ᠶᠡᠷᠦᠩᠬᠡᠢ ᠱᠦᠵᠢ ᠰᠢ ᠶᠢᠨ ᠫᠢᠩ ᠪᠠᠶᠠᠨᠨᠠᠭᠤᠷ ᠲᠤ ᠰᠢᠨᠵᠢᠯᠡᠨ ᠪᠠᠶᠢᠴᠠᠭᠠᠬᠤ ᠳᠠᠭᠠᠨ᠂ ᠪᠣᠷᠣᠲᠣᠬᠤᠢ ᠶᠢᠨ ᠭᠠᠵᠠᠷ ᠣᠷᠣᠨ ᠤ ᠨᠥᠬᠦᠴᠡᠯ ᠤᠯᠠᠨ ᠠᠴᠠ | ᠣᠨᠴᠠᠭᠠᠢ ᠪᠠᠶᠢᠵᠤ᠂ ᠬᠡᠳᠦ᠋ᠢᠪᠡᠷ ᠤᠰᠤ ᠳᠤᠲᠠᠭᠳᠠᠬᠤ ᠦᠭᠡᠢ ᠪᠣᠯᠪᠠᠴᠤ ᠤᠰᠤᠨ ᠤ ᠡᠬᠢ ᠪᠠᠶᠠᠯᠢᠭ ᠢ ᠠᠷᠪᠢᠯᠠᠵᠤ᠂ ᠤᠳᠤ ᠦᠶ᠎ᠡ ᠶᠢᠨ ᠥᠨᠳᠥᠷ ᠦᠷ᠎ᠡ | ᠠᠰᠢᠭ ᠲᠠᠢ ᠲᠠᠷᠢᠶᠠᠯᠠᠩ ᠪᠣᠯᠤᠨ ᠤᠰᠤ ᠠᠷᠪᠢᠯᠠᠬᠤ ᠠᠵᠤ ᠦᠢᠯᠡᠰ ᠢ ᠶᠡᠬᠡᠪᠡᠷ ᠬᠥᠭᠵᠢᠭᠦᠯᠬᠦ ᠬᠡᠷᠡᠭᠲᠡᠢ᠂ ᠶᠡᠭᠡ ᠤᠰᠤ ᠪᠠᠷ ᠨᠡᠯᠦ᠋ᠢᠲᠡᠯ᠎ᠡ ᠤᠰᠤᠯᠠᠵᠤ ᠪᠣᠯᠬᠤ ᠦᠭᠡᠢ | ᠭᠡᠵᠦ ᠴᠢᠬᠤᠯᠠᠴᠢᠯᠠᠪᠠ᠃ ᠶᠡᠷᠦᠩᠬᠡᠢ ᠱᠦᠵᠢ ᠶᠢᠨ ᠨᠠᠶᠢᠳᠠᠯᠭ᠎ᠠ ᠶᠢ ᠪᠠᠲᠤ ᠴᠡᠭᠡᠵᠢᠯᠡᠵᠦ᠂ ᠮᠠᠨ ᠤ ᠬᠤᠳᠠ ᠶᠢᠨ ᠬᠢᠨ ᠬᠠᠳᠤᠨ ᠭᠤᠣᠯ ᠤᠨ ᠤᠰᠤ ᠶᠢ ᠲᠠᠲᠠᠵᠤ | ᠳᠤᠰᠤᠯᠭᠠᠨ ᠤᠰᠤᠯᠠᠬᠤ᠂ ᠤᠰᠤ ᠶᠢ ᠣᠶᠤᠨᠴᠢᠯᠠᠨ ᠡᠵᠡᠮᠳᠡᠬᠦ ᠵᠡᠷᠭᠡ ᠲᠦᠷᠦᠯ ᠵᠦᠢᠯ ᠢ ᠬᠡᠷᠡᠭᠵᠢᠭᠦᠯᠬᠦ ᠪᠠᠷ ᠳᠠᠮᠵᠢᠨ᠂ ᠲᠠᠷᠢᠶᠠᠯᠠᠩ ᠳᠤ ᠬᠡᠷᠡᠭᠯᠡᠬᠦ ᠤᠰᠤ ᠶᠢ ᠨᠡᠩ | ᠨᠠᠷᠢᠯᠢᠭ ᠲᠤᠬᠢᠷᠠᠭᠤᠯᠵᠤ᠂ ᠤᠰᠤᠨ ᠤ ᠡᠬᠢ ᠪᠠᠶᠠᠯᠢᠭ ᠤᠨ ᠠᠰᠢᠭᠯᠠᠯᠲᠠ ᠶᠢᠨ ᠦᠷ᠎ᠡ ᠠᠰᠢᠭ ᠢ ᠳᠡᠭᠡᠭᠰᠢᠯᠡᠭᠦᠯᠵᠦ᠂ ᠲᠠᠷᠢᠶᠠᠯᠠᠩ ᠤᠨ ᠥᠪᠡᠷ ᠤᠨ ᠦᠷᠳᠡᠭ ᠢ | ᠠᠷᠪᠢᠯᠠᠨ ᠦᠷ᠎ᠡ ᠠᠰᠢᠭ ᠢ ᠨᠡᠮᠡᠭᠳᠡᠭᠦᠯᠬᠦ ᠶᠢ ᠠᠬᠢᠭᠤᠯᠪᠠ᠃ | ᠦᠶᠦᠸᠠᠨ ᠰᠢᠶᠠᠨ ᠤ ᠲᠣᠷᠤᠭ ᠪᠠᠯᠭᠠᠰᠤᠨ ᠤ ᠭᠠᠢ ᠯᠠᠨ ᠨᠠᠭᠤᠷ ᠤᠨ ᠬᠠᠲᠤᠨ ᠭᠤᠤᠯ ᠤᠨ ᠤᠰᠤ ᠶᠢ ᠲᠠᠲᠠᠵᠤ ᠳᠤᠰᠤᠯᠭᠠᠨ ᠤᠰᠤᠯᠠᠬᠤ ᠥᠨᠳᠥᠷ | ᠪᠦᠲᠦᠮᠵᠢᠲᠡᠶ ᠤᠰᠤ ᠠᠷᠪᠢᠯᠠᠬᠤ ᠵᠢᠱᠢᠶ᠎ᠡ ᠦᠵᠡᠭᠦᠯᠬᠦ ᠬᠦᠷᠢᠶᠡᠯᠡᠩ ᠲᠣᠭᠤᠷᠢᠭ ᠲᠤ᠂ 7000 ᠮᠥ ᠡᠷᠳᠡᠨᠢ ᠰᠢᠰᠢ ᠶᠢᠨ ᠤᠷᠭᠤᠴᠠ ᠶᠡᠭᠡ ᠰᠠᠢᠨ ᠪᠠᠶᠢᠨ᠎ᠠ᠂ | ᠬᠦᠷᠢᠶᠡᠯᠡᠩ ᠲᠣᠭᠤᠷᠢᠭ ᠤᠨ ᠠᠵᠢᠯᠲᠠᠳ ᠭᠠᠷ ᠤᠲᠠᠰᠤᠨ ᠳᠡᠭᠡᠷᠡᠬᠢ ᠬᠡᠷᠡᠭᠯᠡᠭᠡᠨ ᠤ ᠫᠷᠤᠭ᠍ᠷᠠᠮ ᠢᠶᠠᠷ ᠳᠠᠮᠵᠢᠭᠤᠯᠤᠨ ᠳᠤᠰᠤᠯᠭᠠᠨ ᠤᠰᠤᠯᠠᠬᠤ ᠨᠡᠭᠡᠭᠡᠯᠭᠡ ᠶᠢ ᠨᠡᠭᠡᠭᠡᠵᠦ᠂ | ᠡᠷᠳᠡᠨᠢ ᠰᠢᠰᠢ ᠳᠤ ᠤᠰᠤ ᠬᠠᠩᠭᠠᠵᠤ᠂ ᠪᠣᠷᠲᠣᠭᠤᠷ ᠬᠠᠩᠭᠠᠵᠤ ᠪᠠᠶᠢᠨ᠎ᠠ᠃ ᠣᠶᠢᠯᠠᠭᠠᠭᠰᠠᠨ ᠢᠶᠠᠷ᠂ ᠬᠦᠷᠢᠶᠡᠯᠡᠩ ᠲᠣᠭᠤᠷᠢᠭ ᠤᠨ ᠬᠡᠷᠡᠭᠯᠡᠵᠦ ᠪᠠᠶᠢᠭ᠎ᠠ ᠬᠠᠲᠤᠨ | ᠭᠤᠣᠯ ᠤᠨ ᠤᠰᠤ ᠶᠢ ᠲᠠᠲᠠᠵᠤ ᠳᠤᠰᠤᠯᠭᠠᠨ ᠤᠰᠤᠯᠠᠬᠤ ᠰᠢᠯᠵᠢᠮᠡᠯ ᠮᠠᠶ᠋ᠢᠭ ᠤᠨ ᠤᠶᠤᠨᠴᠢᠯᠠᠭᠰᠠᠨ ᠲᠥᠬᠦᠭᠡᠷᠦᠮᠵᠢ ᠨᠢ ᠮᠢᠩᠭᠠᠨ ᠮᠦ ᠠᠴᠠ ᠳᠡᠭᠡᠭᠰᠢᠬᠢ ᠲᠠᠷᠢᠶᠠᠨ | ᠭᠠᠵᠠᠷ ᠤᠨ ᠤᠰᠤ ᠪᠣᠷᠳᠣᠭᠤᠷ ᠢ ᠨᠢᠭᠡ ᠴᠤᠭᠴᠠᠵᠢᠭᠤᠯᠤᠨ ᠳᠤᠰᠤᠯᠭᠠᠨ ᠤᠰᠤᠯᠠᠬᠤ ᠶᠢ ᠬᠠᠩᠭᠠᠵᠤ ᠳᠡᠶᠢᠯᠬᠦ ᠶᠤᠮ᠃ ᠡᠭᠦᠨ ᠤ ᠬᠠᠮᠲᠤ ᠬᠥᠷᠥᠰᠥᠨ ᠤ ᠴᠢᠭᠢᠭ ᠤᠨ | ᠪᠠᠶᠢᠳᠠᠯ᠂ ᠭᠠᠵᠠᠷ ᠳᠣᠣᠷᠠᠬᠢ ᠤᠰᠤ ᠪᠣᠯᠤᠨ ᠴᠠᠭ ᠠᠭᠤᠷ ᠤᠨ ᠦᠷᠳᠡᠭᠡ ᠵᠡᠷᠭᠡ ᠤᠶᠤᠨᠴᠢᠯᠠᠭᠰᠠᠨ ᠬᠢᠨᠠᠨ ᠬᠡᠮᠵᠢᠬᠦ ᠲᠥᠬᠦᠭᠡᠷᠦᠮᠵᠢ ᠶᠢ ᠤᠭᠰᠠᠷᠠᠵᠤ᠂ ᠲᠠᠷᠢᠶᠠᠨ | ᠭᠠᠵᠠᠷ ᠤᠨ ᠬᠡᠷᠡᠭᠰᠡᠬᠦ ᠤᠰᠤ ᠪᠣᠯᠤᠨ ᠪᠤᠷᠳᠤᠭᠤᠷ ᠢ ᠦᠨᠳᠦᠰᠦᠯᠡᠨ ᠤᠶᠤᠨᠴᠢᠯᠠᠭᠰᠠᠨ ᠳᠤᠬᠢᠷᠠᠭᠤᠯᠤᠯᠳᠠ ᠬᠢᠵᠦ᠂ ᠲᠠᠷᠢᠮᠠᠯ ᠤᠨ ᠦᠨᠳᠦᠰᠦᠨ ᠤ ᠬᠡᠰᠡᠭ ᠲᠤ ᠨᠠᠷᠢᠨ | ᠣᠨᠣᠪᠴᠢᠲᠠᠢ ᠪᠠᠷ ᠬᠦᠷᠭᠡᠵᠦ᠂ ᠬᠡᠮᠵᠢᠨ ᠪᠤᠳᠤᠭᠰᠠᠨ ᠢᠶᠠᠷ᠂ ᠮᠦ ᠪᠦᠷᠢ 100 ᠪᠣᠰᠤᠭ᠎ᠠ ᠳᠥᠷᠪᠡᠯᠵᠢᠨ ᠮᠧᠲᠷ ᠤᠨ ᠤᠰᠤ ᠶᠢ ᠠᠷᠪᠢᠯᠠᠬᠤ ᠪᠣᠯᠤᠨ᠎ᠠ᠃ | ᠦᠶᠦᠸᠠᠨ ᠰᠢᠶᠠᠨ ᠤ ᠲᠣᠷᠤᠭ ᠪᠠᠯᠭᠠᠰᠤᠨ ᠤ ᠨᠠᠮ ᠤᠨ ᠡᠭᠦᠷ ᠤᠨ ᠱᠦᠵᠢ ᠰᠦᠨ ᠰᠢ ᠯᠢᠶᠠᠩ ᠰᠤᠷᠪᠤᠯᠵᠢᠯᠠᠭᠴᠢ ᠳᠤ ᠬᠡᠯᠡᠬᠦ ᠳᠡᠭᠡᠨ ᠪᠢᠳᠡ ᠤᠰᠤᠨ ᠤ ᠡᠬᠢ | ᠪᠠᠶᠠᠯᠢᠭ ᠳᠤᠲᠠᠭᠳᠠᠵᠤ ᠪᠠᠶᠢᠭ᠎ᠠ ᠪᠠᠢᠳᠠᠯ ᠢ ᠭᠦᠢᠴᠡᠳ ᠤᠬᠠᠭᠤᠯᠵᠤ᠂ ᠮᠠᠨ ᠤ ᠪᠦᠬᠦ ᠪᠠᠯᠭᠠᠰᠤᠨ ᠤ ᠲᠠᠷᠢᠶᠠᠴᠢᠨ ᠡᠷᠦᠬᠡ ᠶᠢᠨ ᠤᠰᠤ ᠠᠷᠪᠢᠯᠠᠬᠤ ᠤᠬᠠᠮᠰᠠᠷ ᠢ | ᠳᠡᠭᠡᠭᠰᠢᠯᠡᠭᠦᠯᠵᠦ᠂ ᠲᠠᠷᠢᠮᠠᠯ ᠤᠨ ᠪᠦᠲᠦᠴᠡ ᠶᠢ ᠳᠤᠬᠢᠷᠠᠭᠤᠯᠵᠤ᠂ ᠤᠰᠤ ᠶᠢ ᠲᠥᠪᠯᠡᠷᠡᠭᠦᠯᠦᠨ ᠬᠡᠷᠡᠭᠯᠡᠵᠦ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ | ᠰᠠᠭᠤᠷᠢ ᠲᠠᠯᠪᠢᠵᠤ ᠡᠨᠧᠷᠭᠢ ᠣᠯᠭᠤᠨ᠎ᠠ ᠭᠡᠪᠡ᠃ | ᠤᠰᠤ ᠪᠣᠷᠲᠣᠭᠤᠷ ᠢ ᠨᠢᠭᠡ ᠴᠤᠭᠴᠠᠵᠢᠭᠤᠯᠬᠤ ᠮᠡᠷᠭᠡᠵᠢᠯ ᠤᠨ ᠬᠡᠷᠡᠭᠯᠡᠯᠲᠡ ᠨᠢ ᠶᠡᠭᠡ ᠤᠰᠤ ᠪᠠᠷ ᠨᠡᠯᠡᠢᠲᠡᠯᠡ ᠤᠰᠤᠯᠠᠬᠤ᠂ ᠬᠡᠲᠦ ᠪᠣᠷᠲᠣᠭᠤᠷ | ᠣᠷᠣᠭᠤᠯᠤᠭᠰᠠᠨ ᠠᠴᠠ ᠪᠣᠯᠵᠣ ᠬᠥᠷᠥᠰᠥ ᠰᠢᠷᠣᠶ ᠶᠢ ᠬᠠᠲᠠᠭᠤᠷᠠᠭᠤᠯᠤᠨ᠂ ᠡᠬᠢ ᠪᠠᠶᠠᠯᠢᠭ ᠢ ᠪᠦᠷᠢᠯᠭᠡᠬᠦ ᠵᠡᠷᠭᠡ ᠠᠰᠠᠭᠤᠳᠠᠯ ᠢ ᠬᠤᠪᠢᠷᠠᠭᠤᠯᠪᠠ᠃ ᠡᠨᠡ ᠵᠢᠯ᠂ | ᠮᠠᠨ ᠤ ᠬᠤᠲᠠ ᠤᠰᠤ ᠬᠡᠷᠡᠭᠯᠡᠬᠦ ᠶᠡᠷᠦᠩᠬᠡᠶ ᠬᠡᠮᠵᠢᠶ᠎ᠡ ᠪᠠ ᠬᠦᠴᠦᠯᠡᠴᠡ ᠶᠢ ᠴᠢᠩᠭ᠎ᠠ ᠬᠢᠵᠠᠭᠠᠷᠯᠠᠵᠤ᠂ ᠤᠰᠤ ᠠᠷᠪᠢᠯᠠᠬᠤ ᠤᠰᠤᠯᠠᠯᠲᠠ᠂ ᠤᠰᠤ ᠶᠢ ᠣᠶᠤᠨᠴᠢ ᠪᠠᠷ | ᠬᠢᠵᠠᠭᠠᠷᠯᠠᠬᠤ ᠵᠡᠷᠭᠡ ᠠᠷᠭ᠎ᠠ ᠬᠡᠮᠵᠢᠶ᠎ᠡ ᠪᠠᠷ ᠳᠠᠮᠵᠢᠭᠤᠯᠤᠨ᠂ ᠤᠰᠤ ᠠᠷᠪᠢᠯᠠᠬᠤ ᠦᠷ᠎ᠡ ᠪᠦᠲᠦᠮᠵᠢ ᠶᠢ ᠲᠠᠰᠤᠷᠠᠯᠲᠠ ᠥᠬᠡᠶ ᠳᠡᠭᠡᠭᠰᠢᠯᠡᠭᠦᠯᠪᠡ᠂ ᠣᠳᠣᠬᠠᠨ ᠳᠤ᠂ | ᠪᠥᠬᠦ ᠬᠤᠲᠠ ᠳᠤ ᠬᠠᠲᠤᠨ ᠭᠤᠤᠯ ᠤᠨ ᠤᠰᠤ ᠶᠢ ᠲᠠᠲᠠᠵᠤ ᠳᠤᠰᠤᠯᠭᠠᠨ ᠤᠰᠤᠯᠠᠬᠤ ᠲᠤᠷᠰᠢᠯᠲᠠ ᠶᠢᠨ ᠲᠥᠷᠥᠯ ᠵᠦᠢᠯ ᠢ ᠨᠡᠶᠢᠲᠡ 16 ᠬᠡᠷᠡᠭᠵᠢᠭᠦᠯᠵᠦ᠂ ᠤᠰᠤ | ᠪᠣᠷᠳᠣᠭᠤᠷ ᠢ ᠨᠢᠭᠡ ᠴᠤᠭᠴᠠᠵᠢᠭᠤᠯᠬᠤ ᠮᠡᠷᠭᠡᠵᠢᠯ ᠤᠨ ᠬᠠᠮᠤᠷᠬᠤ ᠲᠠᠯᠠᠪᠠᠶ ᠶᠢ 309.26 ᠲᠦᠮᠡᠨ ᠮᠥ ᠳᠤ ᠬᠦᠷᠭᠡᠵᠤ ᠲᠠᠷᠢᠶᠠᠨ ᠭᠠᠵᠠᠷ ᠤᠨ ᠤᠰᠤ ᠠᠷᠪᠢᠯᠠᠬᠤ | ᠬᠡᠮᠵᠢᠶ᠎ᠡ ᠶᠢ 0.9 ᠳ᠋ᠦᠩᠰᠢᠭᠤᠷ ᠪᠣᠰᠤᠭ᠎ᠠ ᠳᠥᠷᠪᠡᠯᠵᠢᠨ ᠮᠧᠲᠷ ᠪᠡᠶᠡᠯᠡᠭᠦᠯᠵᠦ ᠴᠢᠳᠠᠨ᠎ᠠ᠃ | |