ᠳ᠋ᠢᠩ ᠰᠢᠤᠸᠠᠢ ᠰᠢᠶᠠᠩ ᠭᠤᠣᠯ ᠲᠠᠯᠠᠪᠠᠢ ᠶᠢᠨ ᠠᠵᠢᠯᠯᠠᠭ᠎ᠠ ᠶᠢᠨ ᠡᠭᠢᠯᠡᠯᠲᠡ ᠶᠢᠨ ᠶᠣᠰᠣᠯᠠᠯ ᠳᠤ ᠣᠷᠣᠯᠴᠠᠵᠤ ᠶᠠᠷᠢᠶ᠎ᠠ ᠲᠠᠯᠪᠢᠵᠠᠢ | ᠠᠩᠬᠠᠳᠠᠭᠴᠢ ᠪᠦᠭᠦ ᠤᠯᠤᠰ ᠤᠨ ᠠᠮᠢ ᠠᠬᠤᠢ ᠶᠢᠨ ᠡᠳᠦᠷ ᠬᠦᠷᠴᠦ ᠢᠷᠡᠬᠦ ᠲᠠᠰᠢᠷᠠᠮ ᠢᠶᠠᠷ᠂ ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ᠂ | ᠤᠯᠤᠰ ᠤᠨ ᠲᠡᠷᠢᠭᠦᠯᠡᠭᠴᠢ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠲᠡᠷᠢᠭᠦᠯᠡᠭᠴᠢ ᠰᠢ ᠶᠢᠨ ᠫᠢᠩ ᠴᠢᠬᠤᠯᠠ ᠵᠢᠭᠠᠪᠤᠷᠢ ᠥᠭᠴᠦ᠂ ᠠᠮᠢ ᠠᠬᠤᠢ ᠶᠢᠨ | ᠪᠣᠯᠪᠠᠰᠤᠨ ᠤ ᠪᠠᠶᠢᠭᠤᠯᠤᠯᠲᠠ ᠪᠣᠯ ᠳᠤᠮᠳᠠᠳᠤ ᠶᠢᠨ ᠦᠨᠳᠦᠰᠦᠲᠡᠨ ᠤ ᠥᠨᠢᠳᠡ ᠶᠢᠨ ᠦᠷᠭᠦᠯᠵᠢᠯᠡᠬᠦ ᠬᠥᠭᠵᠢᠯᠲᠡ ᠲᠠᠢ ᠬᠤᠯᠪᠣᠭᠳᠠᠬᠤ ᠦᠨᠳᠦᠰᠦᠨ ᠶᠡᠭᠡ ᠪᠣᠳᠣᠯᠭ᠎ᠠ | ᠮᠥᠨ᠂ ᠨᠠᠮ ᠤᠨ ᠡᠭᠦᠷᠭᠡ ᠬᠠᠷᠢᠭᠤᠴᠠᠯᠭ᠎ᠠ ᠵᠣᠷᠢᠯᠲᠠ ᠲᠠᠢ ᠬᠤᠯᠪᠣᠭᠳᠠᠬᠤ ᠴᠢᠬᠤᠯᠠ ᠶᠡᠭᠡ ᠤᠯᠤᠰ ᠲᠦᠷᠦ ᠶᠢᠨ ᠠᠰᠠᠭᠤᠳᠠᠯ ᠮᠥᠨ᠂ ᠠᠷᠠᠳ ᠤᠨ ᠠᠮᠢᠳᠤᠷᠠᠯ ᠤᠨ | ᠪᠤᠶᠠᠨ ᠵᠢᠷᠭᠠᠯ ᠲᠠᠢ ᠬᠤᠯᠪᠣᠭᠳᠠᠬᠤ ᠴᠢᠬᠤᠯᠠ ᠶᠡᠭᠡ ᠨᠡᠶᠢᠭᠡᠮ ᠤᠨ ᠠᠰᠠᠭᠤᠳᠠᠯ ᠮᠥᠨ᠃ ᠨᠡᠶᠢᠭᠡᠮ ᠵᠢᠷᠤᠮᠲᠤ ᠣᠳᠣᠬᠢᠴᠢᠯᠠᠭᠰᠠᠨ ᠤᠯᠤᠰ ᠢ ᠪᠦᠭᠦ ᠲᠠᠯ᠎ᠠ ᠪᠠᠷ | ᠪᠦᠲᠦᠭᠡᠨ ᠪᠠᠶᠢᠭᠤᠯᠬᠤ ᠰᠢᠨ᠎ᠡ ᠠᠶᠠᠨ ᠳᠤ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢ ᠴᠢᠩᠭᠠᠳᠬᠠᠬᠤ ᠪᠠᠶᠢᠯᠳᠤᠬᠤ ᠪᠣᠳᠣᠯᠭ᠎ᠠ ᠶᠢᠨ ᠲᠣᠭᠲᠠᠯ | ᠬᠦᠴᠦᠨ ᠢᠶᠠᠨ ᠪᠠᠲᠤᠯᠠᠵᠤ᠂ ᠴᠢᠨᠠᠷ ᠰᠠᠶᠢᠲᠠᠢ ᠬᠥᠭᠵᠢᠯᠲᠡ ᠪᠣᠯᠣᠨ ᠥᠨᠳᠥᠷ ᠲᠦᠪᠰᠢᠨ ᠪᠦᠬᠦᠢ ᠬᠠᠮᠠᠭᠠᠯᠠᠯᠲᠠ ᠶᠢ ᠵᠡᠷᠭᠡ ᠪᠠᠷ ᠠᠬᠢᠭᠤᠯᠬᠤ ᠶᠢ ᠴᠢᠬᠤᠯᠠᠴᠢᠯᠠᠵᠤ᠂ | ︽ᠬᠤᠣᠰ ᠨᠡᠭᠦᠷᠡᠰᠦᠲᠥ᠋ᠷᠥᠭᠴᠢ︾ ᠶᠢᠨ ᠠᠵᠢᠯ ᠢᠶᠠᠷ ᠵᠢᠯᠣᠭᠤᠳᠤᠮᠵᠢ ᠪᠤᠯᠭᠠᠵᠤ᠂ ᠡᠨᠧᠷᠭᠢ ᠶᠢᠨ ᠬᠤᠷᠣᠭᠳᠠᠯ ᠤᠨ ᠬᠤᠣᠰ ᠡᠵᠡᠮᠳᠡᠯ ᠢ ᠠᠯᠬᠤᠮ ᠠᠯᠬᠤᠮ ᠢᠶᠠᠷ | ᠨᠡᠭᠦᠷᠡᠰᠦᠲᠥ᠋ᠷᠥᠭᠴᠢ ᠭᠠᠳᠠᠭᠰᠢᠯᠠᠭᠤᠯᠬᠤ ᠬᠤᠣᠰ ᠡᠵᠡᠮᠳᠡᠯ ᠲᠡᠶᠢᠰᠢ ᠬᠤᠪᠢᠷᠠᠭᠤᠯᠬᠤ ᠶᠢ ᠠᠬᠢᠭᠤᠯᠵᠤ᠂ ᠦᠢᠯᠡᠳᠪᠦᠷᠢᠯᠡᠯ ᠤᠨ ᠠᠷᠭ᠎ᠠ ᠭᠡᠯᠪᠡᠷᠢ ᠪᠣᠯᠣᠨ | ᠠᠮᠢᠳᠤᠷᠠᠯ ᠤᠨ ᠠᠷᠭ᠎ᠠ ᠭᠡᠯᠪᠡᠷᠢ ᠶᠢ ᠪᠣᠬᠢᠷᠳᠤᠯ ᠦᠭᠡᠢ ᠪᠠᠭ᠎ᠠ ᠨᠡᠭᠦᠷᠡᠰᠦᠲᠥ᠋ᠷᠥᠭᠴᠢᠲᠦ ᠪᠣᠯᠭᠠᠨ ᠬᠤᠪᠢᠷᠠᠭᠤᠯᠬᠤ ᠶᠢ ᠦᠷᠭᠦᠯᠵᠢᠯᠡᠨ ᠠᠬᠢᠭᠤᠯᠵᠤ᠂ ᠬᠥᠮᠥᠨ | ᠪᠠᠶᠢᠭᠠᠯᠢ ᠶᠢᠨ ᠡᠶ᠎ᠡ ᠵᠣᠬᠢᠴᠠᠩᠭᠤᠢ ᠪᠠᠷ ᠬᠠᠮᠲᠤ ᠣᠷᠣᠰᠢᠬᠤ ᠣᠳᠣᠬᠢᠴᠢᠯᠠᠯᠲᠠ ᠶᠢ ᠲᠦᠷᠭᠡᠨ ᠠᠬᠢᠭᠤᠯᠵᠤ᠂ ᠦᠵᠡᠰᠬᠦᠯᠡᠩᠲᠦ ᠰᠠᠶᠢᠬᠠᠨ ᠳᠤᠮᠳᠠᠳᠤ ᠤᠯᠤᠰ ᠤᠨ | ᠪᠦᠲᠦᠭᠡᠨ ᠪᠠᠶᠢᠭᠤᠯᠤᠯᠲᠠ ᠶᠢ ᠪᠦᠭᠦ ᠲᠠᠯ᠎ᠠ ᠪᠠᠷ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃ | ᠰᠢ ᠶᠢᠨ ᠫᠢᠩ᠂ ᠪᠦᠭᠦ ᠨᠡᠶᠢᠭᠡᠮ ᠢᠶᠠᠷ ᠢᠶᠠᠨ ᠬᠥᠳᠡᠯᠦᠯᠴᠡᠵᠦ᠂ ᠬᠥᠬᠡᠮᠳᠦᠭ ᠨᠣᠭᠤᠭᠠᠨ ᠠᠭᠤᠯᠠ ᠤᠰᠤ ᠪᠣᠯ ᠠᠯᠳᠠ ᠮᠥᠩᠭᠦᠨ ᠠᠭᠤᠯᠠ ᠮᠥᠨ ᠭᠡᠬᠦ | ᠣᠶᠢᠯᠠᠭᠠᠭᠳᠠᠬᠤᠨ ᠤ ᠢᠳᠡᠪᠬᠢᠲᠡᠢ ᠳᠠᠮᠵᠢᠭᠤᠯᠤᠭᠴᠢ ᠪᠠ ᠵᠢᠱᠢᠶᠡᠴᠢ ᠦᠢᠯᠡᠳᠦᠯᠭᠡᠵᠢᠭᠦᠯᠦᠭᠴᠢ ᠪᠣᠯᠵᠤ᠂ ᠪᠡᠶᠡᠴᠢᠯᠡᠨ ᠭᠦᠢᠴᠡᠳᠬᠡᠵᠦ᠂ ᠤᠳᠠᠭᠠᠨ ᠳᠠᠭᠠᠭᠠᠮᠠᠭᠠᠢ ᠪᠠᠷ | ᠵᠢᠳᠬᠦᠯ ᠴᠢᠷᠮᠠᠶᠢᠯᠭ᠎ᠠ ᠭᠠᠷᠭᠠᠵᠤ᠂ ᠠᠷᠢᠭᠤᠨ ᠴᠡᠪᠡᠷ ᠦᠵᠡᠰᠬᠦᠯᠡᠩᠲᠦ ᠰᠠᠶᠢᠬᠠᠨ ᠳᠡᠯᠡᠬᠡᠢ ᠶᠢᠷᠲᠢᠨᠴᠦ ᠶᠢ ᠬᠠᠮᠲᠤ ᠪᠠᠷ ᠪᠦᠲᠦᠭᠡᠨ ᠪᠠᠶᠢᠭᠤᠯᠬᠤ ᠳᠤ ᠨᠡᠩ ᠶᠡᠭᠡ | ᠬᠤᠪᠢ ᠨᠡᠮᠡᠷᠢ ᠦᠵᠡᠭᠦᠯᠭᠦ ᠶᠢ ᠬᠦᠰᠡᠪᠡ᠃ | ᠪᠦᠭᠦ ᠤᠯᠤᠰ ᠤᠨ ᠠᠩᠬᠠᠳᠠᠭᠴᠢ ᠠᠮᠢ ᠠᠬᠤᠢ ᠶᠢᠨ ᠡᠳᠦᠷ ᠤᠨ ᠭᠤᠣᠯ ᠲᠠᠯᠠᠪᠠᠢ ᠶᠢᠨ ᠠᠵᠢᠯᠯᠠᠭ᠎ᠠ 15 ᠤ ᠡᠳᠦᠷ ᠵᠧᠵᠢᠶᠠᠩ ᠮᠤᠵᠢ ᠶᠢᠨ ᠬᠤᠵᠸᠦ | ᠬᠤᠲᠠ ᠳᠤ ᠶᠠᠪᠤᠭᠳᠠᠪᠠ᠃ ᠨᠠᠮ ᠤᠨ ᠲᠥᠪ ᠬᠤᠷᠢᠶ᠎ᠠ ᠶᠢᠨ ᠤᠯᠤᠰ ᠲᠦᠷᠦ ᠶᠢᠨ ᠲᠣᠪᠴᠢᠶᠠᠨ ᠤ ᠪᠠᠶᠢᠩᠭᠤ ᠶᠢᠨ ᠭᠡᠰᠢᠭᠦᠨ᠂ ᠲᠦᠷᠦ ᠶᠢᠨ ᠶᠠᠪᠤᠳᠠᠯ ᠤᠨ | ᠬᠤᠷᠢᠶ᠎ᠠ ᠶᠢᠨ ᠳᠡᠳ᠋ ᠶᠡᠷᠦᠩᠬᠡᠢ ᠰᠠᠶᠢᠳ ᠳ᠋ᠢᠩ ᠰᠢᠤᠸᠠᠢ ᠰᠢᠶᠠᠩ ᠡᠭᠢᠯᠡᠯᠲᠡ ᠶᠢᠨ ᠶᠣᠰᠣᠯᠠᠯ ᠳᠤ ᠣᠷᠣᠯᠴᠠᠵᠤ᠂ ᠰᠢ ᠶᠢᠨ ᠫᠢᠩ ᠤᠨ ᠴᠢᠬᠤᠯᠠ ᠵᠢᠭᠠᠪᠤᠷᠢ ᠶᠢ | ᠤᠯᠠᠮᠵᠢᠯᠠᠭᠰᠠᠨ ᠪᠥᠭᠡᠳ ᠶᠠᠷᠢᠶ᠎ᠠ ᠲᠠᠯᠪᠢᠪᠠ᠃ ᠳ᠋ᠢᠩ ᠰᠢᠤᠸᠠᠢ ᠰᠢᠶᠠᠩ᠂ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢ᠂ ᠰᠢ ᠶᠢᠨ ᠫᠢᠩ | ᠨᠥᠬᠦᠷ ᠢᠶᠠᠷ ᠭᠤᠣᠯ ᠪᠤᠯᠭᠠᠬᠰᠠᠨ ᠨᠠᠮ ᠤᠨ ᠲᠥᠪ ᠬᠤᠷᠢᠶ᠎ᠠ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢ ᠳᠤᠮᠳᠠᠳᠤ ᠶᠢᠨ ᠦᠨᠳᠦᠰᠦᠲᠡᠨ ᠤ ᠥᠨᠢᠳᠡ ᠶᠢᠨ | ᠦᠷᠭᠦᠯᠵᠢᠯᠡᠬᠦ ᠬᠥᠭᠵᠢᠯᠲᠡ ᠳᠤ ᠬᠤᠯᠪᠣᠭᠳᠠᠬᠤ ᠦᠨᠳᠦᠰᠦᠨ ᠶᠡᠭᠡ ᠪᠣᠳᠣᠯᠭ᠎ᠠ ᠪᠤᠯᠭᠠᠵᠤ᠂ ᠠᠯᠢ ᠤᠯᠠᠨ ᠡᠭᠦᠳᠦᠯᠲᠡ ᠶᠢᠨ ᠴᠢᠨᠠᠷᠲᠠᠢ ᠠᠵᠢᠯ ᠢ ᠥᠷᠨᠢᠭᠦᠯᠵᠦ᠂ | ᠵᠣᠷᠢᠭ ᠤᠨ ᠶᠡᠭᠡ᠂ ᠡᠷᠴᠢᠮ ᠤᠨ ᠶᠡᠭᠡ᠂ ᠦᠷ᠎ᠡ ᠪᠦᠲᠦᠮᠵᠢ ᠶᠢᠨ ᠶᠡᠭᠡ ᠪᠠᠷ ᠢᠶᠠᠨ ᠤᠷᠢᠳ ᠡᠮᠦᠨ᠎ᠡ ᠪᠠᠶᠢᠭ᠎ᠠ ᠦᠭᠡᠢ ᠶᠤᠮ᠃ ᠠᠮᠢ ᠠᠬᠤᠢ ᠶᠢᠨ ᠪᠣᠯᠪᠠᠰᠤᠨ ᠤ | ᠪᠠᠶᠢᠭᠤᠯᠤᠯᠲᠠ ᠶᠢᠨ ᠠᠮᠵᠢᠯᠲᠠ ᠪᠦᠲᠦᠮᠵᠢ ᠨᠢ ᠳᠡᠯᠡᠬᠡᠢ ᠳ᠋ᠠᠬᠢᠨ ᠤ ᠠᠩᠬᠠᠷᠤᠯ ᠢ ᠲᠠᠲᠠᠵᠤ᠂ ᠰᠢᠨ᠎ᠡ ᠴᠠᠭ ᠦᠶ᠎ᠡ ᠶᠢᠨ ᠨᠠᠮ ᠪᠣᠯᠣᠨ ᠤᠯᠤᠰ ᠤᠨ ᠠᠵᠢᠯ ᠦᠢᠯᠡᠰ ᠤᠨ | ᠲᠡᠦᠬᠡᠲᠦ ᠴᠢᠨᠠᠷᠲᠠᠢ ᠠᠮᠵᠢᠯᠲᠠ ᠣᠯᠣᠭᠰᠠᠨ᠂ ᠲᠡᠦᠬᠡᠲᠦ ᠴᠢᠨᠠᠷᠲᠠᠢ ᠬᠤᠪᠢᠰᠤᠯᠲᠠ ᠭᠠᠷᠤᠭᠰᠠᠨ ᠤ ᠢᠯᠡᠷᠬᠡᠢ ᠪᠡᠯᠭᠡ ᠲᠡᠮᠳᠡᠭ ᠪᠣᠯᠵᠠᠢ᠃ ᠰᠢᠨ᠎ᠡ ᠴᠠᠭ ᠦᠶ᠎ᠡ ᠰᠢᠨ᠎ᠡ | ᠠᠶᠠᠨ ᠳᠤ ᠰᠢ ᠶᠢᠨ ᠫᠢᠩ ᠤᠨ ᠠᠮᠢ ᠠᠬᠤᠢ ᠶᠢᠨ ᠪᠣᠯᠪᠠᠰᠤᠨ ᠤ ᠦᠵᠡᠯ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠦᠵᠡᠰᠬᠦᠯᠡᠩᠲᠦ ᠰᠠᠶᠢᠬᠠᠨ | ᠳᠤᠮᠳᠠᠳᠤ ᠤᠯᠤᠰ ᠢ ᠪᠦᠲᠦᠭᠡᠨ ᠪᠠᠶᠢᠭᠤᠯᠬᠤ ᠶᠢ ᠤᠯᠤᠰ ᠢᠶᠠᠨ ᠬᠦᠴᠦᠷᠬᠡᠭᠵᠢᠭᠦᠯᠬᠦ ᠪᠠᠶᠢᠭᠤᠯᠤᠯᠲᠠ᠂ ᠦᠨᠳᠦᠰᠦᠲᠡᠨ ᠤ ᠰᠡᠷᠭᠦᠨ ᠮᠠᠨᠳᠤᠯᠲᠠ ᠶᠢᠨ ᠲᠣᠪᠤᠶᠢᠮ᠎ᠠ | ᠪᠠᠶᠢᠷᠢᠨ ᠳᠤ ᠲᠠᠯᠪᠢᠵᠤ᠂ ᠴᠢᠨᠠᠷ ᠰᠠᠶᠢᠲᠠᠢ ᠠᠮᠢ ᠠᠬᠤᠢ ᠣᠷᠴᠢᠨ ᠲᠣᠭᠤᠷᠢᠨ ᠢᠶᠠᠷ ᠴᠢᠨᠠᠷ ᠰᠠᠶᠢᠲᠠᠢ ᠬᠥᠭᠵᠢᠯᠲᠡ ᠶᠢ ᠲᠤᠯᠭᠠᠭᠤᠷᠢᠯᠠᠵᠤ᠂ ᠬᠥᠮᠥᠨ ᠪᠠ ᠪᠠᠶᠢᠭᠠᠯᠢ | ᠡᠶ᠎ᠡ ᠵᠣᠬᠢᠴᠠᠩᠭᠤᠢ ᠪᠠᠷ ᠬᠠᠮᠲᠤ ᠣᠷᠣᠰᠢᠬᠤ ᠣᠳᠣᠬᠢᠴᠢᠯᠠᠯᠲᠠ ᠶᠢ ᠲᠦᠷᠭᠡᠨ ᠠᠬᠢᠭᠤᠯᠬᠤ ᠬᠡᠷᠡᠭᠲᠡᠢ᠃ ᠪᠣᠬᠢᠷᠳᠤᠯ ᠢ ᠰᠡᠷᠭᠡᠶᠢᠯᠡᠨ ᠵᠠᠰᠠᠬᠤ ᠪᠣᠭᠤᠮᠲᠠ ᠰᠢᠪᠲᠤᠯᠬᠤ | ᠳᠠᠶᠢᠯᠠᠯᠳᠤᠭᠠᠨ ᠢ ᠴᠥᠬᠦᠷᠡᠰᠢ ᠦᠭᠡᠢ ᠰᠠᠶᠢᠲᠤᠷ ᠬᠢᠵᠦ᠂ ᠬᠥᠬᠡ ᠣᠭᠲᠠᠷᠭᠤᠢ᠂ ᠬᠥᠬᠡᠮᠳᠦᠭ ᠤᠰᠤ᠂ ᠴᠡᠪᠡᠷ ᠬᠥᠷᠥᠰᠥ ᠶᠢ ᠬᠠᠮᠠᠭᠠᠯᠠᠬᠤ ᠳᠠᠶᠢᠯᠠᠯᠳᠤᠭᠠᠨ ᠢ | ᠭᠦᠨᠵᠡᠭᠡᠢ ᠰᠠᠶᠢᠲᠤᠷ ᠬᠢᠵᠦ᠂ ᠠᠮᠢ ᠠᠬᠤᠢ ᠣᠷᠴᠢᠨ ᠲᠣᠭᠤᠷᠢᠨ ᠤ ᠶᠠᠰᠤ ᠴᠢᠨᠠᠷ ᠢ ᠦᠷᠭᠦᠯᠵᠢᠯᠡᠨ ᠰᠠᠶᠢᠵᠢᠷᠠᠭᠤᠯᠬᠤ ᠭᠡᠷᠡᠭᠲᠡᠢ︔ ᠪᠤᠭᠢᠷᠲᠤᠯ ᠦᠭᠡᠢ ᠪᠠᠭ᠎ᠠ | ᠨᠡᠭᠦᠷᠡᠰᠦᠲᠥ᠋ᠷᠥᠭᠴᠢᠲᠦ ᠬᠥᠭᠵᠢᠯᠲᠡ ᠪᠠᠷ ᠠᠮᠢ ᠠᠬᠤᠢ ᠣᠷᠴᠢᠨ ᠲᠣᠭᠤᠷᠢᠨ ᠤ ᠠᠰᠠᠭᠤᠳᠠᠯ ᠢ ᠰᠢᠢᠳᠪᠦᠷᠢᠯᠡᠬᠦ ᠦᠨᠳᠦᠰᠦᠨ ᠠᠴᠠ ᠨᠢ ᠵᠠᠰᠠᠬᠤ ᠠᠷᠭ᠎ᠠ ᠪᠣᠳᠣᠯᠭ᠎ᠠ | ᠪᠤᠯᠭᠠᠬᠤ ᠶᠢ ᠪᠠᠷᠢᠮᠲᠠᠯᠠᠵᠤ᠂ ᠡᠬᠢ ᠪᠠᠶᠠᠯᠢᠭ ᠢ ᠠᠷᠪᠢᠯᠠᠬᠤ ᠪᠠ ᠣᠷᠴᠢᠨ ᠲᠣᠭᠤᠷᠢᠨ ᠢ ᠬᠠᠮᠠᠭᠠᠯᠠᠬᠤ ᠣᠷᠣᠨ ᠵᠠᠢ ᠶᠢᠨ ᠪᠠᠶᠢᠷᠢᠰᠢᠯ᠂ ᠠᠵᠤ ᠦᠢᠯᠡᠰ ᠤᠨ ᠪᠦᠲᠦᠴᠡ᠂ | ᠦᠢᠯᠡᠳᠪᠦᠷᠢᠯᠡᠯ ᠤᠨ ᠠᠷᠭ᠎ᠠ ᠭᠡᠯᠪᠡᠷᠢ᠂ ᠠᠮᠢᠳᠤᠷᠠᠯ ᠤᠨ ᠠᠷᠭ᠎ᠠ ᠭᠡᠯᠪᠡᠷᠢ ᠶᠢ ᠲᠦᠷᠭᠡᠨ ᠪᠦᠷᠢᠯᠳᠦᠭᠦᠯᠬᠦ ᠭᠡᠷᠡᠭᠳᠠᠢ︔ ᠠᠭᠤᠯᠠ ᠤᠰᠤ ᠤᠢ ᠮᠣᠳᠣ ᠭᠠᠵᠠᠷ ᠲᠠᠷᠢᠶ᠎ᠠ | ᠨᠠᠭᠤᠷ ᠪᠦᠷᠢᠳᠦ ᠨᠤᠲᠤᠭ ᠪᠡᠯᠴᠢᠭᠡᠷ ᠡᠯᠡᠰᠦ ᠮᠠᠩᠬ᠎ᠠ ᠶᠢ ᠨᠢᠭᠡ ᠴᠣᠭᠴᠠᠵᠢᠭᠤᠯᠤᠨ ᠬᠠᠮᠠᠭᠠᠯᠠᠬᠤ ᠪᠠ ᠰᠢᠰᠲ᠋ᠧᠮ ᠲᠠᠢ ᠵᠠᠰᠠᠬᠤ ᠶᠢ ᠪᠠᠷᠢᠮᠲᠠᠯᠠᠵᠤ᠂ ᠠᠮᠢ ᠠᠬᠤᠢ ᠶᠢᠨ | ᠰᠢᠰᠲ᠋ᠧᠮ ᠤᠨ ᠤᠯᠠᠨ ᠶᠠᠩᠵᠤᠲᠤ ᠴᠢᠨᠠᠷ᠂ ᠲᠣᠭᠲᠠᠪᠤᠷᠢᠲᠤ ᠴᠢᠨᠠᠷ᠂ ᠦᠷᠭᠦᠯᠵᠢᠯᠡᠬᠦ ᠴᠢᠨᠠᠷ ᠢ ᠬᠦᠴᠦᠯᠡᠨ ᠳᠡᠭᠡᠭᠰᠢᠯᠡᠭᠦᠯᠭᠦ ᠭᠡᠷᠡᠭᠳᠠᠢ︔ ᠨᠡᠭᠦᠷᠡᠰᠦᠲᠥ᠋ᠷᠥᠭᠴᠢ ᠶᠢᠨ | ᠭᠠᠳᠠᠭᠰᠢᠯᠠᠭᠤᠯᠤᠯᠲᠠ ᠤᠷᠭᠢᠯ ᠬᠡᠮᠵᠢᠭᠳᠡᠯ ᠳᠤ ᠬᠦᠷᠬᠦ ᠨᠡᠭᠦᠷᠡᠰᠦᠲᠥ᠋ᠷᠥᠭᠴᠢ ᠶᠢ ᠰᠠᠭᠠᠷᠮᠠᠭᠵᠢᠭᠤᠯᠬᠤ ᠶᠢ ᠢᠳᠡᠪᠬᠢᠲᠡᠢ ᠪᠥᠭᠡᠳ ᠯᠠᠪᠳᠠᠭᠤᠨ ᠢᠶᠠᠷ ᠠᠬᠢᠭᠤᠯᠵᠤ᠂ | ᠬᠥᠭᠵᠢᠯᠲᠡ ᠶᠢᠨ ᠳᠤᠮᠳᠠ ᠨᠡᠭᠦᠷᠡᠰᠦᠲᠥ᠋ᠷᠥᠭᠴᠢ ᠶᠢ ᠪᠠᠭ᠎ᠠ ᠭᠠᠳᠠᠭᠰᠢᠯᠠᠭᠤᠯᠬᠤ᠂ ᠨᠡᠭᠦᠷᠡᠰᠦᠲᠥ᠋ᠷᠥᠭᠴᠢ ᠶᠢ ᠪᠠᠭ᠎ᠠ ᠭᠠᠳᠠᠭᠰᠢᠯᠠᠭᠤᠯᠬᠤ ᠳᠤᠮᠳᠠ ᠨᠡᠩ ᠴᠢᠨᠠᠷ | ᠰᠠᠶᠢᠲᠠᠢ ᠬᠥᠭᠵᠢᠯᠲᠡ ᠶᠢ ᠪᠡᠶᠡᠯᠡᠭᠦᠯᠬᠦ ᠭᠡᠷᠡᠭᠳᠠᠢ︔ ᠠᠮᠢ ᠠᠬᠤᠢ ᠣᠷᠴᠢᠨ ᠲᠣᠭᠤᠷᠢᠨ ᠤ ᠵᠠᠰᠠᠯᠲᠠ ᠶᠢᠨ ᠰᠢᠰᠲ᠋ᠧᠮ ᠪᠣᠯᠣᠨ ᠵᠠᠰᠠᠯᠲᠠ ᠶᠢᠨ ᠴᠢᠳᠠᠪᠤᠷᠢ ᠶᠢᠨ | ᠣᠳᠣᠬᠢᠴᠢᠯᠠᠯᠲᠠ ᠶᠢ ᠦᠷᠭᠦᠯᠵᠢᠯᠡᠨ ᠠᠬᠢᠭᠤᠯᠵᠤ᠂ ᠦᠵᠡᠰᠬᠦᠯᠡᠩᠲᠦ ᠰᠠᠶᠢᠬᠠᠨ ᠳᠤᠮᠳᠠᠳᠤ ᠤᠯᠤᠰ ᠤᠨ ᠪᠦᠲᠦᠭᠡᠨ ᠪᠠᠶᠢᠭᠤᠯᠤᠯᠲᠠ ᠶᠢᠨ ᠪᠠᠲᠤᠯᠠᠭ᠎ᠠ ᠶᠢᠨ | ᠰᠢᠰᠲ᠋ᠧᠮ ᠢ ᠪᠦᠷᠢᠨᠰᠢᠭᠦᠯᠬᠦ ᠬᠡᠷᠡᠭᠲᠡᠢ᠃ ᠪᠦᠭᠦ ᠤᠯᠤᠰ ᠤᠨ ᠠᠮᠢ ᠠᠬᠤᠢ ᠶᠢᠨ ᠡᠳᠦᠷ ᠤᠨ ᠭᠤᠣᠯ ᠲᠠᠯᠠᠪᠤᠷ ᠤᠨ ᠠᠵᠢᠯᠯᠠᠭ᠎ᠠ ᠪᠠᠷ ᠠᠵᠠ ᠲᠣᠭᠢᠶᠠᠯ ᠪᠤᠯᠭᠠᠵᠤ᠂ | ᠰᠢ ᠶᠢᠨ ᠫᠢᠩ ᠤᠨ ᠠᠮᠢ ᠠᠬᠤᠢ ᠶᠢᠨ ᠪᠣᠯᠪᠠᠰᠤᠨ ᠤ ᠦᠵᠡᠯ ᠰᠠᠨᠠᠭᠠᠨ ᠤ ᠤᠯᠠᠨ ᠲᠦᠮᠡᠨᠴᠢᠯᠡᠭᠰᠡᠨ ᠳᠠᠮᠵᠢᠭᠤᠯᠭ᠎ᠠ ᠶᠢ ᠤᠯᠠᠮ ᠴᠢᠨᠠᠭᠰᠢᠳᠠ ᠭᠦᠨᠵᠡᠭᠡᠶᠢᠷᠡᠭᠦᠯᠵᠦ᠂ | ᠪᠦᠭᠦ ᠨᠡᠶᠢᠭᠡᠮ ᠤᠨ ᠠᠮᠢ ᠠᠬᠤᠢ ᠶᠢᠨ ᠪᠣᠯᠪᠠᠰᠤᠨ ᠤ ᠤᠬᠠᠮᠰᠠᠷ ᠢ ᠳᠡᠭᠡᠭᠰᠢᠯᠡᠭᠦᠯᠵᠦ᠂ ᠪᠦᠭᠦ ᠠᠷᠠᠳ ᠤᠨ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢᠨ | ᠦᠵᠡᠯ ᠰᠠᠨᠠᠭᠠᠨ ᠤ ᠤᠬᠠᠮᠰᠠᠷ ᠪᠣᠯᠣᠨ ᠠᠵᠢᠯᠯᠠᠭᠠᠨ ᠤ ᠤᠬᠠᠮᠰᠠᠷ ᠢ ᠴᠢᠩᠭᠠᠳᠬᠠᠵᠤ᠂ ᠬᠥᠮᠥᠨ ᠪᠦᠭᠦᠨ᠂ ᠶᠠᠪᠤᠳᠠᠯ ᠪᠦᠭᠦᠨ᠂ ᠴᠠᠭ ᠢᠮᠠᠭᠲᠠ᠂ ᠭᠠᠵᠠᠷ | ᠪᠣᠯᠭᠠᠨ ᠳᠤ ᠠᠮᠢ ᠠᠬᠤᠢ ᠶᠢᠨ ᠪᠣᠯᠪᠠᠰᠤᠨ ᠢ ᠡᠷᠭᠢᠮᠯᠡᠭᠦ ᠰᠠᠶᠢᠨ ᠰᠠᠶᠢᠬᠠᠨ ᠨᠡᠶᠢᠭᠡᠮ ᠤᠨ ᠠᠭᠤᠷ ᠠᠮᠢᠰᠬᠤᠯ ᠢ ᠪᠤᠢ ᠪᠤᠯᠭᠠᠬᠤ ᠶᠢ ᠠᠬᠢᠭᠤᠯᠬᠤ ᠬᠡᠷᠡᠭᠲᠡᠢ ᠭᠡᠵᠦ | ᠢᠯᠡᠳᠬᠡᠪᠡ᠃ | 2023 ᠣᠨ ᠤ 6 ᠰᠠᠷ᠎ᠠ ᠶᠢᠨ 28 ᠤ ᠡᠳᠦᠷ᠂ ᠠᠷᠪᠠᠨ ᠳᠥᠷᠪᠡᠳᠦᠭᠡᠷ ᠬᠤᠭᠤᠴᠠᠭᠠᠨ ᠤ ᠪᠦᠭᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ | ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠭᠤᠷᠪᠠᠳᠤᠭᠠᠷ ᠬᠤᠷᠠᠯ ᠠᠴᠠ ᠲᠣᠭᠲᠠᠭᠠᠯ ᠢ ᠪᠠᠲᠤᠯᠠᠵᠤ᠂ 8 ᠰᠠᠷ᠎ᠠ ᠶᠢᠨ 15 ᠤ ᠡᠳᠦᠷ ᠢ ᠪᠦᠭᠦ ᠤᠯᠤᠰ ᠤᠨ ᠠᠮᠢ | ᠠᠬᠤᠢ ᠶᠢᠨ ᠡᠳᠦᠷ ᠪᠤᠯᠭᠠᠬᠤ ᠪᠠᠷ ᠲᠣᠭᠲᠠᠪᠠ᠃ ᠠᠩᠬᠠᠳᠠᠭᠴᠢ ᠪᠦᠭᠦ ᠤᠯᠤᠰ ᠤᠨ ᠠᠮᠢ ᠠᠬᠤᠢ ᠶᠢᠨ ᠡᠳᠦᠷ ᠤᠨ ᠭᠤᠣᠯ ᠲᠠᠯᠠᠪᠠᠢ ᠶᠢᠨ ᠠᠵᠢᠯᠯᠠᠭ᠎ᠠ ᠶᠢ ᠤᠯᠤᠰ ᠤᠨ | ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠤᠨ ᠬᠢᠨ ᠲᠥᠪ ᠤᠨ ᠤᠬᠠᠭᠤᠯᠬᠤ ᠬᠡᠯᠲᠡᠰ᠂ ᠪᠠᠶᠢᠭᠠᠯᠢ ᠶᠢᠨ ᠡᠬᠢ ᠪᠠᠶᠠᠯᠢᠭ ᠤᠨ ᠶᠠᠮᠤᠨ᠂ ᠠᠮᠢ ᠠᠬᠤᠢ | ᠣᠷᠴᠢᠨ ᠲᠣᠭᠤᠷᠢᠨ ᠤ ᠶᠠᠮᠤᠨ ᠵᠡᠷᠭᠡ ᠰᠠᠯᠠᠭ᠎ᠠ ᠮᠥᠴᠢᠷ ᠪᠣᠯᠣᠨ ᠵᠧᠵᠢᠶᠠᠩ ᠮᠤᠵᠢ ᠶᠢᠨ ᠠᠷᠠᠳ ᠤᠨ ᠵᠠᠰᠠᠭ ᠤᠨ ᠣᠷᠳᠣᠨ ᠲᠠᠢ ᠬᠠᠮᠲᠤᠷᠠᠨ ᠡᠷᠭᠢᠯᠡᠵᠦ᠂ ︽ | ᠬᠥᠬᠡᠮᠳᠦᠭ ᠨᠣᠭᠤᠭᠠᠨ ᠠᠭᠤᠯᠠ ᠤᠰᠤ ᠪᠣᠯ ᠠᠯᠳᠠ ᠮᠥᠩᠭᠦᠨ ᠠᠭᠤᠯᠠ ᠮᠥᠨ︾ ᠭᠡᠬᠦ ᠪᠠᠷ ᠭᠤᠣᠯ ᠰᠡᠳᠦᠪ ᠢᠶᠠᠨ ᠪᠣᠯᠭᠠᠵᠠᠢ᠃ | ︵ᠰᠢᠨᠬᠤᠸᠠ ᠬᠤᠷᠢᠶ᠎ᠠ ᠶᠢᠨ ᠬᠠᠩᠵᠧᠦ ᠶᠢᠨ 8 ᠰᠠᠷ᠎ᠠ ᠶᠢᠨ 15 ᠤ ᠴᠠᠭᠢᠯᠭᠠᠨ ᠮᠡᠳᠡᠭᠡ︶ | | | |