ᠬᠦᠰᠡᠯ ᠨᠠᠶᠢᠳᠠᠯᠭ᠎ᠠ ᠶᠢ ᠪᠠᠲᠤ ᠴᠡᠭᠡᠵᠢᠯᠡᠵᠦ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠭᠰᠠᠨ ᠪᠠᠶᠠᠨᠨᠠᠭᠤᠷ ᠤᠨ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠶ᠎ᠡ᠂ ᠤᠯᠠᠭᠠᠨᠪᠤᠬ᠎ᠠ ᠶᠢᠨ ᠡᠯᠡᠰᠦᠨ ᠴᠥᠯ ᠤᠨ ᠨᠤᠭᠤᠷᠠᠭᠤᠯᠤᠯᠲᠠ ᠲᠠᠰᠤᠷᠠᠯᠲᠠ ᠦᠭᠡᠢ ᠰᠠᠶᠢᠵᠢᠷᠠᠨ ᠤᠯᠠᠨ ᠠᠷᠭ᠎ᠠ ᠪᠠᠷ ᠠᠮᠢ ᠠᠬᠤᠢ ᠪᠠ ᠠᠵᠤ ᠠᠬᠤᠢ ᠶᠢᠨ ᠬᠤᠣᠰ ᠦᠷ᠎ᠡ ᠠᠰᠢᠭ ᠢ ᠪᠡᠶᠡᠯᠡᠭᠦᠯᠦᠨ᠎ᠡ
ᠨᠡᠶᠢᠲᠡᠯᠡᠭᠰᠡᠨ ᠴᠠᠭ᠄
2023/8/2
      ᠤᠯᠠᠭᠠᠨᠪᠤᠬ᠎ᠠ ᠡᠯᠡᠰᠦᠨ ᠴᠥᠯ ᠤᠨ ᠶᠡᠷᠦᠩᠬᠡᠢ ᠲᠠᠯᠠᠪᠠᠶ 1500 ᠭᠠᠷᠤᠢ ᠲᠦᠮᠡᠨ ᠮᠦ ᠪᠠᠶᠢᠵᠤ᠂ ᠡᠯᠡᠰᠦᠨ ᠴᠥᠯ ᠤᠨ ᠵᠡᠭᠦᠨ ᠵᠠᠬ᠎ᠠ ᠶᠢᠨ 430 ᠲᠦᠮᠡᠨ ᠮᠦ ᠨᠢ ᠳ᠋ᠧᠩᠺᠸᠦ ᠰᠢᠶᠠᠨ ᠤ ᠨᠤᠲᠤᠭ ᠳᠡᠪᠢᠰᠬᠡᠷ ᠤᠨ ᠶᠡᠷᠦᠩᠬᠡᠢ ᠲᠠᠯᠠᠪᠠᠶ ᠶᠢᠨ 70% ᠰᠢᠬᠠᠮ ᠢ ᠡᠵᠡᠯᠡᠵᠦ ᠪᠠᠶᠢᠨ᠎ᠠ᠃ ᠣᠶᠢᠷ᠎ᠠ ᠶᠢᠨ ᠵᠢᠯ ᠳᠤ᠂ ᠳ᠋ᠧᠩᠺᠸᠦ ᠰᠢᠶᠠᠨ ᠤᠯᠠᠭᠠᠨᠪᠤᠬ᠎ᠠ ᠶᠢᠨ ᠡᠯᠡᠰᠦᠷᠬᠡᠭ ᠣᠷᠣᠨ ᠳᠤ ︽ᠨᠢᠭᠡ ᠲᠣᠣᠷ ᠭᠤᠷᠪᠠᠨ ᠪᠦᠰᠡ︾ ᠶᠢᠨ ᠠᠮᠢ ᠠᠬᠤᠢ ᠶᠢᠨ ᠬᠠᠮᠠᠭᠠᠯᠠᠯᠲᠠ ᠶᠢᠨ ᠤᠢ ᠶᠢᠨ  ᠰᠢᠰᠲ᠋ᠧᠮ ᠢ ᠪᠠᠶᠢᠭᠤᠯᠵᠤ᠂ ᠣᠷᠣᠨ ᠬᠤᠪᠢᠶᠠᠨ ᠵᠠᠰᠠᠬᠤ ᠪᠠ  ᠭᠡᠷᠡᠯᠯᠢᠭ ᠴᠡᠨᠡᠭ ᠠᠮᠢ ᠠᠬᠤᠢ ᠶᠢ ᠵᠠᠰᠠᠬᠤ ᠶᠢ ᠤᠶᠠᠯᠳᠤᠭᠤᠯᠤᠭᠰᠠᠨ ᠰᠢᠨᠵᠢᠯᠡᠬᠦ ᠤᠬᠠᠭᠠᠨᠴᠢ ᠪᠠᠷ ᠡᠯᠡᠰᠦ ᠶᠢ ᠵᠠᠰᠠᠬᠤ ᠪᠠᠶᠢᠷᠢᠰᠢᠯ ᠢ ᠪᠦᠷᠢᠯᠳᠦᠭᠦᠯᠵᠦ᠂ 210 ᠲᠦᠮᠡᠨ ᠮᠦ ᠡᠯᠡᠰᠦᠨ ᠴᠦᠯ  ᠢ  ᠨᠣᠭᠤᠭᠠᠷᠠᠭᠤᠯᠤᠭᠰᠠᠨ ᠪᠠᠶᠢᠨ᠎ᠠ᠃      ᠰᠤᠷᠪᠤᠯᠵᠢᠯᠠᠭᠴᠢ ᠤᠯᠠᠭᠠᠨᠪᠤᠬ᠎ᠠ ᠶᠢᠨ ᠡᠯᠡᠰᠦᠨ ᠴᠥᠯ ᠤᠨ ᠦᠷᠦᠯᠴᠡᠨ ᠳᠤ ᠪᠠᠶᠢᠷᠢᠯᠠᠭ᠎ᠠ22 ᠲᠦᠮᠡᠨ ᠮᠠᠤ ᠶᠢᠨ ᠤᠷᠭᠠᠨᠢᠭ ᠳᠡᠵᠢᠭᠡᠯ ᠡᠪᠡᠰᠦᠨ ᠤ ᠰᠠᠭᠤᠷᠢᠨ ᠭᠠᠵᠠᠷ ᠲᠤ ᠬᠦᠷᠬᠦ ᠳᠤ ᠤᠤᠯ ᠤᠨ ᠬᠤᠪᠠᠭ᠋ᠠᠢ ᠡᠯᠡᠰᠦᠨ ᠴᠥᠯ ᠬᠥᠬᠡᠷᠡᠨ ᠨᠣᠭᠤᠭᠠᠷᠠᠵᠤ ᠳᠡᠵᠢᠭᠡᠯ ᠡᠪᠡᠰᠦᠨ ᠤ ᠤᠷᠭᠤᠴᠠ ᠮᠠᠰᠢ ᠰᠠᠶᠢᠨ ᠪᠠᠶᠢᠯ᠎ᠠ᠃ ᠤᠯᠠᠭᠠᠨᠪᠤᠬ᠎ᠠ ᠶᠢᠨ ᠡᠯᠡᠰᠦᠨ ᠴᠥᠯ ᠪᠠ ᠬᠠᠲᠤᠨ ᠭᠤᠣᠯ ᠬᠥᠷᠰᠢᠯᠡᠵᠦ ᠪᠠᠶᠢᠳᠠᠭ ᠠᠴᠠ ᠠᠳᠡᠬᠢ ᠡᠯᠡᠰᠦᠨ ᠴᠥᠯ ᠪᠣᠯ ᠮᠠᠨ ᠤ ᠤᠯᠤᠰ ᠤᠨ ᠬᠠᠮᠤᠭ ᠴᠢᠬᠢᠯᠢᠭ ᠡᠯᠡᠰᠦᠨ ᠴᠥᠯ ᠪᠣᠯᠳᠠᠭ᠃  ᠰᠤᠷᠪᠤᠯᠵᠢᠯᠠᠭᠴᠢ ᠬᠠᠮᠢᠶᠠᠷᠤᠭᠴᠢ ᠲᠠᠢ ᠪᠠᠷᠠᠯᠠᠬᠤ ᠴᠠᠮᠬᠠᠭ ᠲᠤ ᠭᠠᠷᠴᠤ ᠤᠯᠠᠭᠠᠨᠪᠤᠬ᠎ᠠ ᠶᠢᠨ ᠡᠯᠡᠰᠦᠨ ᠴᠥᠯ ᠢ ᠠᠵᠢᠭᠯᠠᠬᠤ ᠳᠤ ᠡᠯᠡᠰᠦᠨ ᠴᠥᠯ ᠤᠨ ᠨᠣᠭᠤᠭᠠᠷᠠᠭᠤᠯᠤᠯᠲᠠ ᠰᠠᠶᠢᠵᠢᠷᠠᠭᠰᠠᠨ ᠨᠢ ᠣᠨᠴᠠᠭᠠᠢ ᠪᠠᠶᠢᠯ᠎ᠠ᠂ ᠬᠠᠮᠢᠶᠠᠷᠤᠭᠴᠢ ᠠᠴᠠ ᠰᠤᠷᠪᠤᠯᠵᠢᠯᠠᠭᠴᠢ ᠳᠤ᠂10 ᠵᠢᠯ ᠤᠨ ᠡᠮᠦᠨ᠎ᠡ ᠠᠩᠬᠠᠨ ᠤ ᠨᠣᠭᠤᠭᠠᠷᠠᠭᠤᠯᠤᠯᠲᠠ ᠶᠢᠨ ᠬᠥᠮᠥᠰ ᠠᠳᠡ ᠢᠷᠡᠬᠦ ᠳᠤ ᠵᠠᠮ ᠦᠭᠡᠢ᠂ ᠳᠣᠬᠢᠶ᠎ᠠ ᠦᠭᠡᠢ᠂ ᠠᠵᠢᠯᠴᠢᠳ ᠡᠳᠦᠷ ᠲᠡᠭᠡᠨ ᠭᠠᠳᠠᠭᠰᠢ ᠭᠠᠷᠴᠤ ᠠᠵᠢᠯᠯᠠᠭᠠᠳ ᠣᠷᠣᠢ ᠪᠣᠯᠬᠤ ᠳᠤ ᠪᠤᠴᠠᠵᠤ ᠢᠷᠡᠬᠦ ᠵᠠᠮ ᠢᠶᠠᠨ ᠣᠯᠬᠤ ᠦᠭᠡᠢ ᠪᠤᠯᠳᠠᠭ᠂  ᠭᠡᠪᠡᠴᠦ ᠡ᠊ᠨᠳᠡ ᠨᠢᠭᠡ ᠳ᠋ᠧᠩ ᠠᠰᠠᠵᠤ ᠬᠠᠷᠠᠭᠤᠯ ᠤᠨ ᠴᠠᠮᠬᠠᠭ ᠨᠢ ᠨᠢᠭᠡᠨ ᠬᠡᠷᠡᠯᠳᠦ ᠴᠠᠮᠬᠠᠭ ᠤᠨ ᠦᠢᠯᠡᠳᠦᠯ ᠢ ᠭᠠᠷᠭᠠᠵᠤ ᠂ ᠡᠨᠡ ᠨᠢ ᠮᠥᠨ ᠠᠴᠠ ᠮᠠᠨ ᠤ ᠨᠣᠭᠤᠭᠠᠷᠠᠭᠤᠯᠤᠯᠲᠠ ᠶᠢᠨ ᠬᠥᠮᠥᠰ ᠤᠨ ᠭᠡᠳᠦᠢ ᠬᠦᠴᠢᠷ ᠪᠡᠷᠭᠡᠰᠢᠶᠡᠯ ᠲᠠᠢ ᠪᠠᠶᠢᠭᠰᠠᠨ ᠢ ᠦᠵᠡᠵᠦ ᠭᠠᠷᠤᠨ᠎ᠠ ᠭᠡᠵᠦ ᠪᠠᠶᠢᠯ᠎ᠠ᠃      ᠳ᠋ᠧᠩᠺᠸᠦ ᠰᠢᠶᠠᠨ ᠤ ᠬᠢᠨ ᠠᠯᠢ ᠤᠯᠠᠨ ᠬᠦᠴᠢᠷ ᠪᠡᠷᠭᠡᠰᠢᠶᠡᠯ ᠢ ᠢᠯᠡᠨ ᠲᠠᠪᠠᠵᠤ᠂ 506 ᠲᠦᠮᠡᠨ ᠮᠦ ᠡᠯᠡᠰᠦᠷᠬᠡᠭ ᠣᠷᠣᠨ ᠢ ᠪᠠᠶᠢᠭᠠᠯᠢ ᠶᠢᠨ ᠬᠠᠮᠠᠭᠠᠯᠠᠯᠲᠠ ᠶᠢᠨ ᠭᠠᠵᠠᠷ᠂ ᠡᠯᠡᠰᠦ ᠶᠢ ᠪᠢᠲᠡᠭᠦᠮᠵᠢᠯᠡᠨ ᠡᠪᠡᠰᠦ ᠪᠣᠶᠢᠵᠢᠭᠤᠯᠬᠤ ᠣᠷᠣᠨ᠂ ᠰᠠᠯᠬᠢ ᠶᠢ ᠬᠠᠯᠬᠠᠯᠠᠨ ᠡᠯᠡᠰᠦ ᠶᠢ ᠬᠤᠷᠢᠭᠯᠠᠬᠤ ᠣᠷᠣᠨ᠂ ᠲᠠᠷᠢᠶᠠᠨ ᠭᠠᠵᠠᠷ ᠤᠨ ᠬᠠᠮᠠᠭᠠᠯᠠᠯᠲᠠ ᠶᠢᠨ ᠤᠢ ᠶᠢᠨ ᠣᠷᠣᠨ ᠵᠡᠷᠭᠡ 4 ᠠᠮᠢ ᠠᠬᠤᠢ ᠶᠢᠨ ᠣᠷᠣᠨ ᠵᠠᠢ ᠪᠣᠯᠭᠠᠨ ᠬᠡᠰᠡᠭᠯᠡᠵᠦ᠂ ᠰᠢᠨᠵᠢᠯᠡᠬᠦ ᠤᠬᠠᠭᠠᠨᠴᠢ ᠪᠠᠷ  ᠲᠥᠯᠥᠪᠵᠢᠭᠦᠯᠦᠨ ᠣᠷᠣᠨ ᠬᠤᠪᠢᠶᠠᠨ ᠵᠠᠰᠠᠵᠤ᠂ ᠡᠯᠡᠰᠦᠷᠬᠡᠭ ᠣᠷᠣᠨ ᠤ ᠣᠷᠴᠢᠨ ᠲᠣᠭᠤᠷᠢᠨ ᠢ ᠢᠯᠡᠳᠲᠡ ᠰᠠᠶᠢᠵᠢᠷᠠᠭᠤᠯᠵᠤ᠂ 210 ᠲᠦᠮᠡᠨ ᠮᠦ ᠶᠢᠨ ᠡᠯᠡᠰᠦ ᠶᠢ ᠵᠠᠰᠠᠵᠤ ᠣᠶᠢᠵᠢᠭᠤᠯᠬᠤ ᠶᠢ ᠪᠡᠶᠡᠯᠡᠭᠦᠯᠵᠦ᠂ ᠪᠦᠬᠦ ᠰᠢᠶᠠᠨ ᠤ ᠤᠢ ᠰᠢᠭᠤᠢ ᠡᠪᠡᠰᠦ ᠪᠡᠯᠴᠢᠭᠡᠷ ᠤᠨ ᠪᠦᠷᠬᠦᠴᠡ ᠶᠢ 37% ᠬᠦᠷᠲᠡᠯ᠎ᠡ  ᠳᠡᠭᠡᠭᠰᠢᠯᠡᠭᠦᠯᠵᠡᠢ᠃      ᠡᠭᠦᠨ ᠤ ᠬᠠᠮᠲᠤ ᠳ᠋ᠧᠩᠺᠸᠦ ᠰᠢᠶᠠᠨ ᠨᠢ ᠤᠯᠠᠭᠠᠨᠪᠤᠬ᠎ᠠ ᠶᠢᠨ ᠡᠯᠡᠰᠦᠨ ᠴᠦᠯ ᠤᠨ ᠲᠣᠮᠣ ᠬᠡᠯᠪᠡᠷᠢ ᠶᠢᠨ ᠰᠢᠨ᠎ᠡ ᠡᠨᠧᠷᠭᠢ ᠶᠢᠨ ᠰᠠᠭᠤᠷᠢᠨ  ᠭᠠᠵᠠᠷ ᠢ ᠪᠠᠶᠢᠭᠤᠯᠤᠨ 2328 ᠮᠦ ᠭᠠᠵᠠᠷ ᠡᠵᠡᠯᠡᠵᠦ᠂ 4.5 ᠳ᠋ᠦᠩᠰᠢᠭᠤᠷ ᠣᠷᠴᠢᠮ ᠪᠡᠯᠡ ᠣᠷᠣᠭᠤᠯᠵᠤ᠂ ᠵᠢᠯ ᠪᠦᠷᠢ 1.8 ᠳ᠋ᠦᠩᠰᠢᠭᠤᠷ ᠭᠷᠡᠳᠦ᠋ᠰ ᠤᠨ ᠴᠠᠬᠢᠯᠭᠠᠨ ᠭᠠᠷᠭᠠᠵᠤ᠂ 15 ᠲᠦᠮᠡᠨ ᠡᠷᠦᠬᠡ ᠭᠡᠷ ᠪᠦᠯᠢ ᠶᠢᠨ ᠨᠢᠭᠡ ᠵᠢᠯ ᠤᠨ ᠴᠠᠬᠢᠯᠭᠠᠨ ᠬᠡᠷᠡᠭᠯᠡᠬᠦ ᠬᠡᠮᠵᠢᠶ᠎ᠡ ᠶᠢ ᠬᠠᠩᠭᠠᠵᠤ  ᠲᠡᠶᠢᠯᠵᠦ ᠪᠠᠶᠢᠨ᠎ᠠ᠃ ᠪᠠᠶᠠᠨᠨᠠᠭᠤᠷ ᠬᠤᠲᠠ ᠶᠢᠨ ᠳ᠋ᠧᠩᠺᠸᠤ ᠰᠢᠶᠠᠨ ᠤ ᠬᠤᠩ ᠶᠦᠨ ᠰᠢᠨ᠎ᠡ ᠡᠨᠧᠷᠭᠢ ᠶᠢᠨ ᠨᠡᠭᠡᠭᠡᠨ ᠬᠥᠭᠵᠢᠭᠦᠯᠦᠯᠲᠡ ᠶᠢᠨ ᠬᠢᠵᠠᠭᠠᠷᠲᠤ ᠺᠣᠮᠫᠠᠨᠢ ᠶᠢᠨ ᠬᠡᠷᠡᠯ ᠬᠠᠳᠠᠭᠠᠯᠠᠬᠤ ᠴᠠᠬᠢᠯᠭᠠᠨ ᠥᠷᠲᠡᠭᠡᠨ ᠤ ᠳᠠᠷᠤᠭ᠎ᠠ ᠹᠦ᠋ ᡁᠢ ᠭᠦᠸᠧ ᠰᠤᠷᠪᠤᠯᠵᠢᠯᠠᠭᠴᠢ ᠳᠤ᠂  ᠭᠡᠷᠡᠯᠯᠢᠭ ᠴᠡᠨᠡᠭ ᠢ ᠬᠥᠭᠵᠢᠭᠦᠯᠬᠦ ᠶᠢᠨ ᠬᠠᠮᠲᠤ ᠬᠠᠷᠭᠠᠨ᠎ᠠ  ᠪᠠ ᠴᠠᠭᠠᠨ ᠭᠤᠶᠣᠣ  ᠲᠠᠷᠢᠵᠤ ᠠᠵᠤ ᠠᠬᠤᠢ ᠶᠢᠨ ᠦᠷ᠎ᠡ ᠠᠰᠢᠭ ᠨᠢ ᠵᠢᠯ ᠪᠦᠷᠢ 70 ᠲᠦᠮᠡ ᠣᠷᠴᠢᠮ ᠪᠠᠶᠢᠵᠤ᠂ 10 ᠵᠢᠯ ᠤᠨ ᠳᠣᠲᠣᠷ᠎ᠠ ᠥᠪᠡᠷ ᠤᠨ ᠥᠷᠲᠡᠭ ᠢ ᠨᠢ ᠪᠤᠴᠠᠭᠠᠨ ᠠᠪᠴᠢᠷᠠᠨ᠎ᠠ ᠭᠡᠵᠦ ᠢᠳᠡᠭᠡᠯᠲᠡᠢ ᠶᠠᠷᠢᠨ᠎ᠠ᠃      