ᠬᠦᠰᠡᠯ ᠨᠠᠶᠢᠳᠠᠯᠭ᠎ᠠ ᠶᠢ ᠪᠠᠲᠤ ᠴᠡᠭᠡᠵᠢᠯᠡᠵᠦ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠭᠰᠠᠨ ᠪᠠᠶᠠᠨᠨᠠᠭᠤᠷ ᠤᠨ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠶ᠎ᠡ᠂  ᠮᠠᠨ ᠤ ᠬᠤᠳᠠ ᠠᠵᠤ ᠠᠬᠤᠶ ᠶᠢᠨ ᠤᠢ ᠶᠢ ᠶᠡᠭᠡᠪᠡᠷ ᠭᠦᠭᠵᠢᠭᠦᠯᠦᠨ ᠠᠮᠢ ᠠᠬᠤᠶ ᠶᠢᠨ ᠦᠷ᠎ᠡ ᠠᠰᠢᠭ ᠢ ᠨᠡᠮᠡᠭᠳᠡᠭᠦᠯᠦᠨ᠎ᠡ
ᠨᠡᠶᠢᠲᠡᠯᠡᠭᠰᠡᠨ ᠴᠠᠭ᠄
2023/8/2
      ᠮᠠᠨ ᠤ ᠬᠤᠳᠠ ᠶᠢᠨ ᠬᠢᠨ ᠬᠥᠬᠡᠮᠳᠦᠭ ᠨᠣᠭᠤᠭᠠᠨ ᠠᠭᠤᠯᠠ ᠤᠰᠤ ᠪᠣᠯ ᠠᠯᠳᠠ ᠮᠥᠩᠭᠦᠨ ᠠᠭᠤᠯᠠ ᠮᠥᠨ ᠭᠡᠬᠦ ᠤᠢᠢᠯᠠᠭᠠᠭᠳᠠᠬᠤᠨ ᠢ ᠪᠠᠲᠤ ᠪᠠᠭᠢ ᠪᠤᠢ ᠪᠣᠯᠭᠠᠵᠤ᠂ ᠠᠵᠤ ᠠᠬᠤᠢ ᠶᠢᠨ ᠤᠢ ᠶᠢᠨ ᠦᠢᠯᠡᠰ ᠢ ᠭᠦᠭᠵᠢᠭᠦᠯᠭᠦ ᠪᠠᠷ ᠲᠠᠮᠵᠢᠨ᠂ ᠲᠠᠷᠢᠶᠠᠴᠢᠳ ᠤᠨ ᠤᠷᠤᠯᠭ᠎ᠠ ᠶᠢ ᠨᠡᠮᠡᠭᠳᠡᠭᠦᠯᠦᠨ ᠠᠮᠢ ᠠᠬᠤᠢ ᠶᠢᠨ ᠴᠢᠨᠡᠭᠡᠯᠢᠭᠵᠢᠯ ᠤᠨ ᠵᠠᠮ ᠢᠶᠠᠷ ᠵᠠᠮᠨᠠᠵᠤ ᠪᠠᠶᠢᠨ᠎ᠠ᠃      ᠡᠨᠡ ᠬᠤᠶᠠᠷ ᠡᠳᠦᠷ᠂ ᠤᠷᠠᠳ ᠤᠨ ᠬᠤᠶᠢᠲᠤ ᠬᠤᠰᠢᠭᠤᠨ ᠤ ᠪᠠᠷᠠᠭᠤᠨ ᠪᠤᠯᠤᠩ ᠣᠶ ᠰᠢᠭᠤᠶ ᠶᠢᠨ ᠬᠠᠮᠢᠶᠠᠷᠤᠯᠲᠠ ᠶᠢᠨ ᠲᠥᠪ ᠲᠤ ᠠᠵᠢᠯᠴᠢᠳ ᠶᠠᠭ ᠴᠢᠪᠠᠭ᠎ᠠ ᠶᠢᠨ ᠮᠣᠳᠣ ᠲᠠᠷᠢᠭᠠᠳ ᠶᠠᠭᠠᠷᠠᠯᠳᠤᠵᠤ ᠪᠠᠶᠢᠯ᠎ᠠ᠃ ᠠᠳᠡᠬᠢ ᠭᠠᠵᠠᠷ ᠵᠦᠶ ᠶᠢᠨ ᠪᠠᠶᠢᠷᠢᠯᠠᠯ ᠪᠠ ᠠᠭᠤᠷ ᠠᠮᠢᠰᠬᠤᠯ ᠤᠨ ᠨᠥᠬᠦᠴᠡᠯ ᠨᠢ ᠬᠦᠴᠢᠯᠯᠢᠭ ᠴᠢᠪᠠᠭ᠎ᠠ ᠲᠠᠷᠢᠬᠤ ᠳᠤ ᠲᠤᠩ ᠲᠣᠬᠢᠷᠠᠮᠵᠢᠲᠠᠶ ᠪᠠᠶᠢᠵᠤ᠂ ᠵᠠᠶᠢᠯᠠᠵᠤ ᠤᠷᠭᠤᠭᠤᠯᠤᠭᠰᠠᠨ ᠵᠤᠯᠵᠠᠭ᠎ᠠ ᠮᠣᠳᠣ ᠨᠢ ᠬᠤᠶᠠᠷ ᠠᠴᠠ ᠭᠤᠷᠪᠠᠨ ᠵᠢᠯ ᠳᠤ ᠳᠠᠷᠤᠶ ᠡᠯᠪᠡᠭ ᠬᠤᠷᠢᠶᠠᠯᠲᠠ ᠤᠯᠵᠤ ᠲᠡᠶᠢᠯᠦᠨ᠎ᠡ᠃      ᠤᠷᠠᠳ ᠤᠨ ᠬᠤᠶᠢᠲᠤ ᠬᠤᠰᠢᠭᠤᠨ ᠤ ᠪᠠᠷᠠᠭᠤᠨ ᠪᠤᠯᠤᠩ ᠣᠶ ᠰᠢᠭᠤᠶ ᠶᠢᠨ ᠬᠠᠮᠢᠶᠠᠷᠤᠯᠲᠠ  ᠶᠢᠨ  ᠲᠥᠪ  ᠤᠨ  ᠡᠷᠬᠢᠯᠡᠭᠴᠢ  ᠳ᠋ᠦ᠋  ᠶᠦᠩ  ᠵᠢᠶᠦ᠋ᠨ  ᠭᠡᠯᠡᠭᠦ  ᠳᠡᠭᠡᠨ᠂ ᠬᠦᠴᠢᠯᠯᠢᠭ ᠴᠢᠪᠠᠭ᠎ᠠ ᠶᠢᠨ ᠮᠣᠳᠣ ᠡᠯᠡᠰᠦ ᠶᠢ ᠰᠡᠷᠭᠡᠶᠢᠯᠡᠨ ᠵᠠᠰᠠᠬᠤ ᠪᠠᠷ ᠪᠠᠷᠠᠬᠤ ᠦᠭᠡᠢ᠂ ᠰᠢᠮ᠎ᠡ ᠲᠡᠵᠢᠭᠡᠯ ᠤᠨ ᠦᠷᠳᠡᠭ ᠪᠣᠯᠤᠨ ᠡᠮ ᠤᠨ ᠬᠡᠷᠡᠭᠯᠡᠭᠡᠨ ᠤ ᠦᠷᠳᠡᠭ ᠴᠦ ᠮᠠᠰᠢ ᠥᠨᠳᠥᠷ ᠪᠠᠶᠢᠵᠤ᠂ ᠴᠢᠪᠠᠭ᠎ᠠ ᠶᠢᠨ ᠨᠠᠪᠴᠢ᠂ ᠴᠢᠪᠠᠭ᠎ᠠ ᠶᠢᠨ ᠴᠥᠮ᠎ᠡ᠂ ᠴᠢᠪᠠᠭ᠎ᠠ ᠶᠢᠨ ᠵᠢᠮᠢᠰ ᠢ ᠴᠥᠮ ᠨᠠᠷᠢᠯᠢᠭ ᠡᠳ᠋ᠰᠢᠭᠦᠯᠦᠨ ᠬᠤᠳᠠᠯᠳᠤᠵᠤ᠂ ᠮᠦ ᠪᠦᠷᠢ ᠠᠴᠠ ᠪᠠᠷᠤᠭ 2000 ᠭᠠᠷᠤᠢ ᠲᠥᠭᠦᠷᠢᠭ ᠤᠨ ᠠᠰᠢᠭ ᠬᠦᠷᠳᠡᠳᠡᠭ᠂ ᠡᠨᠡ ᠵᠢᠯ ᠪᠢᠳᠡ ᠨᠢᠭᠡᠨᠲᠡ 1000 ᠮᠦ ᠲᠠᠷᠢᠭᠰᠠᠨ ᠭᠡᠵᠦ ᠪᠠᠶᠢᠯ᠎ᠠ᠃      ᠤᠶᠢᠷ᠎ᠠ ᠶᠢᠨ ᠬᠤᠭᠤᠴᠠᠭᠠᠨ ᠳᠤ᠂ ᠦᠶᠦᠸᠠᠨ ᠰᠢᠶᠠᠨ ᠤ ᠳᠡᠨᠵᠢᠲᠡᠢ ᠪᠠᠯᠭᠠᠰᠤᠨ ᠤ ᠮᠢᠩᠭᠠᠨ ᠮᠦ ᠠᠵᠤ ᠠᠬᠤᠢ ᠶᠢᠨ ᠤᠢ ᠶᠢᠨ ᠰᠠᠭᠤᠷᠢᠨ ᠭᠠᠵᠠᠷ ᠭᠦᠭᠡᠷᠡᠨ ᠨᠣᠭᠤᠭᠠᠷᠠᠵᠤ᠂ ᠠᠮᠢᠵᠢᠷᠠᠯ ᠤᠨ ᠬᠦᠴᠦᠨ ᠢᠶᠠᠷ ᠪᠢᠯᠬᠠᠮ᠎ᠠ ᠪᠠᠶᠢᠯ᠎ᠠ᠃ ᠡᠨᠡ ᠵᠢᠯ᠂ ᠲᠤᠰ ᠰᠠᠭᠤᠷᠢᠨ ᠭᠠᠵᠠᠷ ᠨᠢ ︽ᠠᠵᠤ ᠠᠬᠤᠶᠢᠯᠠᠯ + ᠰᠠᠭᠤᠷᠢᠨ ᠭᠠᠵᠠᠷ + ᠲᠠᠷᠢᠶᠠᠴᠢᠨ ᠡᠷᠦᠬᠡ︾ ᠶᠢᠨ ᠡᠵᠡᠩᠨᠡᠯᠲᠡ ᠶᠢᠨ ᠠᠷᠭ᠎ᠠ ᠮᠠᠶ᠋ᠢᠭ ᠢᠶᠠᠷ᠂ ᠨᠡᠶᠢᠲᠡ 56 ᠵᠦᠢᠯ ᠤᠨ ᠠᠯᠢᠮ᠎ᠠ ᠶᠢᠨ ᠰᠢᠨ᠎ᠡ ᠡᠭᠦᠯᠳᠡᠷ ᠢ ᠣᠷᠣᠭᠤᠯᠤᠨ ᠠᠪᠴᠢᠷᠠᠵᠤ᠂ ᠠᠵᠤ ᠠᠬᠤᠶ ᠶᠢᠨ ᠣᠶ ᠶᠢᠨ ᠠᠵᠤ ᠦᠢᠯᠡᠰ ᠤᠨ ᠬᠥᠭᠵᠢᠯᠲᠡ ᠶᠢᠨ ᠶᠠᠰᠤ ᠴᠢᠨᠠᠷ ᠢ ᠲᠡᠭᠡᠭᠰᠢᠯᠡᠭᠦᠯᠵᠦ ᠪᠠᠶᠢᠨ᠎ᠠ᠃      ᠦᠶᠦᠸᠠᠨ ᠰᠢᠶᠠᠨ ᠤ ᠳᠡᠨᠵᠢᠲᠡᠢ ᠪᠠᠯᠭᠠᠰᠤᠨ ᠤ ᠮᠢᠩᠭᠠᠨ ᠮᠦ ᠠᠵᠤ ᠠᠬᠤᠢ ᠶᠢᠨ ᠤᠢ ᠶᠢᠨ ᠰᠠᠭᠤᠷᠢᠨ ᠭᠠᠵᠠᠷ ᠤᠨ  ᠮᠡᠷᠭᠡᠵᠢᠯᠳᠡᠨ ᠶᠠᠩ ᠾᠧ ᠰᠢᠶᠦ᠋ᠩ ᠭᠡᠯᠡᠭᠦ ᠳᠡᠭᠡᠨ᠂ ᠣᠳᠣᠬᠠᠨ ᠳᠤ ᠪᠢᠳᠡ ᠤᠢ ᠰᠢᠭᠤᠢ ᠠᠮᠤ ᠪᠤᠳᠠᠭᠠᠨ ᠤ ᠵᠠᠭᠪᠤᠷ᠂ ᠤᠢ ᠰᠢᠭᠤᠢ ᠡᠪᠡᠰᠦᠨ ᠤ ᠵᠠᠭᠪᠤᠷ᠂ ᠤᠢ ᠰᠢᠭᠤᠢ ᠲᠡᠵᠢᠭᠡᠪᠦᠷᠢ ᠶᠢᠨ ᠵᠠᠭᠪᠤᠷ ᠵᠡᠷᠭᠡ ᠭᠤᠷᠪᠠᠨ ᠵᠦᠢᠯ ᠤᠨ ᠵᠠᠭᠪᠤᠷ ᠢ ᠬᠡᠷᠡᠭᠯᠡᠵᠦ᠂ ᠶᠡᠷᠦᠩᠬᠡᠢ ᠦᠷ᠎ᠡ ᠠᠰᠢᠭ ᠨᠢ ᠲᠦᠮᠡᠨ ᠲᠥᠭᠦᠷᠢᠭ ᠣᠷᠴᠢᠮ ᠪᠠᠶᠢᠵᠤ᠂ ᠲᠠᠷᠠᠭᠠᠴᠢ ᠪᠠᠷ ᠪᠢᠳᠡ ᠶᠡᠭᠡ ᠭᠡᠪᠴᠢᠶ᠎ᠡ ᠪᠠᠷ ᠳᠡᠯᠭᠡᠷᠡᠭᠦᠯᠵᠦ᠂ ᠲᠠᠷᠢᠶᠠᠴᠢᠳ ᠤᠨ ᠣᠷᠣᠯᠭ᠎ᠠ ᠶᠢ ᠨᠡᠮᠡᠭᠳᠡᠭᠦᠯᠵᠦ᠂ ᠠᠵᠤ ᠠᠬᠤᠢ ᠪᠣᠯᠤᠨ ᠠᠮᠢ ᠠᠬᠤᠢ ᠶᠢᠨ ᠬᠤᠤᠰ ᠦᠷ᠎ᠡ ᠠᠰᠢᠭ ᠢ ᠪᠡᠶᠡᠯᠡᠭᠦᠯᠦᠨ᠎ᠡ ᠭᠡᠵᠦ ᠪᠠᠶᠢᠯ᠎ᠠ᠃      ᠣᠶᠢᠷ᠎ᠠ ᠶᠢᠨ ᠵᠢᠯ ᠳᠤ᠂ ᠮᠠᠨ ᠤ ᠬᠤᠲᠠ ᠭᠠᠵᠠᠷ ᠣᠷᠣᠨ ᠤ ᠪᠠᠶᠢᠳᠠᠯ ᠳᠠᠭᠠᠨ ᠵᠤᠭᠢᠴᠠᠭᠤᠯᠤᠨ ᠣᠯᠠᠨ ᠵᠦᠢᠯ ᠤᠨ ᠵᠠᠭᠪᠤᠷ ᠢᠶᠠᠷ ᠣᠨᠴᠠᠯᠢᠭᠲᠤ ᠠᠵᠤ ᠠᠬᠤᠶ ᠶᠢᠨ ᠣᠶ ᠶᠢᠨ ᠦᠢᠯᠡᠰ ᠢ ᠰᠦᠪᠡᠭᠴᠢᠯᠡᠨ ᠬᠥᠭᠵᠢᠭᠦᠯᠵᠦ᠂ ᠲᠥᠷᠥ ᠶᠢᠨ ᠪᠣᠳᠣᠯᠭ᠎ᠠ ᠪᠠᠷ ᠲᠡᠳᠬᠦᠨ ᠳᠡᠮᠵᠢᠬᠦ᠂ ᠲᠥᠷᠥᠯ ᠵᠦᠢᠯ ᠢᠶᠠᠷ ᠳᠠᠶᠢᠴᠢᠯᠠᠬᠤ ᠪᠠ ᠰᠢᠨᠵᠢᠯᠡᠬᠦ ᠤᠬᠠᠭᠠᠨ ᠮᠡᠷᠭᠡᠵᠢᠯ ᠢᠶᠠᠷ ᠲᠤᠯᠭᠠᠭᠤᠷᠢᠯᠠᠬᠤ ᠪᠠᠷ ᠳᠡᠮᠵᠢᠨ᠂ ᠣᠳᠣᠬᠠᠨ ᠳᠤ ᠪᠥᠬᠦ ᠬᠤᠲᠠ ᠳᠤ ᠨᠡᠶᠢᠲᠡ 4.45 ᠲᠦᠮᠡᠨ ᠮᠥ ᠠᠵᠤ ᠠᠬᠤᠶ ᠶᠢᠨ ᠣᠶ ᠶᠢᠨ ᠰᠠᠭᠤᠷᠢᠨ ᠭᠠᠵᠠᠷ ᠢ ᠰᠢᠨ᠎ᠡ ᠪᠠᠷ  ᠪᠠᠶᠢᠭᠤᠯᠵᠤ᠂ 11 ᠪᠠᠷᠢᠮᠵᠢᠶᠠᠵᠢᠭᠰᠠᠨ ᠵᠢᠱᠢᠶ᠎ᠡ ᠦᠵᠡᠭᠦᠯᠬᠦ ᠬᠦᠷᠢᠶᠡᠯᠡᠩ ᠢ ᠰᠢᠨ᠎ᠡ ᠪᠠᠷ ᠪᠠᠶᠢᠭᠤᠯᠬᠤ ᠪᠠ ᠥᠭᠡᠷᠡᠴᠢᠯᠡᠬᠦ ᠶᠢᠨ ᠬᠠᠮᠲᠤ ᠴᠠᠭᠠᠨ ᠭᠤᠶᠣᠣ᠂ ᠭᠦᠴᠢᠯᠯᠢᠭ ᠴᠢᠪᠠᠭ᠎ᠠ᠂ ᠠᠯᠢᠮ᠎ᠠ ᠵᠢᠮᠢᠰ ᠤᠨ ᠲᠥᠷᠥᠯ ᠤᠨ 3 ᠳᠠᠪᠠᠭᠤᠯᠢᠭ ᠠᠵᠤ ᠦᠢᠯᠡᠰ ᠤᠨ ᠠᠮᠢ ᠠᠬᠤᠶ ᠶᠢᠨ ᠪᠥᠲᠥᠭᠡᠨ ᠪᠠᠶᠢᠭᠤᠯᠤᠯᠲᠠ ᠶᠢᠨ ᠪᠠᠶᠢᠷᠢᠰᠢᠯ ᠢ ᠲᠠᠰᠤᠷᠠᠯᠲᠠ ᠥᠬᠡᠶ ᠰᠢᠯᠢᠳᠡᠭᠵᠢᠭᠦᠯᠵᠦ᠂ ᠠᠮᠢ ᠠᠬᠤᠶ ᠬᠢᠭᠡᠳ ᠠᠵᠤ ᠠᠬᠤᠶ ᠶᠢᠨ ᠬᠠᠮᠵᠢᠯᠴᠠᠨ ᠬᠥᠭᠵᠢᠬᠦ ᠶᠢ ᠦᠷᠭᠦᠯᠵᠢᠯᠡᠨ ᠴᠢᠨᠠᠷ ᠰᠠᠶᠢᠲᠠᠶ ᠳᠥᠯᠭᠢᠨ ᠠᠬᠢᠭᠤᠯᠵᠤ ᠪᠠᠶᠢᠨ᠎ᠠ᠃  
ᠢᠷᠡᠯᠲᠡ᠄ ᠪᠠᠶᠠᠨᠨᠠᠭᠤᠷ ᠤᠨ ᠮᠣᠩᠭᠤᠯ ᠷᠠᠳᠢᠣ᠋ ᠲᠧᠯᠸᠢᠰ