ᠰᠢ ᠶᠢᠨ ᠫᠢᠩ ᠶᠡᠷᠦᠩᠬᠡᠢ ᠱᠦᠵᠢ ᠥᠪᠥᠷ ᠮᠣᠩᠭᠤᠯ ᠳᠤ ᠰᠢᠨᠵᠢᠯᠡᠨ ᠪᠠᠶᠢᠴᠠᠭᠠᠬᠤ ᠳᠠᠭᠠᠨ ᠠᠷᠠᠳ ᠲᠦᠮᠡᠨ ᠢᠶᠠᠷ ᠭᠤᠣᠯ ᠪᠣᠯᠭᠠᠬᠤ ᠶᠢ ᠪᠠᠷᠢᠮᠲᠠᠯᠠᠵᠤ᠂ | ᠬᠥᠭᠵᠢᠯᠲᠡ ᠶᠢᠨ ᠳᠤᠮᠳᠠ ᠠᠷᠠᠳ ᠤᠨ ᠠᠮᠢᠳᠤᠷᠠᠯ ᠢ ᠪᠠᠲᠤᠯᠠᠨ ᠰᠠᠶᠢᠵᠢᠷᠠᠭᠤᠯᠵᠤ᠂ ᠠᠷᠠᠳ ᠤᠨ ᠠᠮᠢᠳᠤᠷᠠᠯ ᠤᠨ ᠳᠤᠲᠠᠭᠤᠳᠠᠯ ᠢ ᠨᠥᠬᠦᠪᠦᠷᠢᠯᠡᠨ ᠠᠷᠠᠳ ᠤᠨ | ᠠᠮᠢᠳᠤᠷᠠᠯ ᠤᠨ ᠵᠣᠯ ᠵᠢᠷᠭᠠᠯᠲᠤ ᠲᠥᠷᠥᠭᠳᠡᠯ ᠢ ᠨᠡᠮᠡᠭᠳᠡᠭᠦᠯᠵᠦ᠂ ᠦᠨᠳᠦᠰᠦᠲᠡᠨ ᠨᠦᠭᠦᠳ ᠤᠨ ᠠᠷᠠᠳ ᠲᠦᠮᠡᠨ ᠳᠤ ᠬᠠᠮᠲᠤᠪᠠᠷ ᠴᠢᠨᠡᠭᠡᠯᠢᠭᠵᠢᠬᠦ ᠪᠤᠳᠠᠳᠤ ᠠᠰᠢᠭ ᠢ | ᠦᠨᠡᠨᠬᠦ ᠬᠦᠷᠳᠡᠭᠡᠬᠦ ᠬᠡᠷᠡᠭᠲᠡᠢ ᠭᠡᠵᠦ ᠴᠢᠬᠤᠯᠠᠴᠢᠯᠠᠪᠠ᠃ | ᠮᠠᠨ ᠤ ᠬᠤᠲᠠ ᠠᠷᠠᠳ ᠲᠦᠮᠡᠨ ᠢᠶᠠᠷ ᠭᠤᠣᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠪᠠᠷᠢᠮᠲᠠᠯᠠᠵᠤ᠂ ᠡᠳ᠋ ᠤᠨ ᠬᠦᠴᠦᠨ ᠤ ᠣᠷᠣᠭᠤᠯᠤᠯᠲᠠ ᠪᠠᠨ | ᠲᠠᠰᠤᠷᠠᠯᠲᠠ ᠦᠭᠡᠢ ᠨᠡᠮᠡᠭᠳᠡᠭᠦᠯᠵᠦ᠂ ᠠᠷᠠᠳ ᠤᠨ ᠠᠮᠢᠳᠤᠷᠠᠯ ᠤᠨ ᠰᠠᠭᠤᠷᠢ ᠶᠢ ᠪᠠᠲᠤᠳᠬᠠᠵᠤ᠂ ᠤᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡᠪᠡᠷ ᠬᠡᠷᠡᠭᠯᠡᠨ ᠶᠠᠰᠤ | ᠴᠢᠨᠠᠷ ᠢ ᠳᠡᠭᠡᠭᠰᠢᠯᠡᠭᠦᠯᠦᠨ ᠦᠢᠯᠡᠴᠢᠯᠡᠭᠡ ᠶᠢ ᠰᠢᠯᠢᠳᠡᠭᠵᠢᠭᠦᠯᠵᠦ᠂ ᠠᠷᠠᠳ ᠤᠯᠠᠨ ᠤ ᠬᠦᠷᠲᠡᠮᠵᠢ ᠶᠢᠨ ᠲᠥᠷᠥᠭᠳᠡᠯ ᠪᠠ ᠵᠣᠯ ᠵᠢᠷᠭᠠᠯᠲᠤ ᠲᠥᠷᠥᠭᠳᠡᠯ ᠢ | ᠲᠣᠭᠲᠠᠭᠤᠨ ᠢᠶᠠᠷ ᠳᠡᠭᠡᠭᠰᠢᠯᠡᠭᠦᠯᠦᠨ᠎ᠡ᠃ | ᠤᠷᠠᠳ ᠤᠨ ᠬᠤᠶᠢᠲᠤ ᠬᠤᠰᠢᠭᠤᠨ ᠤ ᠭᠤᠷᠪᠠᠳᠤᠭᠠᠷ ᠬᠡᠦᠬᠡᠳ ᠤᠨ ᠴᠡᠴᠡᠷᠯᠢᠭ ᠤᠨ ᠪᠠᠷᠢᠯᠭ᠎ᠠ ᠶᠢᠨ ᠠᠬᠤᠢ ᠲᠠᠯᠠᠪᠠᠶ ᠳᠤ᠂ ᠠᠵᠢᠯᠴᠢᠳ ᠬᠢᠴᠢᠶᠡᠯ | ᠬᠥᠮᠦᠵᠢᠯ ᠤᠨ ᠠᠰᠠᠷ ᠤᠨ ᠬᠡᠷᠡᠮ ᠪᠠᠷᠢᠬᠤ ᠠᠵᠢᠯ ᠢ ᠶᠠᠭᠠᠷᠠᠯᠲᠠᠢ ᠬᠢᠵᠦ ᠪᠠᠶᠢᠯ᠎ᠠ᠃ ᠤᠷᠠᠳ ᠤᠨ ᠬᠤᠶᠢᠲᠤ ᠬᠤᠰᠢᠭᠤᠨ ᠤ ᠭᠤᠷᠪᠠᠳᠤᠭᠠᠷ ᠬᠡᠦᠬᠡᠳ ᠤᠨ ᠴᠡᠴᠡᠷᠯᠢᠭ | ᠨᠢ ᠪᠠᠶᠠᠨᠪᠤᠯᠠᠭ ᠪᠠᠯᠭᠠᠰᠤᠨ ᠳᠤ ᠪᠠᠶᠢᠵᠤ᠂ ᠨᠡᠶᠢᠲᠡ 4850 ᠲᠦᠮᠡᠨ ᠲᠥᠭᠦᠷᠢᠭ ᠤᠨ ᠪᠡᠯᠡ ᠣᠷᠣᠭᠤᠯᠵᠤ᠂ 12 ᠵᠢᠭᠠᠨ ᠰᠤᠷᠭᠠᠯᠲᠠ ᠶᠢᠨ ᠠᠩᠭᠢ | ᠪᠠᠶᠢᠭᠤᠯᠬᠤ ᠪᠠᠷ ᠲᠥᠯᠥᠪᠯᠡᠵᠦ᠂ ᠵᠢᠱᠢᠯᠲᠡ ᠪᠠᠷ ᠡᠨᠡ ᠵᠢᠯ ᠤᠨ 10 ᠰᠠᠷ᠎ᠠ ᠳᠤ ᠠᠵᠢᠯ ᠢᠶᠠᠨ ᠳᠠᠭᠤᠰᠬᠠᠨ᠎ᠠ᠃ | ᠤᠷᠠᠳ ᠤᠨ ᠬᠤᠶᠢᠲᠤ ᠬᠤᠰᠢᠭᠤᠨ ᠤ ᠰᠤᠷᠭᠠᠨ ᠬᠥᠮᠦᠵᠢᠯ ᠤᠨ ᠲᠣᠪᠴᠢᠶ᠎ᠠ ᠶᠢᠨ ᠲᠥᠷᠥᠯ ᠵᠦᠢᠯ ᠤᠨ ᠠᠯᠪᠠᠨ ᠭᠡᠷ ᠤᠨ ᠳᠡᠳ᠋ ᠡᠷᠬᠢᠯᠡᠭᠴᠢ ᠠᠯᠤᠰ | ᠰᠤᠷᠪᠤᠯᠵᠢᠯᠠᠭᠴᠢ ᠳᠤ᠂ ᠬᠡᠦᠬᠡᠳ ᠤᠨ ᠴᠡᠴᠡᠷᠯᠢᠭ ᠢ ᠪᠠᠶᠢᠭᠤᠯᠤᠭᠰᠠᠨ ᠤ ᠳᠠᠷᠠᠭ᠎ᠠ ᠴᠡᠴᠡᠷᠯᠢᠭ ᠤᠨ ᠣᠷᠣᠬᠤ ᠬᠡᠦᠬᠡᠳ ᠤᠨ ᠲᠤᠭ᠎ᠠ ᠶᠢ 540 ᠨᠡᠮᠡᠭᠳᠡᠭᠦᠯᠵᠦ | ᠪᠣᠯᠣᠨ᠎ᠠ᠂ ᠪᠣᠶ ᠪᠦᠬᠦᠢ ᠰᠤᠷᠬᠤ ᠨᠠᠰᠤᠨ ᠠᠴᠠ ᠡᠮᠦᠨᠡᠬᠢ ᠬᠡᠦᠬᠡᠳ ᠢ ᠴᠥᠮ ᠠᠯᠪᠠᠨ ᠠᠴᠠ ᠡᠷᠭᠢᠯᠡᠭᠰᠡᠨ ᠬᠡᠦᠬᠡᠳ ᠤᠨ ᠴᠡᠴᠡᠷᠯᠢᠭ ᠲᠤ ᠣᠷᠣᠭᠤᠯᠬᠤ ᠬᠠᠷᠠᠯᠲᠠ ᠶᠢ | ᠪᠡᠶᠡᠯᠡᠭᠦᠯᠬᠦ ᠪᠠᠷ ᠴᠢᠷᠮᠠᠶᠢᠨ᠎ᠠ ᠭᠡᠵᠦ ᠪᠠᠶᠢᠯ᠎ᠠ᠃ | ᠣᠶᠢᠷ᠎ᠠ ᠶᠢᠨ ᠡᠳᠦᠷ᠂ ᠯᠢᠨ ᠾᠧ ᠲᠣᠭᠤᠷᠢᠭ ᠤᠨ ᠱᠤᠸᠠᠢ ᠹᠧᠩ ᠵᠡᠭᠡᠯᠢ ᠶᠢᠨ ᠵᠠᠮ ᠢ ᠵᠠᠰᠠᠵᠤ ᠲᠠᠭᠤᠰᠬᠠᠨ ᠲᠡᠷᠭᠡ ᠨᠡᠪᠲᠡᠷᠡᠯ᠎ᠡ᠃ ᠥᠭᠡᠷᠡᠴᠢᠯᠡᠨ | ᠪᠠᠶᠢᠭᠤᠯᠬᠤ ᠠᠴᠠ ᠡᠮᠦᠨ᠎ᠡ ᠵᠠᠮ ᠤᠨ ᠣᠯᠠᠨ ᠭᠠᠵᠠᠷ ᠲᠤ ᠡᠩᠬᠡᠯ ᠲᠤᠩᠬᠤᠯ ᠴᠦᠮᠦᠷᠦᠨ ᠣᠷᠣᠵᠤ᠂ ᠲᠡᠷᠭᠡ ᠬᠠᠰᠠᠭ ᠨᠡᠪᠲᠡᠷᠡᠬᠦ ᠶᠢ ᠨᠥᠯᠥᠭᠡᠯᠡᠵᠦ ᠪᠠᠶᠢᠪᠠ᠃ | ᠡᠨᠡ ᠵᠢᠯ᠂ ᠮᠠᠨ ᠤ ᠬᠤᠲᠠ ᠵᠠᠮ ᠢ ᠥᠭᠡᠷᠡᠴᠢᠯᠡᠵᠦ ᠥᠷᠭᠡᠳᠬᠡᠨ ᠪᠠᠶᠢᠭᠤᠯᠬᠤ ᠢᠨᠵᠧᠨᠧᠷᠢᠩ ᠢ ᠡᠬᠢᠯᠡᠭᠦᠯᠵᠦ᠂ ᠱᠤᠸᠠᠢ ᠹᠧᠩ ᠵᠡᠭᠡᠯᠢ ᠶᠢᠨ ᠵᠠᠮ ᠢ ᠬᠤᠣᠰ | ᠴᠢᠭᠯᠡᠯ ᠤᠨ ᠵᠢᠷᠭᠤᠭᠠᠨ ᠲᠡᠷᠭᠡᠨ ᠵᠠᠮ ᠪᠣᠯᠭᠠᠨ ᠥᠷᠭᠡᠳᠬᠡᠬᠦ ᠶᠢᠨ ᠬᠠᠮᠲᠤ ᠨᠣᠭᠤᠭᠠᠷᠠᠭᠤᠯᠤᠯᠲᠠ ᠶᠢᠨ ᠤᠰᠤ ᠬᠠᠩᠭᠠᠬᠤ᠂ ᠪᠣᠬᠢᠷ ᠤᠰᠤ᠂ ᠪᠣᠷᠣᠭᠠᠨ ᠤ ᠤᠰᠤᠨ ᠤ | ᠬᠤᠭᠤᠯᠠᠢ ᠶᠢᠨ ᠲᠣᠣᠷ ᠵᠢᠴᠢ ᠭᠡᠷᠡᠯᠲᠦᠭᠦᠯᠭᠡ ᠵᠡᠷᠭᠡ ᠲᠥᠬᠦᠭᠡᠷᠦᠮᠵᠢ ᠶᠢ ᠢᠵᠢ ᠪᠦᠷᠢᠳᠦᠭᠦᠯᠦᠨ ᠪᠦᠲᠦᠭᠡᠨ ᠪᠠᠶᠢᠭᠤᠯᠵᠤ᠂ ᠬᠤᠲᠠ ᠶᠢᠨ ᠠᠷᠠᠳ ᠲᠤ ᠠᠮᠤᠷ | ᠲᠦᠪᠰᠢᠨ ᠪᠥᠭᠡᠳ ᠲᠠᠭᠠᠯᠠᠮᠵᠢᠲᠠᠢ ᠶᠠᠪᠤᠵᠤ ᠰᠠᠭᠤᠬᠤ ᠣᠷᠴᠢᠨ ᠲᠣᠭᠤᠷᠢᠨ ᠢ ᠬᠠᠩᠭᠠᠵᠠᠢ᠃ | ᠬᠤᠳᠠ ᠶᠢᠨ ᠪᠡᠯᠡ ᠣᠷᠣᠭᠤᠯᠤᠯᠲᠠ ᠶᠢᠨ ᠬᠢᠵᠠᠭᠠᠷᠲᠤ ᠺᠣᠮᠫᠠᠨᠢ ᠶᠢᠨ ᠲᠤᠬᠠᠢ ᠶᠢᠨ ᠲᠠᠯᠠᠪᠠᠢ ᠶᠢᠨ ᠬᠠᠷᠢᠭᠤᠴᠠᠯᠭᠠᠲᠠᠨ ᠮᠠ ᠳ᠋ᠦᠩ ᠰᠤᠷᠪᠤᠯᠵᠢᠯᠠᠭᠴᠢ ᠳᠤ | ᠲᠤᠰ ᠵᠠᠮ ᠪᠣᠯ ᠵᠡᠭᠦᠨᠰᠢ ᠪᠠᠷᠠᠭᠤᠨᠰᠢ ᠨᠡᠪᠲᠡᠷᠡᠭᠰᠡᠨ ᠭᠤᠣᠯ ᠵᠠᠮ ᠪᠣᠯᠣᠨ᠎ᠠ᠂ ᠵᠠᠮ ᠢ ᠵᠠᠰᠠᠵᠤ ᠨᠡᠪᠲᠡᠷᠡᠭᠦᠯᠦᠭᠰᠡᠨ ᠤ ᠳᠠᠷᠠᠭ᠎ᠠ᠂ ᠡᠷᠬᠢᠨ ᠲᠣᠭᠤᠷᠢᠨ ᠤ ᠰᠠᠭᠤᠭᠠᠯᠢ | ᠠᠷᠠᠳ ᠤᠨ ᠶᠠᠪᠤᠵᠤ ᠰᠠᠭᠤᠬᠤ ᠣᠷᠴᠢᠨ ᠲᠣᠭᠤᠷᠢᠨ ᠢ ᠰᠠᠶᠢᠵᠢᠷᠠᠭᠤᠯᠤᠨ ᠡᠷᠬᠢᠨ ᠲᠣᠭᠤᠷᠢᠨ ᠤ ᠠᠵᠤ ᠠᠬᠤᠢ ᠶᠢᠨ ᠬᠥᠭᠵᠢᠯᠲᠡ ᠶᠢ ᠳᠠᠶᠢᠴᠢᠯᠠᠬᠤ ᠪᠣᠯᠣᠨ᠎ᠠ ᠭᠡᠵᠦ | ᠪᠠᠶᠢᠯ᠎ᠠ᠃ | ᠡᠨᠡ ᠵᠢᠯ ᠠᠴᠠ ᠨᠠᠰᠢ᠂ ᠮᠠᠨ ᠤ ᠬᠤᠲᠠ ︽ᠭᠤᠷᠪᠠ ᠶᠢ ᠪᠠᠲᠤᠯᠠᠬᠤ︾᠂ ᠠᠮᠢ ᠠᠬᠤᠢ ᠶᠢᠨ ᠢᠨᠵᠧᠨᠧᠷᠢᠩ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ | ᠡᠭᠦᠳᠬᠦ ᠵᠡᠷᠭᠡ ᠭᠤᠣᠯᠳᠠᠯᠭ᠎ᠠ ᠲᠠᠢ ᠲᠥᠷᠥᠯ ᠵᠦᠢᠯ ᠢ ᠪᠥᠬᠦ ᠬᠦᠴᠦᠨ ᠢᠶᠠᠷ ᠢᠶᠠᠨ ᠲᠦᠯᠬᠢᠨ ᠠᠬᠢᠭᠤᠯᠵᠤ᠂ ᠥᠷᠭᠡᠨ ᠣᠯᠠᠨ ᠲᠦᠮᠡᠨ ᠳᠤ ᠬᠥᠭᠵᠢᠯᠲᠡ ᠶᠢᠨ ᠦᠷ᠎ᠡ | ᠪᠦᠲᠦᠭᠡᠯ ᠢ ᠦᠨᠡᠨ ᠬᠦ ᠡᠳ᠋ᠯᠡᠭᠦᠯᠵᠦ ᠪᠠᠶᠢᠨ᠎ᠠ᠃ 5 ᠰᠠᠷ᠎ᠠ ᠶᠢᠨ ᠰᠡᠭᠦᠯᠴᠢ ᠪᠣᠯᠲᠠᠯ᠎ᠠ᠂ ᠪᠥᠬᠦ ᠬᠤᠲᠠ ᠶᠢᠨ ᠡᠩ ᠤᠨ ᠣᠯᠠᠨ ᠨᠡᠶᠢᠲᠡ ᠶᠢᠨ ᠡᠳ᠋ ᠤᠨ ᠵᠠᠰᠠᠭ ᠤᠨ | ᠲᠥᠰᠥᠪ ᠤᠨ ᠵᠠᠷᠤᠯᠭ᠎ᠠ ᠶᠢ 105.76 ᠳ᠋ᠦᠩᠰᠢᠭᠤᠷ ᠲᠥᠭᠦᠷᠢᠭ ᠪᠡᠶᠡᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ 14.02 ᠳ᠋ᠦᠩᠰᠢᠭᠤᠷ ᠲᠥᠭᠦᠷᠢᠭ | ᠨᠡᠮᠡᠭᠳᠡᠨ᠂ 15.3% ᠪᠠᠷ ᠨᠡᠮᠡᠭᠳᠡᠵᠡᠢ᠃ ᠠᠷᠠᠳ ᠤᠨ ᠠᠮᠢᠳᠤᠷᠠᠯ ᠤᠨ ᠵᠠᠷᠤᠯᠭ᠎ᠠ ᠶᠢ76.41 ᠳ᠋ᠦᠩᠰᠢᠭᠤᠷ ᠲᠥᠭᠦᠷᠢᠭ ᠪᠡᠶᠡᠯᠡᠭᠦᠯᠵᠦ᠂ ᠤᠯᠠᠨ ᠨᠡᠶᠢᠲᠡ ᠶᠢᠨ | ᠡᠳ᠋ ᠤᠨ ᠵᠠᠰᠠᠭ ᠤᠨ ᠲᠥᠰᠥᠪ ᠤᠨ ᠵᠠᠷᠤᠯᠭ᠎ᠠ ᠶᠢᠨ 72.25% ᠶᠢ ᠡᠵᠡᠯᠡᠵᠦ᠂ ᠠᠷᠠᠳ ᠤᠨ ᠠᠮᠢᠳᠤᠷᠠᠯ ᠤᠨ ᠢᠨᠵᠧᠨᠧᠷᠢᠩ ᠪᠠ ᠠᠷᠠᠳ ᠤᠨ ᠠᠮᠢᠳᠤᠷᠠᠯ ᠤᠨ | ᠪᠣᠳᠠᠲᠤ ᠶᠠᠪᠤᠳᠠᠯ ᠤᠳ ᠢᠶᠠᠷ ᠠᠷᠠᠳ ᠤᠨ ᠠᠮᠢᠳᠤᠷᠠᠯ ᠳᠤ ᠲᠦᠭᠦᠮ ᠲᠦᠳᠡ ᠨᠥᠬᠦᠴᠡᠯ ᠬᠠᠩᠭᠠᠨ ᠰᠠᠶᠢᠵᠢᠷᠠᠭᠤᠯᠤᠨ᠎ᠠ᠃ |