ᠬᠦᠰᠡᠯ ᠨᠠᠶᠢᠳᠠᠯᠭ᠎ᠠ ᠶᠢ ᠪᠠᠲᠤ ᠴᠡᠭᠡᠵᠢᠯᠡᠵᠦ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠭᠰᠠᠨ ᠪᠠᠶᠠᠨᠨᠠᠭᠤᠷ ᠤᠨ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠶ᠎ᠡ᠂ ︽  ᠲᠠᠷᠬᠠᠢ ᠪᠤᠳᠠᠷᠬᠠᠢ  ᠲᠠᠷᠢᠶᠠᠨ ᠭᠠᠵᠠᠷ︾ ᠢ ᠵᠠᠰᠠᠨ ᠦᠭᠡᠷᠡᠴᠢᠯᠡᠭᠡᠳ ᠥᠨᠳᠥᠷ ᠤᠨᠠᠯᠲᠠ ᠲᠠᠢ ᠲᠠᠷᠢᠶᠠᠨ ᠭᠠᠵᠠᠷ ᠪᠤᠯᠭᠠᠭᠰᠠᠨ
ᠨᠡᠶᠢᠲᠡᠯᠡᠭᠰᠡᠨ ᠴᠠᠭ᠄
2023/8/2
      ᠮᠠᠨ ᠤ ᠬᠤᠳᠠ᠂ ᠲᠠᠷᠢᠶᠠᠯᠠᠩ ᠦᠢᠯᠡᠳᠪᠦᠷᠢᠯᠡᠯ ᠤᠨ ᠭᠦᠭᠵᠢᠯᠳᠡ ᠶᠢ ᠤᠷᠳᠤ ᠬᠤᠭᠤᠴᠠᠭ᠎ᠠ ᠪᠠᠷ ᠨᠦᠯᠦᠭᠡᠯᠡᠵᠦ ᠪᠠᠶᠢᠭᠰᠠᠨ ᠲᠠᠷᠢᠶᠠᠨ ᠭᠠᠵᠠᠷ ᠨᠢ ᠲᠠᠷᠬᠠᠢ ᠪᠤᠳᠠᠷᠬᠠᠢ᠂  ᠤᠰᠤᠯᠠᠯᠳᠡ ᠶᠢᠨ ᠲᠤᠨᠤᠭ ᠲᠦᠬᠦᠭᠡᠷᠤᠮᠵᠢ ᠨᠢ ᠢᠵᠢ ᠪᠦᠷᠢᠳᠦᠭᠰᠡᠡ ᠦᠭᠡᠢ᠂ ᠲᠠᠷᠢᠶᠠᠨ ᠲᠠᠯᠠᠩ ᠤᠨ ᠭᠤᠤ ᠰᠤᠪᠠᠭ ᠤᠯᠠᠨ᠂ ᠭᠠᠵᠠᠷ ᠰᠢᠷᠣᠢ ᠶᠢᠨ ᠠᠰᠢᠭᠯᠠᠯᠳᠠ ᠲᠤᠤᠷ᠎ᠠ ᠪᠠᠶᠢᠬᠤ ᠵᠡᠷᠭᠡ ᠠᠰᠠᠭᠤᠳᠠᠯ ᠳᠤ ᠴᠢᠭᠯᠡᠭᠦᠯᠦᠨ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠳᠦᠭᠡᠨ ᠪᠠᠶᠢᠭᠤᠯᠤᠯᠲᠠ ᠶᠢ ᠭᠡᠷᠡᠭᠵᠢᠭᠦᠯᠦᠨ ︽ᠭᠤᠷᠪᠠ ᠶᠢ ᠡᠪᠳᠡᠬᠦ᠂ ᠲᠠᠪᠤ ᠶᠢ ᠨᠢᠭᠡᠳᠬᠡᠬᠦ᠂ ᠨᠢᠭᠡ ᠶᠢ ᠰᠢᠨ᠎ᠡ ᠪᠠᠷ ᠪᠠᠶᠢᠭᠤᠯᠬᠤ︾ ᠵᠠᠭᠪᠤᠷ ᠢ ᠠᠯᠬᠤᠮ ᠠᠯᠬᠤᠮ ᠢᠶᠠᠷ ᠪᠦᠷᠢᠯᠳᠦᠭᠦᠯᠵᠦ᠂ ᠲᠠᠷᠠᠬᠠᠢ ᠪᠤᠲᠠᠷᠬᠠᠢ  ᠲᠠᠷᠢᠶᠠᠨ ᠭᠠᠵᠠᠷ ᠢ  ᠬᠡᠪᠴᠢᠶᠡᠵᠢᠭᠦᠯᠦᠨ ᠡᠵᠡᠩᠨᠡᠬᠦ ᠥᠨᠳᠥᠷ ᠤᠨᠠᠯᠲᠠ ᠲᠠᠢ ᠲᠠᠷᠢᠶ᠎ᠠ ᠪᠣᠯᠭᠠᠨ ᠬᠤᠪᠢᠷᠠᠭᠤᠯᠤᠭᠰᠠᠨ ᠪᠠᠶᠢᠨ᠎ᠠ᠃      ᠵᠤᠤ ᠶᠢᠨ ᠪᠤᠯ ᠬᠠᠩᠭᠢᠨ ᠬᠤᠶᠢᠲᠤ ᠬᠤᠰᠢᠭᠤᠨ ᠤ ᠡᠯ ᠳ᠋ᠤᠤ ᠴᠢᠶᠣᠤ ᠪᠠᠯᠭᠠᠰᠤᠨ ᠤ ᠴᠢᠩ ᠹᠧᠩ ᠲᠣᠰᠬᠤᠨ ᠤ  ᠲᠠᠷᠢᠶᠠᠴᠢᠨ ᠪᠤᠯᠤᠨ᠎ᠠ᠃ ᠲᠡᠳᠡᠨᠡᠶᠢᠭᠢᠨ ᠤᠤᠯ ᠳᠠᠭᠠᠨ 100 ᠭᠠᠷᠤᠶ ᠮᠥ ᠲᠠᠷᠢᠶᠠᠨ ᠭᠠᠵᠠᠷ ᠲᠠᠢ ᠪᠠᠶᠢᠵᠤ᠂ 15 ᠬᠡᠰᠡᠭ ᠬᠤᠪᠢᠶᠠᠭᠳᠡᠨ᠂ ᠬᠡᠰᠡᠭ  ᠪᠦᠷᠢ ᠨᠢ ᠪᠠᠷᠤᠭ 7᠂ 8 ᠮᠥ ᠂ ᠪᠤᠰᠤᠳ ᠲᠣᠰᠬᠤᠨ ᠤ ᠠᠷᠠᠳ ᠤᠨ ᠭᠠᠵᠠᠷ ᠰᠢᠷᠣᠶ ᠲᠠᠢ ᠰᠣᠯᠪᠢᠴᠠᠵᠤ ᠪᠠᠶᠢᠳᠠᠭ  ᠠᠴᠠ ᠲᠠᠷᠢᠬᠤ ᠳᠤ ᠲᠦᠢᠯ ᠤᠨ ᠲᠦᠭᠦᠮ ᠦᠭᠡᠢ ᠪᠠᠶᠢᠵᠠᠢ᠃ ᠬᠡᠰᠡᠭ ᠪᠦᠷᠢ ᠶᠢᠨ ᠲᠠᠷᠢᠶᠠᠨ ᠭᠠᠵᠠᠷ ᠨᠢ ᠪᠠᠭ᠎ᠠ ᠲᠤᠯᠠ‌ᠤᠰᠤ ᠪᠣᠷᠳᠣᠭᠤᠷ ᠤᠨ ᠠᠦ᠋ᠲ᠋ᠣᠴᠢᠯᠠᠭᠰᠠᠨ ᠲᠥᠬᠦᠭᠡᠷᠦᠮᠵᠢ ᠣᠷᠣᠵᠤ ᠳᠡᠶᠢᠯᠬᠦ ᠦᠭᠡᠶ᠂ ᠲᠠᠷᠢᠶᠠᠨ ᠭᠠᠵᠠᠷ ᠤᠨ ᠵᠠᠮ ᠢᠪᠴᠤᠤ ᠠᠴᠠ ᠶᠠᠪᠤᠬᠤ ᠳᠤ ᠪᠡᠷᠬᠡ ᠪᠠᠶᠢᠵᠤ ᠣᠯᠠᠨ ᠢᠶᠠᠷ ᠢᠶᠠᠨ ᠡᠨᠡ ᠪᠣᠯ ᠤᠮᠠᠷᠠᠲᠤ ᠣᠷᠣᠨ ᠤ ︽ᠠᠭᠤᠯᠠᠨ ᠵᠠᠮ ᠤᠨ ᠠᠷᠪᠠᠨ ᠨᠠᠢᠮᠠᠨ ᠮᠤᠷᠦ᠋ᠢᠯᠲᠠ︾ ᠭᠡᠵᠦ ᠨᠠᠭᠠᠳᠤᠮ ᠭᠢᠳᠡᠭ ᠪᠠᠶᠢᠯ᠎ᠠ᠃      ᠬᠠᠩᠭᠢᠨ ᠬᠤᠶᠢᠲᠤ ᠬᠤᠰᠢᠭᠤᠨ ᠤ ᠡᠯ ᠳ᠋ᠤᠤ ᠴᠢᠶᠣᠤ ᠪᠠᠯᠭᠠᠰᠤᠨ ᠤ ᠴᠢᠩ  ᠹᠧᠩ ᠲᠣᠰᠬᠤᠨ ᠤ ᠠᠷᠠᠳ ᠵᠤᠤ ᠶᠢᠨ ᠤ ᠬᠡᠯᠡᠬᠦ ᠪᠠᠷ᠂ ᠥᠩᠭᠡᠷᠡᠭᠰᠡᠨ ᠳᠤ ᠪᠢᠳᠡᠨ ᠤ ᠭᠠᠵᠠᠷ ᠰᠢᠷᠣᠶ ᠶᠢ ᠬᠡᠰᠡᠭ ᠬᠡᠰᠡᠭ ᠢᠶᠠᠷ ᠬᠤᠪᠢᠶᠠᠵᠤ᠂ ᠮᠠᠰᠢ ᠣᠯᠠᠨ ᠭᠠᠵᠠᠷ ᠲᠤ ᠲᠠᠷᠬᠠᠭᠠᠭᠠᠳ᠂ ᠲᠠᠷᠢᠶ᠎ᠠ ᠳᠠᠷᠢᠬᠤ ᠳᠤ ᠴᠤ ᠮᠠᠰᠢ ᠳᠥᠭᠦᠮ ᠦᠭᠡᠢ ᠮᠦᠷᠳᠡᠭᠡᠨ ᠮᠠᠰᠢ ᠣᠯᠠᠨ ᠭᠠᠵᠠᠷ ᠢᠶᠠᠷ ᠶᠠᠪᠤᠬᠤ ᠴᠢᠬᠤᠯᠠᠲᠠᠶ   ᠪᠠᠶᠢᠭᠰᠠᠨ‌‍ᠭᠡᠵᠤ ᠪᠠᠶᠢᠯ᠎ᠠ᠃      ᠡᠶᠢᠮᠦᠷᠭᠦ ᠪᠠᠶᠢᠳᠠᠯ ᠳᠤ ᠴᠢᠭᠯᠡᠭᠦᠯᠦᠨ᠂ 2020 ᠣᠨ ᠠᠴᠠ ᠡᠬᠢᠯᠡᠨ ᠮᠠᠨ ᠤ ᠬᠤᠳᠠ ᠪᠥᠬᠦ ᠣᠷᠣᠨ ᠪᠦᠰᠡ ᠪᠠᠷ ᠢᠶᠠᠨ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠢᠯ ᠢ ᠳᠥᠯᠭᠢᠨ ᠠᠬᠢᠭᠤᠯᠵᠤ᠂ ᠬᠠᠩᠭᠢᠨ ᠬᠤᠶᠢᠲᠤ ᠬᠤᠰᠢᠭᠤᠨ ᠤ ᠡᠯ ᠳ᠋ᠤᠤ ᠴᠢᠶᠣᠤ ᠪᠠᠯᠭᠠᠰᠤ ᠪᠠᠷ ᠲᠤᠷᠰᠢᠯᠲᠠ ᠶᠢᠨ ᠴᠢᠬ ᠪᠣᠯᠭᠠᠵᠤ᠂ 8 ᠵᠠᠰᠠᠭ ᠵᠠᠬᠢᠷᠭᠠᠨ ᠤ ᠲᠣᠰᠬᠤᠨ ᠢ ᠬᠠᠮᠤᠷᠤᠨ᠂ ᠪᠥᠲᠥᠭᠡᠨ ᠪᠠᠶᠢᠭᠤᠯᠤᠯᠲᠠ ᠶᠢᠨ ᠬᠡᠪᠴᠢᠶ᠎ᠡ ᠨᠢ 6.82 ᠲᠦᠮᠡᠨ ᠮᠥ ᠳᠤ ᠭᠦᠷᠴᠡᠢ᠃ ︽ᠲᠠᠷᠢᠶ᠎ᠠ ᠶᠢ ᠳᠥᠷᠪᠡᠯᠵᠢᠨ ᠪᠣᠯᠭᠠᠬᠤ᠂ ᠮᠣᠳᠣ ᠶᠢ ᠤᠢ ᠪᠣᠯᠭᠠᠬᠤ᠂ ᠰᠤᠪᠠᠭ ᠢ ᠨᠡᠪᠲᠡᠷᠡᠭᠦᠯᠬᠦ᠂ ᠵᠠᠮ ᠢ ᠬᠤᠯᠪᠣᠬᠤ᠂ ᠭᠠᠩᠳᠤᠯ ᠢ ᠰᠡᠷᠭᠡᠶᠢᠯᠡᠭᠦ᠂ ᠤᠰᠤᠲᠤᠯ ᠢ ᠭᠠᠳᠠᠭᠰᠢᠯᠠᠭᠤᠯᠬᠤ︾ ᠪᠠᠷᠢᠮᠵᠢᠶ᠎ᠠ ᠶᠣᠰᠣᠭᠠᠷ᠂ ︽ᠭᠤᠷᠪᠠ ᠶᠢ ᠡᠪᠳᠡᠬᠦ᠂ ᠲᠠᠪᠤ ᠶᠢ ᠨᠢᠭᠡᠳᠬᠡᠬᠦ᠂ ᠨᠢᠭᠡ ᠶᠢ ᠰᠢᠨ᠎ᠡ ᠪᠠᠷ ᠪᠠᠶᠢᠭᠤᠯᠬᠤ︾ ᠶᠢ  ᠬᠡᠷᠡᠭᠵᠢᠬᠦᠯᠵᠤ᠂ ︽ᠭᠤᠷᠪᠠ ᠶᠢ ᠡᠪᠳᠡᠬᠦ︾ ᠭᠡᠳᠡᠭ ᠨᠢ ᠳᠠᠷᠤᠶ ᠲᠠᠷᠢᠶᠠᠴᠢᠨ ᠡᠷᠤᠭᠡ ᠶᠢᠨ ᠳᠠᠭᠠᠭᠠᠴᠢᠯᠠᠯᠲᠠ ᠶᠢᠨ ᠵᠠᠭᠠᠭ ᠢ ᠡᠪᠳᠡᠵᠦ᠂ ᠡᠮᠬᠢ ᠵᠠᠮᠪᠠᠷᠠᠭ᠎ᠠ ᠦᠭᠡᠢ ᠭᠠᠵᠠᠷ ᠰᠢᠷᠣᠶ ᠶᠢᠨ ᠵᠠᠭᠠᠭ ᠢ ᠡᠪᠳᠡᠵᠦ᠂ ᠡᠮᠬᠢ ᠵᠠᠮᠪᠠᠷᠠᠭ᠎ᠠ ᠦᠭᠡᠢ  ᠭᠤᠤ ᠰᠤᠪᠠᠭ ᠢ ᠡᠪᠳᠡᠬᠦ ᠶᠠᠪᠤᠳᠠᠯ ᠪᠣᠯᠤᠨ᠎ᠠ︔ ︽ᠲᠠᠪᠤ ᠶᠢ ᠨᠢᠭᠡᠳᠬᠡᠬᠦ︾ ᠭᠡᠳᠡᠭ ᠨᠢ ᠰᠤᠪᠠᠭ  ᠢ ᠨᠢᠭᠡᠳᠦᠯᠲᠡᠶ ᠪᠠᠷ ᠮᠠᠯᠲᠠᠬᠤ᠂ ᠵᠠᠮ ᠢ ᠨᠢᠭᠡᠳᠦᠯᠲᠡᠶ ᠪᠠᠷ ᠵᠠᠰᠠᠬᠤ᠂ ᠮᠣᠳᠣ ᠲᠠᠷᠢᠵᠤ ᠣᠶᠢᠵᠢᠭᠤᠯᠬᠤ ᠶᠢ ᠨᠢᠭᠡᠳᠬᠡᠬᠦ᠂ ᠭᠠᠵᠠᠷ ᠲᠠᠷᠢᠶ᠎ᠠ ᠶᠢ ᠨᠢᠭᠡᠳᠦᠯᠲᠡᠶ ᠪᠠᠷ ᠲᠡᠭᠰᠢᠯᠡᠬᠦ᠂ ᠭᠠᠵᠠᠷ ᠲᠠᠷᠢᠶ᠎ᠠ ᠶᠢ ᠨᠢᠭᠡᠳᠦᠯᠲᠡᠶ ᠪᠠᠷ ᠬᠤᠪᠢᠶᠠᠷᠢᠯᠠᠬᠤ ᠶᠢ ᠬᠡᠯᠡᠵᠦ ᠪᠠᠶᠢᠨ᠎ᠠ᠃      ᠠᠩᠬ᠎ᠠ ᠡᠬᠢᠨ ᠳᠤ᠂ ᠵᠤᠤ ᠶᠢᠨ ᠥᠪᠡᠷ ᠤᠨ ᠬᠡᠳᠦᠨ ᠮᠤ᠋ ᠰᠠᠶᠢᠨ ᠲᠠᠷᠢᠶ᠎ᠠ ᠪᠠᠨ ᠪᠤᠰᠤᠳ ᠲᠤ ᠬᠤᠪᠢᠶᠠᠭᠳᠠᠬᠤ ᠠᠴᠠ ᠠᠶᠤᠵᠤ ᠪᠠᠶᠢᠭᠰᠠᠨ ᠪᠥᠭᠡᠳ ᠲᠠᠬᠢᠨ ᠬᠤᠪᠢᠶᠠᠭᠰᠠᠨ ᠤ ᠲᠠᠷᠠᠭ᠎ᠠ ᠭᠠᠵᠠᠷ ᠲᠠᠷᠢᠶᠠᠨ ᠤ ᠲᠠᠯᠠᠪᠠᠢ ᠪᠠᠭᠠᠰᠬᠤ ᠠᠴᠠ ᠠᠶᠤᠵᠤ  ᠪᠠᠶᠢᠪᠠ᠃ ᠦᠨᠡᠨ ᠳᠡᠭᠡᠨ ᠲᠦᠷᠦᠯ ᠵᠦᠢᠯ ᠢ ᠬᠡᠷᠡᠭᠵᠢᠭᠦᠯᠦᠭᠰᠡᠨ ᠤ ᠳᠠᠷᠠᠭ᠎ᠠ᠂ ᠲᠡᠳᠡᠨ ᠤ ᠲᠠᠷᠢᠶᠠᠨ ᠭᠠᠵᠠᠷ ᠤᠨ ᠲᠠᠯᠠᠪᠠᠢ ᠨᠢ ᠬᠠᠰᠤᠭᠳᠠᠭᠰᠠᠨ ᠦᠭᠡᠢ ᠮᠥᠷᠲᠡᠭᠡᠨ ᠪᠠᠰᠠ ᠨᠡᠮᠡᠭᠳᠡᠭᠰᠡᠨ ᠪᠠᠶᠢᠨ᠎ᠠ᠃ ᠥᠩᠭᠡᠷᠡᠭᠰᠡᠨ ᠤ  ᠲᠠᠷᠬᠠᠢ ᠪᠤᠳᠠᠷᠬᠠᠢ  ᠲᠠᠷᠢᠶᠠᠨ ᠭᠠᠵᠠᠷ ᠨᠢ ᠤᠳᠤ ᠵᠠᠯᠭᠠᠯᠳᠤᠭᠠᠳ ᠨᠢᠭᠡ ᠬᠡᠰᠡᠭ ᠪᠤᠯᠵᠦ᠂ ᠡᠨᠡ ᠵᠢᠯ ᠪᠠᠰᠠ ᠤᠰᠤ ᠪᠤᠷᠳᠤᠭᠤᠷ ᠢ ᠨᠢᠭᠡ ᠴᠤᠬᠴᠠᠵᠢᠭᠤᠯᠤᠬᠰᠠᠨ ᠠᠦ᠋ᠲ᠋ᠣ᠋ ᠲᠥᠬᠦᠭᠡᠷᠦᠮᠵᠢ ᠶᠢ ᠬᠡᠷᠡᠭᠯᠡᠵᠤ᠂ ᠭᠠᠵᠠᠷ ᠰᠢᠷᠣᠶ ᠶᠢᠨ ᠬᠠᠮᠢᠶᠠᠷᠤᠯᠲᠠ ᠶᠢᠨ ᠲᠠᠯ᠎ᠠ ᠪᠠᠷ᠂ ᠬᠥᠮᠦᠨ ᠤ ᠬᠦᠴᠦ᠂ ᠮᠠᠰᠢᠨ ᠮᠧᠬᠠᠨᠢᠭ᠂ ᠥᠪᠡᠷ ᠤᠨ ᠥᠷᠲᠡᠭ ᠵᠡᠷᠭᠡ ᠲᠠᠯ᠎ᠠ  ᠶᠢᠨ ᠵᠠᠷᠤᠯᠭ᠎ᠠ ᠶᠢ 30% ᠪᠠᠷ  ᠠᠷᠪᠢᠯᠠᠬᠤ ᠪᠤᠯᠤᠭᠰᠠᠨ ᠪᠠᠶᠢᠨ᠎ᠠ᠃      ᠥᠨᠳᠥᠷ ᠪᠠᠷᠢᠮᠵᠢᠶᠠᠲᠤ ᠲᠠᠷᠢᠶᠠᠨ ᠭᠠᠵᠠᠷ ᠢ ᠥᠭᠡᠷᠡᠴᠢᠯᠡᠭᠰᠡᠨ ᠤ ᠳᠠᠷᠠᠭ᠎ᠠ᠂ ᠡᠯ ᠳ᠋ᠤᠤ ᠴᠢᠶᠣᠤ ᠪᠥᠬᠦ ᠪᠠᠯᠭᠠᠰᠤᠨ ᠤ ᠰᠢᠨ᠎ᠡ ᠪᠠᠷ ᠨᠡᠮᠡᠭᠳᠡᠭᠰᠡᠨ ᠲᠠᠷᠢᠶᠠᠨ ᠭᠠᠵᠠᠷ 5257 ᠮᠥ ᠪᠠᠶᠢᠵᠤ᠂ ᠲᠠᠷᠢᠶᠠᠯᠠᠩ ᠤᠨ ᠶᠡᠷᠦᠩᠬᠡᠶᠢᠯᠡᠭᠰᠡᠨ ᠮᠠᠰᠢᠨᠴᠢᠯᠠᠯᠲᠠ ᠶᠢᠨ ᠨᠣᠷᠮ᠎ᠠ ᠶᠢ 90% ᠠᠴᠠ ᠳᠡᠭᠡᠭᠰᠢ ᠳᠤ ᠬᠦᠷᠭᠡᠵᠦ᠂ ᠮᠥ ᠪᠦᠷᠢ ᠶᠢᠨ ᠤᠨᠠᠯᠲᠠ ᠶᠢ ᠳᠤᠮᠳᠠᠴᠢ ᠪᠠᠷ 200 ᠵᠢᠩ ᠣᠷᠴᠢᠮ ᠨᠡᠮᠡᠭᠳᠡᠭᠦᠯᠵᠦ᠂ ᠬᠥᠮᠦᠨ ᠪᠦᠷᠢ ᠶᠢᠨ ᠳᠤᠮᠳᠠᠴᠢ ᠣᠷᠣᠯᠭ᠎ᠠ ᠶᠢ 700 ᠲᠥᠭᠦᠷᠢᠭ ᠣᠷᠴᠢᠮ  ᠨᠡᠮᠡᠭᠳᠡᠬᠦᠯᠵᠡᠢ᠃ ᠦᠭᠡᠷᠡᠴᠢᠯᠡᠭᠰᠡᠨ ᠤ ᠲᠠᠷᠠᠭᠠᠭᠢ ᠭᠠᠵᠠᠷ ᠰᠢᠷᠣᠶ ᠲᠥᠪᠯᠡᠷᠡᠨ ᠵᠠᠯᠭᠠᠯᠳᠤᠵᠤ᠂ ᠭᠠᠵᠠᠷ ᠰᠢᠷᠣᠶ ᠶᠢᠨ ᠡᠷᠭᠢᠯᠲᠡ ᠶᠢᠨ ᠦᠨ᠎ᠡ ᠬᠠᠩᠰᠢ ᠴᠤ  ᠮᠤ᠋ ᠪᠦᠷᠢ  ᠳᠤ ᠭᠤᠷᠪᠠ ᠲᠦᠷᠪᠡᠨ ᠵᠠᠭᠤᠨ ᠲᠥᠭᠦᠷᠢᠭ ᠪᠠᠶᠢᠭᠰᠠᠨ  ᠠᠴᠠ  ᠪᠠᠨ ᠥᠰᠦᠭᠡᠳ  ᠮᠢᠩᠭ᠎ᠠ ᠬᠤᠶᠠᠷ  ᠵᠠᠭᠤᠨ  ᠲᠥᠭᠦᠷᠢᠭ  ᠪᠣᠯᠤᠭᠰᠠᠨ  ᠪᠠᠶᠢᠨ᠎ᠠ᠃   ᠴᠢᠩ   ᠹᠧᠩ  ᠲᠣᠰᠬᠤᠨ  ᠪᠠᠰᠠ  ︽ᠨᠢᠭᠡ ᠶᠢ ᠰᠢᠨ᠎ᠡ ᠪᠠᠷ ᠪᠠᠶᠢᠭᠤᠯᠬᠤ︾ ᠵᠠᠭᠪᠤᠷ ᠢ ᠬᠡᠷᠡᠭᠵᠢᠭᠦᠯᠵᠦ ᠂ ᠳᠠᠷᠤᠶ ᠭᠠᠴᠠᠭ᠎ᠠ ᠲᠣᠰᠬᠤᠨ ᠤ ︽ᠬᠤᠶᠠᠷ ᠵᠥᠪᠯᠡᠯ︾ ᠠᠴᠠ ᠲᠣᠰᠬᠤᠨ ᠤ ᠠᠷᠠᠳ ᠢ ᠵᠣᠬᠢᠶᠠᠨ ᠪᠠᠶᠢᠭᠤᠯᠵᠤ᠂ ᠭᠠᠵᠠᠷ ᠰᠢᠷᠣᠶ ᠶᠢ ᠰᠢᠨ᠎ᠡ ᠪᠠᠷ ᠬᠤᠪᠢᠶᠠᠷᠢᠯᠠᠨ ᠡᠵᠡᠩᠨᠡᠭᠦᠯᠵᠦ᠂ ︽ᠨᠢᠭᠡ ᠡᠷᠦᠬᠡ ᠳᠤ ᠨᠢᠭᠡ ᠬᠡᠰᠡᠭ ᠲᠠᠷᠢᠶ᠎ᠠ︾   ᠶᠢᠨ ᠡᠵᠡᠩᠨᠡᠯᠳᠡ ᠶᠢᠨ ᠵᠠᠭᠪᠤᠷ ᠢ ᠬᠡᠷᠡᠭᠵᠢᠬᠦᠯᠵᠡᠢ᠃ ᠡᠨᠡ ᠵᠢᠯ᠂ ᠬᠠᠩᠭᠢᠨ ᠬᠤᠶᠢᠲᠤ ᠬᠤᠰᠢᠭᠤᠨ ᠤ ᠯᠦᠩ ᠵᠧᠩ ᠬᠤᠷᠰᠢᠶᠠᠵᠢᠯ ᠠᠴᠠ ᠴᠢᠩ ᠹᠧᠩ ᠲᠣᠰᠬᠤᠨ ᠤ 2 ᠲᠦᠮᠡᠨ ᠮᠥ ᠭᠠᠵᠠᠷ ᠰᠢᠷᠣᠶ ᠶᠢ ᠡᠷᠭᠢᠯᠲᠡ ᠳᠤ ᠣᠷᠣᠭᠤᠯᠵᠤ᠂ ᠡᠷᠳᠡᠨᠢ ᠰᠢᠰᠢ ᠶᠢᠨ ᠲᠠᠯᠠᠪᠠᠶ ᠨᠢᠭᠡᠴᠢ ᠶᠢᠨ ᠤᠨᠠᠯᠲᠠ ᠶᠢ ᠳᠡᠭᠡᠭᠰᠢᠯᠡᠭᠦᠯᠬᠦ ᠢᠨᠵᠧᠨᠧᠷᠢᠩ ᠤᠨ ᠵᠢᠱᠢᠶ᠎ᠡ ᠦᠵᠡᠭᠦᠯᠬᠦ ᠣᠷᠣᠨ ᠢ ᠡᠭᠦᠳᠦᠨ ᠪᠠᠶᠢᠭᠤᠯᠵᠤ᠂ ᠲᠠᠷᠢᠶᠠᠴᠢᠨ ᠡᠷᠦᠬᠡ ᠪᠠᠰᠠ ᠬᠤᠷᠰᠢᠶᠠᠵᠢᠯ ᠳᠤ  ᠬᠦᠯᠤᠰᠤᠨ ᠠᠵᠢᠯ ᠬᠢᠵᠤ ᠪᠤᠯᠬᠤ ᠪᠤᠯᠤᠭᠰᠠᠨ ᠪᠠᠶᠢᠨ᠎ᠠ᠃      ᠬᠠᠩᠭᠢᠨ ᠬᠤᠶᠢᠲᠤ ᠬᠤᠰᠢᠭᠤᠨ ᠤ ᠡᠯ ᠳ᠋ᠤᠤ ᠴᠢᠶᠣᠤ ᠪᠠᠯᠭᠠᠰᠤᠨ ᠤ ᠴᠢᠩ ᠹᠧᠩ ᠲᠣᠰᠬᠤᠨ ᠤ ᠠᠷᠠᠳ ᠬᠦᠸᠧ ᠵᠢᠩ ᠼᠠᠩ ᠤᠨ ᠬᠡᠯᠡᠬᠦ ᠪᠠᠷ᠂ ᠮᠢᠨᠦ ᠭᠠᠵᠠᠷ ᠰᠢᠷᠣᠢ ᠢ ᠯᠦᠩ ᠵᠧᠩ ᠺᠣᠮᠫᠠᠨᠢ ᠳᠤ ᠰᠢᠯᠵᠢᠭᠦᠯᠦᠨ ᠥᠭᠴᠡᠢ᠂ 16 ᠮᠦ ᠭᠠᠷᠤᠢ ᠭᠠᠵᠠᠷ ᠲᠤ᠂  ᠭᠠᠵᠠᠷ ᠰᠢᠷᠣᠢ ᠶᠢᠨ ᠡᠷᠭᠢᠯᠲᠡ ᠶᠢᠨ ᠣᠷᠣᠯᠭ᠎ᠠ  13000 ᠭᠠᠷᠤᠢ ᠲᠥᠭᠦᠷᠢᠭ ᠂ ᠡᠭᠦᠨ ᠤ ᠳᠡᠭᠡᠷ᠎ᠡ ᠪᠢ ᠵᠢᠯ ᠪᠦᠷᠢ ᠬᠥᠯᠥᠰᠥᠨ ᠠᠵᠢᠯ ᠬᠢᠵᠦ ᠪᠠᠶᠢᠬᠤ ᠶᠢ ᠨᠡᠮᠡᠪᠡᠯ ᠨᠢᠭᠡ ᠵᠢᠯ 7᠂ 8 ᠲᠦᠮᠡᠨ ᠲᠥᠭᠦᠷᠢᠭ ᠤᠨ ᠣᠷᠣᠯᠭ᠎ᠠ ᠲᠠᠢ ᠪᠤᠯᠤᠭᠰᠠᠨ ᠭᠡᠵᠤ ᠪᠠᠶᠢᠯ᠎ᠠ᠃                             
ᠢᠷᠡᠯᠲᠡ᠄ ᠪᠠᠶᠠᠨᠨᠠᠭᠤᠷ ᠤᠨ ᠮᠣᠩᠭᠤᠯ ᠷᠠᠳᠢᠣ᠋ ᠲᠧᠯᠸᠢᠰ