8 ᠰᠠᠷ᠎ᠠ ᠶᠢᠨ 7 ᠤ ᠡᠳᠦᠷ᠂ ᠬᠤᠰᠢᠭᠤ ᠨᠠᠮ ᠤᠨ ᠬᠤᠷᠢᠶᠠᠨ ᠤ ᠣᠨᠤᠯ ᠰᠤᠷᠤᠯᠴᠠᠬᠤ ᠭᠤᠣᠯ ᠳᠤᠭᠤᠶᠢᠯᠠᠩ ᠲᠤᠰᠬᠠᠢ ᠰᠡᠳᠦᠪᠲᠤ ᠰᠤᠳᠤᠯᠤᠨ ᠶᠠᠷᠢᠯᠴᠠᠬᠤ | ᠬᠤᠷᠠᠯ ᠬᠤᠷᠠᠯᠳᠤᠵᠤ᠂ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠲᠤᠰᠢᠶᠠᠭᠰᠠᠨ ︽ᠲᠠᠪᠤᠨ ᠶᠡᠭᠡ ᠡᠭᠦᠷᠭᠡ︾ ᠶᠢᠨ ᠲᠣᠭᠤᠷᠢᠨ ᠳᠤ ᠰᠤᠳᠤᠯᠤᠨ | ᠶᠠᠷᠢᠯᠴᠠᠵᠤ᠂ ᠰᠠᠨᠠᠯ ᠢᠶᠠᠨ ᠰᠤᠯᠢᠯᠴᠠᠨ᠂ ᠬᠤᠰᠢᠭᠤ ᠨᠠᠮ ᠤᠨ ᠬᠤᠷᠢᠶᠠᠨ ᠱᠦᠵᠢ ᠰᠣᠶᠣᠯᠲᠤ ᠬᠤᠷᠠᠯ ᠡᠷᠬᠢᠯᠡᠵᠦ ᠶᠠᠷᠢᠶ᠎ᠠ ᠲᠠᠯᠪᠢᠪᠠ᠃ | ᠬᠤᠷᠠᠯ ᠳᠡᠭᠡᠷ᠎ᠡ᠂ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠳ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠳᠤ | ᠲᠤᠰᠢᠶᠠᠭᠰᠠᠨ ︽ᠲᠠᠪᠤᠨ ᠶᠡᠭᠡ ᠡᠭᠦᠷᠭᠡ︾ ᠶᠢᠨ ᠲᠣᠭᠤᠷᠢᠨ ᠳᠤ᠂ ᠠᠵᠢᠯ ᠤᠨ ᠪᠤᠳᠠᠳᠠᠢ ᠲᠠᠢ ᠪᠠᠨ ᠤᠶᠠᠯᠳᠤᠭᠤᠯᠤᠨ ᠰᠠᠨᠠᠯ ᠢᠶᠠᠨ ᠰᠣᠯᠢᠯᠴᠠᠪᠠ᠃ | ᠰᠤᠶᠤᠯᠲᠤ ᠵᠢᠭᠠᠬᠤ ᠳᠠᠭᠠᠨ᠂ ︽ᠲᠠᠪᠤᠨ ᠶᠡᠭᠡ ᠡᠭᠦᠷᠭᠡ︾ ᠪᠣᠯ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠲᠣᠭᠲᠠᠭᠠᠭᠰᠠᠨ | ᠠᠵᠢᠯᠯᠠᠭᠠᠨ ᠤ ᠬᠦᠳᠦᠯᠪᠦᠷᠢ ᠪᠠ ᠪᠠᠶᠢᠯᠳᠤᠬᠤ ᠪᠣᠳᠣᠯᠭ᠎ᠠ ᠶᠢᠨ ᠪᠠᠶᠢᠷᠢ ᠲᠣᠭᠲᠠᠭᠠᠯᠲᠠ ᠪᠣᠯᠣᠨ᠎ᠠ᠃ ᠪᠢᠳᠠᠨ ᠤ ᠡᠷᠬᠡᠪᠰᠢ ᠡᠭᠦᠷᠭᠡᠯᠡᠵᠦ ᠰᠠᠶᠢᠲᠤᠷ ᠭᠦᠢᠴᠡᠳᠭᠡᠬᠦ | ᠴᠢᠬᠤᠯᠠ ᠶᠡᠭᠡ ᠤᠯᠤᠰ ᠲᠥᠷᠥ ᠶᠢᠨ ᠬᠠᠷᠢᠭᠤᠴᠠᠯᠭ᠎ᠠ ᠮᠥᠨ᠃ ᠪᠥᠬᠦ ᠬᠤᠰᠢᠭᠤ ᠪᠠᠷ ᠢᠶᠠᠨ ᠤᠯᠤᠰ ᠲᠦᠷᠦ ᠶᠢᠨ ᠵᠣᠭᠰᠤᠴᠠ ᠪᠠᠨ ᠤᠯᠠᠮ ᠨᠢᠭᠡ ᠠᠯᠬᠤᠮ | ᠳᠡᠭᠡᠭᠰᠢᠯᠡᠭᠦᠯᠵᠦ᠂ ᠦᠵᠡᠯ ᠰᠠᠨᠠᠭ᠎ᠠ ᠪᠣᠯᠣᠨ ᠦᠢᠯᠡ ᠠᠵᠢᠯᠯᠠᠭ᠎ᠠ ᠪᠠᠨ ᠤᠬᠠᠮᠰᠠᠷ ᠠᠴᠠ ᠪᠠᠨ ᠲᠥᠪ ᠬᠤᠷᠢᠶ᠎ᠠ᠂ ᠦᠪᠡᠷᠲᠡᠭᠡᠨ ᠵᠠᠰᠠᠬᠤ ᠣᠷᠣᠨ ᠪᠣᠯᠣᠨ | ᠪᠠᠶᠠᠨᠨᠠᠭᠤᠷ ᠬᠤᠲᠠ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠤᠨ ᠤ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠳᠡᠭᠡᠷ᠎ᠡ ᠨᠢᠭᠡᠳᠬᠡᠵᠦ᠂ ᠶᠡᠷᠦᠩᠬᠡᠢ | ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠲᠤᠰᠢᠶᠠᠭᠰᠠᠨ ︽ᠲᠠᠪᠤᠨ ᠶᠡᠭᠡ ᠡᠭᠦᠷᠭᠡ︾ ᠶᠢ ᠰᠠᠶᠢᠲᠤᠷ ᠨᠠᠶᠢᠳᠠᠪᠤᠷᠢᠵᠢᠭᠤᠯᠬᠤ ᠶᠢᠨ ᠴᠢᠬᠤᠯᠠ ᠠᠴᠢ | ᠬᠤᠯᠪᠤᠬᠳᠠᠯ ᠢ ᠭᠦᠨᠵᠡᠭᠡᠢ ᠲᠠᠨᠢᠵᠤ᠂ ᠬᠤᠰᠢᠭᠤ ᠨᠠᠮ ᠤᠨ ᠬᠤᠷᠢᠶ᠎ᠠ ᠵᠠᠰᠠᠭ ᠤᠨ ᠣᠷᠳᠣᠨ ᠤ ᠠᠵᠢᠯ ᠤᠨ ᠱᠠᠭᠠᠷᠳᠠᠯᠭ᠎ᠠ ᠶᠣᠰᠣᠭᠠᠷ᠂ ᠬᠠᠷᠠᠯᠲᠠ ᠡᠭᠦᠷᠭᠡ ᠶᠢ | ᠴᠢᠩᠭ᠎ᠠ ᠠᠳᠬᠤᠵᠤ᠂ ᠭᠤᠣᠯᠳᠠᠯᠭ᠎ᠠ ᠲᠠᠢ ᠠᠵᠢᠯ ᠤᠨ ᠱᠠᠭᠠᠷᠳᠠᠯᠭ᠎ᠠ ᠶᠢ ᠡᠵᠡᠮᠳᠡᠨ᠂ ᠨᠠᠷᠢᠨ ᠨᠢᠮᠪᠠᠢ ᠪᠠᠶᠢᠷᠢᠯᠠᠭᠤᠯᠵᠤ᠂ ᠡᠯ᠎ᠡ ᠵᠦᠢᠯ ᠤᠨ ᠠᠵᠢᠯ ᠤᠨ | ᠨᠠᠶᠢᠳᠠᠪᠤᠷᠢᠵᠢᠭᠤᠯᠤᠯᠲᠠ ᠶᠢ ᠪᠤᠳᠠᠲᠠᠶᠢᠵᠢᠭᠤᠯᠤᠨ ᠨᠠᠶᠢᠳᠠᠪᠤᠷᠢᠵᠢᠭᠤᠯᠬᠤ ᠶᠢ ᠬᠦᠴᠦᠲᠡᠢ ᠠᠬᠢᠭᠤᠯᠵᠤ᠂ ︽ᠲᠠᠪᠤᠨ ᠶᠡᠭᠡ ᠡᠭᠦᠷᠭᠡ︾ ᠶᠢ ᠰᠠᠶᠢᠲᠤᠷ | ᠨᠠᠶᠢᠳᠠᠪᠤᠷᠢᠵᠢᠭᠤᠯᠬᠤ ᠶᠢ ︽ᠵᠢᠱᠢᠶᠡᠴᠢ ᠥᠪᠡᠷᠲᠡᠭᠡᠨ ᠵᠠᠰᠠᠬᠤ ᠣᠷᠣᠨ︾ ᠶᠢ ᠪᠥᠬᠦ ᠲᠠᠯ᠎ᠠ ᠪᠠᠷ ᠪᠦᠲᠦᠭᠡᠨ ᠪᠠᠶᠢᠭᠤᠯᠬᠤ ᠯᠤᠭ᠎ᠠ ᠢᠮᠠᠭᠲᠠ ᠤᠶᠠᠯᠳᠤᠭᠤᠯᠵᠤ᠂ ᠠᠮᠢ | ᠠᠬᠤᠢ ᠶᠢ ᠲᠡᠷᠢᠭᠦᠨ ᠳᠤ ᠲᠠᠯᠪᠢᠬᠤ᠂ ᠪᠤᠬᠢᠷᠳᠤᠯ ᠦᠭᠡᠢ ᠬᠥᠭᠵᠢᠯᠲᠡ ᠪᠠᠷ ᠤᠳᠤᠷᠢᠳᠤᠮᠵᠢ ᠪᠣᠯᠭᠠᠭᠰᠠᠨ ︽ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠵᠠᠮ ᠢᠶᠠᠷ | ᠭᠤᠶᠢᠪᠢᠰᠢ ᠦᠭᠡᠢ ᠵᠠᠮᠨᠠᠵᠤ᠂ ᠮᠡᠷᠡᠶᠢᠨ ᠴᠢᠷᠮᠠᠶᠢᠵᠤ ᠲᠡᠷᠢᠭᠦᠨ ᠤ ᠬᠢ ᠶᠢ ᠡᠭᠦᠳᠬᠦ ᠪᠠᠷᠢᠮᠵᠢᠶ᠎ᠠ ᠪᠠᠷ ᠠᠵᠢᠯ ᠤᠨ ᠨᠠᠶᠢᠳᠠᠪᠤᠷᠢᠵᠢᠭᠤᠯᠤᠯᠲᠠ ᠶᠢ ᠴᠢᠩᠭ᠎ᠠ ᠠᠳᠬᠤᠵᠤ᠂ | ︽ᠲᠠᠪᠤᠨ ᠶᠡᠭᠡ ᠡᠭᠦᠭᠡ︾ ᠶᠢ ᠪᠡᠶᠡᠯᠡᠭᠦᠯᠵᠦ᠂ ᠦᠶ᠎ᠡ ᠪᠦᠲᠦᠮᠵᠢ ᠣᠯᠬᠤ ᠶᠢ ᠪᠥᠬᠦ ᠬᠦᠴᠦᠨ ᠢᠶᠠᠷ ᠢᠶᠠᠨ ᠠᠬᠢᠭᠤᠯᠬᠤ ᠭᠡᠷᠡᠭᠲᠡᠢ ᠭᠡᠵᠡᠢ᠃ | |