ᠦᠢᠷ᠎ᠠ ᠳᠤ᠂ ᠪᠥᠬᠦ ᠣᠷᠣᠨ ᠤ ᠲᠦᠬᠦᠬᠡᠷᠤᠮᠵᠢᠳᠤ ᠲᠠᠷᠢᠶᠠᠯᠠᠩ ᠤᠨ ᠣᠳᠣᠬᠢᠴᠢᠯᠠᠯᠲᠠ ᠶᠢ ᠲᠡᠬᠡᠳᠤ ᠲᠡᠰᠵᠢᠬᠦᠯᠤᠨ ᠠᠬᠢᠭᠤᠯᠬᠤ ᠲᠤᠬᠠᠢ ᠶᠢᠨ ᠲᠠᠯᠠᠪᠠᠶ ᠶᠢᠨ | ᠬᠤᠷᠠᠯ ᠤᠷᠠᠳ ᠤᠨ ᠬᠤᠶᠢᠲᠤ ᠬᠤᠰᠢᠭᠤᠨ ᠳᠤ ᠶᠠᠪᠤᠭᠳᠠᠪᠠ᠃ ᠬᠤᠰᠢᠭᠤᠨ ᠤ ᠨᠠᠮ ᠤᠨ ᠬᠤᠷᠢᠶᠠᠨ ᠤ ᠱᠦᠵᠢ ᠸᠠᠩ ᠶᠢᠨ ᠪᠦᠦ ᠥᠪᠡᠷᠲᠡᠭᠡᠨ ᠵᠠᠰᠠᠬᠤ ᠣᠷᠣᠨ ᠤ | ᠲᠠᠷᠢᠶᠠᠯᠠᠩ ᠮᠠᠯ ᠠᠵᠤ ᠠᠬᠤᠢ ᠶᠢᠨ ᠲᠢᠩᠬᠢᠮ ᠵᠢᠴᠢ ᠡᠯ᠎ᠡ ᠠᠶᠢᠮᠠᠭ ᠬᠤᠲᠠ ᠶᠢᠨ ᠲᠠᠷᠢᠶᠠᠯᠠᠩ ᠤᠨ ᠭᠠᠷᠠᠮ ᠤᠨ ᠤᠳᠤᠷᠢᠳᠤᠯᠭ᠎ᠠ ᠳᠤ ᠤᠷᠠᠳ ᠤᠨ ᠬᠤᠶᠢᠲᠤ | ᠬᠤᠰᠢᠭᠤᠨ ᠤ ᠣᠳᠣᠬᠢᠴᠢᠯᠠᠭᠰᠠᠨ ᠲᠥᠬᠦᠭᠡᠷᠦᠮᠵᠢ ᠶᠢᠨ ᠲᠠᠷᠢᠶᠠᠯᠠᠩ ᠮᠠᠯ ᠠᠵᠤ ᠠᠬᠤᠢ ᠶᠢᠨ ᠭᠤᠣᠯᠳᠠᠯᠭ᠎ᠠ ᠲᠠᠢ ᠠᠵᠢᠯ ᠤᠨ ᠠᠬᠢᠴᠠ ᠶᠢᠨ ᠪᠠᠶᠢᠳᠠᠯ ᠢ | ᠲᠠᠨᠢᠯᠴᠠᠭᠤᠯᠪᠠ᠃ | ᠲᠣᠭᠤᠷᠢᠨ ᠦᠵᠡᠬᠦ ᠪᠦᠯᠬᠦᠮ ᠤᠨ ᠬᠢᠨ᠂ ᠤᠷᠢᠳ ᠬᠤᠵᠢᠳ ᠤᠷᠠᠳ ᠤᠨ ᠬᠤᠶᠢᠲᠤ ᠬᠤᠰᠢᠭᠤᠨ ᠤ ᠤᠯᠠᠨ ᠤᠯᠤᠰ ᠤᠨ ᠲᠠᠷᠢᠶᠠᠯᠠᠩ ᠤᠨ | ᠦᠵᠡᠰᠬᠦᠯᠡᠩ ᠤᠨ ᠬᠦᠷᠢᠶᠡᠯᠡᠩ᠂ ᠥᠪᠥᠷ ᠮᠣᠩᠭᠤᠯ ᠤᠨ ᠰᠢᠩ ᠷᠠᠨ ᠲᠠᠷᠢᠶᠠᠯᠠᠩ ᠮᠠᠯ ᠠᠵᠤ ᠠᠬᠤᠢ ᠶᠢᠨ ᠬᠢᠵᠠᠭᠠᠷᠲᠤ ᠺᠣᠮᠫᠠᠨᠢ ᠳᠤ ᠬᠦᠷᠴᠦ ᠲᠤᠬᠠᠢ ᠶᠢᠨ | ᠭᠠᠵᠠᠷ ᠲᠤᠨᠢ ᠲᠣᠭᠤᠷᠢᠨ ᠦᠵᠡᠪᠡ᠃ ᠦᠨᠳᠦᠰᠦᠨ ᠪᠠᠶᠢᠳᠠᠯ ᠤᠨ ᠲᠠᠨᠢᠯᠴᠠᠭᠤᠯᠭ᠎ᠠ ᠶᠢ ᠨᠠᠷᠢᠨ ᠬᠢᠨᠠᠮᠠᠭᠠᠢ ᠰᠣᠨᠣᠰᠴᠤ᠂ ᠲᠦᠷᠤᠯ ᠵᠦᠢᠯ ᠤᠨ ᠪᠦᠳᠤᠬᠡᠨ | ᠪᠠᠶᠢᠭᠤᠯᠤᠯᠲᠠ ᠶᠢᠨ ᠠᠬᠢᠴᠠ ᠶᠢᠨ ᠪᠠᠶᠢᠳᠠᠯ ᠢ ᠪᠠᠶᠢᠴᠠᠭᠠᠨ ᠦᠵᠡᠵᠦ᠂ ᠪᠦᠳᠤᠬᠡᠨ ᠪᠠᠶᠢᠭᠤᠯᠤᠯᠲᠠ ᠶᠢᠨ ᠠᠭᠤᠯᠭ᠎ᠠ᠂ ᠬᠦᠭᠵᠢᠯᠳᠠ ᠶᠢᠨ ᠢᠷᠡᠭᠡᠳᠦᠢ ᠪᠠ ᠨᠡᠶᠢᠭᠡᠮ ᠤᠨ | ᠲᠠᠶᠢᠴᠢᠯᠠᠯ ᠤᠨ ᠦᠷ᠎ᠡ ᠠᠰᠢᠭ ᠵᠡᠷᠭᠡ ᠪᠠᠶᠢᠳᠠᠯ ᠢ ᠣᠶᠢᠯᠠᠭᠠᠵᠤ᠂ ᠤᠷᠠᠳ ᠤᠨ ᠬᠤᠶᠢᠲᠤ ᠬᠤᠰᠢᠭᠤᠨ ᠤ ᠣᠲᠤ ᠦᠶ᠎ᠡ ᠶᠢᠨ ᠲᠦᠬᠦᠬᠡᠷᠤᠮᠵᠢᠳᠤ ᠲᠠᠷᠢᠶᠠᠯᠠᠩ ᠢ ᠲᠠᠰ | ᠳᠡᠪᠰᠢᠭᠦᠯᠵᠦ ᠥᠭᠡᠷᠡᠴᠢᠯᠡᠨ ᠪᠠᠶᠢᠭᠤᠯᠬᠤ ᠲᠦᠷᠤᠯ ᠵᠦᠢᠯ ᠤᠨ ᠠᠵᠢᠯ ᠤᠨ ᠠᠬᠢᠭᠤᠯᠤᠯᠳᠠ ᠶᠢ ᠬᠦᠢᠴᠡᠳ ᠨᠤᠲᠠᠯᠠᠵᠠᠢ᠃ | ᠲᠦᠬᠦᠬᠡᠷᠤᠮᠵᠢᠳᠤ ᠲᠠᠷᠢᠶᠠᠯᠠᠩ ᠢ ᠬᠥᠭᠵᠢᠭᠦᠯᠬᠦ ᠪᠣᠯ ᠲᠠᠷᠢᠶᠠᠯᠠᠩ ᠤᠨ ᠬᠡᠯᠪᠡᠷᠢ ᠪᠠᠨ ᠬᠤᠪᠢᠷᠠᠭᠤᠯᠤᠨ ᠲᠡᠰ ᠳᠡᠪᠰᠢᠬᠦ ᠶᠢ ᠠᠬᠢᠭᠤᠯᠬᠤ᠂ ᠬᠥᠳᠡᠭᠡ | ᠲᠣᠰᠬᠤᠨ ᠢ ᠪᠦᠬᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠶᠢ ᠪᠡᠶᠡᠯᠡᠭᠦᠯᠬᠦ ᠶᠢᠨ ᠲᠤᠯᠭᠠᠮ᠎ᠠ ᠱᠠᠭᠠᠷᠳᠡᠯᠭ᠎ᠠ ᠮᠥᠨ᠂ ᠲᠠᠷᠢᠶᠠᠴᠢᠳ ᠤᠨ ᠣᠷᠣᠯᠭ᠎ᠠ ᠶᠢ | ᠨᠡᠮᠡᠭᠳᠡᠭᠦᠯᠬᠦ ᠶᠢ ᠠᠬᠢᠭᠤᠯᠬᠤ᠂ ᠬᠠᠮᠲᠤᠪᠠᠷ ᠴᠢᠨᠡᠭᠡᠯᠢᠭᠵᠢᠬᠦ ᠶᠢ ᠯᠠᠪᠳᠠᠭᠤᠨ ᠪᠠᠲᠤᠲᠠᠢ ᠠᠬᠢᠭᠤᠯᠬᠤ ᠬᠦᠴᠦᠲᠡᠢ ᠠᠷᠭ᠎ᠠ ᠬᠡᠮᠵᠢᠶ᠎ᠡ ᠮᠥᠨ᠂ ᠡᠬᠢ ᠪᠠᠶᠠᠯᠢᠭ ᠢ | ᠠᠷᠪᠢᠯᠠᠬᠤ ᠶᠢ ᠠᠬᠢᠭᠤᠯᠬᠤ᠂ ᠪᠣᠬᠢᠷᠲᠤᠯ ᠦᠭᠡᠢ ᠬᠥᠭᠵᠢᠯᠲᠡ ᠶᠢ ᠪᠡᠶᠡᠯᠡᠭᠦᠯᠬᠦ ᠴᠢᠬᠤᠯᠠ ᠠᠷᠭ᠎ᠠ ᠪᠠᠷᠢᠯ ᠮᠥᠨ᠃ ᠤᠷᠠᠳ ᠤᠨ ᠬᠤᠶᠢᠲᠤ ᠬᠤᠰᠢᠭᠤᠨ ᠤ ᠣᠲᠤ | ᠦᠶ᠎ᠡ ᠶᠢᠨ ᠲᠥᠬᠦᠭᠡᠷᠦᠮᠵᠢᠲᠦ ᠲᠠᠷᠢᠶᠠᠯᠠᠩ ᠢ ᠬᠥᠭᠵᠢᠭᠦᠯᠵᠦ᠂ ᠲᠥᠬᠦᠭᠡᠷᠦᠮᠵᠢᠲᠦ ᠲᠠᠷᠢᠶᠠᠯᠠᠩ ᠤᠨ ᠲᠠᠰ ᠳᠡᠪᠰᠢᠬᠦ ᠶᠢ ᠠᠬᠢᠭᠤᠯᠵᠤ᠂ ᠬᠥᠳᠡᠭᠡ ᠲᠣᠰᠬᠤᠨ ᠢ | ᠬᠥᠭᠵᠢᠭᠦᠯᠦᠨ ᠮᠠᠨᠳᠤᠭᠤᠯᠬᠤ ᠳᠤ ᠬᠦᠴᠦ ᠨᠡᠮᠡᠷᠢᠯᠡᠬᠦ ᠶᠢᠨ ᠲᠥᠯᠥᠭᠡ᠂ ᠤᠷᠠᠳ ᠤᠨ ᠬᠤᠶᠢᠲᠤ ᠬᠤᠰᠢᠭᠤ ᠪᠡᠯᠡ ᠣᠷᠣᠭᠤᠯᠤᠨ ᠣᠯᠠᠨ ᠤᠯᠤᠰ ᠤᠨ ᠲᠠᠷᠢᠶᠠᠯᠠᠩ ᠤᠨ | ᠦᠵᠡᠰᠬᠦᠯᠡᠩ ᠤᠨ ᠬᠦᠷᠢᠶᠡᠯᠡᠩ ᠢ ᠪᠠᠶᠢᠭᠤᠯᠪᠠ᠃ ᠲᠣᠰ ᠲᠥᠷᠥᠯ ᠵᠦᠢᠯ ᠪᠣᠯ ᠤᠷᠠᠳ ᠤᠨ ᠬᠤᠶᠢᠲᠤ ᠬᠤᠰᠢᠭᠤᠨ ᠤ ᠲᠠᠷᠢᠶᠠᠯᠠᠩ ᠤᠨ ᠨᠢᠭᠡᠳᠦᠭᠡᠷ ᠨᠣᠮᠧᠷᠲᠤ | ᠢᠨᠵᠧᠨᠧᠷᠢᠩ ᠪᠣᠯᠣᠨ᠎ᠠ᠂ ᠲᠣᠰ ᠲᠥᠷᠥᠯ ᠵᠦᠢᠯ ᠨᠢ ᠭᠤᠣᠯ ᠣᠷᠣᠨ ᠪᠠ ᠨᠥᠯᠥᠭᠡᠯᠡᠨ ᠳᠠᠶᠢᠴᠢᠯᠠᠬᠤ ᠣᠷᠣᠨ ᠭᠡᠬᠦ ᠬᠤᠶᠠᠷ ᠬᠡᠰᠡᠭ ᠠᠴᠠ ᠪᠦᠷᠢᠯᠳᠦᠵᠡᠢ᠃ ᠭᠤᠣᠯ | ᠣᠷᠣᠨ ᠪᠠᠶᠢᠭᠤᠯᠤᠭᠳᠠᠭᠰᠠᠨ ᠤ ᠳᠠᠷᠠᠭ᠎ᠠ ︽ᠲᠠᠪᠤᠨ ᠰᠢᠨ᠎ᠡ︾ ᠶᠢ ᠪᠡᠶᠡᠯᠡᠭᠦᠯᠦᠨ᠎ᠡ᠂ ᠲᠤᠬᠠᠶᠢᠯᠠᠪᠠᠯ ᠰᠢᠨ᠎ᠡ ᠲᠦᠷᠦᠯ ᠵᠦᠢᠯ ᠢ ᠣᠷᠣᠭᠤᠯᠤᠨ ᠠᠪᠴᠢᠷᠠᠵᠤ | ᠳᠡᠯᠭᠡᠷᠡᠭᠦᠯᠬᠦ᠂ ᠰᠢᠨ᠎ᠡ ᠮᠡᠷᠭᠡᠵᠢᠯ ᠢ ᠰᠤᠳᠤᠯᠤᠨ ᠨᠡᠭᠡᠭᠡᠵᠦ ᠬᠡᠷᠡᠭᠯᠡᠬᠦ᠂ ᠰᠢᠨ᠎ᠡ ᠵᠠᠭᠪᠤᠷ ᠢ ᠨᠡᠭᠡᠭᠡᠨ ᠠᠰᠢᠭᠯᠠᠬᠤ᠂ ᠰᠢᠨ᠎ᠡ ᠭᠤᠣᠯ ᠴᠣᠭᠴᠠ ᠶᠢ ᠪᠤᠶᠢᠵᠢᠭᠤᠯᠤᠨ | ᠪᠤᠵᠠᠭᠠᠶᠢᠷᠠᠭᠤᠯᠬᠤ᠂ ᠰᠢᠨ᠎ᠡ ᠬᠥᠳᠡᠯᠭᠡᠬᠦ ᠴᠢᠳᠠᠪᠤᠷᠢ ᠶᠢ ᠥᠷᠭᠡᠳᠬᠡᠨ ᠳᠠᠶᠢᠴᠢᠯᠠᠬᠤ᠂ ᠲᠡᠷᠢᠭᠦᠨ ᠤ ᠲᠤᠷᠰᠢᠯᠲᠠ ᠬᠢᠵᠦ ᠵᠢᠱᠢᠶ᠎ᠡ ᠦᠵᠡᠭᠦᠯᠬᠦ ᠰᠠᠭᠤᠷᠢᠨ ᠢ | ᠴᠣᠭᠴᠠᠯᠠᠬᠤ᠂ ᠳᠡᠯᠡᠬᠡᠢ ᠶᠢᠨ ᠲᠠᠷᠢᠶᠠᠯᠠᠩ ᠤᠨ ᠬᠦᠴᠦᠷᠬᠡᠭ ᠤᠯᠤᠰ ᠤᠨ ᠭᠤᠣᠯ ᠬᠦᠯᠡᠮᠵᠢ ᠶᠢᠨ ᠲᠦᠷᠦᠯ ᠬᠡᠯᠪᠡᠷᠢ ᠪᠣᠯᠣᠨ 21 ᠵᠦᠢᠯ ᠤᠨ ᠲᠡᠷᠢᠭᠦᠨ ᠤ | ᠲᠠᠷᠢᠮᠠᠯ ᠤᠨ ᠵᠠᠭᠪᠤᠷ ᠤᠨ ᠮᠡᠷᠭᠡᠵᠢᠯ ᠢ ᠶᠡᠷᠦᠩᠬᠡᠶᠢᠯᠡᠨ ᠳᠡᠯᠭᠡᠨ ᠦᠵᠡᠭᠦᠯᠬᠦ ᠶᠢᠨ ᠬᠠᠮᠲᠤ ᠲᠦᠷᠪᠡᠨ ᠤᠯᠠᠷᠢᠯ ᠤᠨ ᠳᠡᠭᠡᠳᠦ ᠲᠡᠰ ᠤᠨ ᠵᠢᠮᠢᠰ ᠢᠳᠡᠰᠢᠨ ᠨᠣᠭᠤᠭᠠᠨ ᠤ | ᠬᠠᠩᠭᠠᠯᠭ᠎ᠠ ᠶᠢ ᠪᠠᠲᠤᠯᠠᠬᠤ ᠪᠣᠯᠣᠨ᠎ᠠ᠃ ᠤᠯᠠᠨ ᠤᠯᠤᠰ ᠤᠨ ᠬᠥᠳᠡᠭᠡ ᠠᠵᠤ ᠠᠬᠤᠢ ᠶᠢᠨ ᠦᠵᠡᠰᠬᠦᠯᠡᠩ ᠤᠨ ᠬᠦᠷᠢᠶᠡᠯᠡᠩ ᠳᠤ᠂ ᠬᠤᠷᠠᠯ ᠳᠤ ᠣᠷᠣᠯᠴᠠᠭᠰᠠᠳ | ᠲᠤᠭᠤᠷᠢᠨ ᠦᠵᠡᠬᠦ ᠶᠢᠨ ᠲᠠᠭᠠᠤ ᠬᠥᠳᠡᠭᠡ ᠠᠵᠤ ᠠᠬᠤᠢ ᠶᠢᠨ ᠠᠵᠤ ᠦᠢᠯᠡᠰ ᠤᠨ ᠪᠦᠲᠦᠴᠡ ᠶᠢᠨ ᠲᠣᠬᠢᠷᠠᠭᠤᠯᠤᠯᠲᠠ᠂ ᠤᠰᠤ ᠠᠷᠪᠢᠯᠠᠬᠤ ᠲᠥᠬᠦᠭᠡᠷᠦᠮᠵᠢ᠂ | ᠬᠥᠳᠡᠭᠡ ᠠᠵᠤ ᠠᠬᠤᠢ ᠶᠢᠨ ᠬᠥᠭᠵᠢᠯᠲᠡ᠂ ᠣᠨᠴᠠᠯᠢᠭᠲᠤ ᠲᠠᠷᠢᠮᠠᠯ᠂ ᠲᠠᠷᠢᠶᠠᠴᠢᠳ ᠤᠨ ᠣᠷᠣᠯᠭ᠎ᠠ ᠶᠢᠨ ᠨᠡᠮᠡᠭᠳᠡᠯ ᠵᠡᠷᠭᠡ ᠪᠠᠶᠢᠳᠠᠯ ᠢ ᠨᠠᠷᠢᠨ ᠬᠢᠨᠠᠮᠠᠭᠠᠢ ᠰᠣᠨᠣᠰᠴᠤ᠂ | ᠨᠡᠶᠢᠲᠡᠯᠢᠭ ᠵᠢᠱᠢᠶ᠎ᠡ ᠶᠢᠨ ᠠᠷᠭ᠎ᠠ ᠲᠤᠷᠰᠢᠯᠭ᠎ᠠ ᠪᠠᠨ ᠰᠤᠯᠢᠯᠴᠠᠪᠠ᠃ | ᠲᠣᠭᠤᠷᠢᠨ ᠦᠵᠡᠬᠦ ᠪᠦᠯᠬᠦᠮ ᠤᠨ ᠬᠢᠨ ᠪᠠᠰᠠ ᠥᠪᠥᠷ ᠮᠣᠩᠭᠤᠯ ᠤᠨ ᠰᠢᠩ ᠷᠠᠨ ᠲᠠᠷᠢᠶᠠᠯᠠᠩ ᠮᠠᠯ ᠠᠵᠤ ᠠᠬᠤᠢ ᠶᠢᠨ ᠬᠢᠵᠠᠭᠠᠷᠲᠤ ᠺᠣᠮᠫᠠᠨᠢ ᠳᠤ | ᠭᠦᠨᠵᠡᠭᠡᠶᠢᠷᠡᠨ ᠲᠣᠭᠤᠷᠢᠨ ᠦᠵᠡᠵᠦ᠂ ᠠᠵᠤ ᠠᠬᠤᠶᠢᠯᠠᠯ ᠤᠨ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ᠂ ᠡᠵᠡᠩᠨᠡᠯᠲᠡ ᠶᠢᠨ ᠵᠠᠭᠪᠤᠷ ᠪᠣᠯᠣᠨ ᠲᠠᠷᠢᠶᠠᠯᠠᠩ | ᠠᠵᠤ ᠠᠬᠤᠶᠢᠯᠠᠯ ᠤᠨ ᠠᠰᠢᠭ ᠲᠤᠰᠠ ᠶᠢ ᠬᠤᠯᠪᠣᠬᠤ ᠲᠣᠭᠲᠠᠴᠠ ᠵᠡᠷᠭᠡ ᠬᠤᠯᠪᠣᠭᠳᠠᠯ ᠪᠦᠬᠦᠢ ᠪᠠᠶᠢᠳᠠᠯ ᠢ ᠨᠠᠷᠢᠨ ᠣᠶᠢᠯᠠᠭᠠᠪᠠ᠃ ᠲᠣᠰ ᠺᠣᠮᠫᠠᠨᠢ ᠪᠣᠯ ᠲᠡᠵᠢᠭᠡᠯ | ᠡᠪᠡᠰᠦ ᠳᠠᠷᠢᠬᠤ᠂ ᠡᠭᠦᠯᠳᠡᠷ ᠤᠨ ᠦᠬᠡᠷ ᠦᠷᠡᠵᠢᠭᠦᠯᠦᠨ ᠪᠤᠶᠢᠵᠢᠭᠤᠯᠬᠤ᠂ ᠠᠯᠠᠰᠢᠨ ᠦᠬᠡᠷ ᠪᠣᠷᠳᠣᠬᠤ᠂ ᠲᠠᠬᠢᠨ ᠠᠰᠢᠬᠯᠠᠵᠤ ᠪᠤᠯᠬᠤᠶᠢᠴᠠ ᠡᠬᠢ ᠪᠠᠶᠠᠯᠢᠭ ᠢ | ᠴᠡᠪᠡᠷᠰᠢᠬᠦᠯᠤᠨ ᠳᠠᠬᠢᠨ ᠠᠰᠢᠭᠯᠠᠬᠤ ᠶᠢ ᠨᠢᠭᠡ ᠴᠣᠭᠴᠠᠵᠢᠭᠤᠯᠤᠭᠰᠠᠨ ᠲᠠᠷᠢᠶᠠᠯᠠᠩ ᠮᠠᠯ ᠠᠵᠤ ᠠᠬᠤᠢ ᠶᠢᠨ ᠭᠤᠣᠯᠳᠠᠯᠭ᠎ᠠ ᠲᠠᠢ ᠠᠵᠤ ᠠᠬᠤᠶᠢᠯᠠᠯ ᠪᠣᠯᠣᠨ᠎ᠠ᠃ | ᠲᠥᠷᠥᠯ ᠵᠦᠢᠯ ᠨᠢ 1000 ᠭᠠᠷᠤᠢ ᠮᠦ ᠲᠠᠯᠠᠪᠠᠶ ᠲᠠᠢ᠂ ᠥᠨᠳᠥᠷ ᠪᠠᠷᠢᠮᠵᠢᠶᠠᠲᠤ ᠦᠬᠡᠷ ᠤᠨ ᠰᠠᠷᠠᠪᠴᠢ 11 ᠰᠠᠭᠤᠷᠢ᠂ ᠪᠠᠷᠢᠮᠵᠢᠶᠠᠵᠢᠭᠤᠯᠤᠭᠰᠠᠨ ᠠᠯᠠᠰᠢᠨ | ᠦᠬᠡᠷ ᠤᠨ ᠰᠠᠷᠠᠪᠴᠢ 13 ᠰᠠᠭᠤᠷᠢ ᠵᠢᠴᠢ ᠰᠦ ᠰᠠᠭᠠᠬᠤ ᠬᠦᠷᠢᠶ᠎ᠠ᠂ ᠠᠯᠪᠠᠨ ᠠᠰᠠᠷ᠂ ᠡᠪᠡᠰᠦ ᠪᠣᠷᠳᠣᠭᠠᠨ ᠤ ᠬᠥᠮᠥᠷᠭᠡ᠂ ᠳᠠᠷᠤᠰᠢᠭᠤᠯᠵᠤ ᠢᠰᠤᠯᠳᠤᠬᠦᠯᠬᠦ | ᠴᠥᠭᠦᠷᠥᠮ ᠵᠡᠷᠭᠡ ᠳᠠᠭᠠᠯᠲᠠ ᠲᠦᠬᠦᠬᠡᠷᠤᠮᠵᠢ ᠶᠢ ᠪᠦᠷᠢᠳᠤᠬᠦᠯᠵᠤ᠂ 10000 ᠠᠯᠠᠰᠢᠨ ᠦᠬᠡᠷ ᠵᠢᠴᠢ 5000 ᠰᠠᠭᠠᠯᠢ ᠶᠢᠨ ᠦᠨᠢᠶ᠎ᠡ ᠶᠢᠨ ᠬᠡᠪᠴᠢᠶᠡᠲᠦ | ᠡᠷᠭᠢᠯᠲᠡᠲᠦ ᠲᠡᠵᠢᠭᠡᠨ ᠦᠷᠡᠵᠢᠭᠦᠯᠬᠦ ᠬᠦᠷᠢᠶᠡᠯᠡᠩ ᠲᠣᠭᠤᠷᠢᠭ ᠢ ᠪᠠᠶᠢᠭᠤᠯᠵᠤ᠂ ᠪᠣᠬᠢᠷᠲᠤᠯ ᠦᠭᠡᠢ ᠥᠨᠳᠥᠷ ᠦᠷ᠎ᠡ ᠠᠰᠢᠭ ᠲᠠᠢ ᠲᠡᠵᠢᠭᠡᠨ ᠦᠷᠡᠵᠢᠭᠦᠯᠬᠦ᠂ ᠠᠮᠢ | ᠠᠬᠤᠢ ᠶᠢᠨ ᠡᠷᠭᠢᠯᠲᠡᠲᠦ ᠵᠢᠱᠢᠶ᠎ᠡ ᠦᠵᠡᠭᠦᠯᠬᠦ ᠶᠢ ᠨᠢᠭᠡ ᠴᠣᠭᠴᠠᠵᠢᠭᠤᠯᠤᠭᠰᠠᠨ ᠣᠳᠣᠬᠢᠴᠢᠯᠠᠭᠰᠠᠨ ᠠᠯᠠᠰᠢᠨ ᠦᠬᠡᠷ᠂ ᠰᠠᠭᠠᠯᠢ ᠶᠢᠨ ᠦᠨᠢᠶ᠎ᠡ ᠲᠡᠵᠢᠭᠡᠨ | ᠦᠷᠡᠵᠢᠭᠦᠯᠵᠦ ᠲᠣᠭᠤᠷᠢᠨ ᠦᠵᠡᠬᠦᠯᠬᠦ ᠮᠠᠯᠵᠢᠯ ᠤᠨ ᠲᠠᠯᠠᠪᠠᠶ ᠪᠣᠯᠣᠨ᠎ᠠ᠃ | ᠦᠵᠡᠭᠦᠯᠦᠯᠭᠡ ᠶᠢᠨ ᠪᠦᠯᠬᠦᠮ ᠤᠨ ᠬᠢᠨ ᠤ ᠦᠵᠡᠬᠦ ᠪᠠᠷ᠂ ᠤᠷᠠᠳ ᠤᠨ ᠬᠤᠶᠢᠲᠤ ᠬᠤᠰᠢᠭᠤᠨ ᠤ ᠬᠥᠭᠵᠢᠯᠲᠡ ᠶᠢᠨ ᠰᠠᠭᠤᠷᠢ ᠰᠠᠶᠢᠨ᠂ ᠡᠬᠢ ᠪᠠᠶᠠᠯᠢᠭ ᠤᠨ | ᠳᠠᠪᠠᠭᠤᠯᠢᠭ ᠢᠯᠡᠳᠲᠡ᠂ ᠣᠳᠣᠬᠢᠴᠢᠯᠠᠭᠰᠠᠨ ᠲᠥᠬᠦᠭᠡᠷᠦᠮᠵᠢ ᠲᠠᠢ ᠲᠠᠷᠢᠶᠠᠯᠠᠩ ᠮᠠᠯ ᠠᠵᠤ ᠠᠬᠤᠢ ᠶᠢ ᠬᠥᠭᠵᠢᠭᠦᠯᠬᠦ ᠠᠵᠢᠯ ᠤᠨ ᠲᠠᠯ᠎ᠠ ᠪᠠᠷ ᠮᠠᠰᠢ ᠤᠯᠠᠨ ᠰᠠᠶᠢᠨ | ᠲᠤᠷᠰᠢᠯᠭ᠎ᠠ ᠪᠠ ᠠᠷᠭ᠎ᠠ ᠬᠡᠮᠵᠢᠶ᠎ᠡ ᠲᠠᠢ ᠪᠠᠶᠢᠵᠤ᠂ ᠲᠣᠯᠢ ᠪᠣᠯᠭᠠᠬᠤ ᠠᠴᠢ ᠬᠤᠯᠪᠣᠭᠳᠠᠯ ᠲᠠᠢ ᠶᠤᠮ᠂ ᠡᠯ᠎ᠡ ᠰᠠᠯᠠᠭ᠎ᠠ ᠮᠥᠴᠢᠷ ᠤᠨ ᠬᠢᠨ ᠪᠦᠲᠦᠮᠵᠢᠲᠡᠶ ᠠᠷᠭ᠎ᠠ | ᠬᠡᠮᠵᠢᠶ᠎ᠡ ᠶᠢ ᠢᠳᠡᠪᠬᠢᠲᠡᠢ ᠰᠤᠳᠤᠯᠤᠨ ᠰᠦᠪᠡᠭᠴᠢᠯᠡᠵᠦ᠂ ᠲᠥᠬᠦᠭᠡᠷᠦᠮᠵᠢᠳᠤ ᠲᠠᠷᠢᠶᠠᠯᠠᠩ ᠤᠨ ᠣᠳᠣᠬᠢᠴᠢᠯᠠᠯᠲᠠ ᠶᠢ ᠲᠡᠰᠵᠢᠬᠦᠯᠬᠦ ᠳᠤ ᠢᠳᠡᠪᠬᠢᠲᠡᠢ ᠬᠤᠪᠢ ᠨᠡᠮᠡᠷᠢ | ᠦᠵᠡᠭᠦᠯᠪᠡᠯ ᠵᠣᠬᠢᠨ᠎ᠠ᠃ | | | |