2021 ᠣᠨ ᠠᠴᠠ  ᠡᠬᠢᠯᠡᠨ ᠳ᠋ᠧᠩᠺᠸᠦ ᠰᠢᠶᠠᠨ ᠤ ᠬᠢᠨ  ᠭᠡᠷᠡᠯᠯᠢᠭ ᠴᠡᠨᠡᠭ  ᠪᠠ ᠠᠮᠢ ᠠᠬᠤᠢ ᠬᠠᠷᠢᠯᠴᠠᠨ ᠤᠶᠠᠯᠳᠤᠭᠰᠠᠨ ᠵᠠᠰᠠᠯᠲᠠ ᠶᠢᠨ ᠲᠦᠷᠦᠯ ᠵᠦᠢᠯ ᠢ ᠲᠥᠯᠥᠪᠵᠢᠭᠦᠯᠵᠦ᠂  ᠪᠦᠬᠦ ᠰᠢᠶᠠᠨ ᠢᠶᠠᠷ ᠢᠶᠠᠨ 3 ᠲᠦᠮᠡᠨ ᠮᠦ ᠰᠢᠬᠠᠮ ᠲᠠᠯᠠᠪᠠᠢ ᠲᠠᠢ ᠰᠠᠭᠤᠷᠢᠨ ᠢ ᠪᠠᠶᠢᠭᠤᠯᠵᠤ᠂ 360 ᠰᠠᠶ᠎ᠠ ᠸᠠᠲ ᠤᠨ ᠪᠠᠭᠲᠠᠭᠠᠮᠵᠢ ᠲᠠᠢ᠂ ᠵᠢᠯ ᠤᠨ ᠴᠠᠬᠢᠯᠭᠠᠨ ᠭᠠᠷᠭᠠᠬᠤ ᠬᠡᠮᠵᠢᠶ᠎ᠡ 4 ᠳ᠋ᠦᠩᠰᠢᠭᠤᠷ ᠰᠢᠬᠠᠮ ᠭᠷᠡᠳᠦ᠋ᠰ ᠲᠤ ᠬᠦᠷᠴᠦ᠂ 11000 ᠮᠦ ᠠᠮᠢ ᠠᠬᠤᠢ ᠶᠢᠨ ᠵᠠᠰᠠᠯᠲᠠ ᠶᠢ ᠪᠡᠶᠡᠯᠡᠭᠦᠯᠵᠡᠢ᠃ ᠣᠳᠣᠬᠠᠨ ᠳᠤ᠂ ᠤᠯᠤᠰ ᠠᠴᠠ ᠥᠪᠡᠷᠲᠡᠭᠡᠨ ᠵᠠᠰᠠᠬᠤ ᠣᠷᠣᠨ ᠳᠤ ᠪᠡᠯᠡᠳᠬᠡᠨ ᠪᠠᠶᠢᠭᠤᠯᠤᠭᠰᠠᠨ 4 ᠳ᠋ᠦᠭᠡᠷ ᠲᠣᠮᠣ ᠬᠡᠯᠪᠡᠷᠢ ᠶᠢᠨ ᠰᠢᠨ᠎ᠡ ᠡᠨᠧᠷᠭᠢ ᠶᠢᠨ ᠰᠠᠭᠤᠷᠢᠨ ᠭᠠᠵᠠᠷ ᠢ ᠳ᠋ᠧᠩᠺᠸᠤ ᠰᠢᠶᠠᠨ ᠳᠤ ᠪᠠᠶᠢᠷᠢᠯᠠᠭᠤᠯᠵᠤ᠂ ᠶᠡᠷᠦᠩᠬᠡᠢ ᠮᠠᠰᠢᠨ ᠴᠣᠭᠴᠠᠯᠠᠪᠤᠷᠢ ᠶᠢᠨ ᠪᠠᠭᠲᠠᠭᠠᠮᠵᠢ ᠨᠢ 1620 ᠲᠦᠮᠡᠨ ᠺᠢᠯᠣᠸᠠᠲ ᠲᠤ ᠬᠦᠷᠴᠡᠢ᠃
ᠢᠷᠡᠯᠲᠡ᠄ ᠪᠠᠶᠠᠨᠨᠠᠭᠤᠷ ᠤᠨ ᠮᠣᠩᠭᠤᠯ ᠷᠠᠳᠢᠣ᠋ ᠲᠧᠯᠸᠢᠰ