ᠮᠠᠨ ᠤ ᠬᠤᠲᠠ ᠭᠠᠵᠠᠷ ᠣᠷᠣᠨ ᠤ ᠪᠠᠶᠢᠳᠠᠯ ᠳᠠᠭᠠᠨ ᠲᠣᠬᠢᠷᠠᠭᠤᠯᠤᠨ᠂ ᠲᠠᠷᠢᠮᠠᠯ ᠤᠨ ᠵᠦᠢᠯ ᠢ ᠠᠯᠠᠭᠯᠠᠨ ᠳᠠᠷᠢᠬᠤ ᠵᠠᠭᠪᠤᠷ ᠢ ᠢᠳᠡᠪᠬᠢᠲᠡᠢ ᠬᠡᠷᠡᠭᠯᠡᠨ᠂ ᠠᠮᠤ | ᠪᠤᠳᠠᠭᠠᠨ ᠤ ᠠᠮᠤᠷ ᠲᠦᠪᠰᠢᠨ ᠢ ᠪᠠᠳᠤᠯᠠᠵᠤ᠂ ᠮᠢᠬ᠎ᠠ ᠨᠤᠭᠤᠭᠠᠨ ᠤ ᠬᠠᠩᠭᠠᠯᠭ᠎ᠠ ᠶᠢ ᠡᠯᠪᠡᠭ ᠳᠡᠯᠪᠡᠭ ᠪᠤᠯᠭᠠᠨ᠂ ᠲᠠᠷᠢᠶᠠᠴᠢᠳ ᠤᠨ ᠣᠷᠣᠯᠭ᠎ᠠ ᠶᠢᠨ | ᠲᠣᠭᠲᠠᠭᠤᠨ ᠢᠶᠠᠷ ᠨᠡᠮᠡᠭᠳᠡᠬᠦ ᠶᠢ ᠠᠭᠢᠭᠤᠯᠵᠤ ᠪᠠᠶᠢᠨ᠎ᠠ᠃ | ᠤᠷᠠᠳ ᠤᠨ ᠳᠤᠮᠳᠠᠳᠤ ᠬᠤᠰᠢᠭᠤᠨ ᠤ ᠲᠡᠯ ᠠᠭᠤᠯᠠ ᠪᠠᠯᠭᠠᠰᠤᠨ ᠤ ᠦ᠋ ᠵᠧᠨ ᠲᠣᠰᠬᠤᠨ ᠤ 5000 ᠮᠦ ᠪᠤᠭᠤᠳᠠᠢ ᠶᠢ ᠡᠷᠳᠡᠨᠢ ᠰᠢᠰᠢ ᠲᠠᠢ ᠠᠯᠠᠭᠯᠠᠨ | ᠲᠠᠷᠢᠵᠤ ᠤᠷᠭᠤᠭᠤᠯᠬᠤ ᠲᠤᠭᠤᠷᠢᠭ ᠲᠤ ᠪᠦᠰᠡᠯᠢᠭ ᠲᠠᠷᠢᠮᠠᠯ ᠤᠨ ᠨᠣᠭᠤᠭᠠᠨ ᠳᠤᠮᠳᠠ ᠰᠢᠷ᠎ᠠ ᠦᠩᠭᠡ ᠢᠯᠭᠠᠷᠠᠨ᠂ ᠬᠥᠮᠥᠰ ᠤᠨ ᠪᠠᠭ᠋ᠠᠷᠬᠠᠯ ᠢ ᠲᠠᠲᠠᠮ᠎ᠠ ᠡᠯᠪᠡᠭ | ᠬᠤᠷᠢᠶᠠᠯᠲᠠ ᠶᠢᠨ ᠦᠵᠡᠮᠵᠢ ᠲᠤᠳᠤᠷᠠᠨ᠎ᠠ᠃ | ᠤᠷᠠᠳ ᠤᠨ ᠳᠤᠮᠳᠠᠳᠤ ᠬᠤᠰᠢᠭᠤᠨ ᠤ ᠲᠡᠯ ᠠᠭᠤᠯᠠ ᠪᠠᠯᠭᠠᠰᠤᠨ ᠤ ᠦ᠋ ᠵᠧᠨ ᠲᠣᠰᠬᠤᠨ ᠤ ᠠᠷᠠᠳ ᠶᠠᠨ ᠵᠢᠶᠦ᠋ᠨ ᠰᠤᠷᠪᠤᠯᠵᠢᠯᠠᠭᠴᠢ ᠳᠤ ᠡᠷᠳᠡᠨᠢ | ᠰᠢᠰᠢ ᠶᠢᠨ ᠤᠷᠭᠤᠴᠠ ᠶᠢᠨ ᠪᠠᠶᠢᠳᠠᠯ ᠴᠤ ᠨᠡᠯᠢᠶᠡᠳ ᠰᠠᠶᠢᠨ᠂ ᠡᠨᠡ ᠵᠢᠯ ᠮᠤ᠋ ᠪᠦᠷᠢ ᠠᠴᠠ 1500—1600 ᠵᠢᠩ ᠬᠤᠷᠢᠶᠠᠨ᠎ᠠ᠂ ᠪᠤᠭᠤᠳᠠᠢ ᠶᠢᠨ ᠬᠠᠮᠤᠭ ᠤᠨ | ᠳᠣᠣᠷ᠎ᠠ ᠤᠨᠠᠯᠲᠠ ᠴᠤ ᠮᠤ᠋ ᠪᠦᠷᠢ ᠳᠤ 600 ᠵᠢᠩ ᠭᠦᠷᠦᠨ᠎ᠡ᠃ ᠪᠢᠳᠡ ᠲᠠᠩᠰᠠ ᠪᠤᠳᠤᠵᠤ ᠦᠵᠡᠪᠡᠯ ᠭᠠᠭᠴᠠ ᠡᠷᠳᠡᠨᠢ ᠰᠢᠰᠢ ᠲᠠᠷᠢᠬᠤ ᠠᠴᠠ ᠢᠯᠡᠭᠦᠦ | 500-600 ᠲᠥᠭᠦᠷᠢᠭ ᠤᠨ ᠣᠷᠣᠯᠭ᠎ᠠ ᠣᠯᠣᠨ᠎ᠠ᠂ ᠡᠨᠡᠭᠦ ᠵᠠᠭᠪᠤᠷ ᠲᠤᠩ ᠰᠠᠶᠢᠨ᠂ ᠤᠰᠤ ᠠᠷᠪᠢᠯᠠᠬᠤ ᠮᠥᠷᠲᠡᠭᠡᠨ ᠦᠷ᠎ᠡ ᠠᠰᠢᠭ ᠦᠨᠳᠤᠷ ᠪᠠᠶᠢᠨ᠎ᠠ ᠭᠡᠪᠡ᠃ | ᠲᠤᠬᠠᠢ ᠶᠢᠨ ᠭᠠᠵᠠᠷ ᠤᠨ ᠪᠣᠳᠠᠲᠤ ᠪᠠᠶᠢᠳᠠᠯ ᠳᠤ ᠰᠠᠭᠤᠷᠢᠯᠠᠨ᠂ ᠡᠨᠡ ᠵᠢᠯ ᠤᠷᠠᠳ ᠤᠨ ᠳᠤᠮᠳᠠᠳᠤ ᠬᠤᠰᠢᠭᠤ ᠲᠠᠷᠢᠶᠠᠴᠢᠳ ᠤᠨ ᠭᠠᠵᠠᠷ ᠰᠢᠷᠣᠢ ᠶᠢᠨ | ᠠᠰᠢᠭᠯᠠᠯᠲᠠ ᠶᠢᠨ ᠨᠣᠷᠮ᠎ᠠ ᠪᠠᠨ ᠳᠡᠭᠡᠭᠰᠢᠯᠡᠭᠦᠯᠬᠦ ᠶᠢ ᠢᠳᠡᠪᠬᠢᠲᠡᠢ ᠵᠣᠷᠢᠭᠵᠢᠭᠤᠯᠵᠤ᠂ ᠪᠤᠭᠤᠳᠠᠢ ᠶᠢ ᠡᠷᠳᠡᠨᠢ ᠰᠢᠰᠢ᠂ ᠨᠡᠷᠡᠨ ᠬᠤᠸᠠᠷ ᠲᠠᠢ ᠠᠯᠠᠭᠯᠠᠨ ᠲᠠᠷᠢᠬᠤ | ᠵᠠᠭᠪᠤᠷ ᠢ ᠶᠡᠬᠡᠪᠡᠷ ᠲᠡᠯᠭᠡᠷᠡᠭᠦᠯᠭᠦ ᠪᠠᠷ ᠲᠠᠮᠵᠢᠨ᠂ ᠨᠢᠭᠡ ᠭᠠᠵᠠᠷ ᠲᠤ ᠤᠯᠠᠨ ᠲᠦᠷᠦᠯ ᠢ ᠲᠠᠷᠢᠵᠤ ᠤᠯᠠᠨ ᠵᠦᠢᠯ ᠤᠨ ᠬᠤᠷᠢᠶᠠᠯᠲᠠ ᠤᠯᠬᠤ ᠶᠢ ᠪᠡᠶᠡᠯᠡᠭᠦᠯᠵᠦ᠂ | ᠣᠳᠣᠬᠠᠨ ᠳᠤ ᠪᠦᠬᠦ ᠬᠤᠰᠢᠭᠤᠨ ᠤ ᠪᠤᠭᠤᠳᠠᠢ ᠶᠢ ᠠᠯᠠᠭᠯᠠᠨ ᠲᠠᠷᠢᠬᠤ ᠲᠠᠯᠠᠪᠠᠢ1.98 ᠲᠦᠮᠡᠨ ᠮᠦ ᠭᠦᠷᠦᠭᠰᠡᠨ ᠪᠠᠶᠢᠨ᠎ᠠ᠃ | ᠤᠷᠠᠳ ᠤᠨ ᠳᠤᠮᠳᠠᠳᠤ ᠬᠤᠰᠢᠭᠤᠨ ᠤ ᠲᠠᠷᠢᠶᠠᠯᠠᠩ ᠮᠠᠯ ᠠᠵᠤ ᠠᠬᠤᠢ ᠪᠠ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶᠠᠨ ᠤ ᠲᠠᠷᠢᠶᠠᠯᠠᠩ ᠤᠨ | ᠶᠡᠷᠦᠩᠬᠡᠶᠢᠯᠡᠭᠰᠡᠨ ᠲᠠᠰᠤᠭ ᠤᠨ ᠳᠠᠷᠤᠭ᠎ᠠ ᠦ᠋ ᠮᠢᠨ ᠰᠤᠷᠪᠤᠯᠵᠢᠯᠠᠭᠴᠢ ᠳᠤ ᠲᠠᠷᠢᠮᠠᠯ ᠤᠨ ᠪᠦᠳᠦᠴᠡ ᠳᠤ ᠲᠣᠬᠢᠷᠠᠭᠤᠯᠤᠯᠲᠠ ᠬᠢᠬᠦ ᠪᠠᠷ ᠲᠠᠮᠵᠢᠨ᠂ ︽ᠳᠥᠷᠪᠡ ᠶᠢ | ᠬᠢᠵᠠᠭᠠᠷᠯᠠᠬᠤ︾ ᠠᠷᠭ᠎ᠠ ᠬᠡᠮᠵᠢᠶ᠎ᠡ ᠲᠠᠢ ᠤᠶᠠᠯᠳᠤᠭᠤᠯᠤᠨ᠂ ᠠᠮᠤ ᠪᠤᠳᠠᠭ᠎ᠠ ᠳᠠᠷᠢᠬᠤ ᠥᠪᠡᠷ ᠤᠨ ᠥᠷᠲᠡᠭ ᠢ ᠪᠠᠭᠤᠷᠠᠭᠤᠯᠵᠤ᠂ ᠦᠷ᠎ᠡ ᠠᠰᠢᠭ ᠢ ᠲᠡᠭᠡᠭᠰᠢᠯᠡᠭᠦᠯᠦᠨ᠂ | ᠠᠮᠤ ᠪᠤᠳᠠᠭᠠᠨ ᠤ ᠨᠡᠮᠡᠭᠳᠡᠯ ᠢ ᠲᠣᠭᠲᠠᠪᠤᠷᠢᠵᠢᠭᠤᠯᠬᠤ ᠵᠤᠷᠢᠯᠭ᠎ᠠ ᠳᠠᠭᠠᠨ ᠬᠦᠷᠦᠭᠦᠯᠦᠨ᠎ᠡ ᠭᠡᠪᠡ᠃ | ︽ᠠᠮᠤ ᠪᠤᠳᠠᠭ᠎ᠠ ᠶᠢ ᠭᠠᠵᠠᠷ ᠰᠢᠷᠣᠢ ᠳᠤ ᠬᠠᠳᠠᠭᠠᠯᠠᠵᠤ᠂ ᠠᠮᠤ ᠪᠤᠳᠠᠭ᠎ᠠ ᠶᠢ ᠮᠡᠷᠭᠡᠵᠢᠯ ᠳᠤ ᠲᠦᠰᠢᠭᠯᠡᠭᠦ︾ ᠪᠠᠶᠢᠯᠳᠤᠬᠤ ᠪᠣᠳᠣᠯᠭ᠎ᠠ ᠶᠢ ᠭᠦᠨᠵᠡᠭᠡᠢ | ᠨᠠᠶᠢᠳᠠᠪᠤᠷᠢᠵᠢᠭᠤᠯᠵᠤ᠂ ᠮᠠᠨ ᠤ ᠬᠤᠲᠠ ᠰᠠᠶᠢᠨ ᠦᠷ᠎ᠡ ᠶᠢ ᠰᠣᠩᠭᠤᠨ ᠪᠤᠶᠢᠵᠢᠭᠤᠯᠬᠤ᠂ ᠭᠦᠨ ᠬᠠᠭᠠᠯᠪᠤᠷᠢᠯᠠᠵᠤ ᠤᠷᠪᠠᠭᠤᠯᠬᠤ᠂ ᠤᠰᠤ ᠠᠷᠪᠢᠯᠠᠵᠤ ᠳᠤᠰᠤᠯᠭᠠᠨ | ᠤᠰᠤᠯᠠᠬᠤ ᠵᠡᠷᠭᠡ ᠠᠷᠭ᠎ᠠ ᠪᠠᠷᠢᠯ ᠢ ᠭᠡᠷᠡᠭᠯᠡᠨ᠂ ᠲᠠᠷᠢᠮᠠᠯ ᠤᠨ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠶᠢ ᠠᠭᠢᠭᠤᠯᠵᠤ ᠪᠠᠶᠢᠨ᠎ᠠ᠃ ᠡᠭᠦᠨ ᠤ | ᠲᠠᠭᠤ᠂ ᠠᠮᠤ ᠪᠤᠳᠠᠭᠠᠨ ᠤ ᠦᠢᠯᠡᠳᠪᠦᠷᠢᠯᠡᠯ ᠤᠨ ᠭᠤᠣᠯ ᠠᠬᠢᠭᠤᠯᠬᠤ ᠮᠡᠷᠭᠡᠵᠢᠯ ᠤᠨ ᠬᠡᠷᠡᠭᠯᠡᠭᠡᠨ ᠤ ᠭᠦᠴᠦᠯᠡᠴᠡ ᠶᠢ ᠨᠡᠮᠡᠭᠳᠡᠭᠦᠯᠦᠨ᠂ ᠪᠤᠭᠤᠳᠠᠢ ᠶᠢ ᠨᠡᠷᠡᠨ | ᠬᠤᠸᠠᠷ᠂ ᠡᠷᠳᠡᠨᠢ ᠰᠢᠰᠢ ᠪᠠ ᠯᠠᠵᠤᠤ᠂ ᠬᠤᠯᠤ ᠵᠡᠷᠭᠡ ᠠᠵᠤ ᠠᠬᠤᠢ ᠶᠢᠨ ᠲᠠᠷᠢᠮᠠᠯ ᠲᠠᠢ ᠠᠯᠠᠭᠯᠠᠨ ᠲᠠᠷᠢᠬᠤ ᠵᠡᠷᠭᠡ ᠪᠣᠰᠤᠭ᠎ᠠ ᠪᠡᠶᠡᠲᠦ ᠲᠠᠷᠢᠮᠠᠯ ᠤᠨ ᠵᠠᠭᠪᠤᠷ ᠢ | ᠳᠡᠯᠭᠡᠷᠡᠭᠦᠯᠬᠦ ᠪᠠᠷ ᠳᠠᠮᠵᠢᠨ᠂ ᠠᠮᠤ ᠪᠤᠳᠠᠭ᠎ᠠ ᠳᠠᠷᠢᠬᠤ ᠬᠡᠪᠴᠢᠶ᠎ᠡ ᠶᠢᠨ ᠨᠦᠯᠦᠭᠡ ᠶᠢ ᠲᠠᠰᠤᠷᠠᠯᠲᠠ ᠦᠭᠡᠢ ᠳᠡᠭᠡᠭᠰᠢᠯᠡᠭᠦᠯᠵᠦ᠂ ᠲᠠᠷᠢᠶᠠᠴᠢᠳ ᠤᠨ ᠠᠮᠤ ᠪᠤᠳᠠᠭ᠎ᠠ | ᠳᠠᠷᠢᠬᠤ ᠣᠷᠣᠯᠭ᠎ᠠ ᠶᠢ ᠨᠡᠮᠡᠭᠳᠡᠭᠦᠯᠵᠤ ᠪᠠᠶᠢᠨ᠎ᠠ᠃ ᠡᠨᠡ ᠵᠢᠯ᠂ ᠪᠥᠬᠦ ᠬᠤᠲᠠ ᠶᠢᠨ ᠲᠠᠷᠢᠮᠠᠯ ᠤᠨ ᠠᠯᠠᠭᠯᠠᠨ ᠳᠠᠷᠢᠭᠰᠠᠨ ᠲᠠᠯᠠᠪᠠᠶ ᠨᠡᠶᠢᠳᠡ 34.35 ᠲᠦᠮᠡᠨ ᠮᠦ | ᠭᠦᠷᠦᠭᠰᠡᠨ ᠪᠠᠶᠢᠨ᠎ᠠ᠃ | |