ᠬᠦᠰᠡᠯ ᠨᠠᠶᠢᠳᠠᠯᠭ᠎ᠠ ᠶᠢ ᠪᠠᠲᠤ ᠴᠡᠭᠡᠵᠢᠯᠡᠵᠦ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠭᠰᠠᠨ ᠪᠠᠶᠠᠨᠨᠠᠭᠤᠷ ᠤᠨ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠶ᠎ᠡ᠂ ᠲᠠᠷᠢᠶᠠᠯᠠᠩ ᠠᠵᠤ ᠠᠬᠤᠶᠢᠯᠠᠯ ᠬᠤᠯᠪᠤᠭᠠᠯᠠᠨ ᠬᠠᠮᠲᠤ ᠪᠠᠷ ᠪᠠᠶᠠᠵᠢᠵᠤ ᠬᠠᠮᠲᠤ ᠪᠠᠷ ᠠᠰᠢᠭ ᠭᠥᠷᠳᠡᠨ᠎ᠡ
ᠨᠡᠶᠢᠲᠡᠯᠡᠭᠰᠡᠨ ᠴᠠᠭ᠄
2023/8/2
      ᠮᠠᠨ ᠤ ᠬᠤᠲᠠ ᠤᠷᠢᠳ ᠢᠶᠠᠷ ᠲᠤᠷᠰᠢᠯᠲᠠ ᠬᠢᠬᠦ ᠠᠷᠭ᠎ᠠ ᠪᠠᠷᠢᠯ ᠢᠶᠠᠷ᠂ ᠣᠯᠠᠨ ᠵᠦᠢᠯ ᠤᠨ ᠬᠡᠯᠪᠡᠷᠢ ᠶᠢᠨ ᠲᠠᠷᠢᠶᠠᠯᠠᠩ ᠠᠵᠤ ᠠᠬᠤᠶᠢᠯᠠᠯ ᠤᠨ ᠠᠰᠢᠭ ᠲᠤᠰᠠ ᠶᠢᠨ ᠬᠤᠯᠪᠣᠭᠠᠨ ᠤ ᠲᠣᠭᠲᠠᠴᠠ ᠶᠢ  ᠪᠠᠶᠢᠭᠤᠯᠬᠤ ᠶᠢᠨ ᠲᠠᠭᠤ ᠲᠥᠷᠥ ᠶᠢᠨ ᠪᠣᠳᠣᠯᠭ᠎ᠠ ᠪᠠᠷ ᠲᠡᠳᠬᠦᠬᠦ᠂ ᠲᠣᠭᠲᠠᠴᠠ ᠶᠢᠨ ᠰᠢᠨ᠎ᠡ ᠶᠢ ᠡᠭᠦᠳᠬᠦ᠂ ᠠᠵᠤ ᠦᠢᠯᠡᠰ ᠢ ᠲᠥᠪᠯᠡᠷᠡᠭᠦᠯᠬᠦ᠂ ᠣᠶᠤᠨ ᠤ ᠳᠡᠮᠵᠢᠯᠭᠡ ᠦᠵᠡᠭᠦᠯᠬᠦ ᠵᠡᠷᠭᠡ ᠣᠯᠠᠨ ᠵᠦᠢᠯ ᠤᠨ ᠠᠷᠭ᠎ᠠ ᠬᠡᠮᠵᠢᠶ᠎ᠡ ᠪᠠᠷ ᠳᠠᠮᠵᠢᠭᠤᠯᠤᠨ᠂ ᠲᠠᠷᠢᠶᠠᠯᠠᠩ ᠮᠠᠯ ᠠᠵᠤ ᠠᠬᠤᠢ ᠶᠢᠨ ᠠᠵᠤ ᠤᠶᠢᠯᠡᠰᠵᠢᠭᠰᠡᠨ ᠡᠵᠡᠩᠨᠡᠯᠲᠡ ᠶᠢᠨ ᠬᠢᠷᠢ ᠬᠡᠮᠵᠢᠶ᠎ᠡ ᠶᠢ ᠲᠠᠰᠤᠷᠠᠯᠲᠠ ᠦᠭᠡᠢ ᠲᠡᠭᠡᠭᠰᠢᠯᠡᠭᠦᠯᠵᠤ᠂ ᠲᠠᠷᠢᠶᠠᠯᠠᠩ ᠠᠵᠤ ᠠᠬᠤᠶᠢᠯᠠᠯ ᠤᠨ ᠠᠰᠢᠭ ᠲᠤᠰᠠ ᠪᠠᠨ ᠬᠤᠯᠪᠣᠬᠤ ᠲᠣᠭᠲᠠᠴᠠ ᠶᠢ ᠠᠯᠬᠤᠮ ᠠᠯᠬᠤᠮ ᠢᠶᠠᠷ ᠲᠡᠭᠦᠯᠳᠡᠷᠵᠢᠭᠦᠯᠬᠦ ᠶᠢ ᠪᠦᠲᠦᠮᠵᠢᠲᠡᠶ ᠠᠬᠢᠭᠤᠯᠵᠤ᠂ ᠮᠠᠯᠴᠢᠨ ᠲᠠᠷᠢᠶᠠᠴᠢᠳ ᠤᠨ ᠣᠷᠣᠯᠭ᠎ᠠ ᠪᠠᠨ ᠨᠡᠮᠡᠭᠳᠡᠭᠦᠯᠦᠨ ᠪᠠᠶᠠᠵᠢᠨ ᠴᠢᠨᠡᠭᠡᠯᠢᠭᠵᠢᠭᠦ ᠶᠢ ᠠᠭᠢᠭᠤᠯᠵᠤ ᠪᠠᠶᠢᠨ᠎ᠠ᠃      ᠦᠶᠤᠸᠠᠨ ᠰᠢᠶᠠᠨ ᠤ ᠲᠤᠷᠤᠭ ᠪᠠᠯᠭᠠᠰᠤᠨ ᠤ ᠶᠦᠩ ᠱᠧᠩ 8 ᠳ᠋ᠤᠭᠠᠷ ᠳᠤᠭᠤᠶᠢᠯᠠᠩ ᠤᠨ ᠴᠢᠨᠠᠷ ᠰᠠᠶᠢᠲᠠᠢ ᠥᠨᠳᠥᠷ ᠦᠷ᠎ᠡ ᠠᠰᠢᠭ ᠲᠠᠢ ᠪᠧᠢ ᠪᠧᠢ ᠨᠠᠩᠭᠤᠸᠠ ᠶᠢᠨ ᠠᠵᠤ ᠦᠢᠯᠡᠰ ᠤᠨ ᠬᠦᠷᠢᠶᠡᠯᠡᠩ ᠲᠣᠭᠤᠷᠢᠭ ᠲᠤ᠂ 600 ᠭᠠᠷᠤᠢ ᠮᠦ ᠭᠤᠯᠳᠤᠩ ᠰᠠᠷᠠᠪᠴᠢ ᠲᠠᠢ ᠪᠧᠢ ᠪᠧᠢ ᠨᠠᠩᠭᠤᠸᠠ ᠤᠷᠭᠤᠴᠠ ᠰᠠᠶᠢᠨᠳᠠᠢ ᠪᠠᠶᠢᠵᠤ᠂ ᠠᠵᠢᠯᠴᠢᠳ ᠶᠠᠭ ᠰᠠᠶᠢᠬᠠᠨ ᠪᠧᠢ ᠪᠧᠢ ᠨᠠᠩᠭᠤᠸᠠ ᠶᠢ ᠲᠡᠭᠦᠵᠦ᠂ ᠰᠢᠯᠢᠨ ᠰᠣᠩᠭᠤᠵᠤ᠂ ᠪᠤᠭᠤᠳᠠᠯᠯᠠᠭᠠᠳ ᠪᠦᠬᠦ ᠤᠯᠤᠰ ᠤᠨ ᠡᠯ᠎ᠡ ᠭᠠᠵᠠᠷ ᠲᠤ ᠪᠣᠷᠣᠯᠠᠭᠤᠯᠵᠤ ᠪᠠᠶᠢᠨ᠎ᠠ᠃ ᠲᠠᠷᠢᠮᠠᠯ ᠤᠨ ᠡᠷᠦᠬᠡ ᠵᠠᠩ ᠯᠦᠩ ᠡᠨᠡ ᠵᠢᠯ ᠬᠤᠷᠰᠢᠶᠠᠵᠢᠯ ᠤᠨ ᠳᠠᠭᠠᠭᠤᠯᠭ᠎ᠠ ᠪᠠᠷ 100 ᠮᠦ ᠪᠧᠢ ᠪᠧᠢ ᠨᠠᠩᠭᠤᠸᠠ ᠳᠠᠷᠢᠵᠠᠢ᠃      ᠲᠠᠷᠢᠶᠠᠴᠢᠨ ᠵᠠᠩ ᠯᠦᠩ ᠰᠤᠷᠪᠤᠯᠵᠢᠯᠠᠭᠴᠢ ᠳᠤ ᠨᠢᠭᠡ ᠮᠦ ᠭᠠᠵᠠᠷ ᠠᠴᠠ 3000 ᠠᠴᠠ 4000 ᠵᠢᠩ ᠬᠤᠷᠢᠶᠠᠨ᠎ᠠ᠂ ᠵᠢᠩ ᠳᠡᠭᠡᠨ ᠨᠢᠭᠡ ᠲᠥᠭᠦᠷᠢᠭ ᠬᠠᠭᠠᠰ᠂ ᠴᠡᠪᠡᠷ ᠠᠰᠢᠭ ᠬᠤᠨᠵᠢᠪᠤᠷᠢ ᠶᠢ ᠨᠢ ᠪᠤᠳᠤᠪᠠᠯ ᠨᠡᠷᠡᠨ ᠬᠤᠸᠠᠷ᠂ ᠡᠷᠳᠡᠨᠢ ᠰᠢᠰᠢ ᠲᠠᠷᠢᠭᠰᠠᠨ ᠠᠴᠠ ᠢᠯᠡᠭᠦᠦ 15 ᠠᠴᠠ 16 ᠲᠦᠮᠡᠨ ᠲᠥᠭᠦᠷᠢᠭ ᠤᠨ ᠣᠷᠣᠯᠭ᠎ᠠ ᠣᠯᠵᠤ ᠪᠣᠯᠣᠨ᠎ᠠ ᠭᠡᠪᠡ᠃      ᠦᠶᠤᠸᠠᠨ ᠰᠢᠶᠠᠨ ᠤ ᠲᠤᠷᠤᠭ ᠪᠠᠯᠭᠠᠰᠤᠨ ᠤ ᠨᠠᠮ ᠤᠨ ᠬᠤᠷᠢᠶᠠᠨ ᠤ ᠭᠡᠰᠢᠭᠦᠨ᠂ ᠵᠡᠪᠰᠡᠭᠲᠦ ᠬᠦᠴᠦᠨ ᠤ ᠬᠡᠯᠲᠡᠰ ᠤᠨ ᠳᠠᠷᠤᠭ᠎ᠠ ᠰᠤ᠋ ᠺᠦᠨ ᠰᠤᠷᠪᠤᠯᠵᠢᠯᠠᠭᠴᠢ ᠳᠤ ᠪᠧᠢ ᠪᠧᠢ ᠨᠠᠩᠭᠤᠸᠠ ᠶᠢ ᠨᠡᠶᠢᠲᠡ 1600 ᠮᠦ ᠲᠠᠷᠢᠭᠰᠠᠨ᠂ ᠡᠭᠦᠨ ᠳᠤ ᠪᠣᠯᠣᠳ ᠵᠢᠶᠠᠰᠠ ᠲᠠᠢ ᠭᠤᠯᠳᠤᠩ ᠰᠠᠷᠠᠪᠴᠢᠨ ᠳᠤ 600 ᠮᠦ ᠳᠠᠷᠢᠵᠤ᠂ ᠢᠯᠡ ᠭᠠᠵᠠᠷ ᠲᠤ 1000 ᠮᠦ ᠲᠠᠷᠢᠭᠰᠠᠨ᠂ ᠪᠢᠳᠡ ᠤᠰᠤ ᠠᠷᠪᠢᠯᠠᠬᠤ ᠤᠰᠤᠯᠠᠯᠲᠠ ᠶᠢᠨ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠤᠰᠤ ᠪᠣᠷᠳᠣᠭᠤᠷ ᠢ ᠨᠢᠭᠡ ᠴᠣᠭᠴᠠᠵᠢᠭᠤᠯᠬᠤ ᠲᠥᠬᠦᠭᠡᠷᠦᠮᠵᠢ 6 ᠰᠠᠤᠷᠢ  ᠤᠷᠤᠭᠤᠯᠤᠨ᠂ 30 ᠭᠠᠷᠤᠢ ᠲᠠᠷᠢᠶᠠᠴᠢᠨ ᠡᠷᠤᠭᠡ ᠶᠢ ᠬᠥᠲᠥᠯᠥᠨ ᠳᠠᠭᠠᠭᠤᠯᠵᠤ ᠪᠧᠢ ᠪᠧᠢ ᠨᠠᠩᠭᠤᠸᠠ  ᠲᠠᠷᠢᠭᠤᠯᠤᠭᠰᠠᠨ ᠭᠡᠪᠡ᠃      ᠲᠣᠰ ᠠᠵᠤ ᠦᠢᠯᠡᠰ ᠤᠨ ᠬᠦᠷᠢᠶᠡᠯᠡᠩ ᠨᠢ ︽ᠨᠠᠮ ᠤᠨ ᠡᠭᠦᠷ + ᠠᠵᠤ ᠠᠬᠤᠶᠢᠯᠠᠯ + ᠬᠤᠷᠰᠢᠶᠠᠵᠢᠯ+ ᠲᠠᠷᠢᠶᠠᠴᠢᠨ ᠡᠷᠦᠬᠡ︾ ᠶᠢᠨ ᠲᠠᠷᠢᠶᠠᠯᠠᠩ ᠠᠵᠤ ᠠᠬᠤᠶᠢᠯᠠᠯ ᠤᠨ ᠠᠰᠢᠭ ᠲᠤᠰᠠ ᠶᠢ ᠬᠤᠯᠪᠣᠬᠤ ᠵᠠᠭᠪᠤᠷ ᠢᠶᠠᠷ ᠥᠪᠥᠷ ᠮᠣᠩᠭᠤᠯ ᠤᠨ ᠶᠦᠩ ᠯᠧ ᠲᠠᠷᠢᠶᠠᠯᠠᠩ ᠤᠨ ᠬᠢᠵᠠᠭᠠᠷᠲᠤ ᠺᠣᠮᠫᠠᠨᠢ ᠶᠢ ᠤᠷᠢᠨ ᠤᠷᠤᠭᠤᠯᠵᠤ᠂ ᠵᠠᠬᠢᠶᠠᠯᠠᠭ᠎ᠠ ᠶᠢᠨ ᠬᠠᠮᠲᠤᠷᠠᠯᠴᠠᠭ᠎ᠠ ᠪᠠᠶᠢᠭᠤᠯᠤᠨ᠂ ᠺᠧ ᠰᠢᠩ ᠲᠠᠷᠢᠶᠠᠴᠢᠳ ᠤᠨ ᠲᠤᠰᠬᠠᠢ  ᠬᠤᠷᠰᠢᠶᠠᠵᠢᠯ ᠢ ᠵᠣᠬᠢᠶᠠᠨ ᠪᠠᠶᠢᠭᠤᠯᠵᠤ᠂ ᠬᠦᠷᠢᠶᠡᠯᠡᠩ ᠲᠣᠭᠤᠷᠢᠭ ᠤᠨ ᠬᠠᠮᠢᠶᠠᠷᠤᠯᠲᠠ ᠡᠵᠡᠩᠨᠡᠯᠲᠡ ᠪᠠ ᠲᠠᠷᠢᠵᠤ ᠤᠷᠭᠤᠭᠤᠯᠬᠤ ᠮᠡᠷᠭᠡᠵᠢᠯ ᠤᠨ ᠪᠣᠯᠪᠠᠰᠤᠷᠠᠭᠤᠯᠤᠯ ᠤᠨ ᠦᠢᠯᠡᠴᠢᠯᠡᠭᠡ ᠶᠢ ᠬᠠᠷᠢᠭᠤᠴᠠᠨ᠂  ᠲᠠᠷᠢᠶᠠᠴᠢᠳ ᠤᠨ ᠵᠠᠬᠢᠶᠠᠯᠠᠭ᠎ᠠ ᠶᠢᠨ ᠬᠠᠭᠤᠳᠠᠰᠤ ᠲᠣᠭᠲᠠᠬᠤ ᠪᠠ ᠣᠶᠢᠷ᠎ᠠ ᠬᠠᠪᠢ ᠳᠠᠭᠠᠨ ᠠᠵᠢᠯ ᠬᠢᠬᠦ ᠶᠢ ᠵᠣᠷᠢᠭᠵᠢᠭᠤᠯᠵᠤ᠂ ᠬᠦᠷᠢᠶᠡᠯᠡᠩ ᠲᠣᠭᠤᠷᠢᠭ ᠤᠨ ᠭᠤᠷᠪᠠᠨ ᠲᠠᠯ᠎ᠠ ᠪᠠᠷ ᠢᠶᠠᠨ ᠬᠠᠮᠲᠤᠪᠠᠷ ᠪᠠᠶᠠᠵᠢᠵᠤ ᠬᠠᠮᠲᠤᠪᠠᠷ ᠠᠰᠢᠭ ᠭᠥᠷᠳᠡᠬᠦ ᠶᠢ ᠪᠡᠶᠡᠯᠡᠭᠦᠯᠦᠭᠰᠡᠨ ᠪᠠᠶᠢᠨ᠎ᠠ᠃      ᠥᠪᠥᠷ ᠮᠣᠩᠭᠤᠯ ᠤᠨ ᠶᠦᠩ ᠯᠧ ᠲᠠᠷᠢᠶᠠᠯᠠᠩ ᠤᠨ ᠬᠢᠵᠠᠭᠠᠷᠲᠤ ᠺᠣᠮᠫᠠᠨᠢ ᠶᠢᠨ ᠰᠠᠭᠤᠷᠢᠨ ᠭᠠᠵᠠᠷ ᠤᠨ ᠬᠠᠷᠢᠭᠤᠴᠠᠯᠭᠠᠲᠠᠨ ᠵᠠᠩ ᠸᠧᠨ ᠧ ᠰᠤᠷᠪᠤᠯᠵᠢᠯᠠᠭᠴᠢ  ᠳᠤ ᠴᠢᠬᠢ ᠪᠣᠶᠢᠵᠢᠭᠤᠯᠬᠤ ᠪᠠ ᠪᠣᠷᠳᠣᠭᠤᠷ ᠢ ᠨᠢᠭᠡᠳᠦᠯᠳᠠᠢ ᠬᠠᠩᠭᠠᠳᠠᠭ᠂ ᠳᠠᠷᠠᠭ᠎ᠠ ᠨᠢ ᠪᠢᠳᠡ ᠪᠠᠰᠠ ᠡᠯ᠎ᠡ ᠵᠦᠢᠯ ᠤᠨ ᠮᠡᠷᠭᠡᠵᠢᠯ ᠤᠨ ᠳᠡᠮᠵᠢᠯᠭᠡ᠂ ᠵᠢᠯᠣᠭᠤᠳᠤᠯᠭ᠎ᠠ ᠶᠢ ᠨᠢᠭᠡᠳᠦᠯᠲᠡᠢ ᠪᠠᠷ ᠬᠠᠩᠭᠠᠵᠤ᠂ ᠴᠢᠬᠢ ᠲᠡᠭᠦᠬᠦ᠂ ᠲᠣᠯᠣᠭᠠᠢ ᠶᠢ ᠨᠢ ᠬᠡᠷᠴᠢᠬᠦ᠂ ᠠᠴᠠ ᠰᠠᠯᠭᠠᠬᠤ᠂ ᠴᠡᠴᠡᠭ ᠠᠰᠠᠭᠠᠬᠤ᠂ ᠲᠣᠭᠤᠰᠣ ᠭᠦᠷᠳᠡᠭᠡᠭᠦ  ᠶᠢ ᠪᠦᠷ ᠮᠡᠷᠭᠡᠵᠢᠯ ᠤᠨ ᠠᠵᠢᠯᠲᠠᠨ ᠤ ᠱᠠᠭᠠᠷᠳᠠᠯᠭ᠎ᠠ ᠪᠠᠷ ᠭᠢᠳᠡᠭ᠂ ᠥᠨᠳᠥᠷ ᠶᠠᠰᠤ ᠴᠢᠨᠠᠷ ᠲᠠᠢ ᠥᠨᠳᠥᠷ ᠦᠷ᠎ᠡ ᠠᠰᠢᠭ ᠲᠠᠢ ᠪᠧᠢ ᠪᠧᠢ ᠨᠠᠩᠭᠤᠸᠠ ᠶᠢ ᠲᠠᠷᠢᠬᠤ ᠶᠢ ᠪᠠᠳᠤᠯᠠᠵᠤ᠂ ᠮᠠᠨ ᠤ ᠺᠣᠮᠫᠠᠨᠢ ᠪᠠᠰᠠ ᠨᠢᠭᠡᠳᠦᠯᠲᠡᠢ ᠪᠣᠷᠤᠯᠠᠭᠤᠯᠭ᠎ᠠ ᠭᠢᠵᠤ᠂ ᠪᠥᠬᠦ ᠤᠯᠤᠰ ᠤᠨ ᠡᠯ᠎ᠡ ᠲᠣᠮᠣ ᠡᠯᠧᠺᠲᠷᠣᠨ ᠬᠤᠳᠠᠯᠳᠤᠭᠠᠨ ᠤ ᠲᠠᠪᠴᠠᠩ ᠲᠠᠢ ᠵᠣᠯᠭᠠᠭᠤᠯᠵᠤ᠂  ᠭᠦᠢᠴᠡᠳ  ᠪᠣᠷᠤᠯᠠᠭᠤᠯᠭ᠎ᠠ  ᠶᠢᠨ  ᠵᠠᠮ  ᠲᠠᠢ  ᠪᠠᠶᠢᠵᠤ᠂  ᠪᠧᠢ ᠪᠧᠢ  ᠨᠠᠩᠭᠤᠸᠠ  ᠶᠢᠨ  ᠬᠠᠩᠭᠠᠯᠭ᠎ᠠ  ᠶᠢ  ᠬᠡᠷᠡᠭᠴᠡᠭᠡ  ᠳᠡᠭᠡᠨ  ᠬᠦᠷᠬᠦ ᠦᠭᠡᠢ  ᠪᠤᠯᠭᠠᠨ᠎ᠠ  ᠭᠡᠪᠡ᠃      ᠣᠳᠣ ᠪᠦᠬᠦ ᠬᠤᠲᠠ ᠶᠢᠨ 61.5% ᠶᠢᠨ ᠲᠠᠷᠢᠶᠠᠯᠠᠬᠤ ᠮᠠᠯᠵᠢᠬᠤ ᠡᠷᠦᠬᠡ ᠭᠠᠵᠠᠷ ᠰᠢᠷᠣᠢ ᠪᠠᠨ ᠡᠷᠭᠢᠯᠲᠡ ᠳᠤ ᠣᠷᠣᠭᠤᠯᠬᠤ᠂ ᠵᠠᠬᠢᠶᠠᠯᠠᠬᠤ ᠬᠠᠭᠤᠳᠠᠰᠤ᠂ ᠬᠤᠳᠠᠯᠳᠤᠨ ᠪᠣᠷᠣᠯᠠᠭᠤᠯᠬᠤ ᠭᠡᠷ᠎ᠡ᠂ ᠠᠵᠢᠯᠴᠢᠨ ᠬᠡᠷᠡᠭᠯᠡᠬᠦ᠂ ᠰᠠᠭᠤᠷᠢᠨ ᠭᠠᠵᠠᠷ᠂ ᠬᠤᠯᠪᠤᠭᠠᠳᠤ ᠴᠣᠭᠴᠠ᠂ ᠬᠤᠷᠰᠢᠶᠠᠵᠢᠯ ᠵᠡᠷᠭᠡ ᠠᠷᠭ᠎ᠠ ᠭᠡᠯᠪᠡᠷᠢ ᠪᠠᠷ ᠲᠠᠮᠵᠢᠨ᠂ ᠲᠠᠷᠢᠶᠠᠯᠠᠩ ᠮᠠᠯ ᠠᠵᠤ ᠠᠬᠤᠢ ᠶᠢᠨ ᠠᠵᠤ ᠦᠶᠢᠯᠡᠰᠵᠢᠭᠰᠡᠨ ᠠᠵᠤ ᠠᠬᠤᠶᠢᠯᠠᠯ ᠲᠠᠢ ᠨᠢᠭᠲᠠ ᠬᠡᠯᠪᠡᠷᠢ ᠶᠢᠨ ᠲᠠᠷᠢᠶᠠᠯᠠᠩ ᠠᠵᠤ ᠠᠬᠤᠶᠢᠯᠠᠯ ᠤᠨ ᠠᠰᠢᠭ ᠲᠤᠰᠠ ᠶᠢ ᠬᠤᠯᠪᠣᠬᠤ ᠲᠣᠭᠲᠠᠴᠠ ᠶᠢ ᠪᠠᠶᠢᠭᠤᠯᠪᠠ᠃ ᠡᠭᠦᠨ ᠤ ᠲᠠᠭᠤ᠂ ᠮᠠᠨ ᠤ ᠬᠤᠲᠠ ᠲᠠᠷᠢᠶᠠᠯᠠᠩ ᠮᠠᠯ ᠠᠵᠤ ᠠᠬᠤᠢ ᠶᠢᠨ ᠠᠵᠤ ᠦᠶᠢᠯᠡᠰᠵᠢᠯᠲᠡ ᠶᠢᠨ ᠬᠤᠯᠪᠣᠭᠠᠲᠤ ᠴᠣᠭᠴᠠ ᠶᠢ ᠬᠥᠲᠥᠯᠥᠨ ᠵᠢᠯᠤᠭᠤᠳᠬᠤ ᠪᠠᠷ ᠲᠠᠮᠵᠢᠨ᠂ ᠮᠠᠯᠵᠢᠬᠤ ᠲᠠᠷᠢᠶᠠᠯᠠᠬᠤ ᠡᠷᠦᠬᠡ᠂ ᠬᠤᠷᠰᠢᠶᠠᠵᠢᠯ ᠪᠠ ᠡᠳ᠋ᠰᠢᠭᠦᠯᠬᠦ ᠠᠵᠤ ᠠᠬᠤᠶᠢᠯᠠᠯ ᠢ ᠵᠤᠭᠢᠴᠠᠭᠤᠯᠵᠤ ᠪᠠᠶᠢᠭᠠᠳ ᠨᠡᠯᠢᠶᠡᠳ ᠨᠢᠭᠲᠠ ᠪᠥᠭᠡᠳ ᠲᠣᠭᠲᠠᠭᠤᠨ ᠬᠤᠯᠪᠣᠯᠳᠤᠨ ᠬᠠᠮᠲᠤᠷᠠᠯᠴᠠᠬᠤ ᠬᠠᠷᠢᠴᠠᠭ᠎ᠠ ᠶᠢ ᠪᠣᠶ ᠪᠣᠯᠭᠠᠵᠤ᠂ ᠮᠠᠯᠵᠢᠬᠤ ᠲᠠᠷᠢᠶᠠᠯᠠᠬᠤ ᠣᠷᠣᠨ ᠤ ᠨᠢᠭᠡ ᠬᠤᠶᠠᠷ ᠭᠤᠷᠪᠠᠳᠤᠭᠠᠷ ᠠᠵᠤ ᠦᠢᠯᠡᠰ ᠢ ᠠᠭᠤᠰᠤᠯᠴᠠᠭᠤᠯᠬᠤ ᠶᠢ ᠪᠦᠲᠦᠮᠵᠢᠲᠡᠶ ᠠᠭᠢᠭᠤᠯᠵᠤ ᠪᠠᠶᠢᠨ᠎ᠠ᠃      ᠣᠲᠣ ᠪᠣᠯᠲᠠᠯ᠎ᠠ᠂ ᠪᠥᠬᠦ ᠬᠤᠲᠠ ᠳᠤ ᠨᠢᠭᠡᠨᠲᠡ ᠬᠤᠲᠠ ᠶᠢᠨ ᠲᠠᠰ ᠠᠴᠠ ᠳᠡᠭᠡᠭᠰᠢᠬᠢ ᠲᠠᠷᠢᠶᠠᠯᠠᠩ ᠮᠠᠯ ᠠᠵᠤ ᠠᠬᠤᠢ ᠶᠢᠨ ᠠᠵᠤ ᠦᠶᠢᠯᠡᠰᠵᠢᠯᠲᠡ ᠶᠢᠨ ᠵᠢᠱᠢᠶ᠎ᠡ ᠦᠵᠡᠭᠦᠯᠬᠦ ᠬᠤᠯᠪᠣᠭᠠᠲᠤ ᠴᠣᠭᠴᠠ 67 ᠪᠣᠶ᠂ ᠡᠭᠦᠨ ᠳᠤ᠂ ᠥᠪᠡᠷᠲᠡᠭᠡᠨ ᠵᠠᠰᠠᠬᠤ ᠣᠷᠣᠨ ᠤ ᠲᠡᠰ ᠤᠨ ᠵᠢᠱᠢᠶ᠎ᠡ ᠦᠵᠡᠭᠦᠯᠬᠦ ᠬᠤᠯᠪᠣᠭᠠᠲᠤ ᠴᠣᠭᠴᠠ 40᠂ ᠬᠤᠲᠠ ᠶᠢᠨ ᠲᠡᠰ ᠤᠨ ᠵᠢᠱᠢᠶ᠎ᠡ ᠦᠵᠡᠭᠦᠯᠬᠦ ᠬᠤᠯᠪᠣᠭᠠᠲᠤ ᠴᠣᠭᠴᠠ 27 ᠪᠣᠶ᠃ 220 ᠠᠵᠤ ᠠᠬᠤᠶᠢᠯᠠᠯ ᠢ ᠬᠤᠯᠪᠤᠵᠤ᠂ 316 ᠮᠠᠯᠴᠢᠨ ᠲᠠᠷᠢᠶᠠᠴᠢᠳ  ᠤᠨ ᠲᠤᠰᠬᠠᠢ ᠬᠤᠷᠰᠢᠶᠠᠵᠢᠯ᠂ 69 ᠭᠡᠷ ᠪᠦᠯᠢ ᠶᠢᠨ ᠲᠠᠷᠢᠶᠠᠯᠠᠩ ᠮᠠᠯᠵᠢᠯ ᠤᠨ ᠲᠠᠯᠠᠪᠠᠶ᠂ 168 ᠦᠢᠯᠡᠳᠪᠦᠷᠢᠯᠡᠯ ᠤᠨ ᠴᠢᠨᠠᠷᠲᠠᠢ ᠦᠢᠯᠡᠴᠢᠯᠡᠭᠡᠨ ᠤ ᠵᠣᠬᠢᠶᠠᠨ ᠪᠠᠶᠢᠭᠤᠯᠤᠯᠲᠠ᠂ ᠳᠠᠷᠢᠵᠤ ᠲᠡᠵᠢᠭᠡᠨ ᠦᠷᠡᠵᠢᠭᠦᠯᠬᠦ ᠲᠣᠮᠣ ᠡᠷᠦᠬᠡ ᠨᠢ ᠲᠠᠷᠢᠶᠠᠯᠠᠩ ᠮᠠᠯ ᠠᠵᠤ ᠠᠬᠤᠢ ᠶᠢᠨ ᠠᠵᠤ ᠤᠶᠢᠯᠡᠰᠵᠢᠭᠰᠡᠨ ᠬᠤᠯᠪᠣᠭᠠᠲᠤ ᠴᠣᠭᠴᠠ ᠶᠢᠨ ᠡᠵᠡᠩᠨᠡᠯᠲᠡ ᠳᠤ ᠣᠷᠣᠯᠴᠠᠪᠠ᠃ ᠡᠲᠡᠭᠡᠷ ᠬᠤᠯᠪᠣᠭᠠᠲᠤ ᠴᠣᠭᠴᠠ ᠨᠢ ᠲᠠᠷᠢᠶᠠᠯᠠᠩ ᠠᠵᠤ ᠠᠬᠤᠶᠢᠯᠠᠯ ᠤᠨ ᠠᠰᠢᠭ ᠲᠤᠰᠠ ᠶᠢᠨ ᠬᠤᠯᠪᠣᠯᠳᠤᠯ ᠤᠨ ᠲᠣᠭᠲᠠᠴᠠ ᠶᠢ ᠭᠦᠨᠵᠡᠭᠡᠶᠢᠷᠡᠭᠦᠯᠬᠦ ᠪᠠ ᠮᠠᠯᠵᠢᠬᠤ ᠲᠠᠷᠢᠶᠠᠯᠠᠬᠤ ᠣᠷᠣᠨ ᠤ ᠨᠢᠭᠡ ᠬᠤᠶᠠᠷ ᠭᠤᠷᠪᠠᠳᠤᠭᠠᠷ ᠠᠵᠤ ᠦᠢᠯᠡᠰ ᠤᠨ ᠠᠭᠤᠰᠤᠯᠳᠤᠨ ᠬᠥᠭᠵᠢᠬᠦ ᠳᠤ ᠲᠤᠯᠤᠭᠠᠶᠢᠯᠠᠭᠴᠢ ᠶᠢᠨ ᠦᠢᠯᠡᠳᠦᠯ ᠢ ᠪᠠᠳᠠᠷᠠᠭᠤᠯᠵᠤ ᠪᠠᠶᠢᠨ᠎ᠠ᠃ 
ᠢᠷᠡᠯᠲᠡ᠄ ᠪᠠᠶᠠᠨᠨᠠᠭᠤᠷ ᠤᠨ ᠮᠣᠩᠭᠤᠯ ᠷᠠᠳᠢᠣ᠋ ᠲᠧᠯᠸᠢᠰ