ᠰᠢᠨᠬᠤᠸᠠ ᠬᠤᠷᠢᠶ᠎ᠠ ᠶᠢᠨ ᠨᠠᠶᠢᠷᠤᠪᠢ ᠶᠢᠨ 8 ᠰᠠᠷ᠎ᠠ ᠶᠢᠨ 14 ᠤ ᠴᠠᠭᠢᠯᠭᠠᠨ ᠮᠡᠳᠡᠭᠡ 14 ᠤ ᠡᠳᠦᠷ᠂ ︽ᠰᠢ ᠶᠢᠨ ᠫᠢᠩ ᠲᠦᠷᠦ ᠶᠢ ᠵᠠᠰᠠᠵᠤ ᠵᠠᠰᠠᠭ ᠢ | ᠡᠷᠭᠢᠯᠡᠭᠦ ᠲᠤᠬᠠᠢ ᠶᠠᠷᠢᠭᠰᠠᠨ ᠨᠢ︾ ᠭᠡᠬᠦ ᠨᠣᠮ ᠤᠨ ᠨᠢᠭᠡᠳᠦᠭᠡᠷ ᠪᠣᠳᠢ ᠶᠢᠨ ᠰᠸᠠᠾᠢᠯᠢ ᠬᠡᠯᠡᠨ ᠤ ᠬᠡᠪᠯᠡᠯ ᠤᠨ ᠠᠩᠬ᠎ᠠ ᠲᠠᠷᠬᠠᠭᠠᠬᠤ ᠶᠣᠰᠣᠯᠠᠯ ᠵᠢᠴᠢ ᠳᠤᠮᠳᠠᠳᠤ | ᠺᠧᠨᠢᠶᠠ ᠶᠢᠨ ᠲᠦᠷᠦ ᠶᠢ ᠵᠠᠰᠠᠵᠤ ᠵᠠᠰᠠᠭ ᠢ ᠡᠷᠭᠢᠯᠡᠭᠦ ᠲᠤᠬᠠᠢ ᠰᠤᠳᠤᠯᠤᠨ ᠶᠠᠷᠢᠯᠴᠠᠬᠤ ᠬᠤᠷᠠᠯ ᠺᠧᠨᠢᠶᠠ ᠶᠢᠨ ᠨᠡᠶᠢᠰᠯᠡᠯ ᠨᠠᠶᠢᠷᠤᠪᠢ ᠳᠤ ᠶᠠᠪᠤᠭᠳᠠᠪᠠ᠃ | ᠳᠤᠮᠳᠠᠳᠤ ᠺᠧᠨᠢᠶᠠ ᠶᠢᠨ ᠬᠤᠷᠠᠯ ᠳᠤ ᠣᠷᠣᠯᠴᠠᠬᠰᠠᠨ ᠬᠦᠨᠳᠦᠲᠦ ᠵᠣᠴᠢᠳ ᠪᠣᠯᠣᠨ ᠲᠤᠰᠬᠠᠢ ᠮᠡᠷᠭᠡᠵᠢᠯᠲᠡᠨ ᠡᠷᠳᠡᠮᠲᠡᠳ᠂ ︽ᠰᠢ ᠶᠢᠨ ᠫᠢᠩ ᠲᠦᠷᠦ ᠶᠢ | ᠵᠠᠰᠠᠵᠤ ᠵᠠᠰᠠᠭ ᠢ ᠡᠷᠭᠢᠯᠡᠭᠦ ᠲᠤᠬᠠᠢ ᠶᠠᠷᠢᠭᠰᠠᠨ ᠨᠢ︾ ᠭᠡᠬᠦ ᠨᠣᠮ ᠨᠢ ᠲᠡᠷᠢᠭᠦᠯᠡᠭᠴᠢ ᠰᠢ ᠶᠢᠨ ᠫᠢᠩ ᠤᠨ ᠲᠦᠷᠦ ᠶᠢ ᠵᠠᠰᠠᠬᠤ ᠠᠷᠭ᠎ᠠ ᠪᠣᠳᠣᠯᠭ᠎ᠠ ᠶᠢ ᠲᠥᠪᠯᠡᠷᠡᠭᠦᠯᠦᠨ | ᠲᠤᠰᠬᠠᠵᠤ᠂ ᠳᠤᠮᠳᠠᠳᠤ ᠤᠯᠤᠰ ᠤᠨ ᠬᠥᠭᠵᠢᠯᠲᠡ ᠶᠢᠨ ᠣᠯᠣᠭᠰᠠᠨ ᠠᠮᠵᠢᠯᠲᠠ ᠪᠣᠯᠣᠨ ᠲᠤᠷᠰᠢᠯᠭ᠎ᠠ ᠨᠢ ᠺᠧᠨᠢᠶᠠ ᠶᠢ ᠪᠠᠭᠲᠠᠭᠠᠭᠰᠠᠨ ᠥᠷᠭᠡᠨ ᠤᠯᠠᠨ ᠬᠥᠭᠵᠢᠵᠦ | ᠪᠠᠶᠢᠭ᠎ᠠ ᠤᠯᠤᠰ ᠲᠤ ᠠᠰᠢᠭᠲᠠᠢ ᠲᠣᠯᠢᠯᠠᠯ ᠬᠠᠩᠭᠠᠵᠠᠢ᠃ ︽ᠰᠢ ᠶᠢᠨ ᠫᠢᠩ ᠲᠦᠷᠦ ᠶᠢ ᠵᠠᠰᠠᠵᠤ ᠵᠠᠰᠠᠭ ᠢ ᠡᠷᠭᠢᠯᠡᠭᠦ ᠲᠤᠬᠠᠢ ᠶᠠᠷᠢᠭᠰᠠᠨ ᠨᠢ︾ ᠭᠡᠬᠦ ᠨᠣᠮ ᠤᠨ | ᠨᠢᠭᠡᠳᠦᠭᠡᠷ ᠪᠣᠳᠢ ᠶᠢᠨ ᠰᠸᠠᠾᠢᠯᠢ ᠬᠡᠯᠡᠨ ᠤ ᠬᠡᠪᠯᠡᠯ ᠬᠡᠪᠯᠡᠭᠳᠡᠭᠰᠡᠨ ᠨᠢ ᠬᠤᠶᠠᠷ ᠤᠯᠤᠰ ᠤᠨ ᠬᠡᠪᠯᠡᠯ ᠤᠨ ᠡᠲᠡᠭᠡᠳ᠂ ᠣᠷᠴᠢᠭᠤᠯᠭ᠎ᠠ ᠶᠢᠨ ᠡᠲᠡᠭᠡᠳ ᠤᠨ ᠬᠢᠨ ᠤ | ᠬᠦᠴᠦ ᠪᠠᠨ ᠬᠠᠮᠲᠤᠳᠬᠠᠨ ᠬᠠᠮᠲᠤᠷᠠᠨ ᠠᠵᠢᠯᠯᠠᠭᠰᠠᠨ ᠤ ᠴᠢᠬᠤᠯᠠ ᠦᠷ᠎ᠡ ᠪᠦᠲᠦᠭᠡᠯ ᠪᠤᠯᠬᠤ ᠪᠥᠭᠡᠳ ᠪᠠᠰᠠ ᠳᠤᠮᠳᠠᠳᠤ ᠺᠧᠨᠢᠶᠠ ᠶᠢᠨ ᠲᠦᠷᠦ ᠶᠢ ᠵᠠᠰᠠᠵᠤ ᠵᠠᠰᠠᠭ ᠢ | ᠡᠷᠭᠢᠯᠡᠭᠦ ᠲᠤᠷᠰᠢᠯᠭ᠎ᠠ ᠪᠠᠨ ᠰᠣᠯᠢᠯᠴᠠᠵᠤ ᠬᠠᠷᠢᠯᠴᠠᠨ ᠲᠣᠯᠢᠯᠠᠭᠰᠠᠨ ᠤ ᠠᠮᠢᠳᠤᠯᠢᠭ ᠭᠡᠷᠡᠴᠢ ᠪᠣᠯᠣᠨ᠎ᠠ᠃ ᠰᠢᠨ᠎ᠡ ᠨᠣᠮ ᠢ ᠬᠡᠪᠯᠡᠨ ᠲᠠᠷᠬᠠᠭᠠᠭᠰᠠᠨ ᠨᠢ ᠠᠹᠷᠢᠺᠠ | ᠲᠢᠪ ᠤᠨ ᠤᠩᠰᠢᠭᠴᠢᠳ ᠤᠨ ᠳᠤᠮᠳᠠᠳᠤ ᠤᠯᠤᠰ ᠤᠨ ᠵᠠᠮ ᠤᠨ ᠲᠡᠦᠬᠡ ᠶᠢᠨ ᠭᠦᠨ ᠳᠠᠪᠬᠤᠷᠭ᠎ᠠ ᠪᠠ ᠰᠣᠶᠣᠯ ᠤᠨ ᠰᠠᠭᠤᠷᠢ ᠶᠢ ᠲᠠᠨᠢᠵᠤ ᠣᠶᠢᠯᠠᠭᠠᠵᠤ᠂ ᠳᠤᠮᠳᠠᠳᠤ | ᠤᠯᠤᠰ ᠤᠨ ᠡᠪ ᠬᠠᠮᠲᠤ ᠨᠠᠮ ᠬᠡᠨ ᠤ ᠲᠥᠯᠥᠭᠡ ᠪᠠᠶᠢᠬᠤ᠂ ᠬᠡᠨ ᠳᠤ ᠲᠦᠰᠢᠭᠯᠡᠬᠦ ᠲᠦᠷᠦ ᠪᠠᠷᠢᠬᠤ ᠣᠶᠢᠯᠠᠭᠠᠭᠳᠠᠬᠤᠨ ᠵᠢᠴᠢ ᠨᠡᠩ ᠰᠠᠶᠢᠨ ᠰᠠᠶᠢᠬᠠᠨ ᠳᠡᠯᠡᠬᠡᠢ | ᠶᠢᠷᠲᠢᠨᠴᠦ ᠶᠢ ᠪᠠᠶᠢᠭᠤᠯᠬᠤ ᠳᠤᠮᠳᠠᠳᠤ ᠤᠯᠤᠰ ᠤᠨ ᠤᠶᠤᠨ ᠤᠬᠠᠭᠠᠨ ᠢ ᠲᠠᠨᠢᠵᠤ ᠣᠶᠢᠯᠠᠭᠠᠬᠤ ᠶᠢ ᠠᠬᠢᠭᠤᠯᠬᠤ ᠪᠣᠯᠣᠨ᠎ᠠ ᠭᠡᠵᠦ ᠦᠵᠡᠵᠡᠭᠡᠪᠡ᠃ | ᠬᠤᠷᠠᠯ ᠳᠤ ᠣᠷᠣᠯᠴᠠᠬᠰᠠᠨ ᠬᠦᠨᠳᠦᠲᠦ ᠵᠣᠴᠢᠳ᠂ ᠡᠨᠡ ᠵᠢᠯ ᠪᠣᠯ ᠳᠤᠮᠳᠠᠳᠤ ᠺᠧᠨᠢᠶᠠ ᠶᠢᠨ ᠭᠠᠳᠠᠭᠠᠳᠤ ᠬᠠᠷᠢᠯᠴᠠᠭ᠎ᠠ ᠪᠠᠶᠢᠭᠤᠯᠤᠭᠰᠠᠨ 60 ᠵᠢᠯ ᠤᠨ ᠤᠢ | ᠪᠣᠯᠣᠨ᠎ᠠ᠂ ᠬᠤᠶᠠᠷ ᠲᠠᠯ᠎ᠠ ᠪᠠᠷ ᠢᠶᠠᠨ ᠡᠨᠡ ᠤᠳᠠᠭ᠎ᠠ ᠶᠢᠨ ᠠᠵᠢᠯᠯᠠᠭ᠎ᠠ ᠪᠠᠷ ᠠᠵᠠ ᠲᠣᠭᠢᠶᠠᠯ ᠪᠤᠯᠭᠠᠵᠤ᠂ ᠰᠣᠶᠣᠯ ᠢᠷᠭᠡᠨᠰᠢᠯ ᠤᠨ ᠰᠣᠯᠢᠯᠴᠠᠭ᠎ᠠ ᠪᠠᠨ | ᠭᠦᠨᠵᠡᠭᠡᠶᠢᠷᠡᠭᠦᠯᠵᠦ᠂ ᠤᠯᠠᠮᠵᠢᠯᠠᠯᠲᠤ ᠨᠥᠬᠦᠷᠯᠡᠯ ᠢᠶᠠᠨ ᠠᠬᠢᠭᠤᠯᠵᠤ᠂ ᠳᠤᠮᠳᠠᠳᠤ ᠺᠧᠨᠢᠶᠠ ᠶᠢᠨ ᠪᠦᠭᠦ ᠲᠠᠯ᠎ᠠ ᠶᠢᠨ ᠪᠠᠶᠢᠯᠳᠤᠬᠤ ᠪᠣᠳᠣᠯᠭ᠎ᠠ ᠶᠢᠨ ᠬᠠᠮᠲᠤᠷᠠᠯᠴᠠᠭᠠᠨ ᠤ | ᠬᠠᠨᠢᠲᠠᠨ ᠤ ᠬᠠᠷᠢᠯᠴᠠᠭ᠎ᠠ ᠶᠢ ᠪᠠᠶᠢᠭᠤᠯᠬᠤ ᠳᠤ ᠢᠳᠡᠪᠬᠢᠲᠡᠢ ᠬᠤᠪᠢ ᠨᠡᠮᠡᠷᠢ ᠦᠵᠡᠭᠦᠯᠦᠨ᠎ᠡ ᠭᠡᠵᠦ ᠢᠯᠡᠳᠬᠡᠪᠡ᠃ | ᠠᠩᠬ᠎ᠠ ᠲᠠᠷᠬᠠᠭᠠᠬᠤ ᠶᠣᠰᠣᠯᠠᠯ ᠳᠡᠭᠡᠷ᠎ᠡ ᠳᠤᠮᠳᠠᠳᠤ ᠺᠧᠨᠢᠶᠠ ᠶᠢᠨ ᠬᠦᠨᠳᠦᠲᠦ ᠵᠣᠴᠢᠳ ᠬᠠᠮᠲᠤ ᠪᠠᠷ ︽ᠰᠢ ᠶᠢᠨ ᠫᠢᠩ ᠲᠦᠷᠦ ᠶᠢ ᠵᠠᠰᠠᠵᠤ ᠵᠠᠰᠠᠭ ᠢ | ᠡᠷᠭᠢᠯᠡᠭᠦ ᠲᠤᠬᠠᠢ ᠶᠠᠷᠢᠭᠰᠠᠨ ᠨᠢ︾ ᠭᠡᠬᠦ ᠨᠣᠮ ᠤᠨ ᠨᠢᠭᠡᠳᠦᠭᠡᠷ ᠪᠣᠳᠢ ᠶᠢᠨ ᠰᠸᠠᠾᠢᠯᠢ ᠬᠡᠯᠡᠨ ᠤ ᠬᠡᠪᠯᠡᠯ ᠤᠨ ᠰᠢᠨ᠎ᠡ ᠨᠣᠮ ᠤᠨ ᠬᠥᠰᠢᠭᠡ ᠶᠢ ᠰᠡᠬᠦᠵᠦ᠂ ᠳᠤᠮᠳᠠᠳᠤ | ᠤᠯᠤᠰ ᠤᠨ ᠬᠢᠨ ᠺᠧᠨᠢᠶᠠ ᠶᠢᠨ ᠲᠠᠯ᠎ᠠ ᠳᠤ ᠰᠢᠨ᠎ᠡ ᠨᠣᠮ ᠪᠡᠯᠡᠭᠯᠡᠪᠡ᠃ | ︽ᠰᠢ ᠶᠢᠨ ᠫᠢᠩ ᠲᠦᠷᠦ ᠶᠢ ᠵᠠᠰᠠᠵᠤ ᠵᠠᠰᠠᠭ ᠢ ᠡᠷᠭᠢᠯᠡᠭᠦ ᠲᠤᠬᠠᠢ ᠶᠠᠷᠢᠭᠰᠠᠨ ᠨᠢ︾ ᠭᠡᠬᠦ ᠨᠣᠮ ᠤᠨ ᠨᠢᠭᠡᠳᠦᠭᠡᠷ ᠪᠣᠳᠢ ᠶᠢᠨ ᠰᠸᠠᠾᠢᠯᠢ ᠬᠡᠯᠡᠨ ᠤ ᠬᠡᠪᠯᠡᠯ ᠢ | ᠭᠠᠳᠠᠭᠠᠳᠤ ᠬᠡᠯᠡᠨ ᠤ ᠬᠡᠪᠯᠡᠯ ᠤᠨ ᠬᠤᠷᠢᠶ᠎ᠠ ᠪᠣᠯᠣᠨ ᠺᠧᠨᠢᠶᠠ ᠶᠢᠨ ᠤᠳᠬ᠎ᠠ ᠵᠣᠬᠢᠶᠠᠯ ᠤᠨ ᠲᠣᠪᠴᠢᠶ᠎ᠠ ᠠᠴᠠ ᠬᠠᠮᠲᠤᠷᠠᠨ ᠣᠷᠴᠢᠭᠤᠯᠤᠨ ᠬᠡᠪᠯᠡᠭᠦᠯᠵᠡᠢ᠃ ᠣᠳᠣᠬᠠᠨ | ᠪᠤᠯᠲᠠᠯ᠎ᠠ᠂ ︽ᠰᠢ ᠶᠢᠨ ᠫᠢᠩ ᠲᠦᠷᠦ ᠶᠢ ᠵᠠᠰᠠᠵᠤ ᠵᠠᠰᠠᠭ ᠢ ᠡᠷᠭᠢᠯᠡᠭᠦ ᠲᠤᠬᠠᠢ ᠶᠠᠷᠢᠭᠰᠠᠨ ᠨᠢ︾ ᠭᠡᠬᠦ ᠨᠣᠮ ᠤᠨ ᠨᠢᠭᠡᠳᠦᠭᠡᠷ ᠪᠣᠳᠢ ᠶᠢ ᠨᠢᠭᠡᠨᠲᠡ 37 ᠲᠦᠷᠦᠯ ᠤᠨ | ᠬᠡᠯᠡ ᠪᠠᠷ ᠣᠷᠴᠢᠭᠤᠯᠤᠨ ᠬᠡᠪᠯᠡᠭᠦᠯᠵᠦ᠂ 180 ᠭᠠᠷᠤᠢ ᠤᠯᠤᠰ ᠪᠠ ᠭᠠᠵᠠᠷ ᠣᠷᠣᠨ ᠳᠤ ᠲᠠᠷᠬᠠᠭᠠᠪᠠ᠃ | ᠲᠥᠪ ᠤᠨ ᠤᠬᠠᠭᠤᠯᠬᠤ ᠬᠡᠯᠲᠡᠰ ᠤᠨ ᠬᠠᠷᠢᠭᠤᠴᠠᠯᠭᠠᠲᠠᠨ᠂ ᠺᠧᠨᠢᠶᠠ ᠳᠤ ᠰᠠᠭᠤᠭ᠎ᠠ ᠳᠤᠮᠳᠠᠳᠤ ᠤᠯᠤᠰ ᠤᠨ ᠡᠯᠴᠢᠨ ᠰᠠᠶᠢᠳ ᠤᠨ ᠶᠠᠮᠤᠨ ᠤ | ᠬᠠᠷᠢᠭᠤᠴᠠᠯᠭᠠᠲᠠᠨ᠂ ᠺᠧᠨᠢᠶᠠ ᠶᠢᠨ ᠲᠠᠯ᠎ᠠ ᠶᠢᠨ ᠳᠡᠭᠡᠳᠦ ᠵᠡᠷᠭᠡ ᠶᠢᠨ ᠤᠯᠤᠰ ᠲᠦᠷᠦ ᠶᠢᠨ ᠴᠢᠬᠤᠯᠠ ᠬᠥᠮᠥᠰ᠂ ᠲᠦᠷᠦ ᠶᠢᠨ ᠨᠠᠮ ᠤᠨ ᠤᠳᠤᠷᠢᠳᠤᠭᠴᠢ᠂ | ᠵᠠᠭᠤᠴᠢᠯᠠᠭᠤᠷ᠂ ᠤᠶᠤᠨ ᠤ ᠬᠥᠮᠥᠷᠭᠡ ᠶᠢᠨ ᠲᠥᠯᠥᠭᠡᠯᠡᠭᠴᠢ ᠵᠡᠷᠭᠡ ᠡᠯ᠎ᠡ ᠡᠲᠡᠭᠡᠳ ᠤᠨ 500 ᠰᠢᠬᠠᠮ ᠬᠥᠮᠥᠨ ᠠᠩᠬ᠎ᠠ ᠲᠠᠷᠬᠠᠭᠠᠬᠤ ᠶᠣᠰᠣᠯᠠᠯ ᠪᠣᠯᠣᠨ | ᠰᠤᠳᠤᠯᠤᠨ ᠶᠠᠷᠢᠯᠴᠠᠬᠤ ᠬᠤᠷᠠᠯ ᠳᠤ ᠣᠷᠣᠯᠴᠠᠵᠠᠢ᠃ | ᠲᠣᠰ ᠤᠳᠠᠭᠠᠨ ᠤ ᠠᠵᠢᠯᠯᠠᠭ᠎ᠠ ᠶᠢ ᠳᠤᠮᠳᠠᠳᠤ ᠤᠯᠤᠰ ᠤᠨ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠰᠣᠨᠢᠨ ᠮᠡᠳᠡᠭᠡᠨ ᠤ ᠠᠯᠪᠠᠨ ᠭᠡᠷ ᠠᠴᠠ ᠵᠢᠯᠤᠭᠤᠳᠴᠤ | ᠂ ᠺᠧᠨᠢᠶᠠ ᠶᠢᠨ ᠤᠳᠬ᠎ᠠ ᠵᠣᠬᠢᠶᠠᠯ ᠤᠨ ᠲᠣᠪᠴᠢᠶ᠎ᠠ᠂ ᠳᠤᠮᠳᠠᠳᠤ ᠤᠯᠤᠰ ᠤᠨ ᠭᠠᠳᠠᠭᠠᠳᠤ ᠬᠡᠯᠡᠨ ᠤ ᠬᠡᠪᠯᠡᠨ ᠲᠠᠷᠬᠠᠭᠠᠯᠲᠠ ᠶᠢᠨ ᠦᠢᠯᠡᠰ ᠤᠨ ᠲᠣᠪᠴᠢᠶ᠎ᠠ᠂ | ᠳᠤᠮᠳᠠᠳᠤ ᠤᠯᠤᠰ ᠤᠨ ᠺᠧᠨᠢᠶᠠ ᠳᠤ ᠰᠠᠭᠤᠭ᠎ᠠ ᠡᠯᠴᠢᠨ ᠰᠠᠶᠢᠳ ᠤᠨ ᠶᠠᠮᠤᠨ ᠬᠠᠮᠲᠤᠷᠠᠨ ᠡᠷᠭᠢᠯᠡᠪᠡ᠃ | ᠲᠤᠬᠠᠢ ᠶᠢᠨ ᠡᠳᠦᠷ᠂ ᠳᠤᠮᠳᠠᠳᠤ ᠺᠧᠨᠢᠶᠠ ᠶᠢᠨ ᠬᠤᠯᠪᠣᠭᠳᠠᠯ ᠪᠦᠬᠦᠢ ᠲᠠᠯ᠎ᠠ ᠶᠢᠨ ᠬᠢᠨ ᠪᠠᠰᠠ 2023 ︽ᠠᠹᠷᠢᠺᠠ ᠲᠢᠪ ᠤᠨ ᠬᠠᠨᠢᠲᠠᠨ︾ | ᠵᠠᠭᠤᠴᠢᠯᠠᠭᠤᠷ ᠤᠨ ᠬᠠᠮᠲᠤᠷᠠᠯᠴᠠᠭᠠᠨ ᠤ ᠶᠠᠷᠢᠶᠠᠨ ᠤ ᠲᠠᠪᠴᠠᠩ᠂ ᠺᠧᠨᠢᠶᠠ ᠶᠢᠨ ᠳᠤᠮᠳᠠᠳᠤ ᠤᠯᠤᠰ ᠤᠨ ᠺᠢᠨᠣ᠋ ᠶᠢᠨ ᠨᠠᠶᠢᠷ ᠵᠡᠷᠭᠡ ᠠᠯᠢ ᠤᠯᠠᠨ ᠰᠣᠶᠣᠯ ᠤᠨ | ᠰᠣᠯᠢᠯᠴᠠᠭᠠᠨ ᠤ ᠠᠵᠢᠯᠯᠠᠭ᠎ᠠ ᠡᠷᠭᠢᠯᠡᠵᠡᠢ᠃ | | | |