ᠬᠤᠳᠠ ᠶᠢᠨ ᠨᠠᠮ ᠤᠨ ᠬᠤᠷᠢᠶᠠᠨ ᠤ ᠲᠠᠪᠤᠳᠤᠭᠠᠷ ᠬᠤᠭᠤᠴᠠᠭᠠᠨ ᠤ ᠲᠠᠪᠤᠳᠤᠭᠠᠷ ᠪᠦᠬᠦᠳᠠ ᠬᠤᠷᠠᠯ ᠠᠴᠠ ᠰᠢ ᠶᠢᠨ ᠫᠢᠩ ᠶᠡᠷᠦᠩᠬᠡᠢ ᠱᠦᠵᠢ ᠮᠠᠨ ᠤ | ᠬᠤᠳᠠ ᠳᠤ ᠡᠯᠡᠰᠦᠷᠬᠡᠭᠵᠢᠯ ᠢ ᠶᠡᠷᠦᠩᠬᠡᠶᠢᠯᠡᠨ ᠰᠡᠷᠭᠡᠶᠢᠯᠡᠨ ᠵᠠᠰᠠᠬᠤ ᠶᠢ ᠴᠢᠩᠭᠠᠳᠬᠠᠬᠤ ᠪᠠ ︽ᠤᠮᠠᠷᠠᠲᠤ ᠶᠢᠨ ᠭᠤᠷᠪᠠᠨ ᠣᠷᠣᠨ︾ ᠵᠡᠷᠭᠡ ᠭᠤᠣᠯᠳᠠᠯᠭ᠎ᠠ ᠲᠠᠢ ᠠᠮᠢ | ᠠᠬᠤᠢ ᠶᠢᠨ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠬᠤ ᠶᠠᠷᠢᠯᠴᠠᠬᠤ ᠬᠤᠷᠠᠯ ᠢ ᠡᠷᠬᠢᠯᠡᠨ ᠬᠤᠷᠠᠯᠳᠤᠭᠤᠯᠵᠤ᠂ ᠪᠠᠶᠠᠨᠨᠠᠭᠤᠷ ᠢ ᠤᠯᠤᠰ ᠤᠨ | ᠡᠯᠡᠰᠦᠷᠬᠡᠭᠵᠢᠯ ᠢ ᠰᠡᠷᠭᠡᠶᠢᠯᠡᠵᠦ ᠡᠯᠡᠰᠦ ᠶᠢ ᠵᠠᠰᠠᠬᠤ ᠪᠠᠶᠢᠯᠳᠤᠬᠤ ᠪᠣᠳᠣᠯᠭ᠎ᠠ ᠶᠢᠨ ᠪᠦᠬᠦ ᠲᠠᠯ᠎ᠠ ᠶᠢᠨ ᠴᠢᠬᠤᠯᠠ ᠪᠠᠶᠢᠷᠢᠨ ᠳᠤ ᠲᠡᠦᠬᠡᠲᠦ ᠴᠢᠨᠠᠷᠲᠠᠢ ᠪᠠᠷ ᠲᠠᠯᠪᠢᠵᠠᠢ | ᠭᠡᠵᠦ ᠳᠤᠷᠠᠳᠪᠠ᠃ ᠰᠢ ᠶᠢᠨ ᠫᠢᠩ ᠶᠡᠷᠦᠩᠬᠡᠢ ᠱᠦᠵᠢ ᠶᠢᠨ ᠤᠷᠢᠶᠠᠯᠠᠭ᠎ᠠ ᠶᠢᠨ ᠱᠠᠭᠠᠷᠳᠠᠯᠭ᠎ᠠ ᠶᠢ ᠡᠷᠡᠰ ᠪᠠᠷᠢᠮᠲᠠᠯᠠᠨ ᠳᠠᠭᠠᠵᠤ᠂ ᠮᠠᠨ ᠤ ᠬᠤᠲᠠ ᠠᠮᠢ ᠠᠬᠤᠢ ᠶᠢ | ᠲᠡᠷᠢᠭᠦᠨ ᠳᠤ ᠲᠠᠯᠪᠢᠵᠤ ᠪᠣᠬᠢᠷᠲᠤᠯ ᠦᠭᠡᠢ ᠪᠠᠷ ᠬᠥᠭᠵᠢᠭᠦᠯᠬᠦ ᠶᠢ ᠪᠠᠷᠢᠮᠲᠠᠯᠠᠵᠤ᠂ ᠢᠨᠵᠧᠨᠧᠷᠢᠩ ᠢᠶᠠᠷ ᠡᠯᠡᠰᠦ ᠶᠢ ᠵᠠᠰᠠᠬᠤ᠂ ᠠᠵᠤ ᠦᠢᠯᠡᠰ ᠢᠶᠠᠷ ᠡᠯᠡᠰᠦ ᠶᠢ | ᠵᠠᠰᠠᠬᠤ ᠂ ᠤᠰᠤ ᠠᠷᠪᠢᠯᠠᠵᠤ ᠤᠰᠤ ᠨᠥᠬᠦᠪᠦᠷᠢᠯᠡᠵᠦ ᠡᠯᠡᠰᠦ ᠶᠢ ᠵᠠᠰᠠᠬᠤ ᠪᠠᠷ ᠳᠠᠮᠵᠢᠭᠤᠯᠤᠨ᠂ ᠡᠯᠡᠰᠦ ᠮᠠᠩᠬ᠎ᠠ ᠶᠢ ᠵᠠᠰᠠᠬᠤ ᠪᠦᠷᠬᠦᠴᠡ ᠶᠢᠨ ᠲᠠᠯᠠᠪᠠᠶ ᠶᠢ | ᠪᠦᠲᠦᠮᠵᠢᠲᠡᠶ ᠥᠷᠭᠡᠳᠬᠡᠵᠦ᠂ ᠮᠠᠨ ᠤ ᠤᠯᠤᠰ ᠤᠨ ᠤᠮᠠᠷᠠᠲᠤ ᠶᠢᠨ ᠴᠢᠬᠤᠯᠠ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ ᠪᠠᠶᠢᠭᠤᠯᠬᠤ ᠳᠤ ᠬᠦᠴᠦᠨ | ᠴᠢᠳᠠᠯ ᠢᠶᠠᠨ ᠡᠷᠬᠦᠵᠤ ᠪᠠᠶᠢᠨ᠎ᠠ᠃ | ᠤᠶᠢᠷ᠎ᠠ ᠳᠤ᠂ ᠤᠯᠠᠭᠠᠨᠪᠤᠬ᠎ᠠ ᠶᠢᠨ ᠡᠯᠡᠰᠦᠨ ᠴᠦᠯ ᠤᠨ ᠡᠯᠡᠰᠦ ᠶᠢ ᠰᠡᠷᠭᠡᠶᠢᠯᠡᠵᠦ ᠡᠯᠡᠰᠦ ᠶᠢ ᠵᠠᠰᠠᠬᠤ ᠶᠡᠷᠦᠩᠬᠡᠶᠢᠯᠡᠭᠰᠡᠨ ᠵᠢᠱᠢᠶ᠎ᠡ ᠦᠵᠡᠭᠦᠯᠬᠦ ᠣᠷᠣᠨ ᠳᠤ᠂ | ᠠᠵᠢᠯᠴᠢᠳ ᠶᠠᠭ ᠡᠪᠡᠰᠦ ᠶᠢ ᠡᠯᠡᠰᠦᠨ ᠳᠤ ᠳᠠᠷᠤᠵᠤ ᠣᠷᠣᠭᠤᠯᠤᠭᠠᠳ ᠳᠥᠷᠪᠡᠯᠵᠢᠨ ᠡᠯᠡᠰᠦᠨ ᠬᠠᠯᠬᠠᠪᠴᠢ ᠬᠢᠵᠤ᠂ ᠨᠠᠮᠤᠷ ᠳᠥᠷᠪᠡᠯᠵᠢᠨ ᠬᠠᠯᠬᠠᠪᠴᠢ ᠶᠢᠨ | ᠳᠣᠲᠣᠷ᠎ᠠ ᠵᠠᠭ ᠲᠠᠷᠢᠬᠤ ᠳᠤ ᠪᠡᠯᠡᠳᠬᠡᠯ ᠬᠢᠵᠦ ᠪᠠᠶᠢᠯ᠎ᠠ᠃ | ᠡᠯᠡᠰᠦ ᠶᠢ ᠵᠠᠰᠠᠬᠤ ᠠᠵᠢᠯᠴᠢᠨ ᠶᠠᠩ ᠮᠢ ᠶᠧ ᠶᠢᠨ ᠬᠡᠯᠡᠬᠦ ᠪᠠᠷ᠂ ᠪᠢᠳᠡ ᠥᠷᠯᠥᠭᠡ ᠪᠦᠷᠢ ᠲᠠᠪᠤᠨ ᠴᠠᠭ ᠬᠠᠭᠠᠰ ᠲᠤ ᠠᠳᠡ ᠢᠷᠡᠵᠦ ᠡᠯᠡᠰᠦ ᠶᠢ ᠳᠠᠷᠤᠨ᠎ᠠ᠂ | ᠬᠡᠳᠦᠶᠢᠪᠡᠷ ᠠᠭᠤᠷ ᠠᠮᠢᠰᠬᠤᠯ ᠮᠠᠰᠢ ᠬᠠᠯᠠᠭᠤᠨ ᠪᠣᠯᠪᠠᠴᠤ ᠪᠢᠳᠡᠨ ᠤ ᠡᠷᠴᠢ ᠵᠣᠷᠢᠭ ᠮᠠᠰᠢ ᠲᠡᠬᠦᠯᠳᠡᠷ ᠪᠠᠶᠢᠨ᠎ᠠ ᠬᠡᠵᠤ ᠪᠠᠶᠢᠪᠠ᠃ | ᠳ᠋ᠧᠩᠺᠸᠤ ᠰᠢᠶᠠᠨ ᠡᠯᠡᠰᠦᠷᠬᠡᠭᠵᠢᠯ ᠪᠠ ᠠᠭᠤᠯᠠ ᠤᠰᠤ ᠤᠢ ᠰᠢᠭᠤᠢ ᠲᠠᠷᠢᠶᠠᠨ ᠭᠠᠵᠠᠷ ᠨᠠᠭᠤᠷ ᠡᠪᠡᠰᠦ ᠡᠯᠡᠰᠦ ᠶᠢ ᠶᠡᠷᠦᠩᠬᠡᠶᠢᠯᠡᠨ ᠵᠠᠰᠠᠬᠤ ᠶᠢ ᠨᠢᠭᠡᠳᠦᠯᠲᠡᠢ | ᠲᠥᠯᠥᠪᠵᠢᠭᠦᠯᠦᠨ ᠠᠬᠢᠭᠤᠯᠵᠤ᠂ ᠤᠯᠤᠰ ᠤᠨ ᠭᠤᠣᠯᠳᠠᠯᠭ᠎ᠠ ᠲᠠᠢ ᠠᠮᠢ ᠠᠬᠤᠢ ᠶᠢᠨ ᠪᠦᠲᠦᠭᠡᠨ ᠪᠠᠶᠢᠭᠤᠯᠤᠯᠲᠠ ᠶᠢᠨ ᠢᠨᠵᠧᠨᠧᠷᠢᠩ᠂ ᠪᠠᠶᠢᠭᠠᠯᠢ ᠶᠢᠨ ᠤᠢ | ᠰᠢᠭᠤᠢ ᠶᠢ ᠬᠠᠮᠠᠭᠠᠯᠠᠬᠤ ᠢᠨᠵᠧᠨᠧᠷᠢᠩ᠂ ᠭᠤᠷᠪᠠᠨ ᠤᠮᠠᠷᠠᠲᠤ ᠶᠢᠨ ᠬᠠᠯᠬᠠᠪᠴᠢ ᠤᠢ ᠶᠢᠨ ᠪᠦᠲᠦᠭᠡᠨ ᠪᠠᠶᠢᠭᠤᠯᠤᠯᠲᠠ ᠶᠢᠨ ᠢᠨᠵᠧᠨᠧᠷᠢᠩ ᠵᠡᠷᠭᠡ ᠤᠯᠤᠰ ᠤᠨ | ᠭᠤᠣᠯᠳᠠᠯᠭ᠎ᠠ ᠲᠠᠢ ᠢᠨᠵᠧᠨᠧᠷᠢᠩ ᠢ ᠵᠠᠯᠭᠠᠪᠡᠷ ᠬᠡᠷᠡᠭᠵᠢᠭᠦᠯᠵᠦ᠂ ᠨᠡᠶᠢᠳᠡ 210 ᠲᠦᠮᠡᠨ ᠮᠦ ᠡᠯᠡᠰᠦ ᠶᠢ ᠵᠠᠰᠠᠬᠤ ᠶᠢ ᠪᠡᠶᠡᠯᠡᠬᠦᠯᠦᠭᠰᠡᠨ ᠪᠠᠶᠢᠨ᠎ᠠ᠃ | ᠳ᠋ᠧᠩᠺᠸᠤ ᠰᠢᠶᠠᠨ ᠤ ᠡᠯᠡᠰᠦ ᠶᠢ ᠰᠡᠷᠭᠡᠶᠢᠯᠡᠬᠦ ᠤᠢ ᠰᠢᠭᠤᠢ ᠶᠢᠨ ᠬᠠᠮᠢᠶᠠᠷᠤᠯᠲᠠ ᠶᠢᠨ ᠲᠥᠪ ᠤᠨ ᠳᠡᠳ᠋ ᠡᠷᠬᠢᠯᠡᠭᠴᠢ ᠾᠧ ᠸᠧᠨ ᠴᠢᠶᠠᠩ ᠠᠴᠠ | ᠰᠤᠷᠪᠤᠯᠵᠢᠯᠠᠭᠴᠢ ᠳᠤ᠂ ᠤᠯᠠᠭᠠᠨᠪᠤᠬ᠎ᠠ ᠶᠢᠨ ᠡᠯᠡᠰᠦᠷᠬᠡᠭ ᠣᠷᠣᠨ ᠳᠤ ᠬᠥᠮᠥᠨ ᠤ ᠬᠦᠴᠦ ᠪᠠᠷ ᠣᠶᠢᠵᠢᠭᠤᠯᠬᠤ᠂ ᠡᠯᠡᠰᠦ ᠶᠢ ᠪᠢᠲᠡᠭᠦᠮᠵᠢᠯᠡᠨ ᠣᠶᠢᠵᠢᠭᠤᠯᠬᠤ᠂ | ᠢᠨᠵᠧᠨᠧᠷᠢᠩ ᠢᠶᠠᠷ ᠡᠯᠡᠰᠦ ᠶᠢ ᠲᠣᠭᠲᠠᠪᠤᠷᠢᠵᠢᠭᠤᠯᠬᠤ᠂ ᠮᠠᠭᠤᠳᠠᠭᠰᠠᠨ ᠤᠢ ᠰᠢᠭᠤᠢ ᠶᠢ ᠬᠡᠰᠡᠭᠯᠡᠨ ᠰᠡᠷᠭᠦᠭᠡᠬᠦ᠂ ᠤᠢ ᠰᠢᠭᠤᠢ ᠶᠢ ᠠᠷᠠᠴᠢᠯᠠᠨ ᠪᠣᠶᠢᠵᠢᠭᠤᠯᠬᠤ ᠵᠡᠷᠭᠡ | ᠠᠷᠭ᠎ᠠ ᠬᠡᠮᠵᠢᠶ᠎ᠡ ᠠᠪᠴᠤ᠂ ᠲᠤᠷᠤᠭ ᠮᠣᠳᠣ᠂ ᠵᠠᠭ ᠵᠡᠷᠭᠡ ᠪᠠᠷ ᠭᠤᠤᠯᠯᠠᠭᠰᠠᠨ ᠲᠤᠷᠤᠭ ᠪᠤᠳᠠ ᠮᠣᠳᠣ ᠶᠢ ᠤᠶᠠᠯᠳᠤᠭᠤᠯᠤᠭᠰᠠᠨ ᠰᠠᠯᠬᠢ ᠶᠢ ᠬᠠᠯᠬᠠᠯᠠᠨ ᠡᠯᠡᠰᠦ ᠶᠢ | ᠲᠣᠭᠲᠠᠪᠤᠷᠢᠵᠢᠭᠤᠯᠬᠤ ᠤᠢ ᠶᠢ ᠪᠠᠶᠢᠭᠤᠯᠵᠤ᠂ ᠡᠯᠡᠰᠦᠨ ᠤ ᠡᠬᠢ ᠶᠢᠨ ᠬᠠᠳᠤᠨ ᠭᠤᠣᠯ ᠪᠤᠯᠤᠨ ᠬᠤᠳᠠ ᠬᠥᠳᠡᠭᠡ ᠶᠢᠨ ᠡᠷᠬᠢᠨ ᠲᠣᠭᠤᠷᠢᠨ ᠲᠡᠰᠢ ᠦᠷᠬᠡᠵᠢᠬᠦ | ᠵᠠᠮ ᠢ ᠲᠠᠰᠤᠯᠵᠤ᠂ ᠪᠦᠬᠦ ᠣᠷᠣᠨ ᠪᠦᠰᠡ ᠶᠢᠨ ᠠᠮᠢ ᠠᠬᠤᠢ ᠶᠢᠨ ᠠᠮᠤᠷ ᠲᠦᠪᠰᠢᠨ ᠤ ᠪᠠᠶᠢᠷᠢᠰᠢᠯ ᠢ ᠪᠦᠬᠦ ᠬᠦᠴᠦᠨ ᠢᠶᠠᠷ ᠢᠶᠠᠨ ᠴᠣᠭᠴᠠᠯᠠᠨ ᠪᠠᠶᠢᠭᠤᠯᠤᠨ᠎ᠠ ᠬᠡᠵᠤ | ᠪᠠᠶᠢᠯ᠎ᠠ᠃ | ᠤᠯᠠᠨ ᠵᠢᠯ ᠤᠨ ᠲᠤᠷᠰᠢᠬᠢ ᠡᠯᠡᠰᠦ ᠶᠢ ᠵᠠᠰᠠᠬᠤ ᠦᠢᠯᠡᠳᠦᠯᠭᠡ ᠳᠤᠮᠳᠠ᠂ ᠳ᠋ᠧᠩᠺᠸᠤ ᠰᠢᠶᠠᠨ ᠠᠮᠢ ᠠᠬᠤᠢ ᠶᠢ ᠠᠵᠤ ᠦᠢᠯᠡᠰᠵᠢᠭᠦᠯᠬᠦ᠂ ᠠᠵᠤ ᠦᠢᠯᠡᠰ ᠢ | ᠠᠮᠢ ᠠᠬᠤᠶᠢᠵᠢᠭᠤᠯᠬᠤ ᠬᠥᠭᠵᠢᠯᠲᠡ ᠶᠢᠨ ᠴᠢᠭᠯᠡᠯ ᠢ ᠪᠠᠷᠢᠮᠲᠠᠯᠠᠵᠤ᠂ ︽ᠬᠥᠮᠥᠨ ᠨᠢ ᠤᠷᠤᠭᠰᠢᠯᠠᠨ ᠡᠯᠡᠰᠦ ᠨᠢ ᠤᠬᠤᠷᠢᠬᠤ︾ ᠶᠢ ᠪᠡᠶᠡᠯᠡᠭᠦᠯᠬᠦ ᠶᠢᠨ ᠬᠠᠮᠲᠤ᠂ | ᠬᠡᠷᠡᠯᠯᠢᠭ ᠴᠡᠨᠡᠭ ᠤᠨ ᠠᠵᠤ ᠦᠢᠯᠡᠰ᠂ ᠰᠦ ᠰᠠᠭᠠᠯᠢ ᠶᠢᠨ ᠠᠵᠤ ᠦᠢᠯᠡᠰ᠂ ᠴᠠᠭᠠᠨ ᠭᠤᠶᠣᠣ᠂ ᠡᠯᠡᠰᠦᠨ ᠴᠦᠯ ᠤᠨ ᠦᠵᠦᠮ ᠪᠣᠯᠣᠨ ᠠᠮᠢ ᠠᠬᠤᠢ ᠶᠢᠨ | ᠵᠤᠭᠠᠴᠠᠯ ᠤᠨ ᠦᠢᠯᠡᠰ ᠢᠶᠠᠷ ᠭᠤᠣᠯ ᠪᠣᠯᠭᠠᠭᠰᠠᠨ ᠡᠯᠡᠰᠦᠨ ᠤ ᠠᠵᠤ ᠦᠢᠯᠡᠰ ᠢ ᠭᠤᠣᠯᠳᠠᠯᠭ᠎ᠠ ᠲᠠᠢ ᠬᠥᠭᠵᠢᠭᠦᠯᠵᠦ᠂ ᠡᠯᠡᠰᠦ ᠮᠠᠩᠬ᠎ᠠ ᠶᠢ ᠨᠣᠭᠤᠭᠠᠷᠠᠭᠤᠯᠬᠤ᠂ ᠠᠵᠤ | ᠦᠢᠯᠡᠰ ᠤᠨ ᠦᠷ᠎ᠡ ᠠᠰᠢᠭ ᠢ ᠨᠡᠮᠡᠭᠳᠡᠭᠦᠯᠬᠦ ᠦᠷᠬᠦᠯᠵᠢᠯᠡᠬᠦᠶᠢᠴᠡ ᠬᠥᠭᠵᠢᠯᠲᠡ ᠶᠢᠨ ᠵᠠᠮ ᠢ ᠨᠡᠭᠡᠭᠡᠵᠡᠢ᠃ | ᠳ᠋ᠧᠩᠺᠸᠤ ᠰᠢᠶᠠᠨ ᠤ ᠡᠯᠡᠰᠦ ᠶᠢ ᠰᠡᠷᠭᠡᠶᠢᠯᠡᠬᠦ ᠤᠢ ᠰᠢᠭᠤᠢ ᠶᠢᠨ ᠬᠠᠮᠢᠶᠠᠷᠤᠯᠲᠠ ᠶᠢᠨ ᠲᠥᠪ ᠤᠨ ᠳᠡᠳ᠋ ᠡᠷᠬᠢᠯᠡᠭᠴᠢ ᠾᠧ ᠸᠧᠨ ᠴᠢᠶᠠᠩ ᠠᠴᠠ᠂ ᠳ᠋ᠧᠩᠺᠸᠤ | ᠰᠢᠶᠠᠨ ᠤᠯᠠᠨ ᠵᠢᠯ ᠤᠨ ᠲᠤᠷᠰᠢᠬᠢ ᠡᠯᠡᠰᠦ ᠶᠢ ᠰᠡᠷᠭᠡᠶᠢᠯᠡᠵᠦ ᠡᠯᠡᠰᠦ ᠶᠢ ᠵᠠᠰᠠᠭᠰᠠᠨ ᠦᠢᠯᠡᠳᠦᠯᠭᠡ ᠳᠤᠮᠳᠠ ᠪᠠᠨ ᠰᠠᠶᠢᠨ ᠲᠤᠷᠰᠢᠯᠭ᠎ᠠ᠂ ᠰᠠᠶᠢᠨ ᠠᠷᠭ᠎ᠠ ᠪᠠᠨ | ᠲᠠᠰᠤᠷᠠᠯᠳᠡ ᠦᠭᠡᠢ ᠳ᠋ᠦᠩᠨᠡᠵᠦ᠂ ᠪᠠᠷᠠᠭᠤᠨ ᠬᠤᠶᠢᠲᠤ ᠣᠷᠣᠨ ᠴᠢᠨᠠᠭᠰᠢᠯᠠᠪᠠᠯ ᠪᠦᠬᠦ ᠤᠯᠤᠰ ᠤᠨ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠳᠤ ᠲᠠᠭᠤᠷᠢᠶᠠᠯ | ᠪᠤᠯᠵᠤ ᠪᠣᠯᠬᠤ᠂ ᠳᠡᠯᠭᠡᠷᠡᠭᠦᠯᠵᠦ ᠪᠣᠯᠬᠤ ︽ ᠳ᠋ᠧᠩᠺᠸᠤ ᠶᠢᠨ ᠲᠤᠷᠰᠢᠯᠭ᠎ᠠ︾ ᠶᠢ ᠲᠠᠰᠤᠷᠠᠯᠳᠠ ᠦᠬᠡᠢ ᠬᠠᠩᠭᠠᠵᠤ ᠪᠠᠶᠢᠨ᠎ᠠ ᠬᠡᠵᠤ ᠪᠠᠶᠢᠯ᠎ᠠ᠃ | ᠪᠠᠶᠠᠨᠨᠠᠭᠤᠷ ︽ᠪᠥᠬᠦ ᠤᠯᠤᠰ ᠤᠨ ᠴᠢᠬᠤᠯᠠ ᠠᠮᠢ ᠠᠬᠤᠢ ᠶᠢᠨ ᠰᠢᠰᠲ᠋ᠧᠮ ᠢ ᠬᠠᠮᠠᠭᠠᠯᠠᠬᠤ ᠪᠠ ᠰᠡᠷᠭᠦᠭᠡᠬᠦ ᠴᠢᠬᠤᠯᠠ ᠶᠡᠭᠡ ᠢᠨᠵᠧᠨᠧᠷᠢᠩ ᠤᠨ ᠶᠡᠷᠦᠩᠬᠡᠢ | ᠲᠥᠯᠦᠪᠵᠢᠭᠦᠯᠭᠡ ︵2021 - 2035 ᠣᠨ︶︾ ︽ᠭᠤᠷᠪᠠᠨ ᠣᠷᠣᠨ ᠳᠥᠷᠪᠡᠨ ᠪᠦᠰᠡ︾ ᠶᠢᠨ ᠠᠮᠢ ᠠᠬᠤᠢ ᠶᠢᠨ ᠠᠮᠤᠷ ᠲᠦᠪᠰᠢᠨ ᠤ ᠪᠠᠶᠢᠷᠢᠰᠢᠯ ᠤᠨ | ᠤᠮᠠᠷᠠᠲᠤ ᠶᠢᠨ ᠡᠯᠡᠰᠦ ᠶᠢ ᠰᠡᠷᠭᠡᠶᠢᠯᠡᠬᠦ ᠪᠦᠰᠡ ᠳᠤ ᠣᠷᠣᠰᠢᠵᠤ᠂ ᠪᠥᠬᠦ ᠬᠤᠲᠠ ᠶᠢᠨ ᠡᠯᠡᠰᠦᠵᠢᠭᠰᠡᠨ ᠭᠠᠵᠠᠷ ᠰᠢᠷᠣᠢ ᠶᠢᠨ ᠶᠡᠷᠦᠩᠬᠡᠢ ᠲᠠᠯᠠᠪᠠᠶ 3154.53 | ᠲᠦᠮᠡᠨ ᠮᠦ ᠬᠦᠷᠴᠡᠢ᠃ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠰᠢ᠂ ᠮᠠᠨ ᠤ ᠬᠤᠳᠠ ᠠᠮᠢ ᠠᠬᠤᠢ ᠶᠢᠨ ᠣᠷᠴᠢᠨ ᠲᠣᠭᠤᠷᠢᠨ ᠤ ᠵᠠᠰᠠᠯᠲᠠ ᠶᠢ ᠪᠦᠬᠦ | ᠲᠠᠯ᠎ᠠ᠂ ᠪᠦᠬᠦ ᠡᠯᠧᠮᠧᠨ᠋ᠲ᠂ ᠪᠦᠬᠦ ᠣᠷᠣᠨ ᠪᠦᠰᠡ᠂ ᠪᠦᠬᠦ ᠶᠠᠪᠤᠴᠠ ᠪᠠᠷ ᠴᠢᠩᠭᠠᠳᠬᠠᠵᠤ᠂ ᠡᠯᠡᠰᠦᠵᠢᠬᠦ ᠶᠢ ᠰᠡᠷᠭᠡᠶᠢᠯᠡᠵᠦ ᠡᠯᠡᠰᠦ ᠶᠢ ᠵᠠᠰᠠᠬᠤ ᠠᠵᠢᠯ ᠢ ᠬᠦᠴᠦᠯᠡᠨ | ᠠᠬᠢᠭᠤᠯᠵᠤ᠂ ᠴᠢᠬᠤᠯᠠ ᠶᠡᠭᠡ ᠢᠨᠵᠧᠨᠧᠷᠢᠩ ᠢᠶᠠᠷ ᠳᠠᠮᠵᠢᠨ ᠡᠯᠡᠰᠦᠵᠢᠭᠰᠡᠨ ᠭᠠᠵᠠᠷ ᠰᠢᠷᠣᠢ ᠶᠢ ᠵᠠᠰᠠᠨ ᠰᠡᠷᠭᠦᠭᠡᠵᠦ᠂ ᠤᠯᠤᠰ ᠤᠨ ᠭᠤᠣᠯᠳᠠᠯᠭ᠎ᠠ ᠲᠠᠢ ᠠᠮᠢ | ᠠᠬᠤᠢ ᠶᠢᠨ ᠢᠨᠵᠧᠨᠧᠷᠢᠩ ᠤᠨ ᠲᠦᠷᠦᠯ ᠵᠦᠢᠯ ᠤᠨ ᠣᠷᠣᠨ᠂ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ᠂ ᠬᠦᠨᠳᠦ ᠨᠣᠴᠢᠲᠠᠢ ᠡᠯᠡᠰᠦᠵᠢᠵᠦ ᠮᠠᠭᠤᠳᠠᠭᠰᠠᠨ ᠪᠠ | ᠠᠮᠢ ᠠᠬᠤᠢ ᠬᠡᠪᠡᠷᠡᠭ ᠣᠷᠣᠨ᠂ ᠪᠢᠲᠡᠭᠦᠮᠵᠢᠯᠡᠨ ᠪᠣᠶᠢᠵᠢᠭᠤᠯᠤᠭᠰᠠᠨ ᠣᠷᠣᠨ ᠳᠤ ᠪᠡᠯᠴᠢᠭᠡᠷᠯᠡᠭᠦᠯᠬᠦ ᠶᠢ ᠴᠢᠩᠭ᠎ᠠ ᠴᠠᠭᠠᠵᠠᠯᠠᠬᠤ ᠶᠢᠨ ᠬᠠᠮᠳᠤ ᠨᠤᠲᠤᠭ ᠪᠡᠯᠴᠢᠭᠡᠷ ᠤᠨ | ᠮᠠᠯᠵᠢᠬᠤ ᠣᠷᠣᠨ ᠳᠤ ᠪᠡᠯᠴᠢᠭᠡᠷᠯᠡᠭᠦᠯᠬᠦ ᠶᠢ ᠴᠠᠭᠠᠵᠠᠯᠠᠬᠤ ᠪᠠ ᠮᠠᠯ ᠪᠡᠯᠴᠢᠭᠡᠷ ᠢ ᠲᠡᠩᠴᠡᠭᠦᠷᠢ ᠲᠠᠢ ᠪᠠᠶᠢᠯᠭᠠᠬᠤ ᠳᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠠᠮᠢ | ᠠᠬᠤᠢ ᠶᠢᠨ ᠬᠠᠮᠠᠭᠠᠯᠠᠯᠲᠠ ᠶᠢ ᠴᠢᠩᠭᠠᠳᠬᠠᠭᠰᠠᠨ ᠪᠠᠶᠢᠨ᠎ᠠ᠃ ᠠᠮᠢ ᠠᠬᠤᠢ ᠶᠢ ᠰᠠᠶᠢᠲᠤᠷ ᠬᠠᠮᠠᠭᠠᠯᠠᠭᠰᠠᠨ ᠤᠷᠢᠲᠠᠯ ᠳᠣᠣᠷ᠎ᠠ ᠡᠯᠡᠰᠦᠨ ᠤ ᠠᠵᠤ ᠦᠢᠯᠡᠰ ᠢ ᠵᠣᠬᠢᠬᠤ | ᠬᠡᠮᠵᠢᠶ᠎ᠡ ᠪᠠᠷ ᠬᠥᠭᠵᠢᠭᠦᠯᠵᠦ᠂ ᠪᠥᠬᠦ ᠬᠤᠲᠠ ᠶᠢᠨ ᠠᠵᠤ ᠦᠢᠯᠡᠰ ᠤᠨ ᠡᠯᠡᠰᠦ ᠶᠢ ᠵᠠᠰᠠᠭᠰᠠᠨ ᠲᠠᠯᠠᠪᠠᠶ 