠᠯᠲᠠ ᠪᠣᠯᠣᠨ᠎ᠠ᠃ ᠡᠨᠡ ᠪᠣᠯ ᠳᠤᠮᠳᠠᠳᠤ ᠤᠯᠤᠰ ᠤᠨ ᠮᠠᠶ᠋ᠢᠭ ᠤᠨ | ᠣᠳᠣᠬᠢᠴᠢᠯᠠᠯᠲᠠ ᠶᠢᠨ ᠢᠯᠡᠷᠬᠡᠢ ᠣᠨᠴᠠᠯᠢᠭ ᠮᠥᠨ᠃ ᠳᠤᠮᠳᠠᠳᠤ ᠤᠯᠤᠰ ᠤᠨ 14 ᠳ᠋ᠦᠩᠰᠢᠭᠤᠷ ᠭᠠᠷᠤᠢ ᠬᠥᠮᠥᠨ ᠠᠮᠠ ᠪᠦᠬᠦᠯᠢ ᠴᠣᠭᠴᠠ ᠪᠠᠷ ᠢᠶᠠᠨ | ᠣᠳᠣᠬᠢᠴᠢᠯᠠᠯᠲᠠ ᠳᠤ ᠣᠷᠣᠵᠤ᠂ ᠬᠡᠪᠴᠢᠶ᠎ᠡ ᠨᠢ ᠤᠳᠤ ᠶᠢᠨ ᠬᠥᠭᠵᠢᠭᠰᠡᠨ ᠤᠯᠤᠰ ᠤᠨ ᠬᠥᠮᠥᠨ ᠠᠮᠠ ᠶᠢᠨ ᠨᠡᠶᠢᠯᠡᠪᠦᠷᠢ ᠠᠴᠠ ᠳᠠᠪᠠᠵᠤ᠂ ᠣᠳᠣᠬᠢᠴᠢᠯᠠᠯᠲᠠ ᠶᠢᠨ | ᠳᠡᠯᠡᠬᠡᠢ ᠶᠢᠨ ᠪᠠᠶᠢᠷᠢᠰᠢᠯ ᠢ ᠲᠦᠢᠯ ᠤᠨ ᠶᠡᠭᠡ ᠪᠠᠷ ᠬᠤᠪᠢᠷᠠᠭᠤᠯᠬᠤ ᠪᠣᠯᠣᠨ᠎ᠠ᠃ ᠡᠨᠡ ᠪᠣᠯ ᠬᠥᠮᠥᠨ ᠲᠥᠷᠥᠯᠬᠢᠲᠡᠨ ᠤ ᠲᠡᠦᠬᠡᠨ ᠳᠡᠭᠡᠷᠡᠬᠢ ᠬᠡᠪᠴᠢᠶ᠎ᠡ ᠪᠠᠷ | ᠬᠠᠮᠤᠭ ᠤᠨ ᠶᠡᠭᠡ ᠣᠳᠣᠬᠢᠴᠢᠯᠠᠯᠲᠠ ᠪᠤᠯᠬᠤ ᠪᠥᠭᠡᠳ ᠪᠠᠰᠠ ᠴᠤ ᠬᠦᠴᠢᠷᠳᠡᠯ ᠢᠶᠠᠷ ᠬᠠᠮᠤᠭ ᠤᠨ ᠶᠡᠭᠡ ᠣᠳᠣᠬᠢᠴᠢᠯᠠᠯᠲᠠ ᠮᠥᠨ᠃ ᠪᠢᠳᠡ ᠠᠰᠠᠭᠤᠳᠠᠯ ᠢ | ᠪᠣᠳᠣᠯᠬᠢᠯᠠᠬᠤ᠂ ᠰᠢᠢᠳᠪᠦᠷᠢᠲᠦ ᠪᠣᠳᠣᠯᠭ᠎ᠠ ᠲᠣᠭᠲᠠᠭᠠᠬᠤ᠂ ᠠᠵᠢᠯ ᠶᠠᠪᠤᠳᠠᠯ ᠬᠢᠬᠦ ᠳᠡᠭᠡᠨ ᠡᠩ ᠲᠡᠷᠢᠭᠦᠨ ᠳᠤ ᠬᠥᠮᠥᠨ ᠠᠮᠠ ᠶᠢᠨ ᠰᠠᠭᠤᠷᠢ ᠲᠤᠭ᠎ᠠ ᠶᠢᠨ | ᠠᠰᠠᠭᠤᠳᠠᠯ ᠢ ᠪᠣᠳᠣᠯᠬᠢᠯᠠᠵᠤ᠂ ᠮᠠᠨ ᠤ ᠤᠯᠤᠰ ᠤᠨ ᠬᠤᠳᠠ ᠬᠥᠳᠡᠭᠡ ᠣᠷᠣᠨ ᠪᠦᠰᠡ ᠶᠢᠨ ᠬᠥᠭᠵᠢᠯᠲᠡ ᠶᠢᠨ ᠲᠦᠪᠰᠢᠨ ᠤ ᠵᠥᠷᠢᠶ᠎ᠡ ᠶᠡᠭᠡ ᠪᠠᠶᠢᠬᠤ ᠵᠡᠷᠭᠡ ᠪᠣᠳᠠᠲᠤ | ᠪᠠᠶᠢᠳᠠᠯ ᠢ ᠪᠣᠳᠣᠯᠬᠢᠯᠠᠵᠤ᠂ ᠶᠡᠭᠡ ᠶᠢ ᠰᠠᠨᠠᠭᠠᠷᠬᠠᠵᠤ ᠪᠤᠯᠬᠤ ᠦᠭᠡᠢ ᠪᠥᠭᠡᠳ ᠪᠠᠰᠠ ᠬᠠᠭᠤᠴᠢᠨ ᠢᠶᠠᠨ ᠪᠠᠷᠢᠮᠲᠠᠯᠠᠵᠤ ᠪᠤᠯᠬᠤ ᠦᠭᠡᠢ᠂ ᠲᠡᠦᠬᠡ ᠶᠢᠨ ᠬᠦᠯᠢᠴᠡᠩᠭᠦᠢ | ᠣᠪᠣᠷ ᠢ ᠪᠠᠷᠢᠮᠲᠠᠯᠠᠵᠤ᠂ ᠲᠣᠭᠲᠠᠭᠤᠨ ᠤ ᠳᠤᠮᠳᠠ ᠤᠷᠤᠭᠰᠢᠯᠠᠨ ᠲᠠᠪᠰᠢᠬᠤ᠂ ᠠᠯᠬᠤᠮ ᠲᠠᠷᠠᠭ᠎ᠠ ᠲᠠᠢ ᠪᠠᠷ ᠤᠷᠤᠭᠰᠢᠯᠠᠬᠤ᠂ ᠦᠷᠭᠦᠯᠵᠢᠯᠡᠨ ᠠᠬᠢᠭᠤᠯᠬᠤ ᠶᠢ | ᠪᠠᠷᠢᠮᠲᠠᠯᠠᠬᠤ ᠬᠡᠷᠡᠭᠲᠡᠢ᠃ ᠬᠤᠶᠠᠳᠤᠭᠠᠷ ᠲᠤ᠂ ᠪᠦᠭᠦ ᠠᠷᠠᠳ ᠲᠦᠮᠡᠨ ᠢ ᠬᠠᠮᠲᠤ ᠪᠠᠷ ᠪᠠᠶᠠᠵᠢᠭᠤᠯᠬᠤ ᠣᠳᠣᠬᠢᠴᠢᠯᠠᠯᠲᠠ ᠮᠥᠨ᠃ ᠡᠨᠡ ᠪᠣᠯ ᠳᠤᠮᠳᠠᠳᠤ ᠤᠯᠤᠰ ᠤᠨ | ᠮᠠᠶ᠋ᠢᠭ ᠤᠨ ᠣᠳᠣᠬᠢᠴᠢᠯᠠᠯᠲᠠ ᠶᠢᠨ ᠮᠥᠨ ᠴᠢᠨᠠᠷ ᠤᠨ ᠣᠨᠴᠠᠯᠢᠭ ᠪᠤᠯᠬᠤ ᠪᠥᠭᠡᠳ ᠪᠠᠰᠠ ᠴᠤ ᠥᠷᠥᠨᠡᠳᠠᠬᠢᠨ ᠤ ᠣᠳᠣᠬᠢᠴᠢᠯᠠᠯᠲᠠ ᠠᠴᠠ ᠢᠯᠭᠠᠭᠳᠠᠬᠤ ᠢᠯᠡᠷᠬᠡᠢ | ᠰᠢᠨᠵᠢ ᠲᠡᠮᠳᠡᠭ ᠮᠥᠨ᠃ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠵᠤ᠂ ︽ᠪᠤᠭᠤᠷᠰᠤᠭ︾ ᠢ ᠰᠠᠶᠢᠲᠤᠷ ᠬᠢᠵᠦ ᠶᠡᠭᠡ ᠬᠢᠬᠦ ᠶᠢᠨ ᠬᠠᠮᠲᠤ᠂ ︽ᠪᠤᠭᠤᠷᠰᠤᠭ︾ ᠢ | ᠤᠯᠠᠮ ᠴᠢᠨᠠᠭᠰᠢᠳᠠ ᠰᠠᠶᠢᠲᠤᠷ ᠬᠤᠪᠢᠶᠠᠵᠤ᠂ ᠣᠳᠣᠬᠢᠴᠢᠯᠠᠯᠲᠠ ᠶᠢᠨ ᠪᠦᠲᠦᠭᠡᠨ ᠪᠠᠶᠢᠭᠤᠯᠤᠯᠲᠠ ᠶᠢᠨ ᠦᠷ᠎ᠡ ᠪᠦᠲᠦᠭᠡᠯ ᠢ ᠪᠦᠭᠦ ᠠᠷᠠᠳ ᠲᠦᠮᠡᠨ ᠳᠤ ᠨᠡᠩ ᠤᠯᠠᠨ | ᠨᠡᠩ ᠡᠷᠬᠡ ᠲᠡᠭᠰᠢ ᠪᠠᠷ ᠬᠦᠷᠲᠡᠭᠡᠵᠦ᠂ ᠬᠤᠶᠠᠷ ᠲᠦᠢᠯ ᠲᠡᠶᠢᠰᠢ ᠵᠠᠳᠠᠷᠠᠬᠤ ᠶᠢ ᠡᠷᠡᠰ ᠰᠡᠷᠭᠡᠶᠢᠯᠡᠬᠦ ᠬᠡᠷᠡᠭᠲᠡᠢ᠃ ᠭᠤᠷᠪᠠᠳᠤᠭᠠᠷ ᠲᠤ᠂ ᠪᠣᠳᠠᠰ ᠤᠨ ᠪᠣᠯᠪᠠᠰᠤᠨ ᠪᠠ | ᠤᠶᠤᠨ ᠤ ᠪᠣᠯᠪᠠᠰᠤᠨ ᠬᠠᠷᠢᠯᠴᠠᠨ ᠵᠣᠬᠢᠴᠠᠯᠳᠤᠭᠰᠠᠨ ᠣᠳᠣᠬᠢᠴᠢᠯᠠᠯᠲᠠ ᠮᠥᠨ᠃ ᠡᠳ᠋ ᠪᠣᠳᠠᠰ ᠡᠯᠪᠡᠭ ᠳᠡᠯᠪᠡᠭ ᠪᠠᠶᠢᠬᠤ ᠪᠥᠭᠡᠳ ᠪᠠᠰᠠ ᠤᠶᠤᠨ ᠰᠠᠨᠠᠭ᠎ᠠ ᠡᠯᠪᠡᠭ | ᠪᠠᠶᠠᠯᠢᠭ ᠪᠠᠶᠢᠬᠤ ᠬᠡᠷᠡᠭᠲᠡᠢ᠂ ᠡᠨᠡ ᠪᠣᠯ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠡᠷᠬᠢᠮ ᠳᠡᠭᠡᠳᠦ ᠬᠥᠭᠡᠭᠡᠴᠡᠯᠳᠦᠯ ᠮᠥᠨ᠃ ᠬᠤᠶᠠᠷ ᠲᠠᠯ᠎ᠠ ᠶᠢ | ᠠᠳᠬᠤᠬᠤ᠂ ᠬᠤᠶᠠᠷ ᠲᠠᠯ᠎ᠠ ᠶᠢ ᠴᠥᠮ ᠴᠢᠩᠭ᠎ᠠ ᠠᠳᠬᠤᠬᠤ ᠶᠢ ᠪᠠᠷᠢᠮᠲᠠᠯᠠᠵᠤ᠂ ᠪᠣᠳᠠᠰ ᠤᠨ ᠪᠣᠯᠪᠠᠰᠤᠨ ᠪᠠ ᠤᠶᠤᠨ ᠤ ᠪᠣᠯᠪᠠᠰᠤᠨ ᠢ ᠬᠠᠷᠢᠯᠴᠠᠨ | ᠵᠣᠬᠢᠴᠠᠯᠳᠤᠭᠤᠯᠵᠤ᠂ ᠬᠠᠷᠢᠯᠴᠠᠨ ᠠᠬᠢᠭᠤᠯᠬᠤ ᠬᠡᠷᠡᠭᠲᠡᠢ᠃ ᠬᠦᠴᠦᠷᠬᠡᠭ ᠶᠡᠭᠡ ᠨᠢᠭᠲᠠᠷᠠᠯ ᠤᠨ ᠬᠦᠴᠦᠨ ᠪᠠ ᠬᠥᠲᠥᠯᠥᠨ ᠳᠠᠭᠠᠭᠤᠯᠬᠤ ᠬᠦᠴᠦᠨ ᠲᠠᠢ ᠨᠡᠶᠢᠭᠡᠮ | ᠵᠢᠷᠤᠮ ᠤᠨ ᠦᠵᠡᠯ ᠤᠬᠠᠮᠰᠠᠷ ᠤᠨ ᠭᠡᠯᠪᠡᠷᠢ ᠶᠢ ᠪᠠᠶᠢᠭᠤᠯᠵᠤ᠂ ᠠᠷᠠᠳ ᠲᠦᠮᠡᠨ ᠤ ᠤᠶᠤᠨ ᠤ ᠶᠢᠷᠲᠢᠨᠴᠦ ᠶᠢ ᠲᠠᠰᠤᠷᠠᠯᠲᠠ ᠦᠭᠡᠢ ᠪᠠᠶᠠᠯᠢᠭᠵᠢᠭᠤᠯᠤᠨ᠂ ᠪᠦᠭᠦ | ᠨᠡᠶᠢᠭᠡᠮ ᠤᠨ ᠪᠣᠯᠪᠠᠰᠤᠨ ᠤ ᠬᠡᠮᠵᠢᠶ᠎ᠡ ᠶᠢ ᠳᠡᠭᠡᠭᠰᠢᠯᠡᠭᠦᠯᠵᠦ᠂ ᠬᠥᠮᠥᠨ ᠤ ᠪᠦᠭᠦ ᠲᠠᠯ᠎ᠠ ᠶᠢᠨ ᠬᠥᠭᠵᠢᠯᠲᠡ ᠶᠢ ᠠᠬᠢᠭᠤᠯᠬᠤ ᠬᠡᠷᠡᠭᠲᠡᠢ᠃ ᠳᠥᠷᠪᠡᠳᠦᠭᠡᠷ ᠲᠤ᠂ ᠬᠥᠮᠥᠨ | ᠪᠠᠶᠢᠭᠠᠯᠢ ᠶᠢᠨ ᠡᠶ᠎ᠡ ᠵᠣᠬᠢᠴᠠᠩᠭᠤᠢ ᠪᠠᠷ ᠬᠠᠮᠲᠤ ᠣᠷᠣᠰᠢᠬᠤ ᠣᠳᠣᠬᠢᠴᠢᠯᠠᠯᠲᠠ ᠮᠥᠨ᠃ ᠪᠠᠶᠢᠭᠠᠯᠢ ᠶᠢ ᠬᠦᠨᠳᠦᠳᠬᠡᠬᠦ᠂ ᠪᠠᠶᠢᠭᠠᠯᠢ ᠲᠠᠢ ᠵᠣᠬᠢᠴᠠᠬᠤ᠂ ᠪᠠᠶᠢᠭᠠᠯᠢ ᠶᠢ | ᠬᠠᠮᠠᠭᠠᠯᠠᠬᠤ᠂ ᠬᠥᠮᠥᠨ ᠪᠠᠶᠢᠭᠠᠯᠢ ᠶᠢᠨ ᠡᠶ᠎ᠡ ᠵᠣᠬᠢᠴᠠᠩᠭᠤᠢ ᠪᠠᠷ ᠬᠠᠮᠲᠤ ᠣᠷᠣᠰᠢᠬᠤ ᠶᠢ ᠠᠬᠢᠭᠤᠯᠬᠤ ᠪᠣᠯ ᠳᠤᠮᠳᠠᠳᠤ ᠤᠯᠤᠰ ᠤᠨ ᠮᠠᠶ᠋ᠢᠭ ᠤᠨ | ᠣᠳᠣᠬᠢᠴᠢᠯᠠᠯᠲᠠ ᠶᠢᠨ ᠢᠯᠡ ᠲᠣᠳᠣ ᠣᠨᠴᠠᠯᠢᠭ ᠮᠥᠨ᠃ ᠬᠥᠬᠡᠮᠳᠦᠭ ᠨᠣᠭᠤᠭᠠᠨ ᠠᠭᠤᠯᠠ ᠤᠰᠤ ᠪᠣᠯ ᠠᠯᠳᠠ ᠮᠥᠩᠭᠦᠨ ᠠᠭᠤᠯᠠ ᠮᠥᠨ ᠭᠡᠬᠦ | ᠣᠶᠢᠯᠠᠭᠠᠭᠳᠠᠬᠤᠨ ᠢ ᠪᠠᠲᠤ ᠪᠤᠢ ᠪᠣᠯᠭᠠᠨ ᠦᠢᠯᠡᠳᠦᠯᠭᠡᠵᠢᠭᠦᠯᠵᠦ᠂ ᠴᠢᠨᠠᠷ ᠰᠠᠶᠢᠲᠠᠢ ᠠᠮᠢ ᠠᠬᠤᠢ ᠣᠷᠴᠢᠨ ᠲᠣᠭᠤᠷᠢᠨ ᠢᠶᠠᠷ ᠴᠢᠨᠠᠷ ᠰᠠᠶᠢᠲᠠᠢ ᠬᠥᠭᠵᠢᠯᠲᠡ ᠶᠢ | ᠲᠤᠯᠭᠠᠭᠤᠷᠢᠯᠠᠬᠤ ᠬᠡᠷᠡᠭᠲᠡᠢ᠃ ᠲᠠᠪᠤᠳᠤᠭᠠᠷ ᠲᠤ᠂ ᠡᠩᠬᠡ ᠲᠠᠶᠢᠪᠤᠩ ᠬᠥᠭᠵᠢᠯᠲᠡ ᠶᠢᠨ ᠵᠠᠮ ᠢᠶᠠᠷ ᠵᠠᠮᠨᠠᠬᠤ ᠣᠳᠣᠬᠢᠴᠢᠯᠠᠯᠲᠠ ᠮᠥᠨ᠃ ᠡᠩᠬᠡ ᠲᠠᠶᠢᠪᠤᠩ | ᠬᠥᠭᠵᠢᠯᠲᠡ ᠶᠢ ᠪᠠᠷᠢᠮᠲᠠᠯᠠᠵᠤ᠂ ᠳᠡᠯᠡᠬᠡᠢ ᠶᠢᠨ ᠡᠩᠬᠡ ᠲᠠᠶᠢᠪᠤᠩ ᠪᠣᠯᠣᠨ ᠬᠥᠭᠵᠢᠯᠲᠡ ᠶᠢ ᠡᠷᠡᠰ ᠬᠠᠮᠠᠭᠠᠯᠠᠬᠤ ᠳᠤᠮᠳᠠ ᠲᠤᠰ ᠪᠡᠶ᠎ᠡ ᠶᠢᠨ ᠬᠥᠭᠵᠢᠯᠲᠡ ᠪᠠᠨ | ᠡᠷᠢᠯᠬᠢᠯᠡᠵᠦ᠂ ᠲᠤᠰ ᠪᠡᠶ᠎ᠡ ᠶᠢᠨ ᠬᠥᠭᠵᠢᠯᠲᠡ ᠪᠠᠷ ᠢᠶᠠᠨ ᠳᠡᠯᠡᠬᠡᠢ ᠶᠢᠨ ᠡᠩᠬᠡ ᠲᠠᠶᠢᠪᠤᠩ ᠪᠣᠯᠣᠨ ᠬᠥᠭᠵᠢᠯᠲᠡ ᠶᠢ ᠨᠡᠩ ᠰᠠᠶᠢᠲᠤᠷ ᠬᠠᠮᠠᠭᠠᠯᠠᠵᠤ᠂ ᠬᠥᠮᠥᠨ | ᠲᠥᠷᠥᠯᠬᠢᠲᠡᠨ ᠤ ᠬᠤᠪᠢ ᠵᠠᠶᠠᠭᠠᠨ ᠤ ᠬᠠᠮᠲᠤ ᠶᠢᠨ ᠴᠣᠭᠴᠠ ᠶᠢᠨ ᠪᠠᠶᠢᠭᠤᠯᠤᠯᠲᠠ ᠶᠢ ᠠᠬᠢᠭᠤᠯᠬᠤ ᠪᠣᠯ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ | ᠲᠣᠪᠤᠶᠢᠮ᠎ᠠ ᠣᠨᠴᠠᠯᠢᠭ ᠪᠣᠯᠣᠨ᠎ᠠ᠃ ᠪᠢᠳᠡ ᠡᠩᠬᠡ ᠲᠠᠶᠢᠪᠤᠩ᠂ ᠬᠥᠭᠵᠢᠯᠲᠡ᠂ ᠬᠠᠮᠲᠤᠷᠠᠯᠴᠠᠬᠤ᠂ ᠬᠠᠮᠲᠤ ᠪᠠᠷ ᠠᠰᠢᠭ ᠭᠦᠷᠲᠡᠭᠦ ᠲᠤᠭ ᠢ ᠢᠮᠠᠭᠲᠠ ᠥᠨᠳᠥᠷ | ᠮᠠᠨᠳᠤᠭᠤᠯᠵᠤ᠂ ᠬᠠᠷᠢᠯᠴᠠᠨ ᠠᠰᠢᠭᠲᠠᠢ ᠬᠠᠮᠲᠤ ᠪᠠᠷ ᠠᠰᠢᠭ ᠭᠦᠷᠲᠡᠭᠦ ᠨᠡᠭᠡᠭᠡᠯᠲᠡᠲᠤ ᠪᠠᠶᠢᠯᠳᠤᠬᠤ ᠪᠣᠳᠣᠯᠭ᠎ᠠ ᠶᠢ ᠬᠡᠷᠡᠭᠵᠢᠭᠦᠯᠵᠦ᠂ ᠵᠢᠩᠬᠢᠨᠢ ᠣᠯᠠᠨ ᠲᠠᠯᠠᠲᠤ | ᠦᠵᠡᠯ ᠢ ᠦᠢᠯᠡᠳᠦᠯᠭᠡᠵᠢᠭᠦᠯᠵᠦ᠂ ᠪᠦᠭᠦ ᠬᠥᠮᠥᠨ ᠲᠥᠷᠥᠯᠬᠢᠲᠡᠨ ᠤ ᠬᠠᠮᠲᠤ ᠶᠢᠨ ᠥᠷᠲᠡᠭ ᠢ ᠪᠠᠳᠠᠷᠠᠭᠤᠯᠵᠤ᠂ ᠬᠥᠮᠥᠨ ᠲᠥᠷᠥᠯᠬᠢᠲᠡᠨ ᠤ ᠡᠩᠬᠡ ᠲᠠᠶᠢᠪᠤᠩ ᠪᠠ | ᠬᠥᠭᠵᠢᠯᠲᠡ ᠳᠤ ᠨᠡᠩ ᠶᠡᠭᠡ ᠬᠤᠪᠢ ᠨᠡᠮᠡᠷᠢ ᠦᠵᠡᠭᠦᠯᠭᠦ ᠪᠠᠷ ᠴᠢᠷᠮᠠᠶᠢᠬᠤ ᠬᠡᠷᠡᠭᠲᠡᠢ ᠭᠡᠵᠦ ᠵᠢᠭᠠᠵᠤ ᠭᠠᠷᠭᠠᠪᠠ᠃ | ᠵᠣᠬᠢᠶᠠᠯ ᠳᠤ᠂ ᠰᠢᠨ᠎ᠡ ᠳᠤᠮᠳᠠᠳᠤ ᠤᠯᠤᠰ ᠪᠠᠶᠢᠭᠤᠯᠤᠭᠳᠠᠭᠰᠠᠨ ᠢᠯᠠᠩᠭᠤᠶ᠎ᠠ ᠥᠭᠡᠷᠡᠴᠢᠯᠡᠯᠲᠡ ᠨᠡᠭᠡᠭᠡᠯᠲᠡ ᠬᠢᠭᠰᠡᠨ ᠠᠴᠠ ᠨᠠᠭᠠᠰᠢ᠂ ᠪᠢᠳᠡ ᠬᠡᠳᠦᠨ ᠠᠷᠪᠠᠨ | ᠵᠢᠯ ᠤᠨ ᠴᠠᠭ ᠢ ᠬᠡᠷᠡᠭᠰᠡᠨ ᠥᠷᠥᠨᠡᠳᠠᠬᠢᠨ ᠤ ᠬᠥᠭᠵᠢᠭᠰᠡᠨ ᠤᠯᠤᠰ ᠤᠳ ᠤᠨ ᠬᠡᠳᠦᠨ ᠵᠠᠭᠤᠨ ᠵᠢᠯ ᠤᠨ ᠶᠠᠪᠤᠵᠤ ᠢᠷᠡᠭᠰᠡᠨ ᠠᠵᠤ ᠦᠢᠯᠡᠳᠪᠦᠷᠢᠵᠢᠯᠲᠡ ᠶᠢᠨ | ᠶᠠᠪᠤᠴᠠ ᠶᠢ ᠪᠡᠶᠡᠯᠡᠭᠦᠯᠵᠦ᠂ ᠠᠵᠤ ᠠᠬᠤᠢ ᠶᠢᠨ ᠲᠦᠷᠭᠡᠨ ᠬᠥᠭᠵᠢᠯᠲᠡ ᠪᠣᠯᠣᠨ ᠨᠡᠶᠢᠭᠡᠮ ᠤᠨ ᠤᠷᠳᠤ ᠬᠤᠭᠤᠴᠠᠭᠠᠨ ᠤ ᠲᠣᠭᠲᠠᠭᠤᠨ ᠪᠠᠶᠢᠳᠠᠯ ᠤᠨ ᠭᠠᠶᠢᠬᠠᠮᠰᠢᠭ ᠢ | ᠡᠭᠦᠳᠴᠦ᠂ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠳᠤ ᠥᠷᠭᠡᠨ ᠠᠭᠤᠳᠠᠮ ᠠᠯᠤᠰ ᠢᠷᠡᠭᠡᠳᠦᠢ ᠶᠢ ᠨᠡᠭᠡᠭᠡᠨ ᠥᠭᠴᠡᠢ᠃ ᠳᠤᠮᠳᠠᠳᠤ | ᠤᠯᠤᠰ ᠤᠨ ᠮᠠᠶ᠋ᠢᠭ ᠤᠨ ᠣᠳᠣᠬᠢᠴᠢᠯᠠᠯᠲᠠ ᠤᠷᠤᠭᠰᠢᠲᠠᠢ ᠶᠠᠪᠤᠭᠳᠠᠵᠤ ᠳᠡᠶᠢᠯᠤᠨ᠎ᠠ᠂ ᠲᠣᠭᠲᠠᠭᠤᠨ ᠶᠠᠪᠤᠭᠳᠠᠵᠤ ᠳᠡᠶᠢᠯᠤᠨ᠎ᠠ᠂ ᠲᠡᠷᠡ ᠪᠣᠯ ᠤᠯᠤᠰ ᠢᠶᠠᠨ | ᠬᠦᠴᠦᠷᠬᠡᠭᠵᠢᠭᠦᠯᠬᠦ ᠪᠦᠲᠦᠭᠡᠨ ᠪᠠᠶᠢᠭᠤᠯᠤᠯᠲᠠ᠂ ᠦᠨᠳᠦᠰᠦᠲᠡᠨ ᠤ ᠰᠡᠷᠭᠦᠨ ᠮᠠᠨᠳᠤᠯᠲᠠ ᠶᠢᠨ ᠴᠤᠷ ᠤᠨ ᠭᠠᠭᠴᠠ ᠵᠥᠪ ᠵᠠᠮ ᠮᠥᠨ ᠭᠡᠳᠡᠭ ᠢ ᠦᠢᠯᠡᠳᠦᠯᠭᠡ | ᠭᠡᠷᠡᠴᠢᠯᠡᠵᠡᠢ ᠭᠡᠵᠦ ᠴᠢᠬᠤᠯᠠᠴᠢᠯᠠᠪᠠ᠃ |