ᠬᠤᠳᠠ ᠶᠢᠨ ᠨᠠᠮ ᠤᠨ ᠬᠤᠷᠢᠶᠠᠨ ᠤ ᠲᠠᠪᠤᠳᠤᠭᠠᠷ ᠬᠤᠭᠤᠴᠠᠭᠠᠨ ᠤ ᠲᠠᠪᠤᠳᠤᠭᠠᠷ ᠪᠦᠬᠦᠳᠠ ᠬᠤᠷᠠᠯ ᠠᠴᠠ᠂ B ᠬᠡᠯᠪᠡᠷᠢ ᠶᠢᠨ ᠭᠠᠶᠢᠯᠢ ᠪᠠᠲᠤᠯᠠᠬᠤ | ᠪᠠᠷᠠᠭᠠᠨ ᠤ ᠭᠦᠢᠯᠭᠡᠭᠡᠨ ᠤ ᠬᠦᠷᠢᠶᠡᠯᠡᠩ ᠲᠣᠭᠤᠷᠢᠭ᠂ ᠳᠤᠮᠳᠠᠳᠤ ᠡᠸᠦ᠋ᠷᠦᠫᠡ ᠶᠢᠨ ᠵᠢᠰᠢᠶᠠᠨ ᠤ ᠭᠠᠯᠲᠤ ᠲᠡᠷᠭᠡ ᠵᠢᠴᠢ ᠲᠥᠪᠡᠳ ᠬᠠᠰᠢ᠂ ᠦᠷ᠎ᠡ ᠶᠢᠨ ᠴᠥᠮ᠎ᠡ᠂ | ᠠᠬᠰᠢᠭᠠᠭᠰᠠᠨ ᠨᠣᠭᠤᠭ᠎ᠠ ᠵᠡᠷᠭᠡ 3 ᠭᠠᠳᠠᠭᠠᠳᠤ ᠠᠷᠠᠯᠵᠢᠶᠠᠨ ᠤ ᠭᠠᠳᠠᠭᠠᠳᠤ ᠳᠤ ᠭᠠᠷᠭᠠᠬᠤ ᠰᠠᠭᠤᠷᠢᠨ ᠳᠤ ᠲᠦᠰᠢᠭᠯᠡᠵᠦ᠂ ᠬᠤᠳᠠ ᠶᠢᠨ ᠳᠣᠲᠣᠭᠠᠳᠤ ᠶᠢᠨ | ᠬᠤᠯᠪᠣᠭᠳᠠᠯ ᠪᠦᠬᠦᠢ ᠤᠯᠠᠨ ᠤᠯᠤᠰ ᠤᠨ ᠠᠷᠠᠯᠵᠢᠶᠠᠨ ᠤ ᠠᠵᠤ ᠠᠬᠤᠶᠢᠯᠠᠯ ᠤᠨ ᠭᠠᠳᠠᠭᠰᠢ ᠴᠢᠭᠯᠡᠭᠦᠯᠦᠭᠰᠡᠨ ᠠᠵᠤ ᠠᠬᠤᠢ ᠶᠢ ᠬᠥᠭᠵᠢᠭᠦᠯᠬᠦ ᠦᠢᠯᠡᠳᠦᠯ ᠢ | ᠪᠠᠳᠠᠷᠠᠭᠤᠯᠵᠤ᠂ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠤ ᠵᠠᠮ ᠢ ᠰᠠᠭᠠᠳ ᠦᠭᠡᠢ ᠨᠡᠪᠳᠡᠷᠡᠬᠦᠯᠦᠨ᠂ ᠭᠠᠳᠠᠭᠠᠳᠤ ᠠᠷᠠᠯᠵᠢᠶᠠᠨ ᠤ ᠲᠦᠷᠦᠯ ᠵᠦᠢᠯ | ᠪᠠ ᠬᠡᠪᠴᠢᠶ᠎ᠡ ᠶᠢ ᠲᠠᠰᠤᠷᠠᠯᠳᠠ ᠦᠭᠡᠢ ᠨᠡᠮᠡᠭᠳᠡᠭᠦᠯᠵᠦ᠂ ᠭᠠᠳᠠᠭᠰᠢ ᠴᠢᠭᠯᠡᠭᠦᠯᠦᠭᠰᠡᠨ ᠠᠵᠤ ᠦᠢᠯᠡᠰ ᠤᠨ ᠬᠥᠭᠵᠢᠯᠲᠡ ᠶᠢᠨ ᠲᠦᠪᠰᠢᠨ ᠢ ᠳᠡᠭᠡᠭᠰᠢᠯᠡᠭᠦᠯᠬᠦ ᠬᠡᠷᠡᠭᠲᠡᠢ | ᠭᠡᠵᠦ ᠳᠤᠷᠠᠳᠪᠠ᠃ ᠡᠨᠡ ᠵᠢᠯ ᠠᠴᠠ ᠨᠠᠰᠢ᠂ ᠮᠠᠨ ᠤ ᠬᠤᠲᠠ ᠬᠤᠳᠠᠯᠳᠤᠭ᠎ᠠ ᠡᠷᠭᠢᠯᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠪᠠᠷ ᠳᠠᠮᠵᠢᠭᠤᠯᠤᠨ᠂ ᠲᠡᠯᠡᠬᠡᠢ | ᠶᠢᠨ ᠥᠷᠢᠰᠦᠯᠳᠦᠬᠦ ᠬᠦᠴᠦᠨ ᠪᠦᠬᠦᠢ ᠠᠵᠤ ᠦᠢᠯᠡᠰ ᠤᠨ ᠪᠥᠭᠡᠮᠨᠡᠷᠡᠯ ᠢ ᠲᠦᠷᠭᠡᠪᠴᠢᠯᠡᠨ ᠪᠠᠶᠢᠭᠤᠯᠵᠤ᠂ ᠪᠥᠬᠦ ᠬᠤᠲᠠ ᠶᠢᠨ ᠭᠠᠳᠠᠭᠠᠳᠤ ᠠᠷᠠᠯᠵᠢᠶᠠᠨ ᠤ | ᠬᠥᠭᠵᠢᠯᠲᠡ ᠶᠢᠨ ᠳᠣᠲᠣᠭᠠᠳᠤ ᠶᠢᠨ ᠬᠥᠳᠡᠯᠭᠡᠬᠦ ᠬᠦᠴᠦᠨ ᠲᠠᠰᠤᠷᠠᠯᠲᠠ ᠦᠭᠡᠢ ᠴᠢᠩᠭᠠᠷᠠᠨ᠂ ᠲᠦᠷᠦᠭᠦᠸ ᠬᠠᠭᠠᠰ ᠵᠢᠯ ᠳᠤ᠂ ᠮᠠᠨ ᠤ ᠬᠤᠲᠠ ᠶᠢᠨ ᠭᠠᠳᠠᠭᠠᠳᠤ | ᠠᠷᠠᠯᠵᠢᠶᠠᠨ ᠤ ᠭᠠᠳᠠᠭᠠᠳᠤ ᠣᠷᠣᠭᠤᠯᠤᠯᠲᠠ ᠭᠠᠷᠭᠠᠯᠲᠠ ᠶᠢᠨ ᠶᠡᠷᠦᠩᠬᠡᠢ ᠬᠡᠮᠵᠢᠶ᠎ᠡ 200 ᠳ᠋ᠦᠩᠰᠢᠭᠤᠷ ᠲᠥᠭᠦᠷᠢᠭ ᠤᠨ ᠪᠣᠭᠤᠮᠲᠠ ᠶᠢ ᠲᠠᠪᠠᠨ᠂ 210.4 | ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 37.4% ᠪᠠᠷ ᠨᠡᠮᠡᠭᠳᠡᠨ᠂ ᠪᠥᠬᠦ ᠣᠷᠣᠨ ᠤ ᠲᠡᠷᠢᠭᠦᠨ ᠳᠤ ᠣᠷᠣᠪᠠ᠃ | ᠦᠶᠤᠸᠠᠨ ᠰᠢᠶᠠᠨ ᠤ ᠳ᠋ᠠ ᠹᠧᠩ ᠠᠮᠤ ᠬᠦᠨᠡᠰᠦ ᠢᠳᠡᠬᠡᠨ ᠤ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠶᠢᠨ ᠬᠦᠷᠢᠶᠡᠨ ᠳᠤ᠂ ᠭᠤᠶᠤ ᠰᠠᠶᠢᠬᠠᠨ | ᠪᠣᠭᠤᠳᠠᠯᠯᠠᠭᠰᠠᠨ ᠰᠢᠨ᠎ᠡ ᠰᠢᠯᠦᠬᠡᠢ ᠡᠷᠳᠡᠨᠢ ᠰᠢᠰᠢ ᠶᠢ ᠲᠡᠷᠭᠡᠨ ᠳᠤ ᠲᠡᠬᠡᠬᠡᠪᠤᠷᠢᠯᠡᠵᠤ ᠲᠢᠶᠠᠨᠵᠢᠨ ᠭᠠᠷᠠᠮ ᠢᠶᠠᠷ ᠠᠮᠧᠷᠢᠺᠠ ᠪᠣᠯᠣᠨ ᠺᠠᠨᠠᠳᠠ ᠳᠤ ᠬᠦᠷᠬᠡᠬᠦ ᠪᠠᠷ | ᠪᠡᠯᠡᠳᠬᠡᠵᠤ ᠪᠠᠶᠢᠯ᠎ᠠ᠃ ᠺᠣᠮᠫᠠᠨᠢ ᠨᠢ 2022 ᠣᠨ ᠳᠤ ᠠᠩᠬ᠎ᠠ ᠰᠢᠯᠦᠬᠡᠢ ᠡᠷᠳᠡᠨᠢ ᠰᠢᠰᠢ ᠶᠢ ᠭᠠᠳᠠᠭᠠᠳᠤ ᠳᠤ ᠭᠠᠷᠭᠠᠭᠰᠠᠨ ᠠᠴᠠ ᠨᠠᠰᠢ᠂ ᠠᠮᠧᠷᠢᠺᠠ᠂ ᠺᠠᠨᠠᠳᠠ᠂ | ᠶᠠᠫᠤᠨ᠂ ᠺᠣᠷᠢᠶᠠ ᠵᠡᠷᠭᠡ ᠤᠯᠤᠰ ᠤᠨ ᠭᠠᠳᠠᠭᠠᠳᠤ ᠶᠢᠨ ᠠᠷᠠᠯᠵᠢᠶᠠᠴᠢᠨ ᠤ ᠲᠠᠭᠠᠰᠢᠶᠠᠯ ᠢ ᠣᠯᠵᠤ᠂ ᠭᠠᠳᠠᠭᠠᠳᠤ ᠳᠤ ᠭᠠᠷᠭᠠᠬᠤ ᠵᠠᠬᠢᠶᠠᠯᠠᠭ᠎ᠠ ᠶᠢᠨ ᠬᠠᠭᠤᠳᠠᠰᠤ ᠡᠳᠦᠷ | ᠢᠷᠡᠬᠦᠶ᠎ᠡ ᠨᠡᠮᠡᠭᠳᠡᠨ ᠬᠠᠩᠭᠠᠯᠭ᠎ᠠ ᠨᠢ ᠬᠡᠷᠡᠭᠴᠡᠭᠡ ᠳᠡᠭᠡᠨ ᠬᠦᠷᠬᠦ ᠦᠭᠡᠢ ᠪᠣᠯᠪᠠ᠃ 2023 ᠣᠨ ᠳᠤ᠂ ᠠᠵᠤ ᠠᠬᠤᠶᠢᠯᠠᠯ ᠤᠨ ᠬᠢᠨ ᠲᠠᠷᠢᠬᠤ ᠲᠠᠯᠠᠪᠠᠢ ᠪᠠᠨ | ᠴᠢᠨᠠᠭᠰᠢᠳᠠ ᠥᠷᠭᠡᠳᠬᠡᠵᠦ᠂ ᠨᠡᠩ ᠤᠯᠠᠨ ᠰᠢᠨ᠎ᠡ ᠰᠣᠷᠭᠤᠭ ᠡᠷᠳᠡᠨᠢ ᠰᠢᠰᠢ ᠶᠢ ᠳᠡᠯᠡᠬᠡᠢ ᠶᠢᠨ ᠵᠠᠬ᠎ᠠ ᠳᠡᠯᠭᠡᠭᠦᠷ ᠲᠤ ᠭᠠᠷᠭᠠᠵᠤ ᠪᠠᠶᠢᠨ᠎ᠠ᠃ | ᠦᠶᠤᠸᠠᠨ ᠰᠢᠶᠠᠨ ᠤ ᠳ᠋ᠠ ᠹᠧᠩ ᠠᠮᠤ ᠬᠦᠨᠡᠰᠦ ᠢᠳᠡᠭᠡᠨ ᠤ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠶᠢᠨ ᠠᠵᠢᠯᠳᠠᠨ ᠵᠤᠤ ᠵᠢᠶᠧ ᠶᠢᠨ ᠬᠡᠯᠡᠬᠦ ᠪᠠᠷ᠂ ᠤᠳᠤ | ᠪᠣᠯᠲᠠᠯ᠎ᠠ᠂ ᠨᠡᠶᠢᠳᠡ 15.84 ᠲᠣᠨ ᠰᠢᠯᠦᠬᠡᠢ ᠡᠷᠳᠡᠨᠢ ᠰᠢᠰᠢ ᠶᠢ ᠭᠠᠳᠠᠭᠠᠳᠤ ᠳᠤ ᠭᠠᠷᠭᠠᠵᠤ᠂ ᠭᠠᠳᠠᠭᠠᠳᠤ ᠳᠤ ᠭᠠᠷᠭᠠᠬᠤ ᠪᠠᠷᠠᠭᠠᠨ ᠤ ᠦᠷᠳᠡᠭ ᠨᠢ ᠪᠠᠷᠤᠭ | 58000 ᠭᠠᠷᠤᠢ ᠳ᠋ᠣᠯᠯᠠᠷ ᠲᠤ ᠬᠦᠷᠴᠦ᠂ ᠡᠨᠡ ᠵᠢᠯ ᠤᠨ ᠳᠠᠷᠢᠭᠰᠠᠨ ᠰᠢᠯᠦᠬᠡᠢ ᠡᠷᠳᠡᠨᠢ ᠰᠢᠰᠢ 3 ᠲᠦᠮᠡᠨ ᠮᠦ ᠳᠤ ᠬᠦᠷᠦᠭᠰᠡᠨ ᠬᠡᠵᠤ ᠪᠠᠶᠢᠯ᠎ᠠ᠃ | ᠡᠨᠡ ᠵᠢᠯ ᠠᠴᠠ ᠨᠠᠰᠢ᠂ ᠮᠠᠨ ᠤ ᠬᠤᠲᠠ ᠬᠦᠴᠦᠲᠡᠢ ᠠᠷᠭ᠎ᠠ ᠬᠡᠮᠵᠢᠶ᠎ᠡ ᠠᠪᠴᠤ ᠭᠠᠳᠠᠭᠠᠳᠤ ᠠᠷᠠᠯᠵᠢᠶ᠎ᠠ ᠶᠢᠨ ᠲᠣᠭᠲᠠᠭᠤᠨ ᠬᠡᠪᠴᠢᠶ᠎ᠡ ᠰᠢᠯᠢᠳᠡᠭ | ᠪᠦᠲᠦᠴᠡ ᠶᠢ ᠠᠬᠢᠭᠤᠯᠵᠤ᠂ ᠪᠥᠬᠦ ᠬᠤᠲᠠ ᠶᠢᠨ ᠭᠠᠳᠠᠭᠠᠳᠤ ᠠᠷᠠᠯᠵᠢᠶ᠎ᠠ ᠳᠤ ᠶᠡᠷᠦᠩᠬᠡᠢ ᠳᠡᠭᠡᠨ ᠥᠨᠳᠥᠷ ᠨᠡᠭᠡᠭᠡᠯᠲᠡ ᠲᠠᠢ ᠲᠦᠷᠭᠡᠨ ᠬᠥᠭᠵᠢᠬᠦ ᠪᠠᠶᠢᠳᠠᠯ ᠢᠯᠡᠷᠡᠵᠦ᠂ | ᠲᠦᠷᠦᠭᠦᠸ ᠬᠠᠭᠠᠰ ᠵᠢᠯ ᠳᠤ ᠪᠥᠬᠦ ᠬᠤᠲᠠ ᠶᠢᠨ ᠭᠠᠳᠠᠭᠠᠳᠤ ᠠᠷᠠᠯᠵᠢᠶ᠎ᠠ ᠶᠢᠨ ᠭᠠᠳᠠᠭᠠᠳᠤ ᠣᠷᠣᠭᠤᠯᠤᠯᠲᠠ ᠭᠠᠷᠭᠠᠯᠲᠠ ᠶᠢᠨ ᠪᠥᠬᠦ ᠲᠤᠭ᠎ᠠ 200 ᠳ᠋ᠦᠩᠰᠢᠭᠤᠷ | ᠲᠥᠭᠦᠷᠢᠭ ᠤᠨ ᠪᠣᠭᠤᠮᠲᠠ ᠶᠢ ᠲᠠᠪᠠᠨ 210.4 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 37.4% ᠪᠠᠷ ᠨᠡᠮᠡᠭᠳᠡᠨ᠂ | ᠨᠡᠮᠡᠭᠳᠡᠯ ᠤᠨ ᠬᠤᠷᠳᠤᠴᠠ ᠨᠢ ᠪᠥᠬᠦ ᠣᠷᠣᠨ ᠤ 4.5 ᠵᠠᠭᠤᠨ ᠤ ᠨᠢᠭᠡᠴᠢ ᠠᠴᠠ ᠳᠠᠪᠠᠵᠤ᠂ ᠪᠥᠬᠦ ᠣᠷᠣᠨ ᠤ ᠲᠡᠷᠢᠭᠦᠨ ᠳᠤ ᠤᠷᠤᠵᠠᠢ᠃ ᠡᠭᠦᠨ ᠳᠤ᠂ | ᠭᠠᠳᠠᠭᠠᠳᠤ ᠭᠠᠷᠭᠠᠯᠲᠠ 32.5 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 16.5% ᠪᠠᠷ ᠨᠡᠮᠡᠭᠳᠡᠨ᠂ ᠭᠠᠳᠠᠭᠠᠳᠤ | ᠣᠷᠣᠭᠤᠯᠤᠯᠲᠠ 177.9 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 42.1% ᠪᠠᠷ ᠨᠡᠮᠡᠭᠳᠡᠪᠡ᠃ ᠶᠡᠷᠦᠩᠬᠡᠢ ᠥᠷᠲᠡᠭ ᠤᠨ | ᠨᠡᠮᠡᠭᠳᠡᠭᠰᠡᠨ ᠢᠶᠠᠷ ᠪᠠᠷᠠᠬᠤ ᠦᠭᠡᠢ᠂ ᠲᠤᠭ᠎ᠠ ᠪᠠᠷᠢᠮᠲᠠ ᠳᠤ ᠪᠠᠰᠠ ᠮᠠᠰᠢ ᠣᠯᠠᠨ ᠬᠢᠯᠠᠰ ᠴᠡᠭ ᠢᠯᠡᠷᠡᠵᠤ᠂ ᠲᠦᠷᠦᠭᠦᠸ ᠬᠠᠭᠠᠰ ᠵᠢᠯ ᠳᠤ ᠭᠠᠭᠴᠠᠮᠤᠳᠤ | ᠪᠣᠭᠤᠮᠲᠠ ᠶᠢᠨ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠤ ᠪᠠᠷᠠᠭᠠᠨ ᠤ ᠲᠡᠭᠡᠭᠡᠪᠦᠷᠢ ᠶᠢᠨ ᠬᠡᠮᠵᠢᠶ᠎ᠡ ᠨᠡᠶᠢᠲᠡ 1632.72 ᠲᠦᠮᠡᠨ ᠲᠣᠨ ᠳᠤ | ᠬᠦᠷᠴᠦ᠂ ᠠᠳᠠᠯᠢ ᠬᠤᠭᠤᠴᠠᠭᠠᠨ ᠤ ᠬᠢ ᠠᠴᠠ 200.25% ᠪᠠᠷ ᠨᠡᠮᠡᠭᠳᠡᠨ᠂ ᠪᠥᠬᠦ ᠬᠤᠲᠠ ᠶᠢᠨ ᠲᠠᠷᠢᠶᠠᠯᠠᠩ ᠤᠨ ᠪᠦᠲᠦᠭᠡᠭᠳᠡᠬᠦᠨ ᠤ ᠭᠠᠳᠠᠭᠠᠳᠤ ᠭᠠᠷᠭᠠᠯᠲᠠ | ᠲᠣᠭᠲᠠᠭᠤᠨ ᠢᠶᠠᠷ ᠨᠡᠮᠡᠭᠳᠡᠵᠦ᠂ ᠲᠦᠷᠦᠭᠦᠸ ᠬᠠᠭᠠᠰ ᠵᠢᠯ ᠳᠤ 30 ᠳ᠋ᠦᠩᠰᠢᠭᠤᠷ ᠲᠥᠭᠦᠷᠢᠭ ᠢ ᠳᠠᠪᠠᠵᠤ᠂ ᠠᠳᠠᠯᠢ ᠬᠤᠭᠤᠴᠠᠭᠠᠨ ᠤ ᠬᠢ ᠠᠴᠠ 19.2% ᠢᠶᠠᠷ | ᠨᠡᠮᠡᠭᠳᠡᠪᠡ᠃ ᠡᠭᠦᠨ ᠠᠴᠠ ᠭᠠᠳᠠᠨ᠎ᠠ᠂ ︽ᠮᠣᠩᠭᠤᠯ ᠬᠤᠳᠠᠯᠳᠤᠭᠠᠨ ᠤ ᠲᠣᠷᠭᠠᠨ ᠵᠠᠮ ᠤᠨ ᠠᠶᠠᠯᠠᠯ︾ ᠤᠨ ᠰᠢᠷᠢᠰ ᠠᠵᠤ ᠠᠬᠤᠢ ᠠᠷᠠᠯᠵᠢᠶᠠᠨ ᠤ ᠠᠵᠢᠯᠯᠠᠭ᠎ᠠ ᠳᠤ | ᠲᠦᠰᠢᠭᠯᠡᠨ᠂ ᠮᠠᠨ ᠤ ᠬᠤᠲᠠ ᠢᠳᠡᠪᠬᠢᠲᠡᠢ ᠪᠠᠷ ᠠᠵᠤ ᠠᠬᠤᠶᠢᠯᠠᠯ ᠢ ᠵᠣᠬᠢᠶᠠᠨ ᠪᠠᠶᠢᠭᠤᠯᠤᠨ ᠵᠠᠬ᠎ᠠ ᠳᠡᠯᠭᠡᠭᠦᠷ ᠢ ᠥᠷᠭᠡᠳᠬᠡᠵᠦ᠂ ᠳᠡᠭᠡᠷ᠎ᠡ ᠬᠠᠭᠠᠰ ᠵᠢᠯ ᠳᠤ | ᠦᠽᠪᠧᠺᠰᠲ᠋ᠠᠨ᠂ ᠣᠷᠣᠰ᠂ ᠢᠨᠳᠤᠨᠧᠰᠢᠶ᠎ᠠ᠂ ᠭᠧᠷᠮᠠᠨ ᠵᠡᠷᠭᠡ ᠤᠯᠤᠰ ᠪᠠ ᠭᠠᠵᠠᠷ ᠣᠷᠣᠨ ᠳᠠᠬᠢ ᠭᠠᠳᠠᠭᠠᠳᠤ ᠭᠠᠷᠭᠠᠯᠲᠠ ᠶᠢᠨ ᠬᠡᠪᠴᠢᠶ᠎ᠡ ᠨᠢ ᠠᠳᠠᠯᠢ | ᠬᠤᠭᠤᠴᠠᠭᠠᠨ ᠤ ᠬᠢ ᠠᠴᠠ ᠲᠣᠰ ᠲᠣᠰ 164.3%᠂ 41.8%᠂ 34.9%᠂ 31.8% ᠪᠠᠷ ᠨᠡᠮᠡᠭᠳᠡᠵᠦ᠂ ᠪᠠᠶᠠᠨᠨᠠᠭᠤᠷ ᠬᠤᠲᠠ ᠶᠢᠨ ᠭᠠᠳᠠᠭᠰᠢ | ᠴᠢᠭᠯᠡᠭᠦᠯᠦᠭᠰᠡᠨ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠳᠤ ᠲᠠᠰᠤᠷᠠᠯᠲᠠ ᠦᠭᠡᠢ ᠬᠦᠴᠦᠨ ᠨᠡᠮᠡᠷᠢᠯᠡᠭᠰᠡᠨ ᠪᠠᠶᠢᠨ᠎ᠠ᠃ | | |