ᠤᠢ ᠰᠢᠭᠤᠢ ᠶᠢᠨ ᠠᠵᠤ ᠦᠢᠯᠡᠰ ᠢ ᠶᠡᠭᠡ ᠪᠠᠷ ᠬᠥᠭᠵᠢᠭᠦᠯᠵᠦ᠂ ᠤᠢ ᠰᠢᠭᠤᠢ ᠶᠢᠨ ᠠᠵᠤ ᠠᠬᠤᠢ᠂ ᠠᠮᠢ ᠠᠬᠤᠢ ᠪᠠ ᠨᠡᠶᠢᠭᠡᠮ ᠤᠨ ᠦᠷ᠎ᠡ ᠠᠰᠢᠭ ᠢ | ᠵᠡᠷᠭᠡ ᠪᠠᠷ ᠨᠡᠮᠡᠭᠳᠡᠭᠦᠯᠬᠦ ᠶᠢ ᠪᠡᠶᠡᠯᠡᠭᠦᠯᠬᠦ ᠶᠢᠨ ᠲᠥᠯᠥᠭᠡ᠂ ᠮᠠᠨ ᠤ ᠬᠤᠳᠠ ᠦᠢᠯᠡᠳᠦᠯᠭᠡ ᠶᠢᠨ ᠲᠠᠯ᠎ᠠ ᠪᠠᠷ ᠳᠠᠰᠤᠷᠠᠯᠳᠠ ᠦᠭᠡᠢ ᠰᠢᠨ᠎ᠡ ᠶᠢ ᠡᠬᠦᠳᠴᠦ᠂ ︽ᠣᠶ | ᠰᠢᠭᠤᠢ︾ ᠶᠢᠨ ᠠᠵᠤ ᠠᠬᠤᠢ ᠶᠢ ᠠᠮᠢᠳᠤᠯᠢᠭ ᠪᠤᠯᠭᠠᠨ᠂ ︽ᠣᠶ ᠰᠢᠭᠤᠢ︾ ᠶᠢᠨ ᠦᠷ᠎ᠡ ᠠᠰᠢᠭ ᠢ ᠲᠡᠬᠡᠭᠰᠢᠯᠡᠬᠦᠯᠵᠤ ᠪᠠᠶᠢᠨ᠎ᠠ᠃ | ᠵᠤᠨ ᠤ ᠤᠯᠠᠷᠢᠯ ᠤᠨ ᠤᠷᠠᠳ ᠤᠨ ᠬᠤᠶᠢᠲᠤ ᠬᠤᠰᠢᠭᠤᠨ ᠤ ᠰᠢᠨ ᠬᠤᠩ ᠤᠢ ᠰᠢᠭᠤᠢ ᠶᠢᠨ ᠲᠠᠯᠠᠪᠠᠢ ᠳᠤ ᠡᠪᠡᠰᠦ ᠮᠣᠳᠣ ᠬᠥᠬᠡᠷᠡᠨ ᠨᠣᠭᠤᠭᠠᠷᠠᠵᠤ᠂ | ᠠᠮᠢᠵᠢᠷᠠᠯ ᠤᠨ ᠬᠦᠴᠦᠨ ᠢᠶᠠᠷ ᠪᠢᠯᠬᠠᠷᠠᠨ᠎ᠠ᠃ ᠤᠢ ᠰᠢᠭᠤᠢ ᠶᠢᠨ ᠲᠠᠯᠠᠪᠠᠢ ᠶᠢᠨ ᠮᠡᠷᠭᠡᠵᠢᠯᠲᠡᠨ᠂ ᠠᠵᠢᠯᠲᠠᠨ ᠠᠵᠢᠯᠴᠢᠳ᠂ ᠰᠢᠬᠢᠷ ᠡᠪᠡᠰᠦ᠂ ᠵᠢᠷᠤᠭᠪᠠ ᠵᠡᠷᠭᠡ | ᠬᠢᠲᠠᠳ ᠡᠮ ᠤᠨ ᠤᠷᠭᠤᠮᠠᠯ ᠤᠨ ᠤᠷᠭᠤᠯᠲᠠ ᠶᠢᠨ ᠪᠠᠶᠢᠳᠠᠯ ᠢ ᠪᠠᠶᠢᠴᠠᠭᠠᠨ ᠦᠵᠡᠬᠦ ᠶᠢᠨ ᠬᠠᠮᠳᠤ ᠰᠢᠨ᠎ᠡ ᠪᠠᠷ ᠵᠠᠶᠢᠯᠠᠭᠰᠠᠨ ᠠᠵᠤ ᠠᠬᠤᠢ ᠶᠢᠨ ᠴᠢᠬᠢ ᠮᠣᠳᠣ ᠶᠢ | ᠨᠠᠷᠢᠨ ᠨᠢᠮᠪᠠᠢ ᠠᠷᠠᠴᠢᠯᠠᠨ ᠳᠣᠳᠣᠮᠳᠠᠵᠤ ᠪᠠᠶᠢᠯ᠎ᠠ᠃ | ᠣᠶ ᠰᠢᠭᠤᠢ ᠶᠢᠨ ᠲᠠᠯᠠᠪᠠᠶ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠦᠢᠯᠡᠴᠢᠯᠡᠭᠡᠨ ᠤ ᠠᠵᠢᠯᠲᠠᠨ ᠾᠧᠦ ᠲᠤᠸ ᠶᠢᠨ ᠬᠡᠯᠡᠬᠦ ᠪᠠᠷ᠂ ᠤᠷᠠᠳ ᠤᠨ ᠬᠤᠶᠢᠲᠤ | ᠬᠤᠰᠢᠭᠤᠨ ᠤ ᠨᠤᠲᠤᠭ ᠳᠡᠪᠢᠰᠬᠡᠷ ᠥᠷᠭᠡᠨ ᠠᠭᠤᠳᠠᠮ᠂ ᠪᠠᠶᠢᠭᠠᠯᠢ ᠶᠢᠨ ᠨᠥᠬᠦᠴᠡᠯ ᠲᠣᠬᠢᠷᠠᠮᠵᠢᠲᠠᠢ᠂ ᠣᠶ ᠶᠢᠨ ᠬᠤᠷᠮᠣᠢ ᠶᠢᠨ ᠠᠵᠤ ᠠᠬᠤᠢ ᠶᠢ ᠬᠥᠭᠵᠢᠭᠦᠯᠬᠦ ᠳᠤ | ᠵᠣᠬᠢᠬᠤ ᠳᠠᠪᠠᠭᠤᠯᠢᠭ ᠪᠠ ᠳᠠᠯᠳᠠ ᠬᠦᠴᠦᠨ ᠲᠠᠢ ᠶᠤᠮ᠂ ᠡᠨᠡ ᠵᠢᠯ ᠤᠨ ᠬᠢᠲᠠᠳ ᠡᠪᠡᠰᠦᠨ ᠡᠮ ᠳᠠᠷᠢᠬᠤ ᠠᠵᠢᠯ ᠠᠩᠬ᠎ᠠ ᠠᠯᠬᠤᠮ ᠤᠨ ᠦᠷ᠎ᠡ ᠪᠦᠲᠦᠮᠵᠢ ᠣᠯᠪᠠ᠂ | ᠢᠷᠡᠭᠡᠳᠦᠢ ᠳᠤ ᠪᠢᠳᠡ ᠦᠷᠭᠦᠯᠵᠢᠯᠡᠨ ᠠᠮᠢ ᠠᠬᠤᠢ ᠶᠢᠨ ᠣᠷᠴᠢᠨ ᠲᠣᠭᠤᠷᠢᠨ ᠢ ᠡᠪᠳᠡᠬᠦ ᠦᠭᠡᠢ ᠤᠷᠢᠲᠠᠯ ᠲᠤᠤᠷ᠎ᠠ ᠮᠡᠷᠭᠡᠵᠢᠯ ᠤᠨ ᠦᠢᠯᠡᠴᠢᠯᠡᠭᠡ ᠶᠢ ᠰᠠᠶᠢᠲᠤᠷ | ᠬᠠᠩᠭᠠᠵᠤ᠂ ᠤᠷᠠᠳ ᠤᠨ ᠬᠤᠶᠢᠲᠤ ᠬᠤᠰᠢᠭᠤᠨ ᠤ ᠣᠶ ᠰᠢᠭᠤᠢ ᠶᠢᠨ ᠠᠵᠤ ᠦᠢᠯᠡᠰ ᠤᠨ ᠴᠢᠨᠠᠷ ᠰᠠᠶᠢᠲᠠᠢ ᠬᠥᠭᠵᠢᠯᠲᠡ ᠳᠤ ᠬᠦᠴᠦᠨ ᠨᠡᠮᠡᠷᠢᠯᠡᠨ᠎ᠡ ᠬᠡᠵᠤ ᠪᠠᠶᠢᠪᠠ᠃ | | ᠡᠨᠡ ᠵᠢᠯ᠂ ᠤᠷᠠᠳ ᠤᠨ ᠬᠤᠶᠢᠲᠤ ᠬᠤᠰᠢᠭᠤᠨ ᠤ ᠰᠢᠨ ᠬᠤᠩ ᠣᠶ ᠰᠢᠭᠤᠢ ᠶᠢᠨ ᠬᠠᠮᠢᠶᠠᠷᠤᠯᠲᠠ ᠶᠢᠨ ᠲᠥᠪ ᠣᠲᠣ ᠶᠢᠨ ᠪᠠᠶᠢᠭ᠎ᠠ ᠤᠢ ᠰᠢᠭᠤᠢ ᠳᠠᠭᠠᠨ | ᠲᠦᠰᠢᠭᠯᠡᠨ᠂ 816 ᠮᠦ ᠲᠠᠯᠠᠪᠠᠶ ᠲᠠᠢ ᠠᠵᠤ ᠠᠬᠤᠢ ᠶᠢᠨ ᠣᠶ ᠶᠢᠨ ᠵᠢᠱᠢᠶ᠎ᠡ ᠦᠵᠡᠭᠦᠯᠬᠦ ᠬᠦᠷᠢᠶᠡᠯᠡᠩ ᠲᠣᠭᠤᠷᠢᠭ ᠢ ᠪᠦᠲᠦᠭᠡᠨ ᠪᠠᠶᠢᠭᠤᠯᠵᠤ᠂ ᠰᠢᠬᠢᠷ ᠡᠪᠡᠰᠦ᠂ | ᠵᠢᠷᠤᠭᠪᠠ ᠦᠰᠦᠲᠦ ᠲᠠᠤᠯᠠᠢ ᠶᠢᠨ ᠮᠠᠩᠭᠢᠷ᠂ ᠬᠦᠬᠦᠷᠬᠡᠨᠡ ᠶᠢᠨ ᠦᠨᠳᠦᠰᠦ᠂ ᠴᠠᠰᠤᠲᠤ ᠤᠳᠪᠠᠯᠠ ᠵᠡᠷᠭᠡ ᠬᠢᠲᠠᠳ ᠡᠮ ᠤᠨ ᠮᠠᠲ᠋ᠧᠷᠢᠶᠠᠯ ᠢ ᠲᠠᠷᠢᠬᠤ ᠶᠢᠨ ᠬᠠᠮᠲᠤ᠂ | ᠬᠦᠷᠢᠶᠡᠯᠡᠩ ᠲᠣᠭᠤᠷᠢᠭ ᠲᠤ ᠴᠢᠬᠢ ᠮᠣᠳᠣ ᠶᠢ ᠣᠷᠣᠨ ᠬᠤᠪᠢᠶᠠᠨ ᠵᠠᠶᠢᠯᠠᠵᠤ᠂ ᠣᠶ ᠮᠣᠳᠣ ᠶᠢ ᠲᠡᠷᠢ ᠲᠡᠭᠰᠢ᠂ ᠴᠡᠴᠡᠭᠯᠡᠬᠦ ᠬᠤᠭᠤᠴᠠᠭ᠎ᠠ ᠶᠢ ᠰᠣᠯᠪᠢᠴᠠᠭᠤᠯᠤᠨ᠂ | ᠪᠣᠯᠪᠠᠰᠤᠷᠠᠬᠤ ᠬᠤᠭᠤᠴᠠᠭ᠎ᠠ ᠶᠢ ᠦᠷᠭᠦᠯᠵᠢᠯᠡᠭᠦᠯᠵᠦ᠂ ᠴᠡᠴᠡᠭ ᠰᠣᠨᠢᠷᠬᠠᠬᠤ᠂ ᠨᠠᠪᠴᠢ ᠰᠣᠨᠢᠷᠬᠠᠬᠤ᠂ ᠵᠢᠮᠢᠰ ᠰᠣᠨᠢᠷᠬᠠᠬᠤ ᠳᠤ ᠲᠣᠰ ᠲᠣᠰ ᠤᠨ ᠴᠠᠭ ᠤᠨ | ᠪᠠᠶᠢᠳᠠᠯ ᠲᠠᠢ ᠪᠠᠶᠢᠯᠭᠠᠬᠤ᠂ ᠰᠣᠨᠢᠷᠬᠠᠬᠤ᠂ ᠲᠡᠭᠦᠬᠦ᠂ ᠰᠢᠨᠵᠢᠯᠡᠬᠦ ᠤᠬᠠᠭᠠᠨ ᠰᠤᠷᠭᠠᠨ ᠬᠥᠮᠦᠵᠢᠯ ᠵᠡᠷᠭᠡ ᠣᠯᠠᠨ ᠵᠦᠢᠯ ᠤᠨ ᠴᠢᠳᠠᠮᠵᠢ ᠶᠢ ᠨᠢᠭᠡ ᠴᠣᠭᠴᠠᠵᠢᠭᠤᠯᠬᠤ | ᠵᠣᠷᠢᠯᠭ᠎ᠠ ᠶᠢ ᠪᠡᠶᠡᠯᠡᠬᠦᠯᠦᠭᠰᠡᠨ ᠪᠠᠶᠢᠨ᠎ᠠ᠃ | ᠰᠢᠨ ᠬᠤᠩ ᠤᠢ ᠰᠢᠭᠤᠢ ᠶᠢᠨ ᠬᠠᠮᠢᠶᠠᠷᠤᠯᠲᠠ ᠶᠢᠨ ᠲᠥᠪ ᠤᠨ ᠡᠷᠬᠢᠯᠡᠭᠴᠢ ᠬᠤᠤ ᠵᠢᠶᠠᠨ ᠮᠢᠩ ᠠᠴᠠ ᠰᠤᠷᠪᠤᠯᠵᠢᠯᠠᠭᠴᠢ ᠳᠤ᠂ ᠤᠤᠯ ᠨᠢ ᠡᠨᠡᠬᠦ ᠠᠵᠤ ᠠᠬᠤᠢ ᠶᠢᠨ | ᠤᠢ ᠨᠢ ᠡᠯᠡᠰᠦᠷᠬᠡᠭ ᠭᠠᠵᠠᠷ ᠪᠠᠶᠢᠵᠠᠢ᠂ ᠪᠢᠳᠡ ᠤᠷᠭᠤᠮᠠᠯ ᠤᠨ ᠬᠤᠴᠢᠯᠭ᠎ᠠ ᠶᠢ ᠰᠡᠷᠭᠦᠭᠡᠬᠦ ᠲᠦᠷᠦᠯ ᠵᠦᠢᠯ ᠳᠤ ᠲᠦᠰᠢᠭᠯᠡᠨ᠂ ᠥᠨᠳᠥᠷ ᠪᠠᠷᠢᠮᠵᠢᠶᠠᠲᠤ ᠠᠵᠤ | ᠠᠬᠤᠢ ᠶᠢᠨ ᠤᠢ ᠶᠢᠨ ᠵᠢᠱᠢᠶ᠎ᠡ ᠦᠵᠡᠭᠦᠯᠬᠦ ᠬᠦᠷᠢᠶᠡᠯᠡᠩ ᠲᠣᠭᠤᠷᠢᠭ ᠢ ᠪᠠᠶᠢᠭᠤᠯᠵᠤ᠂ ᠤᠢ ᠶᠢᠨ ᠬᠤᠷᠮᠣᠢ ᠶᠢᠨ ᠠᠵᠤ ᠠᠬᠤᠢ ᠶᠢ ᠬᠦᠭᠵᠢᠬᠦᠯᠵᠤ᠂ ᠰᠠᠯᠬᠢᠨ ᠢ | ᠬᠠᠯᠬᠠᠯᠠᠨ ᠡᠯᠡᠰᠦ ᠶᠢ ᠲᠣᠭᠲᠠᠪᠤᠷᠢᠵᠢᠭᠤᠯᠵᠤ᠂ ᠠᠮᠢ ᠠᠬᠤᠢ ᠶᠢ ᠰᠡᠷᠭᠦᠭᠡᠬᠦ ᠦᠢᠯᠡᠳᠦᠯ ᠲᠠᠢ ᠮᠦᠷᠳᠡᠬᠡᠨ ᠪᠠᠰᠠ ᠠᠵᠤ ᠠᠬᠤᠢ ᠶᠢᠨ ᠦᠷ᠎ᠡ ᠠᠰᠢᠭ ᠢ | ᠨᠡᠮᠡᠭᠳᠡᠬᠦᠯᠦᠭᠰᠡᠨ ᠬᠡᠵᠤ ᠪᠠᠶᠢᠯ᠎ᠠ᠃ | ᠮᠠᠨ ᠤ ᠬᠤᠲᠠ ᠣᠶ ᠶᠢᠨ ᠬᠤᠷᠮᠣᠢ ᠶᠢᠨ ᠠᠵᠤ ᠠᠬᠤᠢ ᠶᠢᠨ ᠬᠥᠭᠵᠢᠯᠲᠡ ᠶᠢᠨ ᠰᠢᠨ᠎ᠡ ᠵᠠᠭᠪᠤᠷ ᠢ ᠢᠳᠡᠪᠬᠢᠲᠡᠢ ᠪᠠᠷ ᠬᠠᠶᠢᠨ ᠰᠦᠪᠡᠭᠴᠢᠯᠡᠵᠦ᠂ ᠣᠶ ᠶᠢᠨ | ᠬᠤᠷᠮᠣᠢ ᠶᠢᠨ ᠡᠯᠪᠡᠭ ᠪᠠᠶᠠᠯᠢᠭ ᠡᠬᠢ ᠪᠠᠶᠠᠯᠢᠭ ᠢ ᠭᠦᠢᠴᠡᠳ ᠠᠰᠢᠭᠯᠠᠨ ᠲᠠᠷᠢᠮᠠᠯ ᠤᠨ ᠦᠢᠯᠡᠰ ᠪᠠ ᠪᠣᠰᠤᠭ᠎ᠠ ᠴᠣᠭᠴᠠᠲᠤ ᠲᠡᠵᠢᠭᠡᠨ ᠦᠷᠡᠵᠢᠭᠦᠯᠦᠯᠲᠡ ᠶᠢ | ᠬᠥᠭᠵᠢᠭᠦᠯᠵᠦ᠂ ᠭᠠᠵᠠᠷ ᠣᠷᠣᠨ ᠤ ᠪᠠᠶᠢᠳᠠᠯ ᠳᠤᠨᠢ ᠲᠣᠬᠢᠷᠠᠭᠤᠯᠤᠨ ᠣᠶ ᠰᠢᠭᠤᠢ ᠶᠢᠨ ᠡᠮ᠂ ᠣᠶ ᠰᠢᠭᠤᠢ ᠶᠢᠨ ᠵᠢᠮᠢᠰ᠂ ᠣᠶ ᠰᠢᠭᠤᠢ ᠶᠢ ᠠᠮᠤ ᠪᠤᠳᠠᠭ᠎ᠠ ᠵᠡᠷᠭᠡ | ᠠᠵᠤ ᠦᠢᠯᠡᠰ ᠢ ᠨᠡᠭᠡᠭᠡᠨ ᠬᠥᠭᠵᠢᠭᠦᠯᠵᠦ᠂ ᠣᠶ ᠶᠢᠨ ᠬᠤᠷᠮᠣᠢ ᠳᠤ ᠲᠠᠬᠢᠶ᠎ᠠ᠂ ᠨᠤᠭᠤᠰᠤ᠂ ᠭᠠᠯᠠᠭᠤ ᠵᠡᠷᠭᠡ ᠣᠶ ᠰᠢᠭᠤᠢ ᠶᠢ ᠵᠢᠭᠦᠷᠲᠡᠨ ᠲᠡᠵᠢᠭᠡᠬᠦ ᠵᠠᠭᠪᠤᠷ ᠵᠢᠴᠢ | ᠣᠶ ᠶᠢᠨ ᠬᠤᠷᠮᠣᠢ ᠳᠤ ᠬᠤᠨᠢ ᠲᠡᠵᠢᠭᠡᠬᠦ ᠪᠠᠷ ᠭᠤᠣᠯ ᠪᠣᠯᠭᠠᠭᠰᠠᠨ ᠣᠶ ᠰᠢᠭᠤᠢ ᠶᠢᠨ ᠮᠠᠯ ᠤᠨ ᠵᠠᠭᠪᠤᠷ ᠢ ᠲᠦᠯᠬᠢᠨ ᠠᠬᠢᠭᠤᠯᠵᠤ ᠪᠠᠶᠢᠨ᠎ᠠ᠃ ᠣᠲᠣ ᠪᠣᠯᠲᠠᠯ᠎ᠠ᠂ | ᠪᠥᠬᠦ ᠬᠤᠲᠠ ᠶᠢᠨ ᠣᠶ ᠶᠢᠨ ᠬᠤᠷᠮᠣᠢ ᠶᠢᠨ ᠠᠵᠤ ᠠᠬᠤᠢ ᠶᠢᠨ ᠲᠠᠯᠠᠪᠠᠶ 19.075 ᠲᠦᠮᠡᠨ ᠮᠦ ᠳᠤ ᠬᠦᠷᠴᠡᠢ᠃ ᠡᠭᠦᠨ ᠳᠤ ᠂ ᠣᠶ ᠶᠢᠨ ᠬᠤᠷᠮᠣᠢ ᠳᠤ | 18.915 ᠲᠦᠮᠡᠨ ᠮᠦ ᠲᠠᠷᠢᠮᠠᠯ ᠳᠠᠷᠢᠵᠤ᠂ ᠣᠶ ᠶᠢᠨ ᠬᠤᠷᠮᠣᠢ ᠶᠢᠨ 0.16 ᠲᠦᠮᠡᠨ ᠮᠦ ᠳᠤ ᠲᠡᠵᠢᠬᠡᠪᠤᠷᠢ ᠡᠷᠬᠢᠯᠡᠵᠤ᠂ ᠲᠠᠷᠢᠶᠠᠴᠢᠨ ᠡᠷᠦᠬᠡ ᠶᠢ ᠬᠥᠲᠥᠯᠥᠨ | ᠵᠢᠯᠤᠭᠤᠳᠴᠤ ᠪᠠᠶᠢᠭᠠᠳ ᠣᠶ ᠶᠢᠨ ᠬᠤᠷᠮᠣᠢ ᠶᠢᠨ ᠠᠵᠤ ᠠᠬᠤᠢ ᠶᠢᠨ ᠲᠠᠷᠢᠶᠠᠴᠢᠨ ᠤ ᠬᠤᠷᠰᠢᠶᠠᠵᠢᠯ ᠢ 17 ᠪᠠᠶᠢᠭᠤᠯᠵᠤ᠂ ᠡᠭᠦᠨ ᠳᠤ᠂ ᠤᠯᠤᠰ ᠤᠨ ᠲᠠᠰ ᠤᠨ | ᠣᠶ ᠶᠢᠨ ᠬᠤᠷᠮᠣᠢ ᠶᠢᠨ ᠠᠵᠤ ᠠᠬᠤᠢ ᠶᠢᠨ ᠵᠢᠱᠢᠶ᠎ᠡ ᠦᠵᠡᠭᠦᠯᠬᠦ ᠰᠠᠭᠤᠷᠢᠨ ᠭᠠᠵᠠᠷ 5 ᠪᠠᠶᠢᠵᠤ᠂ 15000 ᠭᠠᠷᠤᠢ ᠲᠠᠷᠢᠶᠠᠴᠢᠨ ᠡᠷᠦᠬᠡ ᠳᠤ ᠠᠰᠢᠭ | ᠬᠦᠷᠲᠡᠭᠡᠪᠡ᠃ | | | | | |