ᠤᠯᠠᠭᠠᠨᠰᠤᠬᠠᠢ ᠶᠢᠨ ᠠᠮᠢ ᠠᠬᠤᠶ ᠶᠢᠨ ᠵᠢᠭᠤᠯᠴᠢᠯᠠᠯ ᠤᠨ ᠦᠵᠡᠮᠵᠢ ᠶᠢᠨ ᠣᠷᠣᠨ ᠤᠯᠤᠰ ᠤᠨ 4 A ᠲᠠᠰ ᠤᠨ ᠦᠵᠡᠮᠵᠢ ᠶᠢᠨ ᠣᠷᠣᠨ ᠤ ᠠᠩᠬᠠᠨ ᠤ ᠰᠢᠯᠭᠠᠷᠠᠭᠤᠯᠤᠯᠲᠠ ᠶᠢ ᠤᠭᠲᠤᠪᠠ
ᠨᠡᠶᠢᠲᠡᠯᠡᠭᠰᠡᠨ ᠴᠠᠭ᠄
2023/8/23
      ᠣᠶᠢᠷ᠎ᠠ ᠳᠤ᠂ ᠤᠷᠠᠳ ᠤᠨ ᠡᠮᠦᠨᠡᠲᠦ ᠬᠤᠰᠢᠭᠤᠨ ᠤ ᠤᠯᠠᠭᠠᠨᠰᠤᠬᠠᠢ ᠶᠢᠨ ᠠᠮᠢ ᠠᠬᠤᠶ ᠶᠢᠨ ᠵᠢᠭᠤᠯᠴᠢᠯᠠᠯ ᠤᠨ ᠦᠵᠡᠮᠵᠢ ᠶᠢᠨ ᠣᠷᠣᠨ 4 A ᠲᠠᠰ ᠲᠤ ᠲᠡᠪᠰᠢᠬᠦ ᠠᠩᠬ᠎ᠠ ᠠᠯᠬᠤᠮ ᠤᠨ ᠰᠢᠯᠭᠠᠨ ᠠᠪᠬᠤ ᠠᠵᠢᠯ ᠢᠶᠠᠨ ᠡᠬᠢᠯᠡᠭᠦᠯᠪᠡ᠃ ᠥᠪᠡᠷᠲᠡᠭᠡᠨ ᠵᠠᠰᠠᠬᠤ ᠣᠷᠣᠨ ᠤ ᠰᠣᠶᠣᠯ ᠪᠠ ᠵᠢᠭᠤᠯᠴᠢᠯᠠᠯ ᠤᠨ ᠲᠢᠩᠬᠢᠮ ᠤᠨ ᠡᠬᠢ ᠪᠠᠶᠠᠯᠢᠭ ᠤᠨ ᠨᠡᠭᠡᠭᠡᠯᠲᠡ ᠶᠢᠨ ᠭᠠᠵᠠᠷ ᠤᠨ ᠳᠠᠷᠤᠭ᠎ᠠ ᠡᠤ ᠱᠤᠤ ᠵᠢᠶᠦ᠋ᠨ ᠨᠡᠷ ᠦᠵᠡᠮᠵᠢ ᠶᠢᠨ ᠣᠷᠣᠨ ᠳᠤ ᠠᠩᠬ᠎ᠠ ᠠᠯᠬᠤᠮ ᠤᠨ ᠰᠢᠯᠭᠠᠨ ᠠᠪᠤᠯᠲᠠ ᠬᠢᠪᠠ᠃ ᠬᠤᠲᠠ ᠶᠢᠨ ᠰᠣᠶᠣᠯ ᠵᠢᠭᠤᠯᠴᠢᠯᠠᠯ ᠷᠠᠳᠢᠣ᠋ ᠲᠧᠯᠸᠢᠰ ᠤᠨ ᠲᠣᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠣᠪᠴᠢᠶᠠᠨ ᠳᠠᠷᠤᠭ᠎ᠠ ᠯᠢᠦ ᠰᠢᠤᠸᠠᠢ᠂ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ᠂ ᠳᠡᠳ᠋ ᠲᠣᠪᠴᠢᠶᠠᠨ ᠳᠠᠷᠤᠭ᠎ᠠ ᠰᠦ᠋ ᠬᠤᠩ ᠶᠧ᠂ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ᠂ ᠳᠡᠳ᠋ ᠲᠣᠪᠴᠢᠶᠠᠨ ᠳᠠᠷᠤᠭ᠎ᠠ ᠯᠢ ᠹᠦ᠋ ᠯᠢ᠂ ᠬᠤᠰᠢᠭᠤᠨ ᠤ ᠵᠠᠰᠠᠭ ᠤᠨ ᠣᠷᠳᠣᠨ ᠤ ᠳᠡᠳ᠋ ᠬᠤᠰᠢᠭᠤ ᠳᠠᠷᠤᠭ᠎ᠠ ᠪᠠᠶᠠᠨᠪᠢᠯᠢᠭ᠌᠂ ᠬᠤᠰᠢᠭᠤᠨ ᠤ ᠰᠣᠶᠣᠯ ᠪᠡᠶ᠎ᠡ ᠲᠠᠮᠢᠷ ᠵᠢᠭᠤᠯᠴᠢᠯᠠᠯ ᠷᠠᠳᠢᠣ᠋ ᠲᠧᠯᠸᠢᠰ ᠤᠨ ᠲᠣᠪᠴᠢᠶ᠎ᠠ᠂ ᠬᠤᠰᠢᠭᠤᠨ ᠤ ᠵᠢᠭᠤᠯᠴᠢᠯᠠᠯ ᠤᠨ ᠦᠢᠯᠡᠴᠢᠯᠡᠬᠡᠨ ᠤ ᠲᠥᠪ᠂ ᠤᠯᠠᠭᠠᠨᠰᠤᠬᠠᠢ ᠠᠵᠤ ᠦᠢᠯᠡᠰ ᠤᠨ ᠬᠢᠵᠠᠭᠠᠷᠲᠤ ᠺᠣᠮᠫᠠᠨᠢ ᠶᠢᠨ ᠬᠤᠯᠪᠣᠭᠳᠠᠯ ᠪᠥᠬᠦᠶ ᠬᠠᠷᠢᠭᠤᠴᠠᠯᠭᠠᠲᠠᠨ ᠰᠠᠯᠭᠠᠨ ᠠᠪᠬᠤ ᠳᠤ ᠣᠷᠣᠯᠴᠠᠪᠠ᠃       ᠰᠢᠯᠭᠠᠨ ᠠᠪᠬᠤ ᠳᠤᠭᠤᠶᠢᠯᠠᠩ ᠤᠨ ᠬᠢᠨ ᠡᠩ ᠲᠡᠷᠢᠭᠦᠨ ᠳᠤ ᠤᠯᠠᠭᠠᠨᠰᠤᠬᠠᠢ ᠶᠢᠨ ᠦᠵᠡᠮᠵᠢ ᠶᠢᠨ ᠣᠷᠣᠨ ᠤ ᠵᠢᠭᠤᠯᠴᠢᠯᠠᠯ ᠤᠨ ᠣᠷᠴᠢᠨ ᠲᠣᠭᠤᠷᠢᠨ᠂ ᠦᠵᠡᠮᠵᠢ ᠶᠢᠨ ᠴᠡᠭ ᠤᠨ ᠡᠯᠧᠮᠧᠨ᠋ᠲ᠂ ᠠᠮᠤᠷ ᠲᠦᠪᠰᠢᠨ ᠤ ᠲᠥᠬᠦᠭᠡᠷᠦᠮᠵᠢ᠂ ᠪᠠᠴᠢᠮ ᠪᠠᠶᠢᠳᠠᠯ ᠢ ᠠᠷᠭᠠᠴᠠᠭᠠᠬᠤ ᠠᠷᠭ᠎ᠠ ᠬᠡᠮᠵᠢᠶ᠎ᠡ ᠵᠢᠴᠢ ᠪᠠᠲᠤᠯᠠᠭ᠎ᠠ ᠵᠡᠷᠭᠡ ᠶᠢ ᠨᠠᠷᠢᠨ ᠨᠢᠮᠪᠠᠶ ᠪᠠᠶᠢᠴᠠᠭᠠᠨ ᠰᠢᠯᠭᠠᠬᠤ ᠶᠢᠨ ᠬᠠᠮᠲᠣ ᠦᠵᠡᠮᠵᠢ ᠶᠢᠨ ᠣᠷᠣᠨ ᠤ 4 A ᠲᠠᠰ ᠤᠨ ᠡᠭᠦᠳᠦᠨ ᠪᠠᠶᠢᠭᠤᠯᠤᠯᠲᠠ ᠶᠢᠨ ᠠᠵᠢᠯ ᠤᠨ ᠠᠬᠢᠴᠠ ᠶᠢᠨ ᠪᠠᠶᠢᠳᠠᠯ ᠤᠨ ᠲᠤᠬᠠᠶ ᠬᠠᠷᠢᠭᠤ ᠮᠡᠳᠡᠭᠦᠯᠦᠯᠲᠡ ᠶᠢ ᠰᠣᠨᠣᠰᠤᠭᠰᠠᠨ ᠪᠥᠭᠡᠳ ᠦᠵᠡᠮᠵᠢ ᠶᠢᠨ ᠣᠷᠣᠨ ᠤ ᠬᠠᠷᠢᠭᠤᠴᠠᠯᠭᠠᠲᠠᠨ ᠤ ᠬᠤᠯᠪᠣᠭᠳᠠᠯ ᠪᠥᠬᠦᠶ ᠵᠤᠭᠠᠴᠠᠭᠰᠠᠳ ᠢ ᠭᠥᠯᠢᠶᠡᠨ ᠠᠪᠤᠭᠰᠠᠨ ᠪᠠᠶᠢᠳᠠᠯ ᠢ ᠨᠠᠷᠢᠨ ᠣᠶᠢᠯᠠᠭᠠᠪᠠ᠃ ᠡᠭᠦᠨ ᠠᠴᠠ ᠭᠠᠳᠠᠨ᠎ᠠ᠂ ᠲᠠᠳᠠ ᠪᠠᠰᠠ ᠦᠵᠡᠮᠵᠢ ᠶᠢᠨ ᠣᠷᠣᠨ ᠤ ᠰᠡᠭᠦᠯᠴᠢ ᠶᠢᠨ ᠬᠤᠭᠤᠴᠠᠭᠠᠨ ᠤ ᠪᠥᠲᠥᠭᠡᠨ ᠪᠠᠶᠢᠭᠤᠯᠤᠯᠲᠠ ᠪᠠ ᠲᠥᠬᠦᠭᠡᠷᠦᠮᠵᠢ ᠶᠢ ᠲᠡᠭᠦᠯᠳᠡᠷᠵᠢᠭᠦᠯᠬᠦ ᠵᠡᠷᠭᠡ ᠲᠠᠯ᠎ᠠ ᠪᠠᠷ ᠬᠦᠢᠴᠡᠳ ᠣᠶᠢᠯᠠᠭᠠᠯᠲᠠ ᠬᠢᠭᠰᠡᠨ ᠪᠠᠶᠢᠨ᠎ᠠ᠃      ᠪᠠᠶᠢᠴᠠᠭᠠᠯᠲᠠ ᠳᠤ᠂ ᠦ᠋ ᠱᠤᠤ ᠵᠢᠶᠦ᠋ᠨ ᠠᠴᠠ ᠤᠯᠠᠭᠠᠨᠰᠤᠬᠠᠢ ᠶᠢᠨ ᠲᠥᠯᠥᠪᠵᠢᠭᠦᠯᠭᠡ ᠲᠥᠬᠦᠭᠡᠷᠦᠮᠵᠢ᠂ ᠪᠥᠲᠥᠭᠡᠨ ᠪᠠᠶᠢᠭᠤᠯᠤᠯᠲᠠ ᠬᠠᠮᠢᠶᠠᠷᠤᠯᠲᠠ ᠵᠢᠴᠢ 4 A ᠶᠢ ᠡᠭᠦᠳᠦᠨ ᠪᠠᠶᠢᠭᠤᠯᠬᠤ ᠳᠤᠮᠳᠠ ᠬᠢᠭᠰᠡᠨ ᠠᠵᠢᠯ ᠢ ᠬᠦᠢᠴᠡᠳ ᠨᠤᠲᠠᠯᠠᠭᠰᠠᠨ ᠪᠥᠭᠡᠳ ᠦᠵᠡᠮᠵᠢ ᠶᠢᠨ ᠣᠷᠣᠨ ᠤ ᠢᠷᠡᠭᠡᠳᠦᠶ ᠶᠢᠨ ᠬᠥᠭᠵᠢᠯᠲᠡ ᠵᠢᠴᠢ ᠰᠣᠶᠣᠯ ᠤᠨ ᠪᠠᠶᠢᠭᠤᠯᠤᠯᠲᠠ ᠶᠢᠨ ᠲᠠᠯ᠎ᠠ ᠪᠠᠷ ᠡᠷᠬᠢᠮ ᠨᠠᠨᠳᠢᠨ ᠰᠠᠨᠠᠯ ᠢᠶᠠᠨ ᠳᠤᠷᠠᠳᠴᠠᠶ᠃ 
ᠢᠷᠡᠯᠲᠡ᠄ ᠤᠷᠠᠳ ᠤᠨ ᠡᠮᠦᠨᠡᠲᠦ ᠬᠤᠰᠢᠭᠤᠨ ᠤ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