ᠨᠢᠭᠡ ᠮᠥᠬᠦᠯᠢᠭ ᠦᠷ᠎ᠡ ᠨᠢ ᠨᠢᠭᠡ ᠬᠤᠪᠢ ᠬᠦᠰᠡᠯ ᠡᠷᠡᠮᠡᠯᠵᠡᠯ ᠢ ᠪᠣᠶᠢᠵᠢᠭᠤᠯᠳᠠᠭ᠃ ᠮᠠᠨ ᠤ ᠤᠯᠤᠰ ᠲᠤ᠂ ᠬᠠᠲᠤᠨ ᠭᠤᠣᠯ ᠳᠠᠭᠠᠤ ᠶᠢᠨ ᠣᠯᠠᠩᠬᠢ ᠨᠢ | ᠭᠠᠩ ᠬᠠᠭᠤᠷᠠᠢ ᠪᠠ ᠬᠠᠭᠠᠰ ᠭᠠᠩ ᠬᠠᠭᠤᠷᠠᠢ ᠠᠭᠤᠷ ᠠᠮᠢᠰᠬᠤᠯ ᠲᠠᠢ ᠪᠠᠶᠢᠵᠤ᠂ ᠬᠠᠲᠤᠨ ᠭᠤᠣᠯ ᠠᠴᠠ ᠤᠮᠠᠷᠠᠰᠢᠬᠢ ᠵᠢᠯ ᠤᠨ ᠳᠤᠮᠳᠠᠴᠢ ᠬᠤᠷ᠎ᠠ ᠲᠤᠨᠳᠠᠰᠤᠨ ᠤ | ᠬᠡᠮᠵᠢᠶ᠎ᠡ ᠨᠢ ᠬᠤᠶᠠᠷ ᠵᠠᠭᠤᠨ ᠮᠢᠯᠢᠮᠧᠲᠷ ᠲᠤ ᠬᠦᠷᠬᠦ ᠦᠭᠡᠢ ᠪᠠᠶᠢᠳᠠᠭ᠃ ᠡᠨᠡ ᠨᠢ ᠪᠠᠷᠠᠭᠤᠨ ᠠᠴᠠ ᠵᠡᠭᠦᠨᠰᠢ ᠬᠡᠳᠦᠨ ᠮᠢᠩᠭᠠᠨ ᠺᠢᠯᠣᠮᠧᠲᠷ ᠦᠷᠬᠦᠯᠵᠢᠯᠡᠬᠦ ᠠᠯᠲᠠᠨ | ᠰᠢᠷᠭᠠᠯ ᠨᠡᠷᠡᠨ ᠬᠤᠸᠠᠷ ᠳᠠᠷᠢᠬᠤ ᠠᠵᠤ ᠦᠢᠯᠡᠰ ᠤᠨ ᠪᠦᠰᠡ ᠪᠣᠯᠣᠨ᠎ᠠ᠃ ᠡᠳᠡᠭᠡᠷ ᠨᠡᠷᠡᠨ ᠬᠤᠸᠠᠷ ᠤᠨ ᠦᠷ᠎ᠡ ᠶᠢᠨ 40% ᠨᠢ ᠪᠦᠷ ᠪᠠᠶᠠᠨᠨᠠᠭᠤᠷ ᠬᠤᠳᠠ ᠠᠴᠠ | ᠢᠷᠡᠯᠲᠡ ᠲᠠᠢ ᠪᠠᠶᠢᠳᠠᠭ᠃ ᠨᠢᠭᠡᠨ ᠵᠢᠵᠢᠭᠬᠡᠨ ᠦᠷ᠎ᠡ ᠶᠠᠭᠤᠨ ᠳᠤ ᠲᠦᠰᠢᠭᠯᠡᠨ ᠮᠢᠩᠭᠠᠨ ᠭᠠᠵᠠᠷ ᠠᠶᠠᠯᠠᠵᠤ ᠴᠢᠳᠠᠳᠠᠭ ᠪᠤᠢ᠂ ᠪᠢᠳᠡ ᠬᠠᠮᠲᠤ ᠪᠠᠷ ᠭᠠᠨᠰᠤ ᠶᠢᠨ ᠦ᠋ | ᠸᠧᠢ ᠳᠤ ᠬᠦᠷᠴᠦ ᠦᠵᠡᠵᠡᠬᠡᠶᠡ᠃ | ᠠᠳᠡ ᠪᠣᠯ ᠭᠠᠨᠰᠤ ᠮᠤᠵᠢ ᠵᠢᠨᠦ᠋ ᠸᠧᠢ ᠬᠤᠳᠠ ᠶᠢᠨ ᠭᠠᠨᠰᠤ ᠶᠢᠨ ᠰᠠᠨ ᠷᠦᠢ ᠦᠷ᠎ᠡ ᠪᠣᠶᠢᠵᠢᠭᠤᠯᠬᠤ ᠰᠠᠭᠤᠷᠢᠨ ᠭᠠᠵᠠᠷ ᠪᠣᠯᠣᠨ᠎ᠠ᠂ ᠡᠳᠡᠬᠡᠷ ᠨᠡᠷᠡᠨ | ᠬᠤᠸᠠᠷ ᠪᠦᠷ ᠪᠠᠶᠠᠨᠨᠠᠭᠤᠷ ᠬᠤᠳᠠ ᠠᠴᠠ ᠢᠷᠡᠯᠲᠡ ᠲᠠᠢ᠃ ᠲᠡᠳᠡ ᠡᠩ ᠤᠨ ᠨᠡᠷᠡᠨ ᠬᠤᠸᠠᠷ ᠲᠠᠢ ᠠᠳᠠᠯᠢ ᠦᠭᠡᠢ᠂ ᠳᠠᠷᠢᠵᠤ ᠤᠷᠭᠤᠭᠤᠯᠬᠤ ᠶᠢ ᠮᠤ᠋ ᠪᠠᠷ ᠪᠤᠳᠤᠬᠤ | ᠪᠢᠰᠢ᠂ ᠬᠠᠷᠢᠨ ᠬᠤᠪᠢ ᠪᠠᠷ ᠨᠢ ᠪᠤᠳᠤᠳᠠᠭ᠃ ᠨᠢᠭᠡ ᠰᠠᠭᠤᠷᠢ ᠨᠡᠷᠡᠨ ᠬᠤᠸᠠᠷ ᠨᠢ ᠪᠦᠷ ᠠᠳᠠᠯᠢ ᠪᠤᠰᠤ ᠶᠢᠨ ᠦᠷ᠎ᠡ ᠡᠳ᠋ ᠤᠨ ᠡᠬᠢ ᠪᠠᠶᠠᠯᠢᠭ ᠤᠨ ᠮᠠᠲ᠋ᠧᠷᠢᠶᠠᠯ | ᠪᠣᠯᠬᠤ ᠶᠤᠮ᠃ ᠠᠳᠡ ᠨᠡᠶᠢᠲᠡ ᠮᠢᠩᠭ᠎ᠠ ᠭᠤᠷᠪᠠᠨ ᠵᠠᠭᠤ ᠭᠠᠷᠤᠢ ᠬᠤᠪᠢ ᠮᠠᠲ᠋ᠧᠷᠢᠶᠠᠯ ᠳᠠᠷᠢᠵᠠᠢ᠃ ᠢᠷᠡᠭᠡᠳᠦᠢ ᠳᠤ ᠠᠳᠠᠯᠢ ᠪᠤᠰᠤ ᠰᠢᠨᠵᠢ ᠪᠠᠶᠢᠳᠠᠯ ᠲᠠᠢ ᠨᠡᠷᠡᠨ | ᠬᠤᠸᠠᠷ ᠤᠨ ᠦᠷ᠎ᠡ ᠲᠠᠪᠤᠨ ᠵᠠᠭᠤ ᠭᠠᠷᠤᠢ ᠬᠤᠪᠢ ᠭᠠᠷᠬᠤ ᠪᠣᠯᠣᠨ᠎ᠠ᠃ ᠡᠳᠡᠭᠡᠷ ᠦᠷ᠎ᠡ ᠠᠳᠡ ᠠᠴᠠ ᠪᠦᠬᠦ ᠤᠯᠤᠰ ᠤᠨ ᠡᠯ᠎ᠡ ᠭᠠᠵᠠᠷ ᠲᠤ ᠬᠦᠷᠬᠦ ᠪᠣᠯᠣᠨ᠎ᠠ᠃ | ᠰᠠᠨ ᠷᠦᠢ ᠲᠠᠷᠢᠶᠠᠯᠠᠩ ᠤᠨ ᠰᠢᠨᠵᠢᠯᠡᠬᠦ ᠤᠬᠠᠭᠠᠨ ᠤ ᠪᠦᠯᠦᠭᠯᠡᠯ ᠤᠨ ᠶᠡᠷᠦᠩᠬᠡᠢ ᠲᠠᠷᠢᠶᠠᠯᠠᠩ ᠤᠨ ᠮᠡᠷᠭᠡᠵᠢᠯᠲᠡᠨ ᠯᠢ ᠯᠢᠶᠠᠨ ᠱᠧ ᠶᠢᠨ ᠬᠡᠯᠡᠬᠦ ᠪᠠᠷ᠂ ᠰᠠᠨ | ᠷᠦᠢ ᠶᠢᠨ ᠦᠷ᠎ᠡ ᠤᠳᠤ ᠰᠢᠨᠵᠢᠶᠠᠩ᠂ ᠭᠠᠨᠰᠤ᠂ ᠥᠪᠥᠷ ᠮᠣᠩᠭᠤᠯ᠂ ᠱᠠᠨᠰᠢ᠂ ᠱᠠᠨᠰᠢ ᠶᠢᠨ ᠬᠤᠶᠢᠲᠤ ᠬᠡᠰᠡᠭ ᠪᠣᠯᠣᠨ ᠵᠡᠭᠦᠨ ᠬᠤᠶᠢᠲᠤ ᠣᠷᠣᠨ ᠢ ᠪᠦᠷᠬᠦᠵᠤ᠂ | ᠪᠦᠬᠦ ᠤᠯᠤᠰ ᠤᠨ ᠪᠤᠶ ᠪᠦᠬᠦᠢ ᠨᠡᠷᠡᠨ ᠬᠤᠸᠠᠷ ᠤᠨ ᠭᠤᠣᠯ ᠭᠠᠷᠤᠯᠲᠠ ᠶᠢᠨ ᠣᠷᠣᠨ ᠢ ᠪᠦᠬᠦᠨ ᠢ ᠪᠦᠷᠬᠦᠭᠰᠡᠨ ᠬᠡᠵᠤ ᠪᠠᠶᠢᠯ᠎ᠠ᠃ | ᠦᠶᠤᠸᠠᠨ ᠰᠢᠶᠠᠨ ᠪᠣᠯ ᠨᠡᠷᠡᠨ ᠬᠤᠸᠠᠷ ᠤᠨ ᠨᠤᠲᠤᠭ ᠮᠥᠨ᠂ ᠪᠦᠬᠦ ᠤᠯᠤᠰ ᠤᠨ ᠲᠤᠯᠤᠭᠠᠨ ᠨᠡᠷᠡᠨ ᠬᠤᠸᠠᠷ ᠤᠨ ᠦᠷ᠎ᠡ ᠶᠢᠨ ᠨᠢᠬᠡ ᠨᠢ ᠳᠠᠷᠤᠢ ᠠᠳᠡᠬᠢ | ᠪᠠᠶᠢᠳᠠᠭ᠃ 2013 ᠣᠨ ᠠᠴᠠ ᠡᠬᠢᠯᠡᠨ᠂ ᠰᠠᠨ ᠷᠦᠢ ᠲᠠᠷᠢᠶᠠᠯᠠᠩ ᠤᠨ ᠰᠢᠨᠵᠢᠯᠡᠬᠦ ᠤᠬᠠᠭᠠᠨ ᠢᠶᠠᠷ ᠲᠥᠯᠥᠭᠡᠯᠡᠭᠦᠯᠦᠭᠰᠡᠨ ᠤᠯᠤᠰ ᠤᠨ ᠳᠣᠲᠣᠭᠠᠳᠤ ᠶᠢᠨ | ᠠᠩᠬᠠᠨ ᠤ ᠡᠭᠦᠳᠦᠯᠲᠡ ᠶᠢᠨ ᠦᠷ᠎ᠡ ᠶᠢᠨ ᠦᠢᠯᠡᠰ ᠨᠢ ᠪᠡᠶ᠎ᠡ ᠪᠠᠨ ᠳᠠᠭᠠᠭᠠᠵᠤ ᠰᠤᠳᠤᠯᠤᠨ ᠨᠡᠭᠡᠭᠡᠬᠦ ᠶᠢ ᠬᠠᠮᠲᠤᠷᠠᠨ ᠠᠬᠢᠭᠤᠯᠵᠤ᠂ ᠣᠯᠠᠨ ᠵᠢᠯ ᠤᠨ ᠳᠠᠬᠢᠨ ᠳᠠᠪᠲᠠᠨ | ᠡᠷᠯᠢᠰᠡᠵᠢᠭᠦᠯᠦᠭᠰᠡᠨ ᠲᠤᠷᠰᠢᠯᠲᠠ᠂ ᠲᠦᠮᠡ ᠭᠠᠷᠤᠢ ᠤᠳᠠᠭᠠᠨ ᠤ ᠵᠢᠭᠰᠠᠭᠠᠯᠲᠠ ᠪᠠᠷ ᠳᠠᠮᠵᠢᠭᠠᠳ᠂ ᠰᠠᠨ ᠷᠦᠢ ᠲᠠᠷᠢᠶᠠᠯᠠᠩ ᠤᠨ ᠰᠢᠨᠵᠢᠯᠡᠬᠦ ᠤᠬᠠᠭᠠᠨ ᠤ | ᠰᠠᠯᠠᠭᠠᠨ ᠤ ᠬᠢᠨ ᠠᠷᠠᠰᠤ ᠨᠢ ᠨᠢᠮᠭᠡᠨ ᠠᠩᠬᠢᠯᠤᠮ᠎ᠠ ᠦᠨᠦᠷ ᠲᠠᠢ ᠨᠡᠷᠡᠨ ᠬᠤᠸᠠᠷ ᠤᠨ ᠡᠷᠯᠢᠰᠡᠵᠢᠭᠦᠯᠦᠭᠰᠡᠨ ᠰᠢᠨ᠎ᠡ ᠡᠭᠦᠯᠳᠡᠷ - ᠰᠠᠨ ᠷᠦᠢ 363 ᠢ | ᠪᠤᠶᠢᠵᠢᠭᠤᠯᠵᠤ᠂ ᠣᠬᠤᠷᠬᠠᠨ ᠬᠡᠳᠦᠨ ᠵᠢᠯ ᠤᠨ ᠬᠤᠭᠤᠴᠠᠭᠠᠨ ᠳᠤ᠂ ᠪᠦᠬᠦ ᠤᠯᠤᠰ ᠤᠨ ᠲᠠᠷᠢᠮᠠᠯ ᠤᠨ ᠲᠠᠯᠠᠪᠠᠢ ᠨᠢᠭᠡᠨᠲᠡ ᠬᠤᠶᠠᠷ ᠵᠠᠭᠤ ᠵᠢᠷᠠᠨ ᠲᠦᠮᠡᠨ ᠮᠦ ᠳᠤ | ᠬᠦᠷᠴᠦ᠂ ᠪᠦᠬᠦ ᠤᠯᠤᠰ ᠤᠨ ᠨᠡᠷᠡᠨ ᠬᠤᠸᠠᠷ ᠤᠨ ᠲᠠᠷᠢᠮᠠᠯ ᠤᠨ ᠪᠦᠬᠦ ᠲᠠᠯᠠᠪᠠᠢ ᠶᠢᠨ 1/4 ᠶᠢ ᠡᠵᠡᠯᠡᠪᠡ᠃ ᠡᠭᠦᠨ ᠠᠴᠠ ᠪᠣᠯᠵᠤ ᠪᠦᠬᠦ ᠤᠯᠤᠰ ᠤᠨ ᠵᠠᠭᠤᠨ | ᠲᠦᠮᠡᠨ ᠨᠡᠷᠡᠨ ᠬᠤᠸᠠᠷ ᠤᠨ ᠲᠠᠷᠢᠶᠠᠴᠢᠳ ᠤᠨ ᠣᠷᠣᠯᠭ᠎ᠠ ᠵᠢᠯ ᠪᠦᠷᠢ ᠳᠤᠮᠳᠠᠴᠢ ᠪᠠᠷ 15 ᠳ᠋ᠦᠩᠰᠢᠭᠤᠷ ᠲᠥᠭᠦᠷᠢᠭ ᠨᠡᠮᠡᠭᠳᠡᠭᠰᠡᠨ ᠪᠠᠶᠢᠨ᠎ᠠ᠃ | ᠨᠡᠷᠡᠨ ᠬᠤᠸᠠᠷ ᠪᠣᠯ ᠰᠢᠪᠠᠵᠢ ᠶᠢᠨ ᠵᠠᠭᠤᠴᠢᠲᠤ ᠴᠡᠴᠡᠭ ᠪᠤᠯᠬᠤᠷ ᠪᠤᠰᠤᠳ ᠴᠡᠴᠡᠭ ᠤᠨ ᠲᠣᠭᠤᠰᠣ ᠬᠤᠯᠢᠯᠳᠤᠬᠤ ᠠᠴᠠ ᠰᠡᠷᠭᠡᠶᠢᠯᠡᠬᠦ ᠶᠢᠨ ᠲᠥᠯᠥᠭᠡ ᠡᠶᠢᠮᠦ | ᠴᠠᠭᠠᠨ ᠥᠩᠭᠡᠲᠡᠢ ᠰᠡᠮᠡᠳᠡᠰᠦᠨ ᠲᠣᠣᠷ ᠢᠶᠠᠷ ᠪᠦᠬᠦᠨ ᠢ ᠪᠦᠲᠡᠭᠡᠵᠦ ᠲᠠᠯᠪᠢᠳᠠᠭ᠃ ᠶᠠᠭ ᠡᠨᠡ ᠮᠡᠲᠦ ᠪᠠᠷ ᠨᠠᠷᠢᠨ ᠨᠢᠮᠪᠠᠢ ᠪᠣᠶᠢᠵᠢᠭᠤᠯᠤᠭᠰᠠᠨ ᠠᠴᠠ ᠰᠠᠶ᠋ᠢ ᠡᠳᠡᠭᠡᠷ | ᠨᠡᠷᠡᠨ ᠬᠤᠸᠠᠷ ᠤᠨ ᠦᠷ᠎ᠡ ᠶᠢ ᠬᠤᠯᠠ ᠠᠶᠠᠯᠠᠭᠤᠯᠬᠤ ᠬᠥᠳᠡᠯᠭᠡᠬᠦ ᠬᠦᠴᠦᠨ ᠲᠠᠢ ᠪᠣᠯᠭᠠᠵᠠᠢ᠃ ᠯᠢᠦ ᠭᠠᠩ ᠪᠣᠯ ᠭᠠᠨᠰᠤ ᠮᠤᠵᠢ ᠶᠢᠨ ᠦ᠋ ᠸᠧᠢ ᠬᠤᠲᠠ ᠶᠢᠨ ᠮᠢᠨ | ᠴᠢᠨ ᠰᠢᠶᠠᠨ ᠤ ᠴᠢ ᠷᠦᠨ ᠲᠣᠰᠬᠤᠨ ᠤ ᠲᠠᠷᠢᠶᠠᠴᠢᠨ᠂ ᠲᠤᠬᠠᠢ ᠶᠢᠨ ᠭᠠᠵᠠᠷ ᠤᠨ ᠬᠠᠮᠤᠭ ᠤᠨ ᠲᠣᠮᠣ ᠨᠡᠷᠡᠨ ᠬᠤᠸᠠᠷ ᠲᠠᠷᠢᠳᠠᠭ ᠡᠷᠦᠬᠡ ᠪᠣᠯᠣᠨ᠎ᠠ᠂ ᠭᠤᠷᠪᠠᠨ ᠵᠢᠯ | ᠳᠠᠷᠠᠭᠠᠯᠠᠨ ᠨᠡᠷᠡᠨ ᠬᠤᠸᠠᠷ ᠲᠠᠷᠢᠭᠰᠠᠨ ᠲᠡᠷᠡ ᠡᠨᠡ ᠵᠢᠯ ᠰᠠᠨ ᠷᠦᠢ ᠶᠢᠨ ᠰᠢᠨ᠎ᠡ ᠡᠭᠦᠯᠳᠡᠷ - ᠰᠠᠨ ᠷᠦᠢ 9 ᠨᠣᠮᠧᠷ ᠢ ᠰᠣᠩᠭᠤᠵᠠᠢ᠃ ᠪᠢ 900 ᠮᠦ ᠭᠠᠵᠠᠷ | ᠤᠨ ᠢᠶᠠᠨ 800 ᠮᠦ ᠳᠤ ᠨᠢ ᠰᠠᠨ ᠷᠦᠢ ᠶᠢᠨ 9 ᠳ᠋ᠦᠭᠡᠷ ᠨᠣᠮᠧᠷ ᠢ ᠲᠠᠷᠢᠵᠤ᠂ 100 ᠮᠦ ᠭᠠᠵᠠᠷ ᠲᠤ ᠪᠠᠨ ᠰᠠᠨ ᠷᠦᠢ ᠶᠢᠨ 10 ᠳ᠋ᠤᠭᠠᠷ ᠨᠣᠮᠧᠷ ᠢ ᠲᠠᠷᠢᠵᠠᠢ᠂ | ᠨᠢᠭᠡ ᠵᠢᠯ ᠤᠨ ᠣᠷᠣᠯᠭ᠎ᠠ ᠵᠢᠷᠠ ᠳᠠᠯᠠᠨ ᠲᠦᠮᠡᠨ ᠲᠥᠭᠦᠷᠢᠭ ᠬᠦᠷᠴᠦ ᠪᠠᠶᠢᠨ᠎ᠠ ᠬᠡᠵᠤ ᠯᠢᠦ ᠭᠠᠩ ᠰᠤᠷᠪᠤᠯᠵᠢᠯᠠᠭᠴᠢ ᠳᠤ ᠬᠡᠯᠡᠵᠤ ᠪᠠᠶᠢᠯ᠎ᠠ᠃ | |