90 ᠲᠦᠮᠡᠨ ᠮᠦ ᠳᠤ ᠬᠦᠷᠴᠦ᠂ ᠴᠠᠭᠠᠨ ᠭᠤᠶᠣᠣ᠂ | ᠦᠵᠦᠮ ᠤᠨᠠᠷᠢᠬᠢ ᠨᠡᠷᠡᠬᠦ᠂ ᠬᠢᠲᠠᠳ ᠡᠮ ᠤᠨ ᠮᠠᠲ᠋ᠧᠷᠢᠶᠠᠯ᠂ ᠠᠮᠢ ᠠᠬᠤᠢ ᠶᠢᠨ ᠬᠡᠷᠡᠯᠯᠢᠭ ᠴᠡᠨᠡᠭ ᠵᠡᠷᠭᠡ ᠠᠵᠤ ᠦᠢᠯᠡᠰ ᠢ ᠬᠦᠭᠵᠢᠬᠦᠯᠦᠨ᠂ ᠪᠡᠭᠡᠵᠢᠩ | ᠲᠢᠶᠠᠨᠵᠢᠨ ᠤ ᠰᠠᠯᠬᠢ ᠡᠯᠡᠰᠦᠨ ᠤ ᠡᠬᠢ ᠶᠢ ᠵᠠᠰᠠᠬᠤ᠂ ᠪᠠᠶᠢᠭᠠᠯᠢ ᠶᠢᠨ ᠤᠢ ᠶᠢ ᠬᠠᠮᠠᠭᠠᠯᠠᠬᠤ᠂ ᠤᠯᠠᠭᠠᠨᠰᠤᠬᠠᠢ ᠨᠠᠭᠤᠷ ᠤᠨ ᠰᠠᠪᠠ ᠭᠠᠵᠠᠷ ᠤᠨ ᠠᠭᠤᠯᠠ ᠤᠰᠤ ᠤᠢ | ᠲᠠᠷᠢᠶ᠎ᠠ ᠨᠠᠭᠤᠷ ᠪᠡᠯᠴᠢᠭᠡᠷ ᠤᠨ ᠠᠮᠢ ᠠᠬᠤᠢ ᠶᠢ ᠬᠠᠮᠠᠭᠠᠯᠠᠨ ᠰᠡᠷᠭᠦᠭᠡᠬᠦ ᠲᠤᠷᠰᠢᠯᠲᠠ ᠶᠢᠨ ᠢᠨᠵᠧᠨᠧᠷᠢᠩ᠂ ᠬᠡᠪᠴᠢᠶᠡᠵᠢᠭᠦᠯᠦᠭᠰᠡᠨ ᠡᠯᠡᠰᠦ ᠶᠢ ᠰᠡᠷᠭᠡᠶᠢᠯᠡᠵᠦ | ᠡᠯᠡᠰᠦ ᠶᠢ ᠵᠠᠰᠠᠬᠤ᠂ ᠥᠪᠥᠷ ᠮᠣᠩᠭᠤᠯ ᠤᠨ ᠪᠠᠷᠠᠭᠤᠨ ᠬᠡᠰᠡᠭ ᠤᠨ ᠡᠯᠡᠰᠦᠨ ᠴᠦᠯ ᠢ ᠶᠡᠷᠦᠩᠬᠡᠶᠢᠯᠡᠨ ᠵᠠᠰᠠᠬᠤ ᠵᠡᠷᠭᠡ ᠤᠯᠤᠰ ᠤᠨ ᠭᠤᠣᠯᠳᠠᠯᠭ᠎ᠠ ᠲᠠᠢ ᠠᠮᠢ | ᠠᠬᠤᠢ ᠶᠢᠨ ᠢᠨᠵᠧᠨᠧᠷᠢᠩ ᠵᠢᠴᠢ ᠨᠡᠶᠢᠭᠡᠮ ᠤᠨ ᠨᠡᠶᠢᠲᠡ ᠶᠢᠨ ᠠᠰᠠᠷᠠᠮᠵᠢ ᠶᠢᠨ ᠣᠶᠢᠵᠢᠭᠤᠯᠤᠯᠲᠠ ᠶᠢᠨ ᠲᠦᠷᠦᠯ ᠵᠦᠢᠯ ᠵᠡᠷᠭᠡ ᠳᠤ ᠲᠦᠰᠢᠭᠯᠡᠨ᠂ ᠪᠦᠬᠦ ᠬᠤᠳᠠ ᠳᠤ | ᠡᠯᠡᠰᠦ ᠶᠢ ᠰᠡᠷᠭᠡᠶᠢᠯᠡᠵᠦ ᠡᠯᠡᠰᠦ ᠶᠢ ᠵᠠᠰᠠᠬᠤ ᠲᠠᠯᠠᠪᠠᠢ ᠶᠢ ᠨᠡᠶᠢᠳᠡ 1490.87 ᠲᠦᠮᠡᠨ ᠮᠦ ᠪᠡᠶᠡᠯᠡᠭᠦᠯᠪᠡ᠃ |