ᠬᠦᠰᠡᠯ ᠨᠠᠶᠢᠳᠠᠯᠭ᠎ᠠ ᠶᠢ ᠪᠠᠲᠤ ᠴᠡᠭᠡᠵᠢᠯᠡᠵᠦ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠭᠰᠠᠨ ᠪᠠᠶᠠᠨᠨᠠᠭᠤᠷ ᠤᠨ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠶ᠎ᠡ᠂ ᠪᠠᠶᠠᠨᠨᠠᠭᠤᠷ ᠬᠤᠲᠠ ᠣᠷᠣᠰᠢᠨ ᠰᠠᠭᠤᠬᠤ ᠪᠠ ᠠᠵᠢᠯ ᠦᠢᠯᠡᠰ ᠡᠷᠬᠢᠯᠡᠬᠦ ᠳᠤ ᠲᠣᠬᠢᠷᠠᠮᠵᠢᠲᠠᠢ ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ ᠢ ᠴᠢᠨᠠᠷ ᠰᠠᠶᠢᠲᠠᠢ ᠪᠦᠲᠦᠭᠡᠨ ᠪᠠᠶᠢᠭᠤᠯᠤᠨ᠎ᠠ
ᠨᠡᠶᠢᠲᠡᠯᠡᠭᠰᠡᠨ ᠴᠠᠭ᠄
2023/8/2
      ᠪᠠᠶᠠᠨᠨᠠᠭᠤᠷ ᠬᠤᠳᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠬᠦ ᠲᠠᠯ᠎ᠠ ᠪᠠᠷ ᠠᠬᠢᠭᠤᠯᠵᠤ᠂ ᠬᠥᠳᠡᠭᠡ ᠲᠣᠰᠬᠤᠨ ᠤ ᠬᠥᠮᠥᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠶᠢ ᠭᠦᠨᠵᠡᠭᠡᠢ ᠬᠡᠷᠡᠭᠵᠢᠭᠦᠯᠵᠦ᠂ ᠣᠷᠣᠰᠢᠨ ᠰᠠᠭᠤᠬᠤ ᠪᠠ ᠠᠵᠢᠯ ᠦᠢᠯᠡᠰ ᠡᠷᠬᠢᠯᠡᠬᠦ  ᠳᠤ ᠲᠣᠬᠢᠷᠠᠮᠵᠢᠲᠠᠢ ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ ᠢ ᠴᠢᠨᠠᠷ ᠰᠠᠶᠢᠲᠠᠢ ᠪᠦᠲᠦᠭᠡᠨ  ᠪᠠᠶᠢᠭᠤᠯᠵᠤ ᠪᠠᠶᠢᠨ᠎ᠠ᠃      ᠵᠤᠨ ᠤ ᠳᠤᠮᠳᠠ ᠰᠠᠷ᠎ᠠ ᠶᠢᠨ ᠦᠶᠤᠸᠠᠨ ᠰᠢᠶᠠᠨ ᠤ ᠱᠧᠩ ᠹᠧᠩ ᠪᠠᠯᠭᠠᠰᠤᠨ ᠤ ᠰᠢᠨ  ᠹᠧᠩ ᠲᠣᠰᠬᠤᠨ ᠳᠤ ᠣᠨᠴᠠ ᠶᠢᠨ ᠬᠥᠭᠵᠢᠶᠡᠨᠲᠡᠢ ᠪᠠᠶᠢᠵᠤ᠂ ᠵᠤᠭᠠᠴᠠᠯ ᠤᠨ ᠤᠯᠠᠷᠢᠯ ᠪᠣᠯᠬᠤ ᠪᠦᠷᠢ ᠰᠠᠶᠢᠨ ᠹᠧᠩ ᠲᠣᠰᠬᠤᠨ ᠳᠤ ᠤᠯᠠᠨ ᠵᠤᠭᠠᠴᠠᠭᠰᠠᠳ ᠢᠷᠡᠵᠦ ᠣᠨᠴᠠᠯᠢᠭᠲᠤ ᠵᠢᠮᠢᠰ ᠨᠣᠭᠤᠭ᠎ᠠ ᠲᠡᠭᠦᠵᠦ ᠲᠣᠭᠤᠷᠢᠨ ᠵᠤᠭᠠᠴᠠᠳᠠᠭ ᠪᠠᠶᠢᠨ᠎ᠠ᠃ ᠥᠩᠭᠡᠷᠡᠭᠰᠡᠨ ᠤ ᠰᠢᠨ ᠹᠧᠩ ᠲᠣᠰᠬᠤᠨ ᠤ ᠵᠠᠮ ᠨᠢ  ᠡᠩᠬᠡᠯ ᠲᠤᠩᠬᠤᠯ᠂ ᠲᠥᠬᠦᠭᠡᠷᠦᠮᠵᠢ ᠨᠢ ᠬᠤᠴᠣᠷᠤᠩᠭᠤᠢ ᠲᠣᠰᠬᠤᠨ ᠪᠠᠶᠢᠭᠰᠠᠨ᠂ 2018 ᠣᠨ ᠳᠤ᠂ ᠲᠤᠬᠠᠢ ᠶᠢᠨ ᠭᠠᠵᠠᠷ ᠤᠨ ᠬᠢᠨ ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ ᠤ ᠪᠦᠲᠦᠭᠡᠨ ᠪᠠᠶᠢᠭᠤᠯᠤᠯᠲᠠ ᠶᠢ ᠡᠬᠢᠯᠡᠭᠦᠯᠵᠦ᠂ ᠤᠰᠤ ᠴᠠᠬᠢᠯᠭᠠᠨ ᠤ ᠵᠠᠮ ᠤᠨ ᠲᠣᠣᠷ ᠢ ᠨᠡᠪᠲᠡᠷᠡᠭᠦᠯᠬᠦ ᠶᠢᠨ ᠬᠠᠮᠲᠤ ᠪᠠᠰᠠ ᠪᠣᠬᠢᠷ ᠤᠰᠤ ᠶᠢ ᠰᠢᠢᠳᠪᠦᠷᠢᠯᠡᠬᠦ᠂ ᠬᠤᠭ ᠨᠣᠪᠰᠢ ᠶᠢ ᠲᠥᠷᠥᠯ ᠬᠤᠪᠢᠶᠠᠬᠤ ᠵᠡᠷᠭᠡ ᠲᠥᠬᠦᠭᠡᠷᠦᠮᠵᠢ ᠶᠢ ᠢᠵᠢ ᠪᠦᠷᠢᠳᠦᠭᠦᠯᠦᠨ ᠪᠠᠶᠢᠭᠤᠯᠵᠤ᠂ ᠣᠨᠴᠠᠯᠢᠭᠲᠤ ᠲᠠᠷᠢᠮᠠᠯ ᠲᠠᠷᠢᠵᠤ᠂ ᠬᠥᠳᠡᠭᠡ ᠲᠣᠰᠬᠤᠨ ᠤ ᠵᠢᠭᠤᠯᠴᠢᠯᠠᠯ ᠵᠡᠷᠭᠡ ᠠᠵᠤ ᠦᠢᠯᠡᠰ ᠢᠳᠡᠭ ᠢᠳᠡᠭ ᠢᠶᠠᠷ ᠬᠥᠭᠵᠢᠨ ᠮᠠᠨᠳᠤᠭᠰᠠᠨ ᠪᠠᠶᠢᠨ᠎ᠠ᠃      ᠦᠶᠤᠸᠠᠨ ᠰᠢᠶᠠᠨ ᠤ ᠱᠧᠩ  ᠹᠧᠩ ᠪᠠᠯᠭᠠᠰᠤᠨ ᠤ ᠰᠢᠨ ᠹᠧᠩ ᠲᠣᠰᠬᠤᠨ ᠤ ᠨᠠᠮ ᠤᠨ ᠡᠭᠦᠷ ᠤᠨ ᠱᠦᠵᠢ ᠵᠤᠤ ᠬᠠᠢ ᠯᠦᠩ ᠰᠤᠷᠪᠤᠯᠵᠢᠯᠠᠭᠴᠢ ᠳᠤ᠂ ᠲᠣᠰᠬᠤᠨ ᠤ ᠵᠤᠭᠠᠴᠠᠯ ᠤᠨ  ᠦᠢᠯᠡᠰ ᠢ ᠬᠦᠴᠦᠯᠡᠨ ᠬᠥᠭᠵᠢᠭᠦᠯᠵᠦ᠂ ᠵᠤᠭᠠᠴᠠᠨ ᠲᠣᠭᠤᠷᠢᠬᠤ᠂ ᠣᠨᠴᠠᠯᠢᠭᠲᠤ ᠵᠢᠮᠢᠰ ᠲᠡᠭᠦᠬᠦ ᠶᠢ ᠨᠢᠭᠡ ᠴᠣᠭᠴᠠᠵᠢᠭᠤᠯᠤᠭᠰᠠᠨ ᠤᠳᠤ ᠦᠶ᠎ᠡ ᠶᠢᠨ ᠲᠠᠷᠢᠶᠠᠯᠠᠩ ᠤᠨ ᠵᠠᠭᠪᠤᠷ ᠢ ᠡᠭᠦᠳᠴᠦ᠂ ᠲᠣᠰᠬᠤᠨ ᠢ ᠬᠦᠴᠦᠷᠬᠡᠭᠵᠢᠭᠦᠯᠦᠨ ᠠᠷᠠᠳ ᠢ ᠪᠠᠶᠠᠵᠢᠭᠤᠯᠬᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠤᠭᠰᠠᠨ ᠠᠴᠠ ᠤᠳᠤ ᠲᠣᠰᠬᠤᠨ ᠤ ᠠᠷᠠᠳ ᠤᠨ ᠬᠥᠮᠥᠨ ᠳᠤᠮᠳᠠᠴᠢ ᠶᠢᠨ ᠣᠷᠣᠯᠭ᠎ᠠ 5 ᠲᠦᠮᠡᠨ ᠲᠥᠭᠦᠷᠢᠭ ᠲᠤ ᠬᠦᠷᠴᠡᠢ ᠭᠡᠵᠦ ᠪᠠᠶᠢᠯ᠎ᠠ᠃      ᠬᠥᠳᠡᠭᠡ ᠲᠣᠰᠬᠤᠨ ᠤ ᠬᠥᠮᠥᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠰᠠᠶᠢᠵᠢᠷᠠᠭᠤᠯᠵᠤ᠂ ᠬᠥᠳᠡᠭᠡ ᠲᠣᠰᠬᠤᠨ ᠢ ᠲᠠᠲᠠᠬᠤ ᠬᠦᠴᠦᠨ  ᠲᠠᠢ ᠪᠣᠯᠭᠠᠬᠤ ᠪᠣᠯ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠤᠨ᠎ᠠ᠃      ᠤᠷᠠᠳ ᠤᠨ ᠬᠤᠶᠢᠲᠤ ᠬᠤᠰᠢᠭᠤᠨ ᠤ ᠤᠤ ᠶᠢᠨ ᠭᠤᠣᠯ ᠰᠤᠮᠤᠨ ᠤ ᠪᠠᠶᠠᠨᠲᠠᠯ᠎ᠠ ᠭᠠᠴᠠᠭ᠎ᠠ  ᠳᠤ ᠲᠦᠭᠡᠭᠡᠯ ᠤᠰᠤ᠂ ᠬᠠᠲᠠᠭᠤᠷᠠᠭᠤᠯᠤᠭᠰᠠᠨ ᠵᠠᠮ ᠡᠷᠦᠬᠡ ᠪᠣᠯᠭᠠᠨ ᠳᠤ ᠨᠡᠪᠲᠡᠷᠡᠵᠦ᠂  ᠭᠠᠴᠠᠭᠠᠨ ᠤ ᠣᠷᠴᠢᠨ ᠲᠣᠭᠤᠷᠢᠨ ᠣᠷᠣᠰᠢᠨ ᠰᠠᠭᠤᠬᠤ ᠳᠤ ᠲᠠᠭᠠᠯᠠᠮᠵᠢᠲᠠᠢ ᠪᠣᠯᠵᠠᠢ᠃ ᠪᠠᠶᠠᠨᠲᠠᠯ᠎ᠠ ᠭᠠᠴᠠᠭ᠎ᠠ ᠪᠠᠰᠠ ᠠᠶᠢᠯ ᠲᠣᠰᠬᠤᠨ ᠤ ᠠᠷᠢᠭᠤᠨ ᠴᠡᠪᠡᠷ ᠤᠨ ᠠᠵᠢᠯᠯᠠᠭ᠎ᠠ ᠶᠢᠨ ︽ᠬᠤᠪᠢ ᠬᠤᠷᠠᠮᠳᠤᠭᠤᠯᠬᠤ ᠳᠦᠷᠢᠮ︾ ᠤᠨ ᠬᠢᠨᠠᠨ ᠪᠠᠶᠢᠴᠠᠭᠠᠯᠲᠠ ᠶᠢ ᠥᠷᠨᠢᠭᠦᠯᠬᠦ ᠶᠢᠨ ᠬᠠᠮᠲᠤ ᠬᠥᠳᠡᠭᠡ ᠲᠣᠰᠬᠤᠨ ᠤ ᠪᠦᠲᠦᠭᠡᠨ ᠪᠠᠶᠢᠭᠤᠯᠤᠯᠲᠠ᠂ ᠨᠡᠶᠢᠭᠡᠮ ᠤᠨ ᠵᠠᠰᠠᠯᠲᠠ᠂ ᠭᠡᠷ ᠪᠦᠯᠢ ᠶᠢᠨ ᠰᠠᠶᠢᠨ ᠰᠠᠶᠢᠬᠠᠨ ᠵᠡᠷᠭᠡ ᠬᠦᠷᠲᠡᠯ᠎ᠡ ᠦᠷᠭᠦᠯᠵᠢᠯᠡᠭᠦᠯᠵᠦ᠂ ︽ᠬᠤᠪᠢ ᠬᠤᠷᠠᠮᠳᠤᠭᠤᠯᠬᠤ ᠬᠡᠲᠦ ᠳᠡᠯᠭᠡᠭᠦᠷ︾᠂ ︽ᠬᠤᠪᠢ ᠬᠤᠷᠠᠮᠳᠤᠭᠤᠯᠵᠤ ᠠᠰᠢᠭ ᠬᠤᠪᠢᠶᠠᠬᠤ︾ ᠠᠷᠭ᠎ᠠ ᠬᠡᠮᠵᠢᠶ᠎ᠡ ᠶᠢ ᠢᠵᠢ ᠪᠦᠷᠢᠳᠦᠭᠦᠯᠦᠨ ᠬᠡᠷᠡᠭᠵᠢᠭᠦᠯᠵᠦ᠂ ᠲᠣᠰᠬᠤᠨ ᠤ ᠠᠷᠠᠳ ᠢ ᠦᠵᠡᠰᠬᠦᠯᠡᠩᠲᠦ ᠰᠠᠶᠢᠬᠠᠨ ᠭᠡᠷ ᠣᠷᠣᠨ ᠤ ᠪᠦᠲᠦᠭᠡᠨ ᠪᠠᠶᠢᠭᠤᠯᠤᠯᠲᠠ ᠳᠤ ᠣᠷᠣᠯᠴᠠᠭᠤᠯᠬᠤ ᠪᠠᠷ ᠳᠠᠶᠢᠴᠢᠯᠠᠪᠠ᠃      ᠪᠠᠶᠠᠨᠲᠠᠯ᠎ᠠ  ᠭᠠᠴᠠᠭᠠᠨ ᠤ ︽ᠬᠤᠶᠠᠷ ᠵᠥᠪᠯᠡᠯ︾ ᠤᠨ ᠭᠡᠰᠢᠭᠦᠨ ᠾᠧ ᠯᠢ ᠸᠧᠨ ᠰᠤᠷᠪᠤᠯᠵᠢᠯᠠᠭᠴᠢ ᠳᠤ᠂ ᠠᠯᠢ ᠣᠯᠠᠨ ᠪᠦᠲᠦᠮᠵᠢᠲᠡᠶ ᠠᠷᠭ᠎ᠠ ᠬᠡᠮᠵᠢᠶ᠎ᠡ ᠪᠠᠷ ᠳᠠᠮᠵᠢᠭᠤᠯᠤᠨ᠂ ᠲᠡᠳᠡᠨ ᠤ ᠰᠠᠶᠢᠨ ᠳᠠᠳᠬᠠᠯ ᠢ  ᠬᠥᠮᠥᠵᠢᠭᠦᠯᠦᠨ ᠮᠠᠨ ᠤ ᠲᠣᠰᠬᠤᠨ ᠤ ᠳᠦᠷᠰᠦ ᠪᠠᠶᠢᠳᠠᠯ ᠢ ᠪᠦᠬᠦᠯᠢ ᠴᠣᠭᠴᠠ ᠪᠠᠷ ᠨᠢ ᠰᠠᠶᠢᠵᠢᠷᠠᠭᠤᠯᠵᠤ᠂ ᠪᠠᠶᠠᠨᠲᠠᠯ᠎ᠠ ᠭᠠᠴᠠᠭ᠎ᠠ ᠶᠢ ᠣᠷᠣᠰᠢᠨ ᠰᠠᠭᠤᠬᠤ ᠳᠤ ᠲᠣᠬᠢᠷᠠᠮᠵᠢᠲᠠᠢ ᠬᠥᠳᠡᠭᠡ ᠲᠣᠰᠬᠤᠨ ᠪᠣᠯᠭᠠᠨ ᠪᠦᠲᠦᠭᠡᠨ ᠪᠠᠶᠢᠭᠤᠯᠤᠨ᠎ᠠ ᠭᠡᠵᠡᠢ᠃      ᠣᠳᠣᠬᠠᠨ ᠳᠤ᠂ ᠪᠥᠬᠦ ᠬᠤᠲᠠ ᠶᠢᠨ 652 ᠭᠠᠴᠠᠭ᠎ᠠ ᠲᠣᠰᠬᠤᠨ ᠨᠢ ᠬᠥᠮᠥᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠨ ᠵᠠᠰᠠᠵᠤ ᠳᠡᠭᠡᠭᠰᠢᠯᠡᠭᠦᠯᠬᠦ ᠶᠢ ᠴᠢᠩᠭᠠᠳᠬᠠᠨ᠂ 7 ᠬᠤᠰᠢᠭᠤ ᠰᠢᠶᠠᠨ ᠲᠣᠭᠤᠷᠢᠭ ᠨᠢ ᠰᠢᠶᠠᠨ ᠤ ᠬᠡᠪᠴᠢᠶᠡᠨ ᠤ ᠬᠥᠳᠡᠭᠡ ᠲᠣᠰᠬᠤᠨ ᠤ ᠪᠦᠲᠦᠭᠡᠨ ᠪᠠᠶᠢᠭᠤᠯᠤᠯᠲᠠ ᠶᠢᠨ ᠲᠥᠯᠦᠪᠵᠢᠭᠦᠯᠭᠡ ᠶᠢ ᠪᠦᠬᠦᠨ ᠢ ᠪᠡᠶᠡᠯᠡᠭᠦᠯᠵᠦ᠂ ᠮᠠᠯᠵᠢᠬᠤ ᠲᠠᠷᠢᠶᠠᠯᠠᠬᠤ ᠣᠷᠣᠨ ᠤ ᠬᠤᠭ ᠨᠣᠪᠰᠢ ᠶᠢ ᠬᠤᠷᠢᠶᠠᠨ ᠲᠡᠭᠡᠭᠡᠪᠦᠷᠢᠯᠡᠵᠦ ᠰᠢᠢᠳᠪᠦᠷᠢᠯᠡᠬᠦ ᠰᠢᠰᠲ᠋ᠧᠮᠵᠢ ᠶᠢ ᠨᠢᠭᠡᠨᠲᠡ 94% ᠠᠴᠠ ᠳᠡᠭᠡᠭᠰᠢᠬᠢ ᠵᠠᠰᠠᠭ ᠵᠠᠬᠢᠷᠭᠠᠨ ᠤ ᠲᠣᠰᠬᠤᠨ ᠳᠤ ᠪᠦᠷᠬᠦᠭᠦᠯᠪᠡ᠃ 
ᠢᠷᠡᠯᠲᠡ᠄ ᠪᠠᠶᠠᠨᠨᠠᠭᠤᠷ ᠤᠨ ᠮᠣᠩᠭᠤᠯ ᠷᠠᠳᠢᠣ᠋ ᠲᠧᠯᠸᠢᠰ