ᠶᠡᠷᠦᠩᠬᠡᠢ ᠱᠦᠵᠢ ᠠᠴᠠ ᠠᠷᠠᠳ ᠲᠦᠮᠡᠨ ᠢᠶᠠᠷ ᠭᠤᠣᠯ ᠪᠣᠯᠭᠠᠬᠤ ᠶᠢ ᠪᠠᠷᠢᠮᠲᠠᠯᠠᠵᠤ᠂ ᠬᠥᠭᠵᠢᠯᠲᠡ ᠶᠢᠨ ᠳᠤᠮᠳᠠ ᠠᠷᠠᠳ ᠤᠨ ᠠᠮᠢᠳᠤᠷᠠᠯ ᠢ ᠪᠠᠲᠤᠯᠠᠨ | ᠰᠠᠶᠢᠵᠢᠷᠠᠭᠤᠯᠬᠤ ᠶᠢ ᠨᠡᠩ ᠴᠢᠬᠤᠯᠠᠴᠢᠯᠠᠵᠤ᠂ ᠠᠷᠠᠳ ᠤᠨ ᠠᠮᠢᠳᠤᠷᠠᠯ ᠤᠨ ᠳᠤᠲᠠᠭᠤᠳᠠᠯ ᠢ ᠨᠥᠬᠦᠪᠥᠷᠢᠯᠡᠵᠦ᠂ ᠠᠷᠠᠳ ᠤᠨ ᠠᠮᠢᠳᠤᠷᠠᠯ ᠤᠨ ᠪᠤᠶᠠᠨ ᠵᠢᠷᠭᠠᠯ ᠢ | ᠨᠡᠮᠡᠭᠳᠡᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃ ᠮᠠᠨ ᠤ ᠬᠤᠲᠠ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠳᠤ ᠠᠩᠬᠠᠷᠤᠯ ᠢᠶᠠᠨ ᠲᠥᠪᠯᠡᠷᠡᠭᠦᠯᠵᠦ᠂ ᠣᠯᠠᠨ | ᠵᠦᠢᠯ ᠤᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠨ᠂ ᠠᠷᠠᠳ ᠲᠤ ᠠᠰᠢᠭ ᠬᠦᠷᠲᠡᠭᠡᠬᠦ ᠪᠣᠳᠠᠲᠤ ᠶᠠᠪᠤᠳᠠᠯ ᠢ ᠢᠯᠡᠭᠦᠭᠡᠨ ᠬᠢᠵᠦ᠂ ᠣᠯᠠᠨ ᠲᠦᠮᠡᠨ ᠤ ᠵᠣᠯ | ᠵᠢᠷᠭᠠᠯ ᠤᠨ ᠵᠢᠭᠠᠯᠲᠠ ᠲᠤᠭ᠎ᠠ ᠶᠢ ᠪᠦᠬᠦ ᠲᠠᠯ᠎ᠠ ᠪᠠᠷ ᠲᠡᠭᠡᠭᠰᠢᠯᠡᠭᠦᠯᠵᠦ ᠪᠠᠶᠢᠨ᠎ᠠ᠃ | ᠯᠢᠨ ᠾᠧ ᠲᠣᠭᠤᠷᠢᠭ ᠤᠨ ᠱᠦᠢ ᠬᠤᠸᠠ ᠰᠠᠭᠤᠭᠠᠯᠢ ᠲᠣᠭᠤᠷᠢᠭ ᠪᠣᠯ 2009 ᠣᠨ ᠳᠤ ᠪᠠᠶᠢᠭᠤᠯᠤᠭᠰᠠᠨ ᠬᠠᠭᠤᠴᠢᠨ ᠲᠣᠭᠤᠷᠢᠭ ᠪᠠᠶᠢᠵᠤ᠂ ᠰᠠᠭᠤᠷᠢ | ᠲᠥᠬᠦᠭᠡᠷᠦᠮᠵᠢ ᠬᠠᠭᠤᠴᠢᠷᠠᠵᠤ ᠡᠪᠳᠡᠷᠡᠭᠡᠳ᠂ ᠰᠠᠭᠤᠭᠠᠯᠢ ᠠᠷᠠᠳ ᠤᠨ ᠠᠮᠢᠳᠤᠷᠠᠯ ᠳᠤ ᠲᠤᠩ ᠳᠥᠭᠦᠮ ᠦᠭᠡᠢ ᠪᠠᠶᠢᠯ᠎ᠠ᠃ ᠡᠨᠡ ᠵᠢᠯ᠂ ᠲᠤᠬᠠᠶ ᠶᠢᠨ | ᠭᠠᠵᠠᠷ ᠤᠨ ᠬᠢᠨ ᠰᠠᠭᠤᠭᠠᠯᠢ ᠠᠷᠠᠳ ᠤᠨ ᠲᠣᠭᠤᠷᠢᠭ ᠲᠤ ᠥᠭᠡᠷᠡᠴᠢᠯᠡᠯᠲᠡ ᠭᠢᠵᠦ ᠵᠠᠰᠠᠨ ᠰᠢᠨᠡᠳᠭᠡᠭᠰᠡᠨ ᠠᠴᠠ ᠣᠯᠠᠨ ᠲᠦᠮᠡᠨ ᠲᠦᠢᠯ ᠤᠨ ᠬᠠᠨᠤᠮᠵᠢᠳᠠᠢ ᠪᠠᠶᠢᠪᠠ᠃ | | ᠰᠠᠭᠤᠭᠠᠯᠢ ᠠᠷᠠᠳ ᠰᠦᠨ ᠭᠤᠸᠠᠨ ᠰᠢᠶᠦ᠋ᠩ ᠭᠡᠯᠡᠭᠦ ᠳᠡᠭᠡᠨ᠂ ᠵᠠᠰᠠᠭᠰᠠᠨ ᠤ ᠲᠠᠷᠠᠭ᠎ᠠ ᠵᠠᠮ ᠲᠡᠭᠰᠢᠭᠡᠨ ᠪᠤᠯᠤᠭᠰᠠᠨ ᠪᠦᠭᠡᠳ ᠰᠠᠭᠤᠭᠠᠯᠢ ᠲᠣᠭᠤᠷᠢᠭ ᠲᠤ | ᠪᠠᠰᠠ ᠵᠢᠵᠢᠭ ᠵᠤᠭᠠᠴᠠᠯ ᠤᠨ ᠬᠦᠷᠢᠶᠡᠯᠡᠩ ᠪᠠᠶᠢᠭᠤᠯᠵᠤ᠂ ᠨᠠᠰᠤᠲᠠᠳ ᠪᠠ ᠬᠡᠦᠬᠡᠳ ᠥᠷᠯᠥᠭᠡ ᠦᠳᠡᠰᠢ ᠬᠤᠭᠤᠯᠠ ᠢᠳᠡᠵᠦ ᠪᠠᠷᠠᠭᠰᠠᠨ ᠤ ᠳᠠᠷᠠᠭ᠎ᠠ ᠪᠦᠷ ᠭᠠᠷᠴᠤ | ᠢᠷᠡᠭᠡᠳ ᠵᠤᠭᠠᠴᠠᠨ ᠲᠣᠭᠤᠷᠢᠵᠤ ᠪᠣᠯᠤᠨ᠎ᠠ᠂ ᠮᠠᠰᠢ ᠰᠠᠶᠢᠨ ᠭᠡᠵᠦ ᠪᠠᠶᠢᠯ᠎ᠠ᠃ | ᠣᠳᠣᠬᠠᠨ ᠳᠤ᠂ ᠪᠥᠬᠦ ᠬᠤᠲᠠ ᠶᠢᠨ ᠡᠯ᠎ᠡ ᠭᠠᠵᠠᠷ ᠤᠨ ᠬᠢᠨ ᠭᠠᠵᠠᠷ ᠣᠷᠣᠨ ᠤ ᠪᠠᠶᠢᠳᠠᠯ ᠳᠠᠭᠠᠨ ᠵᠤᠭᠢᠴᠠᠭᠤᠯᠤᠨ ᠬᠠᠭᠤᠴᠢᠨ ᠰᠠᠭᠤᠭᠠᠯᠢ ᠠᠷᠠᠳ ᠤᠨ | ᠲᠣᠭᠤᠷᠢᠭ ᠲᠤ ᠵᠠᠰᠠᠨ ᠰᠢᠨᠡᠴᠢᠯᠡᠯᠳᠡ ᠭᠢᠵᠦ᠂ ᠡᠨᠡ ᠵᠢᠯ ᠪᠥᠬᠦ ᠬᠤᠲᠠ ᠨᠡᠶᠢᠳᠡ 91 ᠬᠠᠭᠤᠴᠢᠨ ᠰᠠᠭᠤᠭᠠᠯᠢ ᠲᠣᠭᠤᠷᠢᠭ ᠢ ᠥᠭᠡᠷᠡᠴᠢᠯᠡᠨ ᠪᠠᠶᠢᠭᠤᠯᠬᠤ | ᠡᠭᠦᠷᠭᠡ ᠲᠠᠢ ᠪᠠᠶᠢᠵᠤ᠂ 12854 ᠰᠠᠭᠤᠭᠠᠯᠢ ᠠᠷᠠᠳ ᠲᠠᠢ ᠬᠤᠯᠪᠤᠭᠳᠠᠨ᠂ ᠣᠳᠣᠬᠠᠨ ᠳᠤ ᠨᠢᠭᠡᠨᠲᠡ 1168.5 ᠲᠦᠮᠡᠨ ᠲᠥᠭᠦᠷᠢᠭ ᠤᠨ ᠪᠠᠯᠠ | ᠣᠷᠣᠭᠤᠯᠤᠯᠲᠠ ᠶᠢ ᠪᠡᠶᠡᠯᠡᠭᠦᠯᠵᠡᠶ᠃ | ᠡᠭᠦᠨ ᠤ ᠲᠠᠭᠠᠤ᠂ ᠮᠠᠨ ᠤ ᠬᠤᠲᠠ ᠪᠡᠶ᠎ᠡ ᠶᠢᠨ ᠲᠠᠮᠢᠷ ᠤᠨ ᠰᠠᠭᠤᠷᠢ ᠲᠥᠬᠦᠭᠡᠷᠦᠮᠵᠢ ᠶᠢᠨ ᠪᠥᠲᠥᠭᠡᠨ ᠪᠠᠶᠢᠭᠤᠯᠤᠯᠲᠠ ᠶᠢ ᠦᠷᠭᠦᠯᠵᠢᠯᠡᠨ ᠠᠬᠢᠭᠤᠯᠵᠤ᠂ | ᠬᠤᠲᠠ ᠶᠢᠨ ᠲᠤᠳᠤᠷᠠᠭᠢ ︽10 ᠮᠢᠨᠦ᠋ᠲ ᠤᠨ ᠪᠡᠶ᠎ᠡ ᠴᠢᠭᠢᠷᠠᠭᠵᠢᠭᠤᠯᠬᠤ ᠲᠣᠭᠤᠷᠢᠭ︾ ᠢ ᠤᠯᠠᠮ ᠨᠢᠭᠡ ᠠᠯᠬᠤᠮ ᠲᠡᠭᠦᠯᠳᠡᠷᠵᠢᠭᠦᠯᠦᠨ᠂ ᠣᠯᠠᠨ ᠲᠦᠮᠡᠨ ᠤ ᠪᠥᠬᠦ | ᠠᠷᠠᠳ ᠤᠨ ᠪᠡᠶ᠎ᠡ ᠴᠢᠭᠢᠷᠠᠭᠵᠢᠭᠤᠯᠬᠤ ᠠᠵᠢᠯᠯᠠᠭ᠎ᠠ ᠳᠤ ᠣᠷᠣᠯᠴᠠᠬᠤ ᠳᠤ ᠰᠠᠶᠢᠨ ᠰᠠᠶᠢᠬᠠᠨ ᠨᠥᠬᠦᠴᠡᠯ ᠢ ᠪᠦᠷᠢᠯᠳᠦᠭᠦᠯᠦᠨ ᠦᠭᠴᠦ ᠪᠠᠶᠢᠨ᠎ᠠ᠃ ᠣᠳᠣᠬᠠᠨ ᠳᠤ᠂ | ᠪᠥᠬᠦ ᠬᠤᠲᠠ ᠶᠢᠨ ᠪᠡᠶ᠎ᠡ ᠶᠢᠨ ᠲᠠᠮᠢᠷ ᠤᠨ ᠲᠠᠯᠠᠪᠠᠶ ᠶᠢᠨ ᠪᠦᠳᠦᠭᠡᠨ ᠪᠠᠶᠢᠭᠤᠯᠤᠯᠳᠠ ᠶᠢᠨ ᠲᠠᠯᠠᠪᠠᠶ 536.22 ᠲᠦᠮᠡᠨ ᠲᠡᠭᠰᠢ ᠳᠥᠷᠪᠡᠯᠵᠢᠨ ᠮᠧᠲᠷ ᠲᠤ ᠭᠦᠷᠦᠨ᠂ | ᠬᠥᠮᠦᠨ ᠳᠤᠮᠳᠠᠴᠢ ᠳᠤ 2.4 ᠲᠡᠭᠰᠢ ᠳᠥᠷᠪᠡᠯᠵᠢᠨ ᠮᠧᠲᠷ ᠨᠤᠭᠳᠠᠬᠤ ᠪᠤᠯᠤᠨ᠎ᠠ᠃ | ᠬᠤᠲᠠ ᠶᠢᠨ ᠠᠷᠠᠳ ᠵᠠᠩ ᠪᠢᠨ ᠤ ᠭᠡᠯᠡᠭᠦ ᠪᠠᠷ᠂ ᠤᠳᠤ ᠪᠡᠶ᠎ᠡ ᠴᠢᠭᠢᠷᠠᠭᠵᠢᠭᠤᠯᠬᠤ ᠲᠠᠯᠠᠪᠠᠶ ᠣᠷᠳᠣᠨ ᠤ ᠪᠠᠶᠢᠭᠤᠯᠤᠯᠲᠠ ᠶᠠᠪᠤᠬᠤ ᠲᠤᠲᠤᠮ ᠣᠯᠠᠰᠢᠷᠠᠵᠤ᠂ | ᠬᠤᠳᠠ ᠶᠢᠨ ᠠᠷᠠᠳ ᠤᠨ ᠪᠡᠶ᠎ᠡ ᠪᠤᠯᠪᠠᠰᠤᠷᠠᠬᠤ ᠳᠤ ᠨᠠᠩ ᠲᠥᠬᠦᠮ ᠪᠣᠯᠵᠣ ᠪᠠᠶᠢᠨ᠎ᠠ ᠭᠡᠵᠦ ᠪᠠᠶᠢᠯ᠎ᠠ᠃ | ᠠᠷᠠᠳ ᠲᠦᠮᠡᠨ ᠤ ᠡᠳᠦᠷ ᠢᠷᠡᠬᠦᠶ᠎ᠡ ᠨᠡᠮᠡᠭᠳᠡᠵᠦ ᠪᠠᠶᠢᠭ᠎ᠠ ᠰᠠᠶᠢᠨ ᠰᠠᠶᠢᠬᠠᠨ ᠠᠮᠢᠳᠤᠷᠠᠯ ᠤᠨ ᠬᠡᠷᠡᠭᠴᠡᠭᠡ ᠶᠢ ᠴᠢᠷᠮᠠᠶᠢᠨ ᠬᠠᠩᠭᠠᠬᠤ ᠵᠢᠨᠲ᠋ᠦ᠋ᠯᠦᠭᠡ ᠡᠨᠡ | ᠵᠢᠯ ᠠᠴᠠ ᠨᠠᠰᠢ ᠮᠠᠨ ᠤ ᠬᠤᠲᠠ ᠠᠷᠠᠳ ᠤᠨ ᠠᠮᠢᠳᠤᠷᠠᠯ ᠤᠨ ᠣᠷᠣᠭᠤᠯᠤᠯᠲᠠ ᠪᠠᠨ ᠲᠠᠰᠤᠷᠠᠯᠲᠠ ᠥᠬᠡᠶ ᠨᠡᠮᠡᠭᠳᠡᠭᠦᠯᠵᠦ᠂ 5 ᠳ᠋ᠤᠭᠠᠷ ᠰᠠᠷ᠎ᠠ ᠶᠢᠨ ᠡᠴᠦᠰ ᠪᠣᠯᠲᠠᠯ᠎ᠠ᠂ | ᠪᠥᠬᠦ ᠬᠤᠲᠠ ᠶᠢᠨ ᠡᠩ ᠤᠨ ᠣᠯᠠᠨ ᠨᠡᠶᠢᠲᠡ ᠶᠢᠨ ᠡᠳ᠋ ᠤᠨ ᠵᠠᠰᠠᠭ ᠤᠨ ᠲᠥᠰᠦᠪ ᠤᠨ ᠵᠠᠷᠤᠯᠭ᠎ᠠ ᠶᠢ 105.76 ᠳ᠋ᠦᠩᠰᠢᠭᠤᠷ ᠲᠥᠭᠦᠷᠢᠭ ᠪᠡᠶᠡᠯᠡᠭᠦᠯᠵᠦ᠂ | ᠠᠳᠠᠯᠢ ᠬᠤᠭᠤᠴᠠᠭᠠᠨ ᠤ ᠬᠢ ᠠᠴᠠ 15.3% ᠪᠠᠷ ᠨᠡᠮᠡᠭᠳᠡᠵᠦ᠂ ᠠᠷᠠᠳ ᠤᠨ ᠠᠮᠢᠳᠤᠷᠠᠯ ᠤᠨ ᠵᠠᠷᠤᠯᠭ᠎ᠠ ᠶᠢ 76.41 ᠳ᠋ᠦᠩᠰᠢᠭᠤᠷ ᠲᠥᠭᠦᠷᠢᠭ ᠪᠡᠶᠡᠯᠡᠭᠦᠯᠵᠦ᠂ | ᠤᠯᠠᠨ ᠨᠡᠶᠢᠲᠡ ᠶᠢᠨ ᠡᠳ᠋ ᠤᠨ ᠵᠠᠰᠠᠭ ᠤᠨ ᠲᠥᠰᠦᠪ ᠤᠨ ᠵᠠᠷᠤᠯᠭ᠎ᠠ ᠶᠢᠨ 72.25% ᠶᠢ ᠡᠵᠡᠯᠡᠵᠡᠢ᠃ | |