ᠬᠦᠰᠡᠯ ᠨᠠᠶᠢᠳᠠᠯᠭ᠎ᠠ ᠶᠢ ᠪᠠᠲᠤ ᠴᠡᠭᠡᠵᠢᠯᠡᠵᠦ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠭᠰᠠᠨ ᠪᠠᠶᠠᠨᠨᠠᠭᠤᠷ ᠤᠨ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠶ᠎ᠡ᠂  ᠬᠦᠴᠦ ᠪᠠᠨ ᠬᠠᠮᠲᠤᠳᠬᠠᠨ ᠬᠤᠶᠠᠷ ᠶᠡᠭᠡ ᠶᠠᠪᠤᠳᠠᠯ ᠢ ᠰᠠᠶᠢᠲᠤᠷ ᠬᠢᠬᠦ ᠳᠡᠭᠡᠷ᠎ᠡ ᠰᠢᠨ᠎ᠡ ᠬᠠᠷᠢᠭᠤᠯᠲᠠ ᠶᠢᠨ ᠬᠠᠭᠤᠳᠠᠰᠤ ᠲᠤᠰᠢᠶᠠᠨ᠎ᠠ
ᠨᠡᠶᠢᠲᠡᠯᠡᠭᠰᠡᠨ ᠴᠠᠭ᠄
2023/8/2
      7 ᠰᠠᠷ᠎ᠠ ᠶᠢᠨ 8 ᠤ ᠡᠳᠦᠷ ᠬᠤᠷᠠᠯᠳᠤᠭᠰᠠᠨ ᠳᠤᠮᠳᠠᠳᠤ ᠤᠯᠤᠰ ᠤᠨ ᠡᠪ ᠬᠠᠮᠲᠤ ᠨᠠᠮ ᠤᠨ ᠪᠠᠶᠠᠨᠨᠠᠭᠤᠷ ᠬᠤᠲᠠ ᠶᠢᠨ ᠲᠠᠪᠤᠳᠤᠭᠠᠷ ᠬᠤᠭᠤᠴᠠᠭᠠᠨ ᠤ ᠬᠤᠷᠢᠶᠠᠨ ᠤ ᠲᠠᠪᠤᠳᠤᠭᠠᠷ ᠪᠥᠬᠦᠳᠡ ᠬᠤᠷᠠᠯ᠂ ᠰᠢ ᠶᠢᠨ ᠫᠢᠩ ᠶᠡᠷᠦᠩᠬᠡᠶ ᠱᠦᠵᠢ ᠶᠢᠨ ᠥᠪᠥᠷ ᠮᠣᠩᠭᠤᠯ ᠪᠠ ᠪᠠᠶᠠᠨᠨᠠᠭᠤᠷ ᠲᠤ ᠰᠢᠨᠵᠢᠯᠡᠨ ᠪᠠᠶᠢᠴᠠᠭᠠᠬᠤ ᠦᠶ᠎ᠡ ᠶᠢᠨ ᠴᠢᠬᠤᠯᠠ ᠶᠠᠷᠢᠶ᠎ᠠ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠨ ᠲᠤᠭᠤᠰᠢᠯᠠᠭᠤᠯᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠠᠷᠪᠠᠨ ᠨᠢᠭᠡᠳᠦᠭᠡᠷ ᠬᠤᠭᠤᠴᠠᠭᠠᠨ ᠤ ᠵᠢᠷᠭᠤᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠪᠥᠬᠦ ᠲᠠᠯ᠎ᠠ ᠪᠠᠷ  ᠲᠤᠭᠤᠰᠢᠯᠠᠭᠤᠯᠤᠨ‌ᠨᠠᠶᠢᠳᠠᠪᠤᠷᠢᠵᠢᠭᠤᠯᠵᠤ᠂ ᠣᠳᠣᠬᠠᠨ ᠤ ᠪᠠ ᠬᠤᠶᠢᠰᠢᠳᠠ ᠶᠢᠨ ᠨᠢᠭᠡ ᠬᠤᠭᠤᠴᠠᠭᠠᠨ ᠤ ᠭᠤᠤᠯᠳᠠᠯᠭ᠎ᠠ ᠲᠠᠢ ᠡᠭᠦᠷᠭᠡ ᠶᠢ ᠪᠠᠶᠢᠷᠢᠯᠠᠭᠤᠯᠵᠤ᠂ ᠮᠠᠨ ᠤ ᠬᠤᠲᠠ ᠶᠢᠨ ᠡᠯ᠎ᠡ ᠲᠦᠷᠦᠯ ᠤᠨ ᠠᠵᠢᠯ ᠦᠢᠯᠡᠰ ᠤᠨ ᠬᠥᠭᠵᠢᠯᠲᠡ ᠶᠢ ᠴᠢᠨᠠᠷ ᠰᠠᠶᠢᠲᠠᠶ ᠳᠥᠯᠭᠢᠨ ᠠᠬᠢᠭᠤᠯᠬᠤ ᠳᠤ ᠤᠷᠤᠭᠰᠢᠯᠠᠬᠤ ᠴᠢᠭᠯᠡᠯ ᠢ ᠲᠣᠳᠣᠷᠬᠠᠶ ᠵᠢᠭᠠᠵᠤ ᠦᠭᠴᠡᠢ᠃ ᠮᠠᠨ ᠤ ᠬᠤᠲᠠ ᠶᠢᠨ ᠺᠠᠳ᠋ᠷ ᠣᠯᠠᠨ ᠲᠦᠮᠡᠨ ᠠᠴᠠ᠂ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠶ ᠤᠶᠢᠯᠠᠭᠠᠨ ᠲᠤᠭᠤᠰᠢᠯᠠᠭᠤᠯᠵᠤ᠂ ᠴᠤᠴᠠᠯᠲᠠ ᠥᠬᠡᠶ ᠲᠡᠮᠡᠴᠡᠬᠦ  ᠵᠤᠷᠢᠭ ᠰᠠᠨᠠᠭ᠎ᠠ ᠶᠢ ᠢᠮᠠᠭᠲᠠ ᠪᠠᠷᠢᠮᠲᠠᠯᠠᠵᠤ᠂ ᠶᠡᠷᠦᠩᠬᠡᠶ ᠱᠦᠵᠢ ᠶᠢᠨ ᠴᠢᠩ ᠰᠡᠳᠬᠢᠯ ᠤᠨ ᠨᠠᠶᠢᠳᠠᠯᠭ᠎ᠠ ᠶᠢ ᠣᠳᠣᠬᠢᠴᠢᠯᠠᠭᠰᠠᠨ ᠪᠠᠶᠠᠨᠨᠠᠭᠤᠷ ᠤᠨ ᠪᠥᠲᠥᠭᠡᠨ ᠪᠠᠶᠢᠭᠤᠯᠤᠯᠲᠠ ᠶᠢᠨ ᠠᠮᠢᠳᠤᠯᠢᠭ ᠦᠢᠯᠡᠳᠦᠯᠭᠡ ᠪᠣᠯᠭᠠᠨ ᠬᠤᠪᠢᠷᠠᠭᠤᠯᠤᠨ᠎ᠠ ᠢᠯᠡᠷᠭᠡᠶᠢᠯᠡᠵᠡᠭᠡᠵᠡᠢ᠃      ᠪᠥᠬᠦᠳᠡ ᠬᠤᠷᠠᠯ ᠠᠴᠠ ᠵᠢᠭᠠᠬᠤ ᠳᠠᠭᠠᠨ᠂ ᠡᠷᠭᠡᠪᠰᠢ ᠰᠢ ᠶᠢᠨ ᠫᠢᠩ ᠶᠡᠷᠦᠩᠬᠡᠶ ᠱᠦᠵᠢ ᠶᠢᠨ ᠠᠵᠢᠯ ᠢᠶᠠᠨ ᠪᠣᠳᠠᠲᠠᠶ ᠠᠳᠬᠤᠵᠤ᠂ ᠰᠠᠭᠤᠷᠢ ᠪᠠᠨ ᠪᠠᠲᠤᠲᠠᠶ ᠲᠠᠯᠪᠢᠵᠤ᠂ ᠠᠯᠬᠤᠴᠠ ᠪᠠᠨ ᠪᠣᠳᠠᠲᠠᠶᠢᠵᠢᠭᠤᠯᠬᠤ ᠲᠤᠬᠠᠶ ᠴᠢᠬᠤᠯᠠ ᠱᠠᠭᠠᠷᠳᠠᠯᠭ᠎ᠠ ᠶᠢ ᠭᠦᠨᠵᠡᠭᠡᠶ ᠨᠠᠶᠢᠳᠠᠪᠤᠷᠢᠵᠢᠭᠤᠯᠵᠤ᠂ ᠠᠵᠠ ᠲᠣᠬᠢᠶᠠᠯ ᠢ ᠡᠵᠡᠮᠳᠡᠨ᠂ ᠲᠥᠷᠥᠯ ᠵᠦᠢᠯ ᠢ ᠠᠳᠬᠤᠵᠤ᠂ ᠡᠯ᠎ᠡ ᠵᠦᠢᠯ ᠤᠨ ᠠᠵᠢᠯ ᠤᠨ ᠦᠷ᠎ᠡ ᠪᠦᠲᠦᠮᠵᠢ ᠪᠠᠨ ᠳᠡᠭᠡᠭᠰᠢᠯᠡᠭᠦᠯᠬᠦ ᠶᠢ ᠳᠥᠯᠭᠢᠨ ᠠᠬᠢᠭᠤᠯᠵᠤ᠂ ᠦᠨᠳᠦᠰᠦᠲᠡᠨ ᠨᠦᠭᠦᠳ ᠤᠨ ᠠᠷᠠᠳ ᠲᠦᠮᠡᠨ ᠰᠡᠳᠭᠢᠯ ᠢᠶᠠᠨ ᠨᠢᠭᠡᠳᠭᠡᠨ ᠭᠦᠴᠦ ᠪᠠᠨ ᠬᠠᠮᠳᠤᠳᠬᠠᠵᠤ ᠣᠳᠣᠬᠢᠴᠢᠯᠠᠭᠰᠠᠨ ᠪᠠᠶᠠᠨᠨᠠᠭᠤᠷ ᠢ ᠬᠠᠮᠳᠤᠪᠡᠷ ᠪᠥᠲᠥᠭᠡᠨ ᠪᠠᠶᠢᠭᠤᠯᠬᠤ ᠪᠠᠷ ᠡᠷᠡᠯᠬᠡᠭᠯᠡᠨ ᠤᠷᠤᠭᠰᠢᠯᠠᠬᠤ  ᠭᠡᠷᠡᠭᠳᠡᠢ  ᠭᠡᠵᠡᠢ᠃      ᠬᠤᠲᠠ ᠶᠢᠨ ᠪᠣᠬᠢᠷᠲᠤᠯ ᠥᠬᠡᠶ ᠠᠵᠤ ᠦᠢᠯᠡᠰ ᠢ ᠨᠢᠭᠡᠳᠦᠯᠲᠡᠶ ᠲᠥᠯᠥᠪᠯᠡᠨ ᠬᠥᠭᠵᠢᠭᠦᠯᠬᠦ ᠠᠯᠪᠠᠨ ᠬᠡᠷ ᠤᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠡᠷᠬᠢᠯᠡᠭᠴᠢ ᠵᠠᠩ ᠢᠦᠶ ᠭᠡᠯᠡᠭᠦ ᠳᠡᠭᠡᠨ᠂ ᠲᠣᠰ ᠤᠳᠠᠭᠠᠨ ᠤ ᠬᠤᠷᠠᠯ ᠤᠨ ᠵᠣᠷᠢᠭ ᠰᠠᠨᠠᠭᠠᠨ ᠤ ᠱᠠᠭᠠᠷᠳᠠᠯᠭ᠎ᠠ ᠶᠢ ᠴᠢᠩᠭ᠎ᠠ ᠵᠢᠷᠤᠮᠯᠠᠨ᠂ ᠤᠯᠤᠰ ᠤᠨ ᠲᠠᠷᠢᠶᠠᠯᠠᠩ ᠤᠨ ᠲᠡᠭᠡᠳᠦ ᠰᠢᠨ᠎ᠡ ᠮᠡᠷᠭᠡᠵᠢᠯ ᠤᠨ ᠵᠢᠱᠢᠶ᠎ᠡ ᠦᠵᠡᠭᠦᠯᠭᠦ ᠲᠣᠭᠤᠷᠢᠭ ᠤᠨ ᠪᠥᠲᠥᠭᠡᠨ ᠪᠠᠶᠢᠭᠤᠯᠤᠯᠲᠠ᠂ ᠪᠣᠬᠢᠷᠲᠤᠯ ᠥᠬᠡᠶ ᠠᠵᠤ ᠦᠢᠯᠡᠰ ᠤᠨ ᠬᠥᠭᠵᠢᠯᠲᠡ᠂ ᠨᠠᠷᠠᠲᠤ ᠲᠡᠮᠳᠡᠭ ᠤᠨ ᠪᠥᠲᠥᠭᠡᠨ ᠪᠠᠶᠢᠭᠤᠯᠤᠯᠲᠠ ᠶᠢᠨ ᠲᠠᠯ᠎ᠠ ᠳᠤ ᠦᠷᠭᠦᠯᠵᠢᠯᠡᠨ‌‍ᠬᠦ᠋ᠴᠦᠯᠡᠬᠦ ᠬᠡᠷᠡᠭᠲᠡᠶ᠃ ᠤᠯᠤᠰ ᠤᠨ ᠲᠠᠷᠢᠶᠠᠯᠠᠩ ᠤᠨ ᠲᠡᠭᠡᠳᠦ ᠰᠢᠨ᠎ᠡ ᠮᠡᠷᠭᠡᠵᠢᠯ ᠤᠨ ᠵᠢᠱᠢᠶ᠎ᠡ ᠦᠵᠡᠭᠦᠯᠭᠦ ᠲᠣᠭᠤᠷᠢᠭ ᠤᠨ ᠪᠦᠲᠦᠭᠡᠨ ᠪᠠᠶᠢᠭᠤᠯᠤᠯᠲᠠ ᠶᠢᠨ ᠲᠠᠯ᠎ᠠ ᠪᠠᠷ᠂ ᠪᠢᠳᠡ ᠡᠨᠡ ᠵᠢᠯ ᠤᠨ ᠲᠤᠯᠤᠭᠠᠨ ᠲᠠᠯ᠎ᠠ ᠶᠢᠨ 88 ᠵᠦᠢᠯ ᠤᠨ ᠭᠤᠤᠯᠳᠠᠯᠭ᠎ᠠ ᠲᠠᠢ ᠠᠵᠢᠯ ᠤᠨ ᠡᠭᠦᠷᠭᠡ ᠶᠢ ᠪᠥᠬᠦ ᠲᠠᠯ᠎ᠠ ᠪᠠᠷ ᠪᠡᠶᠡᠯᠡᠭᠦᠯᠵᠦ᠂ ᠪᠠᠶᠠᠨᠨᠠᠭᠤᠷ ᠬᠤᠲᠠ ᠶᠢᠨ ᠠᠩᠬᠠᠳᠤᠭᠠᠷ ᠬᠤᠭᠤᠴᠠᠭᠠᠨ ᠤ ᠲᠠᠷᠢᠶᠠᠯᠠᠩ ᠤᠨ ᠳᠡᠭᠡᠳᠦ ᠰᠢᠨ᠎ᠡ ᠮᠡᠷᠭᠡᠵᠢᠯ ᠤᠨ ᠦᠷ᠎ᠡ ᠪᠦᠲᠦᠭᠡᠯ ᠤᠨ ᠦᠵᠡᠰᠬᠦᠯᠡᠩ ᠤᠨ ᠴᠤᠭᠯᠠᠭᠠᠨ ᠢ ᠥᠨᠳᠥᠷ ᠬᠢᠷᠢ ᠲᠦᠪᠰᠢᠨ ᠢᠶᠠᠷ ᠰᠠᠶᠢᠲᠤᠷ ᠲᠦᠯᠦᠪᠵᠢᠭᠦᠯᠦᠨ ᠭᠢᠵᠦ᠂ ᠡᠭᠦᠨ ᠢᠶᠠᠷ ᠢᠶᠠᠨ ᠪᠠᠶᠠᠨᠨᠠᠭᠤᠷ ᠬᠤᠲᠠ ᠶᠢᠨ ᠰᠠᠶᠢᠨ ᠰᠠᠶᠢᠬᠠᠨ ᠳᠦᠷᠢ ᠲᠥᠷᠬᠦ ᠶᠢ ᠢᠯᠡᠷᠡᠭᠦᠯᠦᠨ᠎ᠡ ᠭᠡᠪᠡ᠃      ᠪᠠᠶᠠᠨᠨᠠᠭᠤᠷ ᠬᠤᠳᠠ ᠶᠢᠨ ᠭᠢᠯᠢ ᠶᠢᠨ ᠪᠣᠭᠤᠮᠲᠠ ᠶᠢᠨ ᠬᠠᠮᠢᠶᠠᠷᠤᠯᠲᠠ ᠶᠢᠨ ᠵᠥᠪᠯᠡᠯ ᠤᠨ ᠨᠠᠮ ᠤᠨ ᠠᠵᠢᠯ ᠤᠨ ᠵᠥᠪᠯᠡᠯ ᠤᠨ ᠱᠦᠵᠢ᠂ ᠡᠷᠬᠢᠯᠡᠭᠴᠢ ᠤᠷᠭᠢᠯ ᠭᠡᠯᠡᠭᠦ ᠳᠡᠭᠡᠨ᠂ ᠠᠵᠢᠯ ᠤᠨ ᠮᠡᠳᠡᠭᠦᠯᠦᠯᠲᠡ ᠨᠢ ᠪᠤᠰᠤᠳᠴᠢ ᠲᠥᠪ ᠭᠤᠣᠯᠴᠢ ᠪᠦᠭᠡᠳ ᠪᠦᠬᠦ ᠲᠠᠯ᠎ᠠ ᠵᠢᠨ‌‍ᠪᠠᠶᠢᠵᠤ ᠪᠢᠳᠡᠨ ᠳᠤ ᠮᠠᠰᠢ ᠶᠡᠭᠡ ᠵᠣᠷᠢᠭᠵᠢᠭᠤᠯᠤᠯ ᠪᠤᠯᠵᠠᠢ᠂ ᠮᠦᠨᠴᠦ ᠪᠣᠭᠤᠮᠲᠠ ᠶᠢᠨ ᠬᠥᠭᠵᠢᠯᠲᠡ ᠳᠤ ᠵᠢᠷᠤᠮᠯᠠᠯ ᠬᠠᠩᠭᠠᠵᠠᠢ᠂ ᠪᠢᠳᠡ  ᠭᠢᠯᠢ  ᠶᠢᠨ  ᠪᠣᠭᠤᠮᠲᠠ  ᠶᠢᠨ  ᠦᠢᠯᠡᠴᠢᠯᠡᠭᠡ   ᠪᠠᠨ  ᠤᠯᠠᠮ  ᠨᠢᠭᠡ  ᠠᠯᠬᠤᠮ  ᠰᠠᠶᠢᠵᠢᠷᠠᠭᠤᠯᠵᠤ᠂ ᠪᠣᠭᠤᠮᠲᠠ ᠶᠢᠨ ᠠᠵᠤ ᠠᠬᠤᠢ ᠶᠢᠨ ᠭᠦᠭᠵᠢᠯᠳᠡ ᠳᠤ ᠦᠵᠡᠭᠦᠯᠪᠡᠰᠦ ᠵᠣᠬᠢᠬᠤ ᠬᠤᠪᠢ ᠨᠡᠮᠡᠷᠢ ᠪᠠᠨ ᠦᠵᠡᠭᠦᠯᠦᠨ᠎ᠡ ᠭᠡᠵᠡᠢ᠃      ᠪᠠᠶᠠᠨᠨᠠᠭᠤᠷ ᠤᠨ ᠲᠤᠭ᠎ᠠ ᠪᠦᠷᠢᠳᠬᠡᠯ ᠤᠨ ᠲᠣᠪᠴᠢᠶ᠎ᠠ ᠶᠢᠨ ᠳᠠᠷᠤᠭ᠎ᠠ ᠵᠠᠩ ᠰᠢᠶᠤᠤ ᠯᠦᠩ ᠭᠡᠯᠡᠭᠦ ᠳᠡᠭᠡᠨ᠂ ᠠᠷᠠᠳ ᠤᠨ ᠠᠮᠢᠳᠤᠷᠠᠯ ᠤᠨ ᠠᠵᠢᠯ ᠪᠠ ᠠᠷᠠᠳ ᠤᠯᠠᠨ ᠤ ᠰᠡᠳᠬᠢᠯ ᠲᠠᠯᠪᠢᠵᠤ ᠪᠠᠶᠢᠭ᠎ᠠ ᠬᠠᠯᠠᠮᠰᠢᠯ ᠠᠰᠠᠭᠤᠳᠠᠯ ᠳᠤ ᠠᠩᠬᠠᠷᠤᠯ ᠢᠶᠠᠨ ᠲᠥᠪᠯᠡᠷᠡᠭᠦᠯᠵᠦ᠂ ᠰᠤᠷᠭᠠᠨ ᠬᠥᠮᠦᠵᠢᠯ᠂ ᠡᠮ ᠡᠮᠨᠡᠯᠭᠡ᠂ ᠨᠠᠰᠤᠵᠢᠯ ᠤᠨ ᠠᠰᠠᠷᠠᠮᠵᠢ ᠵᠡᠷᠭᠡ ᠲᠠᠯ᠎ᠠ ᠪᠠᠷ ᠭᠤᠣᠯᠯᠠᠭᠤᠯᠤᠨ ᠨᠡᠶᠢᠭᠡᠮ ᠤᠨ ᠪᠠᠶᠢᠳᠠᠯ ᠠᠷᠠᠳ ᠤᠨ ᠰᠠᠨᠠᠭ᠎ᠠ ᠶᠢ ᠪᠠᠶᠢᠴᠠᠭᠠᠬᠤ ᠠᠵᠢᠯ ᠢ ᠪᠦᠬᠦ ᠲᠠᠯ᠎ᠠ ᠪᠠᠷ ᠰᠠᠶᠢᠲᠤᠷ ᠬᠢᠨ᠎ᠡ᠃ ᠣᠳᠣᠬᠢᠴᠢᠯᠠᠭᠰᠠᠨ ᠪᠠᠶᠠᠨᠨᠠᠭᠤᠷ ᠤᠨ ᠪᠦᠳᠦᠭᠡᠨ ᠪᠠᠶᠢᠭᠤᠯᠤᠯᠲᠠ ᠳᠤ ᠠᠩᠬᠠᠷᠤᠯ ᠢᠶᠠᠨ ᠲᠥᠪᠯᠡᠷᠡᠭᠦᠯᠵᠦ᠂ ᠮᠠᠨ ᠤ ᠬᠤᠳᠠ ᠶᠢᠨ ᠲᠠᠪᠤᠳᠤᠭᠠᠷ ᠤᠳᠠᠭ᠎ᠠ ᠶᠢᠨ ᠪᠦᠬᠦ ᠤᠯᠤᠰ ᠤᠨ ᠠᠵᠤ ᠠᠬᠤᠢ ᠶᠢᠨ ᠨᠡᠶᠢᠳᠡᠮ ᠪᠠᠶᠢᠴᠠᠭᠠᠯᠲᠠ ᠶᠢ ᠨᠠᠷᠢᠨ ᠨᠢᠮᠪᠠᠢ ᠵᠣᠬᠢᠶᠠᠨ ᠪᠠᠶᠢᠭᠤᠯᠤᠨ ᠥᠷᠨᠢᠭᠦᠯᠵᠦ᠂ ᠪᠦᠬᠦ ᠬᠤᠳᠠ ᠶᠢᠨ ᠠᠵᠤ ᠠᠬᠤᠢ ᠶᠢᠨ ᠪᠠᠶᠢᠳᠠᠯ ᠢ ᠪᠦᠬᠦ ᠲᠠᠯ᠎ᠠ ᠪᠠᠷ ᠣᠶᠢᠯᠠᠭᠠᠵᠤ᠂ ᠬᠤᠳᠠ ᠶᠢᠨ ᠨᠠᠮ ᠤᠨ ᠬᠤᠷᠢᠶ᠎ᠠ ᠵᠠᠰᠠᠭ ᠤᠨ ᠣᠷᠳᠣᠨ ᠤ ᠬᠤᠷᠸ᠎ᠠ ᠲᠤᠬᠢᠷᠠᠭᠤᠯᠤᠯ ᠡᠵᠡᠮᠳᠡᠯ ᠢ ᠴᠢᠩᠭᠠᠳᠬᠠᠨ ᠰᠠᠶᠢᠵᠢᠷᠠᠭᠤᠯᠬᠤ᠂ ᠠᠵᠤ ᠦᠢᠯᠡᠰ ᠤᠨ ᠪᠦᠲᠦᠴᠡ ᠶᠢ ᠲᠤᠬᠢᠷᠠᠭᠤᠯᠤᠨ ᠰᠢᠯᠢᠳᠡᠭᠵᠢᠭᠦᠯᠬᠦ᠂ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠳᠤ ᠡᠯᠪᠡᠭ ᠪᠠᠶᠠᠯᠢᠭ ᠨᠠᠷᠢᠨ ᠪᠣᠳᠠᠲᠠᠢ ᠲᠤᠭ᠎ᠠ ᠪᠠᠷᠢᠮᠲᠠ ᠶᠢᠨ ᠮᠡᠳᠡᠭᠡ ᠵᠠᠩᠭᠢ ᠬᠠᠩᠭᠠᠨ᠎ᠠ ᠭᠡᠪᠡ᠃      ᠪᠥᠬᠦᠳᠡ ᠬᠤᠷᠠᠯ ᠠᠴᠠ ᠲᠤᠷᠠᠳᠬᠤ ᠳᠠᠭᠠᠨ᠂ ᠬᠠᠮᠲᠤ ᠪᠠᠷ ᠴᠢᠨᠡᠭᠡᠯᠢᠭᠵᠢᠭᠰᠡᠨ ᠵᠣᠯ ᠵᠢᠷᠭᠠᠯᠲᠤ ᠭᠡᠷ ᠣᠷᠣᠨ ᠢ ᠬᠦᠴᠦᠯᠡᠨ ᠪᠦᠳᠦᠭᠡᠨ ᠪᠠᠶᠢᠭᠤᠯᠵᠤ᠂ ᠤᠯᠠᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠨ ᠬᠤᠳᠠ ᠬᠥᠳᠡᠭᠡ ᠶᠢᠨ ᠰᠠᠭᠤᠭᠠᠯᠢ ᠠᠷᠠᠳ ᠤᠨ ᠣᠷᠣᠯᠭ᠎ᠠ ᠶᠢ ᠳᠡᠭᠡᠭᠰᠢᠯᠡᠭᠦᠯᠵᠦ᠂ ᠰᠤᠷᠭᠠᠨ ᠬᠥᠮᠦᠵᠢᠯ᠂ ᠡᠮ ᠡᠮᠨᠡᠯᠭᠡ᠂ ᠨᠠᠰᠤᠵᠢᠯ ᠤᠨ ᠠᠰᠠᠷᠠᠮᠵᠢ ᠵᠡᠷᠭᠡ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠢ ᠬᠦᠴᠦᠯᠡᠨ ᠰᠠᠶᠢᠲᠤᠷ ᠬᠢᠵᠦ᠂ ᠠᠷᠭ᠎ᠠ ᠪᠦᠬᠦᠨ ᠢ ᠰᠦᠪᠡᠭᠴᠢᠯᠡᠨ ᠬᠦᠴᠢᠷᠳᠡᠯᠲᠡᠶ ᠤᠯᠠᠨ ᠲᠦᠮᠡᠨ ᠤ ᠠᠮᠢᠳᠤᠷᠠᠯ ᠢ ᠰᠠᠶᠢᠲᠤᠷ ᠪᠠᠳᠤᠯᠠᠬᠤ ᠬᠡᠷᠡᠭᠲᠡᠶ ᠭᠡᠵᠡᠢ᠃      ᠬᠤᠲᠠ ᠶᠢᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠤᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ ᠰᠢᠤᠢ ᠵᠧᠩ ᠲᠢᠩ ᠭᠡᠯᠡᠭᠦ ᠳᠡᠭᠡᠨ᠂ ᠪᠥᠬᠦ ᠬᠤᠲᠠ ᠶᠢᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠰᠢᠰᠲ᠋ᠧᠮ ᠤᠨ ᠬᠢᠨ ᠡᠮ ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠤᠯ ᠤᠨ ᠥᠭᠡᠷᠡᠴᠢᠯᠡᠯᠲᠡ ᠶᠢ ᠪᠥᠬᠦ ᠬᠦᠴᠦᠨ ᠢᠶᠠᠷ ᠢᠶᠠᠨ ᠠᠬᠢᠭᠤᠯᠬᠤ ᠪᠠᠷ ᠭᠠᠷᠳᠠᠴᠠ ᠪᠣᠯᠭᠠᠵᠤ᠂ ᠠᠯᠪᠠᠨ ᠠᠴᠠ ᠪᠠᠶᠢᠭᠤᠯᠤᠭᠰᠠᠨ ᠡᠮᠨᠡᠯᠭᠡ ᠶᠢᠨ ᠬᠤᠷᠢᠶᠠᠨ ᠤ ᠡᠮᠴᠢᠯᠡᠭᠡᠨ ᠤ ᠦᠢᠯᠡᠴᠢᠯᠡᠭᠡᠨ ᠤ ᠴᠢᠳᠠᠪᠤᠷᠢ ᠶᠢ ᠪᠥᠬᠦ ᠲᠠᠯ᠎ᠠ ᠪᠠᠷ ᠳᠡᠭᠡᠭᠰᠢᠯᠡᠭᠦᠯᠵᠦ᠂ ᠣᠯᠠᠨ ᠲᠦᠮᠡᠨ ᠤ ᠡᠪᠡᠳᠴᠢᠨ ᠦᠵᠡᠭᠦᠯᠬᠦ ᠳᠤ ᠲᠦᠭᠦᠮ ᠰᠢᠯᠢᠳᠡᠭ ᠦᠢᠯᠡᠴᠢᠯᠡᠭᠡ ᠬᠠᠩᠭᠠᠨ᠎ᠠ᠃ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶᠠᠨ ᠤ ᠰᠢᠢᠳᠪᠦᠷᠢᠳᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠣᠰᠣᠭᠠᠷ᠂ ᠡᠪᠡᠳᠴᠢᠨ ᠡᠮᠭᠡᠭ ᠢ ᠰᠡᠷᠭᠡᠶᠢᠯᠡᠨ ᠬᠢᠵᠠᠭᠠᠷᠯᠠᠬᠤ ᠰᠢᠰᠲ᠋ᠧᠮ ᠢ ᠲᠦᠷᠭᠡᠪᠴᠢᠯᠡᠨ ᠥᠭᠡᠷᠡᠴᠢᠯᠡᠨ ᠲᠡᠭᠦᠯᠳᠡᠷᠵᠢᠭᠦᠯᠵᠦ᠂ ᠡᠪᠡᠳᠴᠢᠨ ᠡᠮᠭᠡᠭ ᠢ ᠰᠡᠷᠭᠡᠶᠢᠯᠡᠨ ᠬᠢᠵᠠᠭᠠᠷᠯᠠᠬᠤ ᠦᠢᠯᠡᠰ ᠤᠨ ᠬᠥᠭᠵᠢᠯᠲᠡ ᠶᠢᠨ ᠰᠠᠭᠤᠷᠢ ᠶᠢ ᠪᠠᠲᠤᠳᠬᠠᠨ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠦᠢᠯᠡᠰ ᠤᠨ ᠰᠢᠨ᠎ᠡ ᠬᠥᠭᠵᠢᠯᠲᠡ ᠶᠢ ᠪᠡᠶᠡᠯᠡᠭᠦᠯᠬᠦ ᠶᠢ ᠠᠭᠢᠭᠤᠯᠤᠨ᠎ᠠ ᠭᠡᠪᠡ᠃      ᠪᠠᠶᠠᠨᠨᠠᠭᠤᠷ ᠬᠤᠳᠠ ᠶᠢᠨ ᠵᠠᠮ ᠬᠠᠷᠢᠯᠴᠠᠭ᠎ᠠ ᠵᠥᠭᠡᠭᠡᠪᠦᠷᠢ ᠶᠢᠨ ᠲᠤᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠣᠪᠴᠢᠶᠠᠨ ᠳᠠᠷᠤᠭ᠎ᠠ ᠵᠢᠶᠠ ᠵᠧᠨ ᠬᠤᠸᠠ ᠭᠡᠯᠡᠭᠦ ᠳᠡᠭᠡᠨ᠂ ᠶᠡᠷᠦᠩᠬᠡᠢ ᠱᠦᠵᠢ ᠰᠢ ᠶᠢᠨ ᠫᠢᠩ ᠤᠨ ᠦᠪᠦᠷ ᠮᠤᠩᠭᠤᠯ ᠳᠤ ᠲᠤᠰᠢᠶᠠᠭᠰᠠᠨ ᠲᠠᠪᠤᠨ ᠶᠡᠭᠡ ᠡᠭᠦᠷᠭᠡ ᠪᠠ ᠵᠢᠱᠢᠶᠡᠴᠢ ᠥᠪᠡᠷᠲᠡᠭᠡᠨ ᠵᠣᠬᠢᠴᠠᠭᠤᠯᠬᠤ ᠣᠷᠣᠨ ᠢ ᠪᠦᠬᠦ ᠲᠠᠯ᠎ᠠ ᠪᠠᠷ ᠪᠦᠳᠦᠬᠡᠨ ᠪᠠᠶᠢᠭᠤᠯᠬᠤ ᠬᠤᠶᠠᠷ ᠶᠡᠭᠡ ᠶᠠᠪᠤᠳᠠᠯ ᠤᠨ ᠲᠤᠭᠤᠷᠢᠨ ᠳᠤ᠂ ᠵᠠᠮ ᠬᠠᠷᠢᠯᠴᠠᠭᠠᠨ ᠤ ᠪᠦᠳᠦᠭᠡᠨ ᠪᠠᠶᠢᠭᠤᠯᠤᠯᠳᠠ ᠶᠢ ᠬᠦᠴᠦᠯᠡᠨ  ᠠᠳᠬᠤᠵᠤ᠂ ᠪᠦᠭᠦ ᠬᠤᠳᠠ ᠶᠢᠨ ᠵᠠᠮ ᠬᠠᠷᠢᠯᠴᠠᠭᠠᠨ ᠤ ᠲᠤᠤᠷ ᠢ ᠲᠤᠯᠤᠭᠠᠨ ᠬᠥᠨᠳᠡᠯᠡᠨ ᠲᠠᠪᠤᠨ ᠭᠤᠯᠳᠤ ᠠᠴᠠ ᠲᠠᠰ ᠳᠡᠪᠰᠢᠭᠦᠯᠦᠭᠡᠳ ᠶᠢᠰᠦᠨ ᠬᠥᠨᠳᠡᠯᠡᠨ ᠵᠢᠷᠭᠤᠭᠠᠨ ᠭᠤᠯᠳᠤ ᠪᠤᠯᠭᠠᠵᠤ᠂ ᠪᠠᠶᠠᠨᠨᠠᠭᠤᠷ ᠤᠨ ᠣᠳᠣᠬᠢᠴᠢᠯᠠᠯᠲᠠ ᠶᠢᠨ ᠪᠥᠲᠥᠭᠡᠨ ᠪᠠᠶᠢᠭᠤᠯᠤᠯᠲᠠ ᠳᠤ ᠪᠠᠲᠤ ᠪᠠᠬᠢ ᠵᠠᠮ ᠲᠡᠭᠡᠭᠡᠪᠦᠷᠢ ᠶᠢᠨ ᠪᠠᠲᠤᠯᠠᠭ᠎ᠠ  ᠬᠠᠩᠭᠠᠨ᠎ᠠ ᠭᠡᠵᠡᠶ᠃      ᠠᠤᠭ᠎ᠠ ᠵᠢᠷᠤᠭ ᠲᠥᠰᠦᠪ ᠬᠥᠮᠦᠰ ᠤᠨ ᠤᠷᠮ᠎ᠠ ᠵᠣᠷᠢᠭ ᠢ ᠬᠥᠭᠵᠢᠭᠡᠵᠦ᠂ ᠰᠠᠶᠢᠨ ᠰᠠᠶᠢᠬᠠᠨ ᠠᠯᠤᠰ ᠢᠷᠡᠭᠡᠳᠦᠢ ᠬᠥᠮᠦᠰ ᠤᠨ ᠰᠡᠳᠬᠢᠯ ᠢ ᠳᠣᠭᠳᠣᠯᠤᠭᠤᠯᠤᠨ᠎ᠠ᠃ ᠢᠷᠡᠭᠡᠳᠦᠢ ᠳᠤ ᠬᠠᠨᠳᠤᠭᠤᠯᠤᠨ ᠮᠠᠨ ᠤ ᠬᠤᠲᠠ ᠶᠢᠨ ᠺᠠᠳ᠋ᠷ ᠤᠯᠠᠨ ᠲᠦᠮᠡᠨ ᠠᠴᠠ ᠬᠦᠰᠡᠯ ᠨᠠᠶᠢᠳᠠᠯᠭ᠎ᠠ ᠶᠢ ᠪᠠᠲᠤ ᠴᠡᠭᠡᠵᠢᠯᠡᠵᠦ᠂ ᠠᠴᠢ ᠬᠠᠷᠢᠭᠤᠯᠠᠨ ᠡᠷᠡᠯᠬᠡᠭᠯᠡᠨ ᠤᠷᠤᠭᠰᠢᠯᠠᠵᠤ᠂ ︽ᠲᠠᠪᠤᠨ ᠶᠡᠭᠡ ᠡᠭᠦᠷᠭᠡ︾ ᠪᠣᠯᠤᠨ ᠵᠢᠱᠢᠶᠡᠴᠢ ᠥᠪᠡᠷᠲᠡᠭᠡᠨ ᠵᠠᠰᠠᠬᠤ ᠣᠷᠣᠨ ᠢ ᠪᠦᠬᠦ ᠲᠠᠯ᠎ᠠ ᠪᠠᠷ ᠪᠦᠲᠦᠭᠡᠨ ᠪᠠᠶᠢᠭᠤᠯᠬᠤ ᠬᠤᠶᠠᠷ ᠶᠡᠭᠡ ᠶᠠᠪᠤᠳᠠᠯ ᠢ ᠴᠢᠨᠠᠷ ᠰᠠᠶᠢᠲᠠᠢ ᠪᠡᠶᠡᠯᠡᠭᠦᠯᠵᠦ᠂ ᠣᠳᠣᠬᠢᠴᠢᠯᠠᠭᠰᠠᠨ ᠪᠠᠶᠠᠨᠨᠠᠭᠤᠷ ᠤᠨ ᠪᠦᠲᠦᠭᠡᠨ ᠪᠠᠶᠢᠭᠤᠯᠤᠯᠲᠠ ᠶᠢᠨ ᠰᠢᠨ᠎ᠡ ᠳᠡᠭᠲᠡᠷ ᠲᠤ ᠭᠠᠷᠬᠤ ᠶᠢ ᠠᠬᠢᠭᠤᠯᠤᠨ᠎ᠠ ᠭᠡᠵᠦ ᠢᠯᠡᠳᠬᠡᠵᠡᠭᠡᠪᠡ᠃      ᠬᠤᠲᠠ ᠶᠢᠨ ᠣᠶ ᠰᠢᠭᠤᠶ ᠡᠪᠡᠰᠦ ᠪᠡᠯᠴᠢᠭᠡᠷ ᠤᠨ ᠲᠣᠪᠴᠢᠶ᠎ᠠ ᠶᠢᠨ ᠳᠠᠷᠤᠭ᠎ᠠ ᠴᠧᠨ ᠬᠠᠶ ᠸᠧᠶ ᠭᠡᠯᠡᠭᠦ ᠳᠡᠭᠡᠨ᠂ ᠮᠠᠨ ᠤ ᠤᠢ ᠰᠢᠭᠤᠢ ᠡᠪᠡᠰᠦ ᠪᠡᠯᠴᠢᠭᠡᠷ ᠤᠨ ᠰᠠᠯᠠᠭ᠎ᠠ ᠮᠥᠴᠢᠷ ᠤᠨ ᠬᠢᠨ ᠡᠭᠦᠷᠭᠡ ᠬᠠᠷᠢᠭᠤᠴᠠᠯᠭ᠎ᠠ ᠪᠠᠨ ᠵᠣᠷᠢᠭᠲᠠᠢ ᠪᠠᠷ ᠡᠭᠦᠷᠭᠡᠯᠡᠵᠦ᠂ ᠬᠦᠴᠢᠷ ᠪᠡᠷᠬᠡᠰᠢᠶᠡᠯ ᠠᠴᠠ ᠠᠶᠤᠬᠤ ᠦᠭᠡᠢ ᠪᠠᠷ ᠴᠥᠬᠦᠷᠡᠰᠢ ᠦᠭᠡᠢ ᠴᠢᠷᠮᠠᠶᠢᠵᠤ᠂ ᠬᠠᠳᠤᠨ ᠭᠤᠣᠯ ᠤᠨ ᠲᠤᠬᠤᠢ ᠶᠢᠨ ᠪᠣᠭᠤᠮᠲᠠ ᠰᠢᠪᠲᠤᠯᠬᠤ ᠳᠠᠶᠢᠯᠠᠯᠳᠤᠭᠠᠨ ᠤ ᠢᠯᠠᠯᠲᠠ ᠶᠢ ᠡᠷᠡᠰ ᠲᠡᠮᠡᠴᠡᠨ ᠣᠯᠵᠤ᠂ ᠮᠠᠨ ᠤ ᠤᠯᠤᠰ ᠤᠨ ᠤᠮᠠᠷᠠᠲᠤ ᠶᠢᠨ ᠴᠢᠬᠤᠯᠠ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ ᠪᠦᠳᠦᠬᠡᠨ ᠪᠠᠶᠢᠭᠤᠯᠬᠤ ᠳᠤ ᠨᠡᠩ ᠶᠡᠭᠡ ᠰᠢᠨ᠎ᠡ ᠬᠤᠪᠢ ᠨᠡᠮᠡᠷᠢ ᠦᠵᠡᠭᠦᠯᠦᠨ᠎ᠡ ᠭᠡᠪᠡ᠃      ᠡᠪᠯᠡᠯ ᠤᠨ ᠬᠤᠳᠠ ᠶᠢᠨ ᠨᠠᠮ ᠤᠨ ᠬᠤᠷᠢᠶᠠᠨ ᠤ ᠱᠦᠵᠢ ᠲᠢᠶᠠᠨ ᠲᠤᠤ ᠭᠡᠯᠡᠭᠦ ᠳᠡᠭᠡᠨ᠂ ᠡᠪ ᠬᠠᠮᠲᠤ ᠵᠠᠯᠠᠭᠤᠴᠤᠳ ᠤᠨ ᠡᠪᠯᠡᠯ ᠤᠨ ᠬᠢᠨ‌‍ᠰᠢ ᠶᠢᠨ ᠫᠢᠩ ᠶᠡᠷᠦᠩᠬᠡᠢ ᠱᠦᠵᠢ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠶᠢ ᠲᠡᠷᠢᠭᠦᠨ ᠴᠢᠬᠤᠯᠠ ᠶᠠᠪᠤᠳᠠᠯ ᠪᠣᠯᠭᠠᠬᠤ ᠶᠢ ᠢᠮᠠᠭᠲᠠ ᠪᠠᠷᠢᠮᠲᠠᠯᠠᠵᠤ᠂ ᠵᠠᠯᠠᠭᠤᠴᠤᠳ ᠪᠠᠭᠠᠴᠤᠳ ᠤᠨ ᠦᠵᠡᠯ ᠰᠠᠨᠠᠭᠠᠨ ᠤ ᠵᠢᠯᠤᠭᠤᠳᠤᠯᠭ᠎ᠠ ᠶᠢ ᠴᠢᠩᠭᠠᠳᠬᠠᠬᠤ ᠲᠠᠯ᠎ᠠ ᠪᠠᠷ ᠭᠦᠴᠦᠯᠡᠵᠦ᠂ ᠦᠷᠭᠦᠯᠵᠢ ᠨᠣᠮ ᠤᠩᠰᠢᠬᠤ ᠠᠩᠬᠢ᠂ ᠭᠤᠣᠯ ᠰᠡᠳᠦᠪᠲᠦ ᠶᠠᠷᠢᠶ᠎ᠠ ᠢᠯᠡᠳᠬᠡᠯ ᠤᠨ ᠤᠷᠤᠯᠳᠤᠭᠠᠨ᠂ ᠪᠠᠰᠠ ᠡᠯ᠎ᠡ ᠵᠦᠢᠯ ᠤᠨ ᠪᠦᠯᠬᠦᠮ ᠨᠡᠶᠢᠲᠡ ᠶᠢᠨ ᠬᠥᠳᠡᠯᠭᠡᠭᠡᠨ ᠡᠷᠬᠢᠯᠡᠬᠦ ᠵᠡᠷᠭᠡ ᠠᠷᠭ᠎ᠠ ᠬᠡᠯᠪᠡᠷᠢ ᠪᠠᠷ ᠳᠠᠮᠵᠢᠭᠤᠯᠤᠨ ᠵᠠᠯᠠᠭᠤᠴᠤᠳ ᠪᠠᠭᠠᠴᠤᠳ ᠤᠨ ᠦᠵᠡᠯ ᠰᠠᠨᠠᠭᠠᠨ ᠤ ᠵᠢᠯᠤᠭᠤᠳᠤᠯᠭ᠎ᠠ ᠶᠢ  ᠴᠢᠩᠭᠠᠳᠬᠠᠨ᠎ᠠ ᠭᠡᠪᠡ᠃      ᠪᠠᠶᠠᠨᠨᠠᠭᠤᠷ ᠬᠤᠲᠠ ᠶᠢᠨ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ ᠶᠢᠨ ᠳᠠᠷᠤᠭ᠎ᠠ ᠸᠧᠶ ᠶᠢᠨ ᠤ ᠬᠡᠯᠡᠬᠦ ᠪᠠᠷ᠂ ᠠᠵᠢᠯ ᠲᠥᠷᠥᠯ ᠤᠨ ᠬᠢᠨᠠᠯᠲᠠ ᠬᠠᠮᠢᠶᠠᠷᠤᠯᠲᠠ ᠶᠢᠨ ᠲᠠᠯ᠎ᠠ ᠪᠠᠷ᠂ ᠪᠠᠶᠠᠨᠨᠠᠭᠤᠷ ᠬᠤᠲᠠ ᠶᠢᠨ ᠬᠢᠨ ᠬᠤᠲᠠ ᠶᠢᠨ ᠰᠢᠭᠤᠳ ᠬᠠᠷᠢᠶ᠎ᠠ ᠰᠠᠯᠠᠭ᠎ᠠ ᠮᠥᠴᠢᠷ ᠪᠠ ᠠᠵᠢᠯ ᠲᠥᠷᠥᠯ ᠤᠨ ᠬᠢᠨᠠᠯᠲᠠ ᠬᠠᠮᠢᠶᠠᠷᠤᠯᠲᠠ ᠶᠢᠨ ᠡᠭᠦᠷᠭᠡ ᠬᠠᠷᠢᠭᠤᠴᠠᠯᠭ᠎ᠠ ᠶᠢ ᠨᠡᠶᠢᠲᠡᠯᠡᠵᠦ᠂ 40 ᠰᠠᠯᠠᠭ᠎ᠠ ᠮᠥᠴᠢᠷ᠂ 91 ᠠᠵᠢᠯ ᠲᠥᠷᠥᠯ ᠤᠨ ᠬᠢᠨᠠᠯᠲᠠ ᠬᠠᠮᠢᠶᠠᠷᠤᠯᠲᠠ ᠶᠢᠨ ᠡᠭᠦᠷᠭᠡ ᠬᠠᠷᠢᠭᠤᠴᠠᠯᠭ᠎ᠠ ᠶᠢ ᠲᠣᠳᠣᠷᠬᠠᠶᠢᠯᠠᠵᠤ᠂ ᠬᠠᠷᠢᠶ᠎ᠠ ᠬᠤᠰᠢᠭᠤ ᠰᠢᠶᠠᠨ ᠵᠢᠴᠢ ᠰᠢᠶᠠᠩ ᠪᠠᠯᠭᠠᠰᠤ ᠲᠣᠰᠬᠤᠨ ᠤ ᠬᠠᠷᠢᠶᠠᠨ ᠳᠠᠬᠢ ᠵᠥᠪᠯᠡᠯ ᠤᠨ ᠭᠠᠴᠠᠭ᠎ᠠ ᠪᠣᠯᠤᠨ ᠨᠡᠶᠢᠭᠡᠮ ᠲᠣᠭᠤᠷᠢᠭ ᠤᠨ ᠬᠡᠷᠡᠭ ᠡᠷᠬᠢᠯᠡᠬᠦ ᠭᠠᠵᠠᠷ ᠴᠥᠮ ᠡᠭᠦᠷᠭᠡ ᠬᠠᠷᠢᠭᠤᠴᠠᠯᠭ᠎ᠠ ᠶᠢ ᠲᠣᠳᠣᠷᠬᠠᠶᠢᠯᠠᠵᠤ᠂ ᠠᠵᠤ ᠠᠬᠤᠶᠢᠯᠠᠯ ᠤᠨ ᠭᠤᠣᠯ ᠴᠣᠭᠴᠠ ᠶᠢᠨ ᠬᠠᠷᠢᠭᠤᠴᠠᠯᠭ᠎ᠠ ᠶᠢ ᠴᠢᠩᠭᠠᠳᠬᠠᠨ᠂ ᠡᠳᠡᠭᠡᠷ ᠲᠤᠰᠢᠶᠠᠯ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠶᠢ ᠦᠨᠡᠨ ᠬᠦ ᠪᠠᠲᠤᠯᠠᠬᠤ ᠶᠢᠨ ᠲᠥᠯᠥᠭᠡ᠂ ᠪᠢᠳᠡ ᠭᠤᠣᠯᠳᠠᠭᠤ ᠪᠠᠶᠢᠩᠭᠤ ᠪᠠᠶᠢᠴᠠᠭᠠᠬᠤ ᠪᠠ ᠬᠦᠨᠳᠦ ᠪᠠᠷ ᠲᠣᠷᠭᠠᠬᠤ ᠡᠨᠡ ᠬᠤᠶᠠᠷ ᠲᠠᠯ᠎ᠠ ᠠᠴᠠ ᠭᠠᠷᠳᠠᠵᠤ᠂ ᠠᠵᠤ ᠠᠬᠤᠶᠢᠯᠠᠯ ᠢ ᠬᠠᠪᠰᠤᠷᠤᠨ ᠲᠠᠯᠳᠠ ᠭᠡᠮ ᠢ ᠳᠠᠷᠠᠭᠠᠯᠠᠨ ᠪᠠᠶᠢᠴᠠᠭᠠᠵᠤ ᠠᠰᠠᠭᠤᠳᠠᠯ ᠢ ᠨᠢ ᠰᠢᠢᠳᠪᠦᠷᠢᠯᠡᠨ᠎ᠡ ᠭᠡᠪᠡ᠃       ᠪᠠᠶᠠᠨᠨᠠᠭᠤᠷ ᠬᠤᠲᠠ ᠶᠢᠨ ᠤᠯᠠᠭᠠᠨᠰᠤᠬᠠᠢ ᠶᠢᠨ ᠠᠮᠢ ᠠᠬᠤᠢ ᠶᠢᠨ ᠬᠠᠮᠠᠭᠠᠯᠠᠯᠲᠠ ᠶᠢᠨ ᠲᠥᠪ ᠤᠨ ᠡᠷᠬᠢᠯᠡᠭᠴᠢ ᠪᠦᠦ ᠸᠧᠢ ᠭᠡᠯᠡᠭᠦ ᠳᠡᠭᠡᠨ᠂ ᠪᠢᠳᠡᠨ ᠤ ᠡᠭᠦᠷᠭᠡᠯᠡᠬᠦ ᠬᠠᠷᠢᠭᠤᠴᠠᠯᠭ᠎ᠠ ᠶᠢ ᠲᠣᠳᠣᠷᠬᠠᠶᠢᠯᠠᠵᠤ᠂ ᠳᠠᠷᠠᠭᠠᠴᠢ ᠶᠢᠨ ᠠᠯᠬᠤᠮ ᠳᠤ ᠪᠢᠳᠡᠨ ᠤ ᠯᠠᠪᠳᠠᠭᠤᠨ ᠪᠠᠲᠤᠲᠠᠢ ᠥᠷᠨᠢᠭᠦᠯᠬᠦ ᠠᠵᠢᠯ ᠢ ᠲᠣᠳᠣᠷᠬᠠᠶᠢᠯᠠᠵᠠᠢ᠃ ᠮᠢᠨᠦ ᠪᠤᠳᠤᠬᠤ ᠪᠠᠷ ᠪᠢᠳᠡ ᠬᠡᠷᠪᠡ ᠥᠨᠥᠳᠦᠷ ᠤᠨ ᠾᠧ ᠱᠦᠵᠢ ᠶᠢᠨ ᠶᠠᠷᠢᠶᠠᠨ ᠤ ᠡᠨᠡᠬᠦ ᠵᠣᠷᠢᠭ ᠰᠠᠨᠠᠭ᠎ᠠ ᠶᠢ ᠰᠠᠶᠢᠲᠤᠷ ᠨᠠᠶᠢᠳᠠᠪᠤᠷᠢᠵᠢᠭᠤᠯᠵᠤ᠂ ᠮᠠᠨ ᠤ ᠡᠨᠡᠬᠦ ᠲᠣᠭᠲᠠᠭᠠᠯ ᠢᠶᠠᠨ ᠰᠠᠶᠢᠲᠤᠷ ᠬᠡᠷᠡᠭᠵᠢᠭᠦᠯᠵᠦ᠂ ᠰᠠᠶᠢᠲᠤᠷ ᠨᠠᠶᠢᠳᠠᠪᠤᠷᠢᠵᠢᠭᠤᠯᠪᠠᠯ᠂ ᠮᠠᠨ ᠤ ᠪᠠᠶᠠᠨᠨᠠᠭᠤᠷ᠂ ᠮᠠᠨ ᠤ ᠤᠯᠠᠭᠠᠨᠰᠤᠬᠠᠢ ᠨᠡᠩ ᠰᠠᠶᠢᠨ ᠰᠠᠶᠢᠬᠠᠨ ᠢᠷᠡᠭᠡᠳᠦᠢ ᠪᠠᠨ ᠤᠭᠲᠤᠨ ᠠᠪᠴᠢᠷᠠᠬᠤ ᠪᠣᠯᠤᠨ᠎ᠠ ᠭᠡᠪᠡ᠃      ᠪᠠᠶᠠᠨᠨᠠᠭᠤᠷ ᠤᠨ ᠬᠤᠳᠠ ᠶᠢᠨ ᠦᠨᠳᠦᠰᠦᠲᠡᠨ ᠤ ᠬᠡᠷᠡᠭ ᠡᠷᠬᠢᠯᠡᠬᠦ ᠵᠥᠪᠯᠡᠯ ᠤᠨ ᠳᠡᠳ᠋ ᠡᠷᠬᠢᠯᠡᠭᠴᠢ ᠶᠤᠸᠠᠨ ᠵᠦᠩ ᠯᠢ ᠭᠡᠯᠡᠭᠦ ᠳᠡᠭᠡᠨ᠂ ᠰᠢ ᠶᠢᠨ ᠫᠢᠩ ᠶᠡᠷᠦᠩᠬᠡᠶ ᠱᠦᠵᠢ ᠶᠢᠨ ᠥᠪᠥᠷ ᠮᠣᠩᠭᠤᠯ ᠪᠠ ᠪᠠᠶᠠᠨᠨᠠᠭᠤᠷ ᠲᠤ ᠰᠢᠨᠵᠢᠯᠡᠨ ᠪᠠᠶᠢᠴᠠᠭᠠᠬᠤ ᠦᠶ᠎ᠡ ᠶᠢᠨ ᠴᠢᠬᠤᠯᠠ ᠵᠢᠭᠠᠪᠤᠷᠢ ᠪᠣᠯᠤᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠰᠤᠷᠤᠯᠴᠠᠨ ᠲᠤᠭᠤᠰᠢᠯᠠᠭᠤᠯᠵᠤ᠂ ᠪᠥᠬᠦ ᠤᠯᠤᠰ ᠤᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶ᠎ᠡ ᠦᠵᠡᠭᠦᠯᠬᠦ ᠬᠤᠲᠠ ᠶᠢ ᠡᠭᠦᠳᠦᠨ ᠪᠠᠶᠢᠭᠤᠯᠬᠤ ᠠᠵᠢᠯ ᠢ ᠥᠷᠨᠢᠭᠦᠯᠬᠦ ᠪᠠᠷ ᠭᠤᠤᠯ ᠭᠠᠷᠳᠠᠴᠠ ᠪᠣᠯᠭᠠᠵᠤ᠂ ᠭᠤᠷᠪᠠᠨ ᠵᠦᠢᠯ ᠤᠨ ᠲᠥᠯᠥᠪᠯᠡᠭᠡ ᠶᠢ ᠦᠨᠡᠨ ᠬᠦ ᠨᠠᠶᠢᠳᠠᠪᠤᠷᠢᠵᠢᠭᠤᠯᠤᠨ᠂ ᠰᠢᠨ᠎ᠡ ᠴᠠᠭ ᠦᠶ᠎ᠡ ᠶᠢᠨ ᠨᠠᠮ ᠤᠨ ᠦᠨᠳᠦᠰᠦᠲᠡᠨ ᠤ ᠠᠵᠢᠯ ᠤᠨ ᠲᠠᠪᠤᠨ ᠵᠦᠢᠯ ᠤᠨ ᠭᠤᠤᠯᠳᠠᠯᠭ᠎ᠠ ᠲᠠᠢ ᠡᠭᠦᠷᠭᠡ ᠶᠢ ᠯᠠᠪᠳᠠᠭᠤᠨ ᠢᠶᠠᠷ ᠠᠬᠢᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ  ᠶᠢᠨ  ᠤᠬᠠᠮᠰᠠᠷ  ᠤᠨ ᠡᠯ᠎ᠡ  ᠵᠦᠢᠯ  ᠤᠨ  ᠠᠵᠢᠯ  ᠢ  ᠪᠦᠲᠦᠮᠵᠢᠲᠡᠶ  ᠪᠠᠷ  ᠨᠠᠷᠢᠯᠢᠭ  ᠪᠣᠳᠠᠲᠠᠶ  ᠬᠢᠵᠦ᠂ ᠦᠨᠳᠦᠰᠦᠲᠡᠨ ᠤ ᠠᠵᠢᠯ ᠤᠨ ᠴᠢᠨᠠᠷ ᠰᠠᠶᠢᠲᠠᠢ ᠬᠥᠭᠵᠢᠯᠲᠡ ᠶᠢᠨ ᠪᠣᠳᠠᠲᠤ ᠠᠵᠢᠯᠯᠠᠭ᠎ᠠ ᠪᠠᠷ ᠢᠶᠠᠨ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠪᠠᠶᠠᠨᠨᠠᠭᠤᠷ ᠲᠠᠬᠢ ᠳᠣᠲᠣᠨᠣ ᠬᠠᠯᠠᠮᠵᠢᠯᠠᠯ ᠢ ᠬᠠᠷᠢᠭᠤᠯᠤᠨ᠎ᠠ ᠭᠡᠪᠡ᠃     
ᠢᠷᠡᠯᠲᠡ᠄ ᠪᠠᠶᠠᠨᠨᠠᠭᠤᠷ ᠤᠨ ᠮᠣᠩᠭᠤᠯ ᠷᠠᠳᠢᠣ᠋ ᠲᠧᠯᠸᠢᠰ