ᠬᠦᠰᠡᠯ ᠨᠠᠶᠢᠳᠠᠯᠭ᠎ᠠ ᠶᠢ ᠪᠠᠲᠤ ᠴᠡᠭᠡᠵᠢᠯᠡᠵᠦ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠭᠰᠠᠨ ᠪᠠᠶᠠᠨᠨᠠᠭᠤᠷ ᠤᠨ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠶ᠎ᠡ᠂ ᠠᠮᠤ ᠪᠤᠳᠠᠭ᠎ᠠ ᠶᠢ ᠭᠠᠵᠠᠷ ᠰᠢᠷᠦᠢ ᠳᠤ ᠬᠠᠳᠠᠭᠠᠯᠠᠵᠤ᠂ ᠠᠮᠤ ᠪᠤᠳᠠᠭ᠎ᠠ ᠬᠠᠳᠠᠭᠠᠯᠠᠬᠤ ᠶᠢ ᠮᠡᠷᠭᠡᠵᠢᠯ ᠳᠤ ᠲᠦᠰᠢᠭᠯᠡᠨ᠂ ᠠᠮᠤ ᠪᠤᠳᠠᠭᠠᠨ ᠤ ᠠᠮᠤᠷ ᠲᠦᠪᠰᠢᠨ ᠤ ᠰᠠᠭᠤᠷᠢ ᠶᠢ ᠪᠠᠳᠤᠳᠬᠠᠵᠤ ᠪᠠᠶᠢᠭ᠎ᠠ
ᠨᠡᠶᠢᠲᠡᠯᠡᠭᠰᠡᠨ ᠴᠠᠭ᠄
2023/8/2
      ᠮᠠᠨ ᠤ ᠬᠤᠳᠠ ︽ᠠᠮᠤ ᠪᠤᠳᠠᠭ᠎ᠠ ᠶᠢ ᠭᠠᠵᠠᠷ ᠰᠢᠷᠣᠢ ᠳᠤ ᠬᠠᠳᠠᠭᠠᠯᠠᠵᠤ᠂ ᠠᠮᠤ ᠪᠤᠳᠠᠭ᠎ᠠ ᠬᠠᠳᠠᠭᠠᠯᠠᠬᠤ ᠶᠢ ᠮᠡᠷᠭᠡᠵᠢᠯ ᠳᠤ ᠲᠦᠰᠢᠭᠯᠡᠭᠦ︾ ᠪᠠᠶᠢᠯᠳᠤᠬᠤ ᠪᠣᠳᠣᠯᠭ᠎ᠠ ᠶᠢ ᠭᠦᠨᠵᠡᠭᠡᠢ ᠲᠤᠤᠱᠯᠠᠭᠤᠯᠵᠤ᠂ ᠠᠮᠤ ᠪᠤᠳᠠᠭᠠᠨ ᠤ ᠠᠮᠤᠷ ᠲᠦᠪᠰᠢᠨ ᠤ ᠰᠠᠭᠤᠷᠢ ᠶᠢ ᠪᠠᠳᠤᠳᠬᠠᠨ᠂ ᠪᠣᠷᠣᠳᠣᠬᠤᠢ ᠶᠢᠨ ᠠᠮᠤ ᠪᠤᠳᠠᠭᠠᠨ ᠤ ᠬᠥᠮᠥᠷᠭᠡ ᠶᠢ ᠡᠯᠪᠡᠭ ᠬᠤᠷᠢᠶᠠᠯᠲᠠ ᠲᠠᠢ ᠪᠤᠯᠭᠠᠵᠤ ᠪᠠᠶᠢᠨ᠎ᠠ᠃      ᠤᠷᠠᠳ ᠤᠨ ᠡᠮᠦᠨᠡᠲᠦ ᠬᠤᠰᠢᠭᠤᠨ ᠤ ᠰᠢᠶᠠᠨ ᠹᠧᠩ ᠪᠠᠯᠭᠠᠰᠤᠨ ᠤ ᠶᠢᠦ ᠹᠠᠩ ᠲᠣᠰᠬᠤᠨ ᠳᠤ᠂ ᠠᠮᠤ ᠪᠤᠳᠠᠭ᠎ᠠ ᠳᠠᠷᠢᠬᠤ ᠲᠣᠮᠣ ᠡᠷᠦᠬᠡ ᠵᠧᠦ ᠱᠤᠸᠠᠩ ᠮᠢᠩ ᠡᠷᠳᠡᠨᠢ ᠰᠢᠰᠢ ᠶᠢᠨ ᠲᠠᠷᠢᠶᠠᠨ ᠳᠠᠭᠠᠨ ᠤᠰᠤ ᠪᠣᠷᠳᠣᠭᠤᠷ ᠢ ᠨᠢᠭᠡ ᠴᠣᠭᠴᠠᠵᠢᠭᠤᠯᠤᠭᠰᠠᠨ ᠲᠥᠬᠦᠭᠡᠷᠦᠮᠵᠢ ᠶᠢ ᠬᠡᠷᠡᠭᠯᠡᠬᠦ ᠪᠠᠷ ᠲᠠᠮᠵᠢᠨ᠂ ᠮᠦ ᠪᠦᠷᠢ ᠳᠤ 200 ᠲᠥᠭᠦᠷᠢᠭ ᠣᠷᠴᠢᠮ ᠤᠨ ᠣᠷᠣᠯᠭ᠎ᠠ ᠨᠡᠮᠡᠭᠳᠡᠭᠰᠡᠨ ᠪᠠᠶᠢᠨ᠎ᠠ᠃      ᠲᠠᠷᠢᠶᠠᠴᠢᠨ ᠵᠧᠦ ᠱᠤᠸᠠᠩ ᠮᠢᠩ ᠰᠤᠷᠪᠤᠯᠵᠢᠯᠠᠭᠴᠢ ᠳᠤ ᠪᠢᠳᠡ ᠣᠳᠣᠬᠠᠨ ᠳᠤ ᠴᠡᠭᠴᠡᠯᠡᠨ ᠥᠭᠡᠷᠡᠴᠢᠯᠡᠭᠰᠡᠨ ᠤ ᠳᠠᠷᠠᠭ᠎ᠠ ᠶᠡᠭᠡ ᠭᠡᠪᠴᠢᠶᠡᠨ ᠤ ᠲᠤᠰᠤᠯᠠᠭᠤᠷ ᠤᠰᠤᠯᠠᠯᠳᠠ ᠶᠢᠨ ᠲᠦᠭᠦᠭᠡᠷᠤᠮᠵᠢ ᠶᠢ ᠤᠭᠰᠠᠷᠠᠭᠰᠠᠨ ᠠᠴᠠ ᠪᠣᠷᠳᠣᠭᠤᠷ ᠤᠨ ᠲᠠᠯ᠎ᠠ ᠪᠠᠷ 30% ᠶᠢ ᠠᠷᠪᠢᠯᠠᠵᠤ᠂ ᠤᠰᠤᠨ ᠳᠡᠭᠡᠷ᠎ᠡ 30% ᠠᠴᠠ 40% ᠶᠢ ᠠᠷᠪᠢᠯᠠᠵᠤ᠂ ᠪᠠᠰᠠ ᠬᠥᠮᠥᠨ ᠤ ᠬᠦᠴᠦ ᠠᠷᠪᠢᠯᠠᠬᠤ ᠪᠠᠷ ᠪᠠᠷᠠᠬᠤ ᠦᠭᠡᠢ ᠲᠡᠷᠭᠡ ᠤᠨᠤᠭ᠎ᠠ ᠲᠠᠷᠢᠶᠠᠨ ᠭᠠᠵᠠᠷ ᠲᠤ ᠤᠷᠤᠵᠤ ᠠᠵᠢᠯᠯᠠᠬᠤ ᠳᠤ ᠴᠤ ᠲᠤᠩ ᠲᠦᠭᠦᠮ ᠪᠤᠯᠤᠭᠰᠠᠨ ᠭᠡᠪᠡ᠃      ᠲᠣᠰᠬᠤᠨ ᠤ ᠠᠷᠠᠳ ᠤᠨ ᠬᠤᠷᠢᠶᠠᠯᠳᠠ ᠨᠡᠮᠡᠭᠳᠡᠭᠰᠡᠨ ᠨᠢ ᠲᠤᠬᠠᠢ ᠶᠢᠨ ᠭᠠᠵᠠᠷ ᠤᠨ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢ ᠲᠦᠯᠬᠢᠨ ᠠᠬᠢᠭᠤᠯᠤᠭᠰᠠᠨ ᠤ ᠦᠷ᠎ᠡ ᠳ᠋ᠦᠩ ᠪᠤᠯᠬᠤ ᠶᠤᠮ᠃ ᠭᠤᠤ ᠰᠤᠪᠠᠭ᠂ ᠵᠠᠮ᠂ ᠤᠢ ᠰᠢᠭᠤᠢ᠂ ᠲᠠᠷᠢᠶᠠᠨ ᠭᠠᠵᠠᠷ ᠵᠡᠷᠭᠡ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ ᠲᠡᠭᠦᠯᠳᠡᠷᠵᠢᠭᠦᠯᠬᠦ ᠪᠠᠷ ᠳᠡᠮᠵᠢᠨ᠂ ᠲᠠᠷᠢᠶᠠᠯᠠᠩ ᠤᠨ ᠦᠢᠯᠡᠳᠪᠦᠷᠢᠯᠡᠯ ᠤᠨ ᠨᠥᠬᠦᠴᠡᠯ ᠢ ᠪᠦᠲᠦᠮᠵᠢᠲᠡᠶ ᠪᠠᠷ ᠰᠠᠶᠢᠵᠢᠷᠠᠭᠤᠯᠪᠠ᠃      ᠤᠷᠠᠳ ᠤᠨ ᠡᠮᠦᠨᠡᠲᠦ ᠬᠤᠰᠢᠭᠤᠨ ᠤ ᠰᠢᠶᠠᠨ ᠹᠧᠩ ᠪᠠᠯᠭᠠᠰᠤᠨ ᠤ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠲᠣᠪᠴᠢᠶᠠᠨ ᠤ ᠳᠠᠷᠤᠭ᠎ᠠ ᠵᠠᠩ ᠫᠧᠩ ᠹᠧᠢ ᠰᠤᠷᠪᠤᠯᠵᠢᠯᠠᠭᠴᠢ ᠳᠤ 2022 ᠣᠨ ᠳᠤ 1.2 ᠲᠦᠮᠡᠨ ᠮᠤ᠋ ᠲᠠᠷᠢᠶᠠᠨ ᠭᠠᠵᠠᠷ ᠲᠤ ᠥᠨᠳᠥᠷ ᠪᠠᠷᠢᠮᠵᠢᠶᠠᠳᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢᠨ ᠲᠦᠷᠦᠯ ᠵᠤᠶᠢᠯ ᠢ ᠭᠡᠷᠡᠭᠵᠢᠭᠦᠯᠦᠨ᠂ ᠠᠮᠤ ᠪᠤᠳᠠᠭᠠᠨ ᠤ ᠤᠨᠠᠯᠲᠠ ᠶᠢ ᠨᠡᠮᠡᠭᠳᠡᠭᠦᠯᠬᠦ ᠲᠠᠯ᠎ᠠ ᠪᠠᠷ ᠡᠷᠳᠡᠨᠢ ᠰᠢᠰᠢ ᠶᠢᠨ ᠮᠤ᠋ ᠪᠦᠷᠢ ᠶᠢᠨ ᠤᠨᠠᠯᠲᠠ ᠶᠢ 150 ᠠᠴᠠ 200 ᠵᠢᠩ ᠣᠷᠴᠢᠮ ᠨᠡᠮᠡᠭᠳᠡᠭᠦᠯᠦᠭᠰᠡᠨ᠂ ᠳᠠᠬᠢᠭᠠᠳ 3 ᠵᠢᠯ ᠤᠨ ᠬᠤᠭᠤᠴᠠᠭᠠᠨ ᠳᠤ 20 ᠲᠦᠮᠡᠨ ᠮᠦ ᠲᠠᠷᠢᠶᠠᠨ ᠭᠠᠵᠠᠷ ᠢ ᠠᠯᠬᠤᠮ ᠠᠯᠬᠤᠮ ᠢᠶᠠᠷ ᠦᠭᠡᠷᠡᠴᠢᠯᠡᠪᠡᠯ᠂ ᠮᠠᠨ ᠤ ᠰᠢᠶᠠᠨ ᠹᠧᠩ ᠪᠠᠯᠭᠠᠰᠤᠨ ᠤ ᠪᠦᠬᠦᠶᠢᠯᠡ ᠲᠠᠷᠢᠶᠠᠨ ᠭᠠᠵᠠᠷ ᠤᠨ ᠲᠥᠬᠦᠭᠡᠷᠦᠮᠵᠢ ᠶᠢᠨ ᠲᠠᠯ᠎ᠠ ᠪᠠᠷ ᠶᠡᠭᠡ ᠪᠠᠷ ᠰᠠᠶᠢᠵᠢᠷᠠᠬᠤ ᠪᠣᠯᠣᠨ᠎ᠠ ᠭᠡᠪᠡ᠃      ᠮᠠᠨ ᠤ ᠬᠤᠲᠠ ᠠᠮᠤ ᠪᠤᠳᠠᠭ᠎ᠠ ᠪᠠᠨ ᠲᠠᠷᠢᠶᠠᠨ ᠭᠠᠵᠠᠷ ᠲᠤ ᠬᠠᠳᠠᠭᠠᠯᠠᠬᠤ ᠶᠢ ᠪᠠᠷᠢᠮᠲᠠᠯᠠᠵᠤ᠂ 2019 ︱ 2022 ᠣᠨ ᠳᠤ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢᠨ ᠡᠭᠦᠷᠭᠡ ᠶᠢ 232 ᠲᠦᠮᠡᠨ ᠮᠦ ᠪᠡᠶᠡᠯᠡᠭᠦᠯᠵᠤ᠂ ᠲᠠᠷᠢᠶᠠᠨ ᠭᠠᠵᠠᠷ ᠢ ᠳᠥᠷᠪᠡᠯᠵᠢᠨ ᠪᠣᠯᠭᠠᠵᠤ᠂ ᠰᠤᠪᠠᠭ ᠢ ᠲᠣᠥᠷᠵᠢᠭᠤᠯᠤᠨ᠂ ᠵᠠᠮ ᠢ ᠬᠠᠷᠢᠯᠴᠠᠨ ᠨᠠᠪᠲᠠᠷᠡᠭᠦᠯᠵᠦ᠂ ᠭᠤᠤ ᠶᠢ ᠬᠤᠯᠪᠣᠯᠳᠤᠭᠤᠯᠤᠨ᠂ ᠭᠠᠩ ᠳᠤ ᠤᠰᠤᠯᠠᠵᠤ᠂ ᠤᠰᠤᠲᠤᠯ ᠢ ᠭᠠᠳᠠᠭᠰᠢᠯᠠᠭᠤᠯᠵᠤ᠂ ᠠᠮᠤ ᠪᠤᠳᠠᠭᠠᠨ ᠤ ᠦᠢᠯᠡᠳᠪᠦᠷᠢᠯᠡᠯ ᠤᠨ ᠴᠢᠳᠠᠪᠤᠷᠢ ᠶᠢ10% ᠠᠴᠠ ᠳᠡᠭᠡᠭᠰᠢ ᠳᠡᠭᠡᠭᠰᠢᠯᠡᠭᠦᠯᠪᠡ᠃ ᠡᠭᠦᠨ ᠤ ᠲᠠᠭᠤ ᠦᠷ᠎ᠡ ᠶᠢᠨ ᠦᠢᠯᠡᠰ ᠢ ᠬᠥᠭᠵᠢᠭᠦᠯᠦᠨ ᠮᠠᠨᠳᠤᠭᠤᠯᠬᠤ ᠠᠵᠢᠯᠯᠠᠭ᠎ᠠ ᠶᠢ ᠦᠷᠭᠦᠯᠵᠢᠯᠡᠨ ᠥᠷᠨᠢᠭᠦᠯᠵᠦ᠂ ᠠᠮᠤ ᠪᠤᠳᠠᠭᠠᠨ ᠤ ᠠᠮᠤᠷ ᠲᠦᠪᠰᠢᠨ ᠳᠤ ᠪᠠᠲᠤ ᠪᠠᠬᠢ ᠪᠠᠲᠤᠯᠠᠭ᠎ᠠ ᠬᠠᠩᠭᠠᠭᠰᠠᠨ ᠪᠠᠶᠢᠨ᠎ᠠ᠃      ᠦᠶᠤᠸᠠᠨ ᠰᠢᠶᠠᠨ ᠤ ᠾᠧ ᠱᠧᠩ ᠰᠢᠶᠠᠩ ᠤᠨ ᠨᠡᠷᠡᠨ ᠬᠤᠸᠠᠷ ᠤᠨ ︽ᠲᠠᠷᠢᠶ᠎ᠠ ᠦᠵᠡᠵᠦ ᠦᠷ᠎ᠡ ᠰᠣᠩᠭᠤᠬᠤ︾ ᠲᠠᠪᠴᠠᠩ ᠳᠤ᠂ ᠲᠠᠷᠢᠶᠠᠯᠠᠩ ᠤᠨ ᠮᠡᠷᠭᠡᠵᠢᠯ ᠤᠨ ᠠᠵᠢᠯᠲᠠᠳ ᠠᠴᠠ ᠲᠠᠷᠢᠶᠠᠴᠢᠳ ᠲᠤ ᠪᠣᠷᠳᠣᠭᠤᠷ ᠢ ᠬᠡᠷᠬᠢᠨ ᠵᠦᠢ ᠵᠣᠬᠢᠰᠲᠠᠢ ᠪᠠᠷ ᠬᠡᠷᠡᠭᠯᠡᠵᠦ᠂ ᠡᠪᠡᠳᠴᠢᠨ ᠬᠤᠷᠣᠬᠠᠢ ᠶᠢᠨ ᠬᠥᠨᠥᠭᠡᠯ ᠢ ᠰᠡᠷᠭᠡᠶᠢᠯᠡᠨ ᠵᠠᠰᠠᠬᠤ ᠲᠤᠬᠠᠢ ᠵᠢᠯᠤᠭᠤᠳᠤᠮᠵᠢ ᠭᠢᠵᠤ ᠪᠠᠶᠢᠯ᠎ᠠ᠃      ᠦᠶᠤᠸᠠᠨ ᠰᠢᠶᠠᠨ ᠤ ᠾᠧ ᠱᠧᠩ ᠰᠢᠶᠠᠩ ᠲᠣᠰᠬᠤᠨ ᠤ ᠠᠷᠠᠳ ᠶᠠᠩ ᠵᠧᠨ ᠢ ᠰᠤᠷᠪᠤᠯᠵᠢᠯᠠᠭᠴᠢ ᠳᠤ ᠬᠠᠮᠤᠭ ᠤᠨ ᠰᠠᠶᠢᠨ ᠲᠠᠯ᠎ᠠ ᠨᠢ ᠭᠡᠪᠡᠯ ᠪᠢᠳᠡ ᠲᠤᠭᠤᠷᠢᠨ ᠦᠵᠡᠭᠦ ᠠᠴᠠ ᠦᠷ᠎ᠡ ᠶᠢᠨ ᠰᠤᠶᠤᠭᠠᠯᠠᠬᠤ ᠨᠣᠷᠮ᠎ᠠ᠂ ᠪᠠᠰᠠ ᠤᠷᠭᠤᠯᠲᠠ ᠶᠢᠨ ᠬᠤᠭᠤᠴᠠᠭ᠎ᠠ ᠭᠦᠷᠳᠡᠯ᠎ᠡ ᠡᠮᠦᠨ᠎ᠡ ᠬᠤᠶᠢᠨ᠎ᠠ ᠪᠠᠨ ᠬᠠᠷᠢᠴᠠᠭᠤᠯᠤᠯ ᠲᠠᠢ᠂ ᠬᠠᠮᠤᠭ ᠭᠤᠣᠯ ᠨᠢ ᠳᠠᠷᠠᠭ᠎ᠠ ᠵᠢᠯ ᠤᠨ ᠲᠠᠷᠢᠮᠠᠯ ᠳᠤ ᠮᠠᠰᠢ ᠶᠡᠭᠡ ᠰᠣᠩᠭᠤᠯᠲᠠ ᠬᠢᠬᠦ ᠪᠣᠯᠣᠮᠵᠢ ᠲᠠᠢ ᠭᠡᠪᠡ᠃      ᠡᠨᠡ ᠵᠢᠯ ᠦᠶᠤᠸᠠᠨ ᠰᠢᠶᠠᠨ᠂ ᠾᠧ ᠱᠧᠩ ᠰᠢᠶᠠᠩ ᠳᠤ ᠦᠵᠡᠭᠦᠯᠦᠯᠭᠡ ᠶᠢᠨ ᠲᠠᠯᠠᠪᠠᠶ ᠪᠠᠷ 150 ᠮᠦ ᠨᠡᠷᠡᠨ ᠬᠤᠸᠠᠷ ᠤᠨ ︽ᠲᠠᠷᠢᠶ᠎ᠠ ᠦᠵᠡᠵᠦ ᠦᠷ᠎ᠡ ᠰᠣᠩᠭᠤᠬᠤ︾ ᠲᠠᠪᠴᠠᠩ ᠢ ᠪᠠᠶᠢᠭᠤᠯᠤᠨ᠂ 35 ᠰᠢᠯᠢᠳᠡᠭ ᠦᠷ᠎ᠡ ᠶᠢ ᠲᠥᠪᠯᠡᠷᠡᠭᠦᠯᠦᠨ ᠵᠢᠱᠢᠶ᠎ᠡ ᠦᠵᠡᠭᠦᠯᠵᠦ᠂ ᠲᠠᠷᠢᠮᠠᠯ ᠤᠨ ᠡᠷᠦᠬᠡ ᠶᠢᠨ ᠲᠠᠷᠢᠶᠠᠨ ᠭᠠᠵᠠᠷ ᠢᠶᠠᠨ ᠦᠵᠡᠵᠦ ᠦᠷ᠎ᠡ ᠰᠣᠩᠭᠤᠬᠤ᠂ ᠦᠷ᠎ᠡ  ᠪᠠᠨ ᠦᠵᠡᠵᠤ ᠲᠠᠷᠢᠶ᠎ᠠ ᠲᠠᠷᠢᠵᠤ᠂ ᠦᠷ᠎ᠡ ᠰᠣᠩᠭᠤᠬᠤ ᠣᠨᠣᠪᠴᠢ ᠶᠢᠨ ᠬᠡᠮᠵᠢᠶ᠎ᠡ ᠶᠢ ᠲᠡᠭᠡᠭᠰᠢᠯᠡᠭᠦᠯᠦᠭᠰᠡᠨ ᠪᠠᠶᠢᠨ᠎ᠠ᠃      ᠦᠶᠤᠸᠠᠨ ᠰᠢᠶᠠᠨ ᠤ ᠲᠠᠷᠢᠶᠠᠯᠠᠩ ᠮᠠᠯ ᠠᠵᠤ ᠠᠬᠤᠢ ᠶᠢᠨ ᠮᠡᠷᠭᠡᠵᠢᠯ ᠢ ᠳᠡᠯᠭᠡᠷᠡᠭᠦᠯᠬᠦ ᠲᠥᠪ ᠤᠨ ᠳᠡᠳ᠋ ᠡᠷᠬᠢᠯᠡᠭᠴᠢ ᠵᠦᠩ ᠱᠧᠩ ᠵᠦ ᠰᠤᠷᠪᠤᠯᠵᠢᠯᠠᠭᠴᠢ ᠳᠤ ᠦᠷ᠎ᠡ ᠶᠢᠨ ᠴᠢᠬᠢ ᠶᠢ ᠭᠠᠷᠭᠠᠬᠤ ᠠᠴᠠ ᠠᠪᠤᠭᠠᠳ ᠤᠷᠭᠤᠵᠤ ᠪᠤᠶᠢᠵᠢᠬᠤ᠂ ᠲᠠᠷᠢᠶᠠᠨ ᠤ ᠰᠢᠨᠵᠢ ᠴᠢᠨᠠᠷ ᠤᠨ ᠢᠯᠡᠷᠡᠯ ᠭᠠᠷᠬᠤ ᠳᠤ ᠭᠦᠷᠳᠡᠯ᠎ᠡ᠂ ᠪᠢᠳᠡ ᠡᠯ᠎ᠡ ᠲᠠᠯ᠎ᠠ ᠶᠢᠨ ᠬᠢᠨ ᠢ ᠵᠣᠬᠢᠶᠠᠨ ᠪᠠᠶᠢᠭᠤᠯᠤᠨ ᠲᠣᠭᠤᠷᠢᠨ ᠦᠵᠡᠭᠦᠯᠵᠦ᠂ ᠠᠵᠤ ᠠᠬᠤᠶᠢᠯᠠᠯ ᠢ ᠬᠠᠪᠰᠤᠷᠤᠨ ᠲᠠᠷᠢᠶ᠎ᠠ ᠶᠢ ᠨᠢ ᠦᠵᠡᠵᠦ ᠦᠷ᠎ᠡ ᠲᠤᠭᠳᠠᠭᠠᠵᠤ᠂ ᠲᠠᠷᠢᠶᠠᠯᠠᠩ ᠮᠠᠯ ᠠᠵᠤ ᠠᠬᠤᠢ ᠶᠢᠨ ᠰᠠᠯᠠᠭ᠎ᠠ ᠮᠥᠴᠢᠷ ᠢ ᠬᠠᠪᠰᠤᠷᠴᠤ ᠰᠢᠯᠢᠳᠡᠭ ᠦᠷ᠎ᠡ ᠶᠢ ᠰᠣᠩᠭᠤᠨ ᠲᠠᠨᠢᠯᠴᠠᠭᠤᠯᠵᠤ᠂ ᠬᠠᠮᠤᠭ ᠰᠡᠭᠦᠯ ᠳᠤ ᠲᠠᠷᠢᠶᠠᠴᠢᠳ ᠲᠤ ᠬᠡᠷᠡᠭᠯᠡᠭᠡᠨ ᠤ ᠴᠢᠨᠠᠷ ᠢᠶᠠᠷ ᠴᠢᠩᠭ᠎ᠠ᠂ ᠴᠢᠨᠠᠷ ᠰᠠᠶᠢᠲᠠᠢ᠂ ᠡᠯᠪᠡᠭ ᠬᠤᠷᠢᠶᠠᠯᠳᠠ ᠲᠠᠢ᠂ ᠥᠨᠳᠥᠷ ᠣᠷᠣᠯᠭ᠎ᠠ ᠲᠠᠢ ᠰᠢᠯᠢᠳᠡᠭ ᠦᠷ᠎ᠡ ᠶᠢ ᠲᠠᠨᠢᠯᠴᠠᠭᠤᠯᠵᠤ ᠦᠭᠭᠦᠨ᠎ᠡ ᠭᠡᠪᠡ᠃      ᠡᠨᠡ ᠵᠢᠯ ᠠᠴᠠ ᠨᠠᠰᠢ᠂ ᠮᠠᠨ ᠤ ᠬᠤᠲᠠ ᠦᠷ᠎ᠡ ᠡᠳ᠋ ᠤᠨ ᠡᠬᠢ ᠪᠠᠶᠠᠯᠢᠭ ᠢ ᠬᠠᠮᠠᠭᠠᠯᠠᠬᠤ᠂ ᠦᠷ᠎ᠡ ᠰᠣᠩᠭᠤᠨ ᠪᠣᠶᠢᠵᠢᠭᠤᠯᠬᠤ ᠪᠠ ᠰᠠᠶᠢᠨ ᠦᠷ᠎ᠡ ᠶᠢᠨ ᠬᠢᠷᠢ ᠲᠦᠪᠰᠢᠨ   