8 ᠰᠠᠷ᠎ᠠ ᠶᠢᠨ 8 ᠤ ᠡᠳᠦᠷ᠂ ᠬᠤᠰᠢᠭᠤᠨ ᠤ ᠠᠷᠠᠳ ᠤᠨ ᠵᠠᠰᠠᠭ ᠤᠨ ᠣᠷᠳᠣᠨ 2023 ᠣᠨ ᠤ 8 ᠳ᠋ᠤᠭᠠᠷ ᠤᠳᠠᠭ᠎ᠠ ᠶᠢᠨ ᠪᠠᠶᠢᠩᠭᠤ ᠶᠢᠨ ᠬᠤᠷᠠᠯ ᠢ | ᠬᠤᠷᠠᠯᠳᠤᠭᠤᠯᠵᠤ᠂ ᠬᠤᠷᠠᠯ ᠠᠴᠠ ᠰᠢ ᠶᠢᠨ ᠫᠢᠩ᠂ ᠳ᠋ᠢᠩ ᠰᠢᠤᠸᠠᠢ ᠰᠢᠶᠠᠩ ᠨᠥᠬᠦᠷ ᠤᠨ ᠪᠦᠭᠦ ᠤᠯᠤᠰ ᠤᠨ ᠠᠮᠢ ᠠᠬᠤᠢ ᠶᠢᠨ ᠣᠷᠴᠢᠨ ᠲᠣᠭᠤᠷᠢᠨ ᠤ | ᠬᠠᠮᠠᠭᠠᠯᠠᠯᠲᠠ ᠶᠢᠨ ᠶᠡᠭᠡ ᠬᠤᠷᠠᠯ ᠳᠡᠭᠡᠷᠡᠬᠢ ᠶᠠᠷᠢᠶ᠎ᠠ ᠶᠢ ᠤᠯᠠᠮᠵᠢᠯᠠᠨ ᠰᠤᠷᠤᠯᠴᠠᠵᠤ᠂ ᠮᠠᠨ ᠤ ᠬᠤᠰᠢᠭᠤᠨ ᠤ ᠲᠠᠷᠢᠶᠠᠯᠠᠩ ᠤᠨ ᠤᠰᠤᠯᠠᠯᠳᠠ ᠶᠢ ᠠᠷᠪᠢᠯᠠᠬᠤ ᠵᠢᠴᠢ | ᠰᠤᠷᠭᠠᠨ ᠬᠥᠮᠦᠵᠢᠯ ᠤᠨ ᠥᠭᠡᠷᠡᠴᠢᠯᠡᠯᠲᠡ ᠶᠢᠨ ᠠᠵᠢᠯ ᠤᠨ ᠠᠬᠢᠴᠠ ᠶᠢᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠲᠠᠷᠠᠭᠠᠴᠢ ᠶᠢᠨ ᠠᠯᠬᠤᠮ ᠤᠨ | ᠠᠵᠢᠯ ᠢ ᠰᠤᠳᠤᠯᠤᠨ ᠪᠠᠶᠢᠷᠢᠯᠠᠭᠤᠯᠪᠠ᠃ | ᠬᠤᠷᠠᠯ ᠠᠴᠠ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠪᠣᠯᠣᠨ ᠰᠢ ᠶᠢᠨ ᠫᠢᠩ ᠶᠡᠷᠦᠩᠬᠡᠢ ᠱᠦᠵᠢ ᠶᠢᠨ ᠴᠢᠬᠤᠯᠠ ᠶᠠᠷᠢᠶᠠᠨ ᠤ ᠵᠣᠷᠢᠭ | ᠰᠠᠨᠠᠭ᠎ᠠ ᠶᠢ ᠭᠦᠨᠵᠡᠭᠡᠢ ᠰᠤᠷᠤᠯᠴᠠᠨ ᠲᠤᠤᠱᠯᠠᠭᠤᠯᠵᠤ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ | ᠦᠵᠡᠯ ᠰᠠᠨᠠᠭ᠎ᠠ᠂ ᠣᠨᠴᠠᠭᠠᠶᠢᠯᠠᠨ ᠰᠢ ᠶᠢᠨ ᠫᠢᠩ ᠤᠨ ᠠᠮᠢ ᠠᠬᠤᠢ ᠶᠢᠨ ᠪᠣᠯᠪᠠᠰᠤᠨ ᠤ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠵᠤ᠂ ᠬᠥᠮᠥᠨ ᠪᠣᠯᠣᠨ | ᠪᠠᠶᠢᠭᠠᠯᠢ ᠶᠢᠨ ᠡᠶ᠎ᠡ ᠵᠣᠬᠢᠴᠠᠩᠭᠤᠢ ᠪᠠᠷ ᠬᠠᠮᠲᠤ ᠣᠷᠣᠰᠢᠬᠤ ᠣᠳᠣᠬᠢᠴᠢᠯᠠᠯᠲᠠ ᠶᠢ ᠲᠦᠷᠭᠡᠳᠬᠡᠨ ᠠᠬᠢᠭᠤᠯᠬᠤ ᠬᠡᠷᠡᠭᠲᠡᠢ ᠭᠡᠵᠦ ᠵᠢᠭᠠᠵᠤ ᠭᠠᠷᠭᠠᠪᠠ᠃ ᠪᠣᠬᠢᠷᠲᠤᠯ ᠢ | ᠰᠡᠷᠭᠡᠶᠢᠯᠡᠨ ᠵᠠᠰᠠᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠢ ᠤᠷᠳᠤ ᠬᠤᠭᠤᠴᠠᠭ᠎ᠠ ᠪᠠᠷ ᠰᠠᠶᠢᠲᠤᠷ ᠬᠢᠵᠦ᠂ ᠠᠮᠢ ᠠᠬᠤᠢ ᠣᠷᠴᠢᠨ ᠲᠣᠭᠤᠷᠢᠨ ᠤ ᠶᠠᠰᠤ ᠴᠢᠨᠠᠷ ᠢ | ᠦᠷᠭᠦᠯᠵᠢᠯᠡᠨ ᠰᠠᠶᠢᠵᠢᠷᠠᠭᠤᠯᠬᠤ ᠶᠢ ᠠᠬᠢᠭᠤᠯᠬᠤ ᠬᠡᠷᠡᠭᠲᠡᠢ᠃ ᠬᠤᠷᠢᠭ᠎ᠠ ᠱᠤᠭᠤᠮ ᠤᠨ ᠰᠡᠳᠬᠢᠬᠦᠢ ᠶᠢ ᠴᠢᠩᠭᠠᠳᠬᠠᠵᠤ᠂ ᠠᠮᠢ ᠠᠬᠤᠢ ᠶᠢᠨ ᠣᠷᠴᠢᠨ ᠲᠣᠭᠤᠷᠢᠨ ᠤ | ᠠᠶᠤᠯ ᠲᠦᠭᠰᠢᠭᠦᠷᠢ ᠶᠢ ᠪᠠᠶᠢᠩᠭᠤᠵᠢᠭᠤᠯᠤᠨ ᠬᠠᠮᠢᠶᠠᠷᠤᠨ ᠡᠵᠡᠮᠳᠡᠵᠦ᠂ ᠦᠵᠡᠰᠬᠦᠯᠡᠩᠲᠦ ᠰᠠᠶᠢᠬᠠᠨ ᠳᠤᠮᠳᠠᠳᠤ ᠤᠯᠤᠰ ᠤᠨ ᠪᠦᠲᠦᠭᠡᠨ ᠪᠠᠶᠢᠭᠤᠯᠤᠯᠲᠠ ᠶᠢᠨ ᠠᠮᠢ | ᠠᠬᠤᠢ ᠶᠢᠨ ᠠᠮᠤᠷ ᠲᠦᠪᠰᠢᠨ ᠤ ᠰᠠᠭᠤᠷᠢ ᠶᠢ ᠪᠠᠬᠢᠵᠢᠭᠦᠯᠬᠦ ᠬᠡᠷᠡᠭᠲᠡᠢ︔ ᠴᠢᠩᠭ᠎ᠠ ᠬᠦᠭ ᠠᠶᠠᠰ ᠢ ᠪᠠᠷᠢᠮᠲᠠᠯᠠᠨ᠂ ᠠᠮᠢ ᠠᠬᠤᠢ ᠶᠢᠨ ᠣᠷᠴᠢᠨ ᠨᠥᠬᠦᠴᠡᠯ ᠤᠨ | ᠬᠠᠮᠠᠭᠠᠯᠠᠯᠲᠠ ᠶᠢᠨ ᠬᠠᠤᠯᠢ ᠬᠡᠷᠡᠭᠵᠢᠭᠦᠯᠦᠯᠲᠡ ᠶᠢᠨ ᠬᠢᠨᠠᠯᠲᠠ ᠬᠠᠮᠢᠶᠠᠷᠤᠯᠲᠠ ᠶᠢ ᠭᠦᠨᠵᠡᠭᠡᠢ ᠥᠷᠨᠢᠭᠦᠯᠵᠦ᠂ ᠠᠮᠢ ᠠᠬᠤᠢ ᠶᠢᠨ ᠣᠷᠴᠢᠨ ᠨᠥᠬᠦᠴᠡᠯ ᠤᠨ ᠬᠠᠤᠯᠢ ᠶᠢ | ᠵᠥᠷᠢᠴᠡᠭᠰᠡᠨ ᠦᠢᠯᠡ ᠠᠵᠢᠯᠯᠠᠭ᠎ᠠ ᠳᠤ ᠴᠢᠩᠭ᠎ᠠ ᠴᠤᠬᠢᠯᠳᠠ ᠦᠭᠴᠤ᠂ ᠡᠯ᠎ᠠ ᠰᠠᠯᠠᠭ᠎ᠠ ᠮᠥᠴᠢᠷ᠂ ᠡᠯ᠎ᠡ ᠰᠤᠮᠤ ᠪᠠᠯᠭᠠᠰᠤ ᠶᠢᠨ ᠬᠢᠨ ᠵᠣᠬᠢᠶᠠᠨ ᠪᠠᠶᠢᠭᠤᠯᠤᠯᠲᠠ ᠶᠢᠨ | ᠤᠳᠤᠷᠢᠳᠤᠯᠭ᠎ᠠ ᠪᠠᠨ ᠴᠢᠩᠭᠠᠳᠬᠠᠵᠤ᠂ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠲᠤᠯᠭᠠᠭᠤᠷᠢᠯᠠᠯ ᠤᠨ ᠪᠠᠲᠤᠯᠠᠭ᠎ᠠ ᠶᠢ ᠴᠢᠩᠭᠠᠳᠬᠠᠵᠤ᠂ ᠨᠠᠮ ᠤᠨ | ᠲᠥᠪ ᠬᠤᠷᠢᠶᠠᠨ ᠤ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠪᠣᠳᠠᠲᠠᠢ ᠳᠤ ᠨᠠᠶᠢᠳᠠᠪᠤᠷᠢᠵᠢᠭᠤᠯᠵᠤ᠂ ᠪᠣᠳᠠᠲᠠᠢ ᠦᠷ᠎ᠡ ᠪᠦᠲᠦᠮᠵᠢ ᠣᠯᠬᠤ ᠶᠢ ᠪᠠᠲᠤᠯᠠᠬᠤ | ᠬᠡᠷᠡᠭᠲᠡᠢ᠃ | ᠬᠤᠷᠠᠯ ᠠᠴᠠ ᠴᠢᠬᠤᠯᠠᠴᠢᠯᠠᠭᠰᠠᠨ ᠨᠢ᠂ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ | ᠵᠢᠴᠢ ᠪᠠᠶᠠᠨᠨᠠᠭᠤᠷ ᠬᠤᠳᠠ ᠳᠤ ᠰᠢᠨᠵᠢᠯᠡᠨ ᠪᠠᠶᠢᠴᠠᠭᠠᠬᠤ ᠦᠶ᠎ᠡ ᠶᠢᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠡᠷᠡᠰ ᠲᠤᠤᠱᠯᠠᠭᠤᠯᠤᠨ ᠨᠠᠶᠢᠳᠠᠪᠤᠷᠢᠵᠢᠭᠤᠯᠵᠤ᠂ | ᠲᠠᠷᠢᠶᠠᠯᠠᠩ ᠤᠨ ᠤᠰᠤ ᠶᠢ ᠠᠷᠪᠢᠯᠠᠨ᠂ ᠲᠠᠷᠢᠶᠠᠯᠠᠩ ᠤᠨ ᠦᠷ᠎ᠡ ᠠᠰᠢᠭ ᠪᠤᠯᠤᠨ ᠲᠠᠷᠢᠶᠠᠴᠢᠳ ᠤᠨ ᠣᠷᠣᠯᠭ᠎ᠠ ᠶᠢ ᠨᠡᠮᠡᠭᠳᠡᠭᠦᠯᠬᠦ ᠠᠵᠢᠯ ᠢ ᠰᠠᠶᠢᠲᠤᠷ ᠬᠢᠵᠦ᠂ ᠤᠰᠤ | ᠬᠡᠷᠡᠭᠯᠡᠬᠦ ᠦᠵᠡᠯᠲᠡ ᠶᠢ ᠲᠦᠷᠭᠡᠨ ᠬᠤᠪᠢᠷᠠᠭᠤᠯᠵᠤ᠂ ᠬᠠᠮᠢᠶ᠎ᠠ ᠪᠦᠬᠦᠢ ᠲᠣᠭᠲᠠᠴᠠ ᠶᠢ ᠪᠠᠶᠢᠭᠤᠯᠤᠨ ᠪᠦᠷᠢᠨᠰᠢᠭᠦᠯᠵᠦ᠂ ᠤᠰᠤ ᠠᠷᠪᠢᠯᠠᠬᠤ ᠲᠥᠬᠦᠭᠡᠷᠦᠮᠵᠢ ᠶᠢᠨ | ᠪᠦᠲᠦᠭᠡᠨ ᠪᠠᠶᠢᠭᠤᠯᠤᠯᠲᠠ ᠶᠢ ᠴᠢᠩᠭᠠᠳᠬᠠᠬᠤ ᠬᠡᠷᠡᠭᠲᠡᠢ᠃ ᠲᠠᠩ ᠭᠠᠭᠴᠠ ᠵᠠᠰᠠᠭ ᠤᠨ ᠣᠷᠳᠣᠨ ᠤ ᠣᠷᠣᠭᠤᠯᠤᠯᠲᠠ ᠳᠤ ᠲᠦᠰᠢᠭᠯᠡᠬᠦ ᠲᠠᠨᠢᠯᠲᠠ ᠪᠠ ᠠᠷᠭ᠎ᠠ ᠶᠢ | ᠬᠤᠪᠢᠷᠠᠭᠤᠯᠵᠤ᠂ ᠠᠷᠭ᠎ᠠ ᠪᠦᠬᠦᠨ ᠢ ᠰᠦᠪᠡᠭᠴᠢᠯᠡᠵᠦ ᠪᠠᠶᠢᠭᠠᠳ ᠠᠵᠤ ᠠᠬᠤᠶᠢᠯᠠᠯ᠂ ᠲᠠᠷᠢᠶᠠᠴᠢᠨ ᠡᠷᠦᠭᠡ ᠵᠡᠷᠭᠡ ᠡᠯ᠎ᠡ ᠲᠠᠯ᠎ᠠ ᠶᠢᠨ ᠢᠳᠡᠪᠬᠢᠵᠢᠯ ᠢ ᠳᠠᠶᠢᠴᠢᠯᠠᠬᠤ | ᠬᠡᠷᠡᠭᠲᠡᠢ︔ ᠳᠤᠰᠤᠯᠭᠠᠨ ᠤᠰᠤᠯᠠᠬᠤ ᠰᠦᠷᠴᠢᠨ ᠤᠰᠤᠯᠠᠬᠤ ᠵᠡᠷᠭᠡ ᠤᠰᠤᠯᠠᠯᠲᠠ ᠶᠢᠨ ᠮᠡᠷᠭᠡᠵᠢᠯ ᠢ ᠶᠡᠬᠡᠪᠡᠷ ᠳᠡᠯᠭᠡᠷᠡᠭᠦᠯᠦᠨ ᠬᠡᠷᠡᠭᠯᠡᠵᠦ᠂ ᠦᠢᠯᠡᠳᠪᠤᠷᠢᠯᠠᠯ ᠳᠤ | ᠬᠡᠷᠡᠭᠯᠠᠬᠦ ᠤᠰᠤ ᠶᠢ ᠴᠡᠪᠡᠷᠰᠢᠬᠦᠯᠤᠨ ᠲᠡᠬᠢᠨ ᠠᠰᠢᠬᠯᠠᠵᠤ᠂ ᠠᠷᠭ᠎ᠠ ᠪᠦᠬᠦᠨ ᠢ ᠰᠦᠪᠡᠭᠴᠢᠯᠡᠵᠦ ᠪᠠᠶᠢᠭᠠᠳ ᠤᠰᠤᠨ ᠤ ᠡᠬᠢ ᠪᠠᠶᠠᠯᠢᠭ ᠢ ᠠᠰᠢᠭᠯᠠᠬᠤ ᠦᠷ᠎ᠡ | ᠪᠦᠲᠦᠮᠵᠢ ᠶᠢ ᠳᠡᠭᠡᠭᠰᠢᠯᠡᠭᠦᠯᠬᠦ ᠬᠡᠷᠡᠭᠲᠡᠢ᠃ | ᠬᠤᠷᠠᠯ ᠠᠴᠠ ᠰᠤᠷᠭᠠᠨ ᠬᠥᠮᠦᠵᠢᠯ ᠤᠨ ᠥᠭᠡᠷᠡᠴᠢᠯᠡᠯᠲᠡ ᠶᠢᠨ ᠠᠵᠢᠯ ᠤᠨ ᠬᠠᠷᠢᠭᠤ ᠮᠡᠳᠡᠭᠦᠯᠦᠯᠲᠡ ᠶᠢ ᠰᠣᠨᠣᠰᠪᠠ᠃ ᠬᠤᠷᠠᠯ ᠠᠴᠠ᠂ ᠪᠦᠬᠦ ᠲᠠᠯ᠎ᠠ ᠪᠠᠷ | ᠠᠬᠢᠭᠤᠯᠬᠤ᠂ ᠠᠯᠬᠤᠮ ᠬᠤᠪᠢᠶᠠᠨ ᠬᠡᠷᠡᠭᠵᠢᠭᠦᠯᠬᠦ᠂ ᠭᠤᠣᠯᠳᠠᠯᠭ᠎ᠠ ᠲᠠᠢ ᠪᠠᠷ ᠰᠢᠪᠲᠤᠯᠤᠯᠲᠠ ᠬᠢᠬᠦ᠂ ᠰᠤᠷᠭᠠᠨ ᠬᠥᠮᠦᠵᠢᠯ ᠤᠨ ᠥᠭᠡᠷᠡᠴᠢᠯᠡᠯᠲᠡ ᠶᠢᠨ ᠠᠵᠢᠯ ᠢ ᠪᠦᠬᠦ | ᠲᠠᠯ᠎ᠠ ᠪᠠᠷ ᠳᠡᠭᠡᠭᠰᠢᠯᠡᠭᠦᠯᠬᠦ᠂ ᠰᠢᠨᠵᠢᠯᠡᠭᠡᠨ ᠤ ᠰᠠᠯᠠᠭ᠎ᠠ ᠶᠢᠨ ᠣᠨᠴᠠᠯᠢᠭ ᠲᠠᠢ ᠤᠶᠠᠯᠳᠤᠭᠤᠯᠬᠤ᠂ ᠪᠠᠭᠰᠢ ᠶᠢᠨ ᠲᠤᠰᠬᠠᠢ ᠮᠡᠷᠭᠡᠵᠢᠯ ᠢ ᠲᠡᠬᠡᠭᠰᠢᠯᠡᠬᠦᠯᠬᠦ ᠠᠵᠢᠯ ᠤᠨ | ᠰᠡᠳᠬᠢᠴᠡ ᠲᠠᠢ ᠪᠠᠶᠢᠵᠤ᠂ ᠥᠭᠡᠷᠡᠴᠢᠯᠡᠯᠲᠡ ᠶᠢᠨ ᠠᠵᠢᠯ ᠢ ᠲᠥᠰᠥᠯ ᠂ ᠠᠬᠢᠭᠤᠯᠤᠯᠲᠠ᠂ ᠵᠢᠭᠠᠨ ᠰᠤᠷᠭᠠᠯᠳᠠ᠂ ᠦᠷ᠎ᠡ ᠪᠦᠲᠦᠮᠵᠢ ᠬᠡᠬᠦ ᠲᠠᠯ᠎ᠠ ᠠᠴᠠ ᠭᠠᠷᠳᠠᠵᠤ᠂ | ᠡᠩ ᠤᠨ ᠠᠵᠢᠯ ᠢ ᠪᠣᠳᠠᠲᠠᠢ ᠪᠥᠭᠡᠳ ᠨᠠᠷᠢᠯᠢᠭ ᠬᠢᠵᠦ᠂ ᠥᠭᠡᠷᠡᠴᠢᠯᠡᠯᠲᠡ ᠶᠢᠨ ᠪᠣᠳᠠᠲᠤ ᠦᠷ᠎ᠡ ᠪᠦᠳᠤᠮᠵᠢ ᠶᠢ ᠳᠡᠭᠡᠭᠰᠢᠯᠡᠭᠦᠯᠬᠦ ᠬᠡᠷᠡᠭᠲᠡᠢ ᠭᠡᠵᠦ ᠱᠠᠭᠠᠷᠳᠠᠪᠠ᠃ | ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃ | |