ᠬᠦᠰᠡᠯ ᠨᠠᠶᠢᠳᠠᠯᠭ᠎ᠠ ᠶᠢ ᠪᠠᠲᠤ ᠴᠡᠭᠡᠵᠢᠯᠡᠵᠦ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠭᠰᠠᠨ ᠪᠠᠶᠠᠨᠨᠠᠭᠤᠷ ᠤᠨ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠶ᠎ᠡ᠂ ᠬᠠᠤᠯᠢᠵᠢᠯ ᠤᠨ ᠵᠠᠰᠠᠭ ᠤᠨ ᠣᠷᠳᠣᠨ ᠤ ᠪᠠᠶᠢᠭᠤᠯᠤᠯᠲᠠ ᠶᠢᠨ ᠵᠢᠱᠢᠶ᠎ᠡ ᠦᠵᠡᠭᠦᠯᠬᠦ ᠶᠢ ᠯᠠᠪᠳᠠᠭᠤᠨ ᠪᠠᠲᠤᠲᠠᠢ ᠠᠬᠢᠭᠤᠯᠵᠤ ᠬᠠᠤᠯᠢᠵᠢᠯ ᠤᠨ ᠬᠦᠴᠦᠨ ᠢᠶᠠᠷ ᠡᠬᠡ ᠤᠯᠤᠰ ᠤᠨ ᠤᠮᠠᠷᠠᠲᠤ ᠶᠢᠨ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ ᠪᠠᠬᠢᠵᠢᠬᠦᠯᠦᠨ᠎ᠡ
ᠨᠡᠶᠢᠲᠡᠯᠡᠭᠰᠡᠨ ᠴᠠᠭ᠄
2023/8/2
      ᠰᠢ ᠶᠢᠨ ᠫᠢᠩ ᠶᠡᠷᠦᠩᠬᠡᠢ ᠱᠦᠵᠢ ᠥᠪᠥᠷ ᠮᠣᠩᠭᠤᠯ ᠤᠨ ᠪᠠᠶᠠᠨᠨᠠᠭᠤᠷ ᠲᠤ ᠰᠢᠨᠵᠢᠯᠡᠨ ᠪᠠᠶᠢᠴᠠᠭᠠᠬᠤ ᠳᠠᠭᠠᠨ᠂ ᠴᠦᠯᠯᠡᠷᠬᠡᠭᠵᠢᠯ ᠢ ᠶᠡᠷᠦᠩᠬᠡᠶᠢᠯᠡᠨ ᠰᠡᠷᠭᠡᠶᠢᠯᠡᠨ ᠵᠠᠰᠠᠬᠤ ᠶᠢ ᠴᠢᠩᠭᠠᠳᠬᠠᠵᠤ᠂ ︽ᠤᠮᠠᠷᠠᠲᠤ ᠶᠢᠨ ᠭᠤᠷᠪᠠᠨ ᠣᠷᠣᠨ︾ ᠵᠡᠷᠭᠡ ᠭᠤᠣᠯᠳᠠᠯᠭ᠎ᠠ ᠲᠠᠢ ᠠᠮᠢ ᠠᠬᠤᠢ ᠶᠢᠨ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢ ᠭᠦᠨᠵᠡᠭᠡᠢ ᠠᠬᠢᠭᠤᠯᠬᠤ ᠨᠢ ᠮᠠᠨ ᠤ ᠤᠯᠤᠰ ᠤᠨ ᠠᠮᠢ ᠠᠬᠤᠢ ᠶᠢᠨ ᠠᠮᠤᠷ ᠲᠦᠪᠰᠢᠨ᠂ ᠬᠦᠴᠦᠷᠬᠡᠭ ᠤᠯᠤᠰ ᠤᠨ ᠪᠦᠲᠦᠭᠡᠨ ᠪᠠᠶᠢᠭᠤᠯᠤᠯᠲᠠ ᠪᠤᠯᠤᠨ ᠳᠤᠮᠳᠠᠳᠤ ᠶᠢᠨ ᠦᠨᠳᠦᠰᠦᠲᠡᠨ ᠤ ᠥᠨᠢᠳᠡ ᠶᠢᠨ  ᠦᠷᠬᠦᠯᠵᠢᠯᠡᠬᠦᠶᠢᠴᠡ ᠬᠥᠭᠵᠢᠯᠲᠡ ᠳᠤ ᠬᠤᠯᠪᠤᠭᠳᠠᠬᠤ᠂ ᠤᠳᠤ ᠦᠶ᠎ᠡ ᠳᠤ ᠭᠠᠪᠢᠶ᠎ᠠ ᠪᠠᠶᠢᠭᠤᠯᠵᠤ ᠥᠨᠢ ᠡᠭᠦᠷᠢᠳᠡ ᠠᠰᠢᠭ ᠬᠦᠷᠳᠡᠬᠦ ᠡᠷᠬᠢᠮ ᠳᠡᠭᠡᠳᠦ ᠦᠢᠯᠡᠰ ᠪᠣᠯᠣᠨ᠎ᠠ ᠭᠡᠵᠦ ᠴᠢᠬᠤᠯᠠᠴᠢᠯᠠᠪᠠ᠃ ᠶᠡᠷᠦᠩᠬᠡᠢ ᠱᠦᠵᠢ ᠶᠢᠨ ᠨᠠᠶᠢᠳᠠᠯᠭ᠎ᠠ ᠶᠢ ᠪᠠᠲᠤ ᠴᠡᠭᠡᠵᠢᠯᠡᠵᠦ᠂ ᠮᠠᠨ ᠤ ᠬᠤᠲᠠ ᠪᠥᠬᠦ ᠤᠯᠤᠰ ︵ᠪᠥᠬᠦ ᠣᠷᠣᠨ︶ ᠤᠨ ᠬᠠᠤᠯᠢᠵᠢᠯ ᠤᠨ ᠵᠠᠰᠠᠭ ᠤᠨ ᠣᠷᠳᠣᠨ ᠤ ᠪᠠᠶᠢᠭᠤᠯᠤᠯᠲᠠ ᠶᠢᠨ ᠵᠢᠱᠢᠶ᠎ᠡ ᠦᠵᠡᠬᠦᠯᠬᠦ ᠠᠵᠢᠯ ᠢ ᠥᠷᠨᠢᠭᠦᠯᠬᠦ ᠪᠠᠷ ᠭᠠᠷᠳᠠᠴᠠ ᠪᠣᠯᠭᠠᠵᠤ᠂ ᠰᠢᠨᠵᠢᠯᠡᠬᠦ ᠤᠬᠠᠭᠠᠨᠴᠢ ᠪᠠᠷ ᠬᠠᠤᠯᠢ ᠲᠣᠭᠲᠠᠭᠠᠬᠤ᠂ ᠠᠷᠠᠳᠴᠢᠯᠠᠯ ᠢᠶᠠᠷ ᠬᠠᠤᠯᠢ ᠲᠣᠭᠲᠠᠭᠠᠬᠤ᠂ ᠬᠠᠤᠯᠢ ᠶᠣᠰᠣᠭᠠᠷ ᠬᠠᠤᠯᠢ ᠲᠣᠭᠲᠠᠭᠠᠬᠤ ᠶᠢ ᠯᠠᠪᠳᠠᠭᠤᠨ ᠢᠶᠠᠷ ᠠᠬᠢᠭᠤᠯᠤᠨ᠂ ᠬᠠᠮᠤᠭ ᠤᠨ ᠴᠢᠩᠭ᠎ᠠ ᠳᠦᠷᠢᠮ᠂ ᠬᠠᠮᠤᠭ ᠤᠨ ᠨᠢᠭᠲᠠ ᠬᠠᠤᠯᠢᠵᠢᠯ ᠢᠶᠠᠷ ᠠᠮᠢ ᠠᠬᠤᠢ ᠶᠢᠨ ᠣᠷᠴᠢᠨ ᠲᠣᠭᠤᠷᠢᠨ ᠢ ᠬᠠᠮᠠᠭᠠᠯᠠᠵᠤ ᠪᠠᠶᠢᠨ᠎ᠠ᠃      ᠣᠶᠢᠷ᠎ᠠ ᠳᠤ᠂ ᠬᠤᠲᠠ ᠶᠢᠨ ᠬᠠᠤᠯᠢ ᠴᠠᠭᠠᠵᠠ ᠶᠢᠨ ᠲᠣᠪᠴᠢᠶ᠎ᠠ ᠨᠢ ᠬᠤᠲᠠ ᠶᠢᠨ ᠤᠰᠤᠨ ᠠᠰᠢᠭᠯᠠᠯᠲᠠ ᠶᠢᠨ ᠲᠣᠪᠴᠢᠶ᠎ᠠ᠂ ᠣᠶ ᠰᠢᠭᠤᠢ ᠡᠪᠡᠰᠦ ᠪᠡᠯᠴᠢᠭᠡᠷ ᠤᠨ ᠲᠣᠪᠴᠢᠶ᠎ᠠ᠂ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ᠂ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ᠂ ᠠᠮᠢ ᠠᠬᠤᠢ ᠶᠢᠨ ᠣᠷᠴᠢᠨ ᠲᠣᠭᠤᠷᠢᠨ ᠤ ᠲᠣᠪᠴᠢᠶ᠎ᠠ ᠵᠡᠷᠭᠡ ᠰᠠᠯᠠᠭ᠎ᠠ ᠮᠥᠴᠢᠷ ᠲᠠᠢ ᠬᠠᠮᠲᠤᠷᠠᠨ ᠤᠯᠠᠭᠠᠨᠰᠤᠬᠠᠢ ᠳᠤ ᠬᠦᠷᠴᠦ  ᠬᠠᠮᠳᠤᠪᠠᠷ ᠬᠠᠤᠯᠢ ᠬᠡᠷᠡᠭᠵᠢᠭᠦᠯᠵᠦ ᠲᠣᠭᠤᠷᠢᠨ ᠪᠠᠶᠢᠴᠠᠭᠠᠬᠤ ᠪᠠ ᠬᠠᠤᠯᠢ ᠲᠦᠭᠡᠮᠡᠯᠵᠢᠭᠦᠯᠬᠦ ᠤᠬᠠᠭᠤᠯᠭ᠎ᠠ ᠶᠢᠨ ᠠᠵᠢᠯᠯᠠᠭ᠎ᠠ ᠶᠢ ᠵᠣᠬᠢᠶᠠᠨ ᠪᠠᠶᠢᠭᠤᠯᠵᠤ ᠥᠷᠨᠢᠭᠦᠯᠪᠡ᠃ ᠡᠯ᠎ᠡ ᠰᠠᠯᠠᠭ᠎ᠠ ᠮᠥᠴᠢᠷ ᠤᠨ ᠠᠵᠢᠯᠲᠠᠳ ᠤᠷᠢᠳ ᠬᠤᠵᠢᠳ ᠬᠡᠭᠡᠷ᠎ᠡ ᠶᠢᠨ ᠠᠮᠢᠲᠠᠨ ᠢ ᠬᠠᠮᠠᠭᠠᠯᠠᠬᠤ᠂ ᠵᠢᠭᠠᠰᠤ ᠠᠩᠨᠠᠬᠤ ᠶᠢ ᠴᠠᠭᠠᠵᠠᠯᠠᠬᠤ ᠬᠠᠤᠯᠢ ᠬᠡᠷᠡᠭᠵᠢᠭᠦᠯᠬᠦ ᠵᠡᠷᠭᠡ ᠠᠵᠢᠯ ᠢ ᠥᠷᠨᠢᠭᠦᠯᠵᠦ᠂ ᠦᠵᠡᠮᠵᠢ ᠶᠢᠨ ᠣᠷᠣᠨ ᠤ ᠬᠤᠳᠠᠯᠳᠤᠭᠠᠴᠢᠨ ᠡᠷᠦᠬᠡ ᠪᠠ ᠵᠢᠭᠤᠯᠴᠢᠯᠠᠭᠴᠢᠳ ᠲᠤ ᠣᠷᠴᠢᠨ ᠠᠬᠤᠢ ᠶᠢᠨ ᠬᠠᠮᠠᠭᠠᠯᠠᠯᠲᠠ ᠶᠢᠨ ᠬᠠᠤᠯᠢ ᠴᠠᠭᠠᠵᠠ ᠬᠠᠤᠯᠢ ᠲᠣᠭᠲᠠᠭᠠᠯ ᠵᠡᠷᠭᠡ ᠤᠬᠠᠭᠤᠯᠭ᠎ᠠ ᠶᠢᠨ ᠮᠠᠲ᠋ᠧᠷᠢᠶᠠᠯ ᠢ ᠲᠠᠷᠬᠠᠭᠠᠬᠤ ᠶᠢᠨ ᠬᠠᠮᠳᠤ ᠤᠷᠠᠳ ᠤᠨ ᠡᠮᠦᠨᠡᠲᠦ ᠬᠤᠰᠢᠭᠤᠨ ᠤ ᠲᠠᠷᠢᠶᠠᠯᠠᠩ ᠮᠠᠯ ᠠᠵᠤ ᠠᠬᠤᠢ ᠪᠠ ᠰᠢᠨᠵᠢᠯᠡᠬᠦ ᠤᠬᠠᠭᠠᠨ ᠮᠡᠷᠭᠡᠵᠢᠯ ᠤᠨ ᠲᠤᠪᠴᠢᠶᠠᠨ ᠤ ᠬᠡᠷᠡᠭ ᠤᠨ ᠡᠪᠬᠡᠮᠡᠯ ᠢ ᠰᠤᠭᠤᠴᠢᠨ ᠪᠠᠶᠢᠴᠠᠭᠠᠪᠠ᠃      ᠬᠤᠳᠠ ᠶᠢᠨ ᠬᠠᠤᠯᠢ ᠴᠠᠭᠠᠵᠠ ᠶᠢᠨ ᠲᠤᠪᠴᠢᠶᠠᠨ ᠤ ᠬᠠᠤᠯᠢ ᠴᠠᠭᠠᠵᠠ ᠶᠢᠨ ᠮᠡᠳᠡᠯᠭᠡ ᠶᠢ ᠲᠦᠭᠡᠮᠡᠯᠵᠢᠭᠦᠯᠬᠦ ᠪᠠ ᠬᠠᠤᠯᠢ ᠪᠠᠷ ᠵᠠᠰᠠᠬᠤ ᠰᠠᠯᠠᠭᠠᠨ ᠤ ᠳᠠᠷᠤᠭ᠎ᠠ ᠵᠢᠢ ᠶᠠ ᠯᠢᠨ ᠤ ᠬᠡᠯᠡᠬᠦ ᠪᠠᠷ᠂ ᠰᠢ ᠶᠢᠨ ᠫᠢᠩ ᠶᠡᠷᠦᠩᠬᠡᠢ ᠱᠦᠵᠢ ᠶᠢᠨ ᠪᠠᠶᠠᠨᠨᠠᠭᠤᠷ ᠲᠤ ᠰᠢᠨᠵᠢᠯᠡᠨ ᠪᠠᠶᠢᠴᠠᠭᠠᠬᠤ ᠳᠠᠭᠠᠨ ᠲᠠᠯᠪᠢᠭᠰᠠᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠰᠤᠷᠤᠯᠴᠠᠨ ᠣᠶᠢᠯᠠᠭᠠᠵᠤ᠂ ᠵᠠᠩᠭᠢᠯᠠᠭ᠎ᠠ ᠶᠢᠨ ᠭᠤᠭᠴᠤᠭ᠎ᠠ ᠶᠢ ᠠᠳᠬᠤᠨ ᠤᠨᠢᠨ ᠳᠡᠭᠡᠷ᠎ᠡ ᠨᠢ ᠬᠦᠴᠦᠯᠡᠵᠦ᠂ ᠬᠠᠤᠯᠢᠵᠢᠯ ᠤᠨ ᠵᠠᠰᠠᠭ ᠤᠨ ᠣᠷᠳᠣᠨ ᠤ ᠪᠠᠶᠢᠭᠤᠯᠤᠯᠲᠠ ᠶᠢᠨ ᠵᠢᠱᠢᠶ᠎ᠡ ᠦᠵᠡᠬᠦᠯᠬᠦ ᠶᠢ ᠡᠭᠦᠳᠦᠨ ᠪᠠᠶᠢᠭᠤᠯᠬᠤ ᠡᠭᠦᠷᠭᠡ ᠶᠢ ᠴᠢᠨᠠᠷ ᠰᠠᠶᠢᠲᠠᠢ  ᠪᠡᠶᠡᠯᠡᠭᠦᠯᠬᠦ ᠪᠠᠷ ᠴᠢᠷᠮᠠᠶᠢᠨ᠎ᠠ ᠬᠡᠵᠤ ᠪᠠᠶᠢᠯ᠎ᠠ᠃      ᠠᠮᠢ ᠠᠬᠤᠢ ᠶᠢᠨ ᠪᠣᠯᠪᠠᠰᠤᠨ ᠢ ᠪᠠᠶᠢᠭᠤᠯᠬᠤ ᠶᠢᠨ ᠭᠤᠣᠯᠳᠠᠯᠭ᠎ᠠ ᠨᠢ ᠳᠦᠷᠢᠮ ᠲᠣᠭᠲᠠᠭᠠᠯ ᠲᠣᠭᠲᠠᠭᠠᠬᠤ ᠳᠤ ᠪᠤᠢ᠃ ᠣᠶᠢᠷ᠎ᠠ ᠶᠢᠨ ᠵᠢᠯ ᠳᠤ᠂ ᠮᠠᠨ ᠤ ᠬᠤᠲᠠ ︽  ᠬᠦᠬᠡ ᠠᠭᠤᠯᠠ ᠬᠥᠬᠡᠮᠳᠦᠭ ᠤᠰᠤ ᠪᠣᠯ ᠠᠯᠲᠠ ᠮᠥᠩᠭᠦᠨ ᠠᠭᠤᠯᠠ ᠮᠥᠨ︾ ᠪᠠ ︽ᠠᠭᠤᠯᠠ ᠤᠰᠤ ᠣᠶ ᠰᠢᠭᠤᠢ ᠲᠠᠷᠢᠶᠠᠨ ᠭᠠᠵᠠᠷ ᠨᠠᠭᠤᠷ ᠡᠪᠡᠰᠦ ᠡᠯᠡᠰᠦ ᠪᠣᠯ ᠠᠮᠢ ᠨᠠᠰᠤᠨ ᠤ ᠬᠠᠮᠲᠤ ᠶᠢᠨ ᠴᠣᠭᠴᠠ ᠮᠥᠨ︾ ᠭᠡᠬᠦ ᠣᠶᠢᠯᠠᠭᠠᠭᠳᠠᠬᠤᠨ ᠢ ᠭᠦᠨᠵᠡᠭᠡᠢ ᠦᠢᠯᠡᠳᠦᠯᠭᠡᠵᠢᠭᠦᠯᠵᠦ᠂ ᠤᠷᠢᠳ ᠬᠤᠵᠢᠳ ︽ᠪᠠᠶᠠᠨᠨᠠᠭᠤᠷ ᠬᠤᠲᠠ ᠶᠢᠨ ᠤᠯᠠᠭᠠᠠᠰᠤᠬᠠᠢ ᠶᠢᠨ ᠥᠪᠡᠷᠲᠡᠭᠡᠨ ᠵᠠᠰᠠᠬᠤ ᠣᠷᠣᠨ ᠤ ᠲᠠᠰ ᠤᠨ ᠨᠤᠭᠤ ᠭᠠᠵᠠᠷ ᠤᠨ ᠤᠰᠤᠨ ᠤ ᠵᠢᠭᠦᠷᠲᠡᠨ ᠤ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠤ ᠳᠦᠷᠢᠮ︾ ︽ᠪᠠᠶᠠᠨᠨᠠᠭᠤᠷ ᠬᠤᠲᠠ ᠶᠢᠨ ᠪᠣᠷᠣᠳᠣᠬᠤᠢ ᠶᠢᠨ ᠤᠰᠤᠯᠠᠯᠲᠠ ᠶᠢᠨ ᠣᠷᠣᠨ ᠤ ᠤᠰᠤᠨ ᠠᠰᠢᠭᠯᠠᠯᠲᠠ ᠶᠢᠨ ᠢᠨᠵᠧᠨᠧᠷᠢᠩ ᠤᠨ ᠬᠠᠮᠠᠭᠠᠯᠠᠯᠲᠠ ᠶᠢᠨ ᠳᠦᠷᠢᠮ︾ ︽ᠲᠠᠷᠢᠶᠠᠯᠠᠩ ᠤᠨ ᠡᠮ ᠤᠨ ᠪᠣᠬᠢᠷᠲᠤᠯ ᠢ ᠰᠡᠷᠭᠡᠶᠢᠯᠡᠨ ᠵᠠᠰᠠᠬᠤ ᠳᠦᠷᠢᠮ︾ ᠵᠡᠷᠭᠡ ᠣᠷᠣᠨ ᠨᠤᠲᠤᠭ ᠤᠨ ᠴᠢᠨᠠᠷᠲᠠᠢ ᠬᠠᠤᠯᠢ ᠲᠣᠭᠲᠠᠭᠠᠯ ᠢ ᠲᠣᠭᠲᠠᠭᠠᠨ ᠨᠡᠶᠢᠳᠡᠯᠡᠵᠤ᠂  ᠮᠠᠨ ᠤ ᠬᠤᠲᠠ ᠶᠢᠨ ᠤᠯᠠᠭᠠᠨᠰᠤᠬᠠᠢ᠂ ᠪᠣᠷᠣᠳᠣᠬᠤᠢ ᠶᠢᠨ ᠤᠰᠤᠯᠠᠯᠲᠠ ᠶᠢᠨ ᠣᠷᠣᠨ ᠤ ᠵᠠᠰᠠᠯᠲᠠ ᠶᠢᠨ ᠠᠵᠢᠯ ᠤᠨ ᠵᠢᠷᠤᠮᠯᠠᠬᠤ ᠠᠴᠠ ᠬᠠᠤᠯᠢ ᠲᠠᠢ᠂ ᠵᠢᠷᠤᠮᠯᠠᠬᠤ ᠠᠴᠠ ᠳᠦᠷᠢᠮ ᠲᠠᠢ ᠪᠠᠶᠢᠬᠤ ᠶᠢ ᠬᠦᠴᠦᠲᠡᠢ ᠠᠬᠢᠭᠤᠯᠪᠠ᠃      ᠡᠬᠦᠨ ᠤ ᠲᠠᠭᠠᠤ᠂ ᠮᠠᠨ ᠤ ᠬᠤᠲᠠ ᠪᠠᠰᠠ ᠠᠮᠢ ᠠᠬᠤᠢ ᠶᠢᠨ ᠣᠷᠴᠢᠨ ᠲᠣᠭᠤᠷᠢᠨ ᠢ ᠡᠪᠳᠡᠭᠰᠡᠨ ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠳᠤ ᠴᠢᠩᠭ᠎ᠠ ᠴᠣᠬᠢᠯᠲᠠ ᠥᠭᠬᠦ᠂ ᠬᠠᠤᠯᠢ ᠴᠠᠭᠠᠵᠠ ᠶᠢᠨ ᠦᠢᠯᠡᠴᠢᠯᠡᠭᠡᠨ ᠤ ᠠᠮᠢ ᠠᠬᠤᠢ ᠶᠢᠨ ᠣᠷᠴᠢᠨ ᠲᠣᠭᠤᠷᠢᠨ ᠤ ᠵᠠᠰᠠᠯᠲᠠ ᠶᠢ ᠴᠢᠩᠭᠠᠳᠬᠠᠬᠤ᠂ ᠬᠠᠤᠯᠢ ᠴᠠᠭᠠᠵᠠ ᠶᠢᠨ ᠲᠦᠭᠡᠮᠡᠯᠵᠢᠭᠦᠯᠦᠯᠲᠡ ᠶᠢ ᠴᠢᠩᠭᠠᠳᠬᠠᠬᠤ᠂ ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠬᠠᠤᠯᠢ ᠪᠠᠷ ᠵᠠᠰᠠᠬᠤ ᠤᠬᠠᠮᠰᠠᠷ ᠢ ᠪᠠᠲᠤᠳᠬᠠᠬᠤ ᠵᠡᠷᠭᠡ ᠠᠭᠤᠯᠠ ᠤᠰᠤ ᠤᠢ ᠰᠢᠭᠤᠢ ᠲᠠᠷᠢᠶᠠᠨ ᠭᠠᠵᠠᠷ ᠨᠠᠭᠤᠷ ᠡᠪᠡᠰᠦ ᠡᠯᠡᠰᠦ ᠶᠢ ᠨᠢᠭᠡ ᠴᠣᠭᠴᠠᠵᠢᠭᠤᠯᠤᠨ ᠬᠠᠮᠠᠭᠠᠯᠠᠬᠤ ᠶᠢ ᠤᠯᠠᠨ ᠲᠠᠯ᠎ᠠ ᠠᠴᠠ᠂ ᠪᠦᠬᠦ ᠲᠠᠯ᠎ᠠ ᠪᠠᠷ᠂ ᠥᠷᠭᠡᠨ ᠬᠦᠷᠢᠶ᠎ᠡ ᠪᠠᠷ ᠠᠬᠢᠭᠤᠯᠵᠤ᠂ ᠪᠠᠶᠢᠭᠠᠯᠢ ᠶᠢᠨ ᠡᠬᠢ ᠪᠠᠶᠠᠯᠢᠭ ᠢ ᠬᠠᠮᠠᠭᠠᠯᠠᠬᠤ᠂ ᠠᠮᠢ ᠠᠬᠤᠢ ᠶᠢ ᠰᠡᠷᠭᠦᠭᠡᠬᠦ ᠪᠠ ᠪᠣᠬᠢᠷᠲᠤᠯ ᠢ ᠵᠠᠰᠠᠬᠤ ᠶᠢ ᠬᠠᠮᠵᠢᠯᠴᠠᠨ ᠠᠬᠢᠭᠤᠯᠵᠤ᠂ ᠪᠦᠬᠦ ᠬᠤᠳᠠ ᠶᠢᠨ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢᠨ ᠦᠷ᠎ᠡ ᠪᠦᠲᠦᠮᠵᠢ ᠲᠠᠰᠤᠷᠠᠯᠳᠡ ᠦᠭᠡᠢ ᠢᠯᠡᠷᠬᠡᠢ ᠪᠤᠯᠵᠤ ᠪᠠᠶᠢᠨ᠎ᠠ᠃      ᠳᠡᠳ᠋ ᠬᠤᠳᠠ ᠶᠢᠨ ᠳᠠᠷᠤᠭ᠎ᠠ᠂ ᠬᠤᠳᠠ ᠶᠢᠨ ᠳᠣᠲᠣᠭᠠᠳᠤ ᠶᠢ ᠬᠠᠮᠠᠭᠠᠯᠠᠬᠤ ᠲᠤᠪᠴᠢᠶᠠᠨ ᠤ ᠳᠠᠷᠤᠭ᠎ᠠ  ᠲᠠᠷᠬᠠᠠᠬᠦᠦ ᠠᠴᠠ ᠰᠤᠷᠪᠤᠯᠵᠢᠯᠠᠭᠴᠢ ᠳᠤ᠂ ᠪᠢᠳᠡ ᠵᠢᠱᠢᠶ᠎ᠡ ᠦᠵᠡᠬᠦᠯᠬᠦ ᠶᠢ ᠡᠭᠦᠳᠦᠨ ᠪᠠᠶᠢᠭᠤᠯᠬᠤ ᠶᠢ ᠬᠠᠤᠯᠢᠵᠢᠯ ᠤᠨ ᠵᠠᠰᠠᠭ ᠤᠨ ᠣᠷᠳᠣᠨ ᠤ ᠪᠠᠶᠢᠭᠤᠯᠤᠯᠲᠠ ᠶᠢᠨ ᠲᠣᠪᠣᠶᠢᠮ᠎ᠠ ᠪᠠᠶᠢᠷᠢᠨ ᠳᠤ ᠲᠠᠯᠪᠢᠬᠤ ᠶᠢ ᠢᠮᠠᠭᠲᠠ ᠪᠠᠷᠢᠮᠲᠠᠯᠠᠵᠤ᠂ ᠪᠠᠶᠠᠨᠨᠠᠭᠤᠷ ᠤᠨ ᠤᠨᠴᠠᠯᠢᠭ ᠲᠠᠢ᠂ ᠪᠡᠯᠭᠡ ᠲᠡᠮᠳᠡᠭ ᠤᠨ ᠴᠢᠨᠠᠷᠲᠠᠢ ᠬᠠᠤᠯᠢ ᠪᠠᠷ ᠵᠠᠰᠠᠬᠤ ᠬᠢᠯᠠᠰ ᠴᠡᠭ ᠢ ᠢᠳᠡᠪᠬᠢᠲᠡᠢ ᠪᠠᠷ ᠪᠣᠶ ᠪᠣᠯᠭᠠᠵᠤ᠂ ᠬᠠᠤᠯᠢ ᠪᠠᠷ ᠵᠠᠰᠠᠬᠤ ᠬᠦᠴᠦᠨ ᠢᠶᠠᠷ ᠠᠭᠤᠯᠠ ᠤᠰᠤ ᠣᠶ ᠰᠢᠭᠤᠢ ᠲᠠᠷᠢᠶᠠᠨ ᠭᠠᠵᠠᠷ ᠨᠠᠭᠤᠷ ᠡᠪᠡᠰᠦ ᠡᠯᠡᠰᠦ ᠶᠢ ᠶᠡᠷᠦᠩᠬᠡᠶᠢᠯᠡᠨ ᠵᠠᠰᠠᠬᠤ ᠶᠢ ᠲᠦᠯᠬᠢᠨ ᠠᠬᠢᠭᠤᠯᠵᠤ᠂ ᠡᠬᠡ ᠤᠯᠤᠰ ᠤᠨ ᠤᠮᠠᠷᠠᠲᠤ ᠶᠢᠨ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ ᠪᠥᠬᠦ ᠬᠦᠴᠦᠨ ᠢᠶᠠᠷ ᠢᠶᠠᠨ ᠰᠠᠶᠢᠲᠤᠷ ᠰᠠᠬᠢᠨ ᠬᠠᠮᠠᠭᠠᠯᠠᠨ᠎ᠠ ᠬᠡᠵᠤ ᠪᠠᠶᠢᠯ᠎ᠠ᠃
ᠢᠷᠡᠯᠲᠡ᠄ ᠪᠠᠶᠠᠨᠨᠠᠭᠤᠷ ᠤᠨ ᠮᠣᠩᠭᠤᠯ ᠷᠠᠳᠢᠣ᠋ ᠲᠧᠯᠸᠢᠰ