ᠢ  ᠲᠡᠭᠡᠭᠰᠢᠯᠡᠭᠦᠯᠭᠦ  ᠭᠤᠷᠪᠠᠨ  ᠵᠠᠩᠭᠢᠯᠠᠭ᠎ᠠ  ᠶᠢᠨ  ᠭᠤᠭᠴᠤᠭ᠎ᠠ  ᠶᠢᠨ  ᠲᠤᠭᠤᠷᠢᠨ   ᠳᠤ  ᠲᠠᠷᠢᠶᠠᠯᠠᠩ   ᠢ  ᠦᠷᠭᠦᠯᠵᠢᠯᠡᠨ  ᠬᠦᠴᠦᠷᠬᠡᠭᠵᠢᠭᠦᠯᠦᠨ᠎ᠡ᠃  ᠣᠳᠣᠬᠠᠨ  ᠳᠤ᠂  ᠮᠠᠨ  ᠤ  ᠬᠤᠲᠠ  ᠨᠢᠭᠡᠨᠲᠡ  ᠪᠤᠭᠤᠳᠠᠢ᠂ ᠡᠷᠳᠡᠨᠢ ᠰᠢᠰᠢ᠂ ᠨᠡᠷᠡᠨ ᠬᠤᠸᠠᠷ ᠵᠡᠷᠭᠡ ᠬᠦᠷᠢᠶᠡᠨ ᠳᠤ ᠣᠯᠠᠨ ᠰᠢᠯᠢᠳᠡᠭ ᠦᠷ᠎ᠡ ᠶᠢ ᠪᠣᠶᠢᠵᠢᠭᠤᠯᠤᠨ ᠭᠠᠷᠭᠠᠵᠤ᠂ ︽ᠲᠠᠷᠢᠶ᠎ᠠ ᠦᠵᠡᠵᠦ ᠦᠷ᠎ᠡ ᠰᠣᠩᠭᠤᠬᠤ︾ ᠲᠠᠪᠴᠠᠩ ᠨᠡᠶᠢᠲᠡ 6 ᠪᠠᠶᠢᠭᠤᠯᠵᠤ᠂ 367 ᠦᠷ᠎ᠡ ᠶᠢ ᠡᠯᠰᠡᠵᠦ᠂ 2023 ᠣᠨ ᠳᠤ ᠪᠥᠬᠦ ᠬᠤᠲᠠ ᠳᠤ ᠨᠡᠶᠢᠲᠡ ᠡᠯ᠎ᠡ ᠲᠥᠷᠥᠯ ᠤᠨ ᠲᠠᠷᠢᠮᠠᠯ ᠤᠨ ᠰᠠᠶᠢᠨ ᠦᠷ᠎ᠡ ᠶᠢ ᠦᠷᠡᠵᠢᠭᠦᠯᠦᠨ ᠪᠣᠶᠢᠵᠢᠭᠤᠯᠬᠤ ᠰᠠᠭᠤᠷᠢᠨ ᠭᠠᠵᠠᠷ ᠤᠨ ᠲᠠᠯᠠᠪᠠᠶ ᠶᠢ 10 ᠲᠦᠮᠡᠨ ᠮᠦ ᠠᠴᠠ ᠳᠡᠭᠡᠭᠰᠢ ᠪᠠᠶᠢᠭᠤᠯᠵᠤ᠂ ᠲᠠᠷᠢᠮᠠᠯ ᠤᠨ ᠰᠠᠶᠢᠨ ᠦᠷ᠎ᠡ  ᠶᠢᠨ ᠪᠦᠷᠬᠦᠴᠡ  ᠶᠢᠨ  ᠨᠣᠷᠮ᠎ᠠ  ᠶᠢ  98%  ᠠᠴᠠ  ᠳᠡᠭᠡᠭᠰᠢ  ᠳᠤ  ᠲᠤᠭᠳᠠᠪᠤᠷᠢᠵᠢᠭᠤᠯᠤᠭᠰᠠᠨ  ᠪᠠᠶᠢᠨ᠎ᠠ᠃  
ᠢᠷᠡᠯᠲᠡ᠄ ᠪᠠᠶᠠᠨᠨᠠᠭᠤᠷ ᠤᠨ ᠮᠣᠩᠭᠤᠯ ᠷᠠᠳᠢᠣ᠋ ᠲᠧᠯᠸᠢᠰ