8 ᠰᠠᠷ᠎ᠠ ᠶᠢᠨ 15 ᠤ ᠡᠳᠦᠷ᠂ ᠤᠷᠠᠳ ᠤᠨ ᠡᠮᠦᠨᠡᠲᠦ ᠬᠤᠰᠢᠭᠤᠨ ᠤ ᠡᠮᠡᠭᠲᠡᠶ ᠠᠵᠤ ᠠᠬᠤᠶᠢᠯᠠᠯᠲᠠᠨ ᠤ ᠨᠡᠶᠢᠭᠡᠮᠯᠢᠭ ᠤᠨ ᠠᠩᠬᠠᠳᠤᠭᠠᠷ ᠬᠤᠭᠤᠴᠠᠭᠠᠨ ᠤ | ᠭᠡᠰᠢᠭᠦᠳ ᠤᠨ ᠶᠡᠭᠡ ᠬᠤᠷᠠᠯ ᠬᠤᠰᠢᠭᠤᠨ ᠤ ᠨᠠᠮ ᠵᠠᠰᠠᠭ ᠤᠨ ᠠᠰᠠᠷ ᠤᠨ ᠨᠢᠭᠡᠳᠦᠭᠡᠷ ᠳᠠᠪᠬᠤᠷᠯᠢᠭ ᠤᠨ ᠬᠤᠷᠠᠯ ᠤᠨ ᠬᠡᠷ ᠲᠤ ᠬᠤᠷᠠᠯᠳᠤᠪᠠ᠃ ᠬᠤᠰᠢᠭᠤᠨ ᠤ | ᠨᠠᠮ ᠤᠨ ᠬᠤᠷᠢᠶᠠᠨ ᠤ ᠳᠡᠳ᠋ ᠱᠦᠵᠢ᠂ ᠤᠯᠤᠰ ᠲᠥᠷᠥ ᠬᠠᠤᠯᠢ ᠴᠠᠭᠠᠵᠠ ᠶᠢᠨ ᠬᠤᠷᠢᠶᠠᠨ ᠤ ᠱᠦᠵᠢ ᠴᠢᠨ ᠬᠤᠸᠠᠢ ᠬᠤᠷᠠᠯ ᠳᠤ ᠣᠷᠣᠯᠴᠠᠵᠤ ᠶᠠᠷᠢᠶ᠎ᠠ ᠲᠠᠯᠪᠢᠪᠠ᠃ | ᠬᠤᠰᠢᠭᠤᠨ ᠤ ᠤᠳᠤᠷᠢᠳᠤᠯᠭ᠎ᠠ ᠤᠷᠢᠬᠠᠨ᠂ ᠰᠢᠩ ᠬᠤᠤ ᠳ᠋ᠦᠩ᠂ ᠵᠠᠩ ᠶᠤᠸᠠᠢ ᠶᠢᠩ᠂ ᠭᠡᠷᠡᠯ ᠬᠤᠷᠠᠯ ᠳᠤ ᠣᠷᠣᠯᠴᠠᠪᠠ᠃ | ᠴᠢᠨ ᠬᠤᠸᠠᠢ ᠬᠤᠰᠢᠭᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠢ ᠲᠥᠯᠥᠭᠡᠯᠡᠨ ᠬᠤᠰᠢᠭᠤᠨ ᠤ ᠡᠮᠡᠭᠲᠡᠶ ᠠᠵᠤ ᠠᠬᠤᠶᠢᠯᠠᠯᠲᠠᠨ ᠤ ᠨᠡᠶᠢᠭᠡᠮᠯᠢᠭ ᠤᠨ | ᠠᠩᠬᠠᠳᠤᠭᠠᠷ ᠬᠤᠭᠤᠴᠠᠭᠠᠨ ᠤ ᠭᠡᠰᠢᠭᠦᠳ ᠤᠨ ᠶᠡᠭᠡ ᠬᠤᠷᠠᠯ ᠠᠮᠵᠢᠯᠲᠠ ᠲᠠᠢ ᠬᠤᠷᠠᠯᠳᠤᠭᠰᠠᠨ ᠳᠤ ᠪᠠᠶᠠᠷ ᠬᠦᠷᠭᠡᠵᠦ᠂ ᠪᠥᠬᠦ ᠬᠤᠰᠢᠭᠤᠨ ᠤ ᠠᠵᠤ ᠠᠬᠤᠶ ᠶᠢᠨ | ᠪᠥᠲᠥᠭᠡᠨ ᠪᠠᠶᠢᠭᠤᠯᠤᠯᠲᠠ ᠶᠢᠨ ᠨᠢᠭᠡᠳᠦᠭᠡᠷ ᠹᠷᠣᠨᠲ ᠲᠤ ᠰᠢᠷᠭᠠᠭᠤ ᠠᠵᠢᠯᠯᠠᠵᠤ ᠪᠠᠶᠢᠭ᠎ᠠ ᠡᠮᠡᠭᠲᠡᠶ ᠠᠵᠤ ᠠᠬᠤᠶᠢᠯᠠᠯᠲᠠᠨ᠂ ᠡᠮᠡᠭᠲᠡᠶ ᠠᠵᠢᠯᠲᠠᠨ ᠠᠵᠢᠯᠴᠢᠨ ᠳᠤ | ᠳᠣᠲᠣᠨᠣ ᠮᠡᠨᠳᠦᠴᠢᠯᠡᠯ ᠳᠡᠪᠰᠢᠭᠦᠯᠪᠡ᠃ | ᠬᠤᠷᠠᠯ ᠠᠴᠠ ᠵᠢᠭᠠᠵᠤ ᠭᠠᠷᠭᠠᠭᠰᠠᠨ ᠨᠢ᠂ ᠦᠷ᠎ᠡ ᠶᠢᠨ ᠵᠢᠯ ᠠᠴᠠ ᠨᠠᠭᠠᠰᠢ᠂ ᠪᠥᠬᠦ ᠬᠤᠰᠢᠭᠤᠨ ᠤ ᠡᠮᠡᠭᠲᠡᠶ ᠠᠵᠤ ᠠᠬᠤᠶᠢᠯᠠᠯᠲᠠᠳ ᠠᠵᠤ ᠠᠬᠤᠶ | ᠨᠡᠶᠢᠭᠡᠮ ᠤᠨ ᠡᠯ᠎ᠡ ᠵᠦᠢᠯ ᠤᠨ ᠠᠵᠢᠯ ᠦᠢᠯᠡᠰ ᠲᠤ ᠢᠳᠡᠪᠬᠢᠲᠡᠶ ᠣᠷᠣᠯᠴᠠᠵᠤ᠂ ᠡᠯ᠎ᠡ ᠬᠦᠷᠢᠶ᠎ᠡ ᠡᠯ᠎ᠡ ᠠᠵᠢᠯ ᠲᠥᠷᠥᠯ ᠳᠤ ᠢᠯᠡᠳᠲᠡ ᠠᠮᠵᠢᠯᠲᠠ ᠣᠯᠵᠤ᠂ ᠪᠥᠬᠦ | ᠬᠤᠰᠢᠭᠤᠨ ᠤ ᠠᠵᠤ ᠠᠬᠤᠶ ᠶᠢᠨ ᠬᠡᠯᠪᠡᠷᠢ ᠶᠢ ᠬᠤᠪᠢᠷᠠᠭᠤᠯᠤᠨ ᠲᠠᠰ ᠳᠡᠪᠰᠢᠭᠦᠯᠬᠦ ᠶᠢ ᠠᠬᠢᠭᠤᠯᠬᠤ᠂ ᠨᠡᠶᠢᠭᠡᠮ ᠤᠨ ᠡᠶ᠎ᠡ ᠵᠣᠬᠢᠴᠠᠩᠭᠤᠶ ᠲᠣᠭᠲᠠᠭᠤᠨ ᠢ | ᠠᠬᠢᠭᠤᠯᠬᠤ ᠳᠤ ᠢᠳᠡᠪᠬᠢᠲᠡᠶ ᠬᠤᠪᠢ ᠨᠡᠮᠡᠷᠢ ᠦᠵᠡᠭᠦᠯᠪᠡ᠃ ᠡᠮᠡᠭᠲᠡᠶ ᠠᠵᠤ ᠠᠬᠤᠶᠢᠯᠠᠯᠲᠠᠨ ᠤ ᠨᠡᠶᠢᠭᠡᠮᠯᠢᠭ ᠪᠣᠯᠤᠨ ᠭᠡᠰᠢᠭᠦᠳ ᠴᠠᠭ ᠦᠶ᠎ᠡ ᠠᠴᠠ ᠣᠯᠭᠤᠭᠰᠠᠨ | ᠬᠦᠨᠳᠦ ᠡᠭᠦᠷᠭᠡ ᠶᠢ ᠤᠯᠠᠮ ᠴᠢᠨᠠᠭᠰᠢᠳᠠ ᠡᠭᠦᠷᠭᠡᠯᠡᠵᠦ᠂ ᠴᠢᠨᠠᠷ ᠰᠠᠶᠢᠲᠠᠶ ᠬᠥᠭᠵᠢᠯᠲᠡ ᠶᠢᠨ ᠵᠠᠮ ᠨᠡᠭᠡᠭᠡᠭᠴᠢ᠂ ᠥᠪᠡᠷ ᠢ ᠪᠠᠨ ᠳᠡᠭᠡᠭᠰᠢᠯᠡᠭᠦᠯᠬᠦ ᠡᠷᠡᠯᠬᠡᠭᠯᠡᠨ | ᠤᠷᠤᠭᠰᠢᠯᠠᠭᠴᠢ ᠪᠣᠯᠬᠤ ᠪᠠᠷ ᠢᠳᠡᠪᠬᠢᠲᠡᠶ ᠴᠢᠷᠮᠠᠶᠢᠵᠤ᠂ ᠨᠡᠶᠢᠭᠡᠮᠯᠢᠭ ᠪᠠᠶᠢᠭᠤᠯᠤᠭᠳᠠᠭᠰᠠᠨ ᠢᠶᠠᠷ ᠰᠢᠨ᠎ᠡ ᠭᠠᠷᠤᠭ᠎ᠠ ᠪᠣᠯᠭᠠᠵᠤ᠂ ᠬᠤᠪᠢ ᠬᠥᠮᠦᠨ ᠤ ᠬᠥᠭᠵᠢᠯᠲᠡ᠂ | ᠠᠵᠤ ᠠᠬᠤᠶᠢᠯᠠᠯ ᠤᠨ ᠬᠥᠭᠵᠢᠯᠲᠡ ᠪᠣᠯᠤᠨ ᠪᠥᠬᠦ ᠬᠤᠰᠢᠭᠤᠨ ᠤ ᠠᠵᠤ ᠠᠬᠤᠶ ᠨᠡᠶᠢᠭᠡᠮ ᠤᠨ ᠬᠥᠭᠵᠢᠯᠲᠡ ᠶᠢ ᠤᠬᠠᠮᠰᠠᠷ ᠠᠴᠠ ᠪᠠᠨ ᠨᠢᠭᠲᠠ ᠤᠶᠠᠯᠳᠤᠭᠤᠯᠵᠤ᠂ | ᠪᠣᠳᠠᠲᠠᠶ ᠶᠢ ᠡᠷᠬᠢᠮᠯᠡᠨ ᠡᠷᠡᠯᠬᠡᠭᠯᠡᠨ ᠲᠡᠮᠡᠴᠡᠵᠦ᠂ ᠬᠦᠴᠦᠯᠡᠨ ᠴᠢᠷᠮᠠᠶᠢᠵᠤ᠂ ᠣᠳᠣᠬᠢᠴᠢᠯᠠᠭᠰᠠᠨ ᠰᠠᠶᠢᠨ ᠰᠠᠶᠢᠬᠠᠨ ᠤᠷᠠᠳ ᠤᠨ ᠡᠮᠦᠨᠡᠲᠦ ᠬᠤᠰᠢᠭᠤ ᠶᠢ | ᠲᠦᠷᠭᠡᠳᠬᠡᠨ ᠪᠠᠶᠢᠭᠤᠯᠬᠤ ᠳᠤ ᠨᠠᠩ ᠶᠡᠭᠡ ᠰᠢᠨ᠎ᠡ ᠬᠤᠪᠢ ᠨᠡᠮᠡᠷᠢ ᠦᠵᠡᠭᠦᠯᠬᠦ ᠶᠢ ᠬᠦᠰᠡᠵᠦ ᠪᠠᠶᠢᠨ᠎ᠠ ᠭᠡᠪᠡ᠃ | ᠬᠤᠷᠠᠯ ᠠᠴᠠ ᠤᠷᠠᠳ ᠤᠨ ᠡᠮᠦᠨᠡᠲᠦ ᠬᠤᠰᠢᠭᠤᠨ ᠤ ᠡᠮᠡᠭᠲᠡᠶ ᠠᠵᠤ ᠠᠬᠤᠶᠢᠯᠠᠯᠲᠠᠨ ᠤ ᠨᠡᠶᠢᠭᠡᠮᠯᠢᠭ ᠤᠨ ᠠᠩᠬᠠᠳᠤᠭᠠᠷ ᠬᠤᠭᠤᠴᠠᠭᠠᠨ ᠤ ᠭᠡᠰᠢᠭᠦᠳ ᠤᠨ ᠶᠡᠭᠡ | ᠬᠤᠷᠠᠯ ᠤᠨ ᠪᠡᠯᠡᠳᠬᠡᠯ ᠠᠵᠢᠯ ᠤᠨ ᠪᠠᠶᠢᠳᠠᠯ ᠤᠨ ᠮᠡᠳᠡᠭᠦᠯᠦᠯᠲᠡ ᠶᠢ ᠰᠣᠨᠤᠰᠤᠨ ᠬᠢᠨᠠᠨ ᠵᠥᠪᠯᠡᠵᠦ᠂ ᠤᠷᠠᠳ ᠤᠨ ᠡᠮᠦᠨᠡᠲᠦ ᠬᠤᠰᠢᠭᠤᠨ ᠤ ᠡᠮᠡᠭᠲᠡᠶ ᠠᠵᠤ | ᠠᠬᠤᠶᠢᠯᠠᠯᠲᠠᠨ ᠤ ᠨᠡᠶᠢᠭᠡᠮᠯᠢᠭ ᠤᠨ ︽ᠲᠦᠷᠢᠮ︾ ᠳᠤ ᠵᠠᠰᠠᠪᠤᠷᠢ ᠣᠷᠣᠭᠤᠯᠬᠤ ᠲᠥᠰᠦᠯ᠂ ᠤᠷᠠᠳ ᠤᠨ ᠡᠮᠦᠨᠡᠲᠦ ᠬᠤᠰᠢᠭᠤᠨ ᠤ ᠡᠮᠡᠭᠲᠡᠶ ᠠᠵᠤ ᠠᠬᠤᠶᠢᠯᠠᠯᠲᠠᠨ ᠤ | ᠨᠡᠶᠢᠭᠡᠮᠯᠢᠭ ᠤᠨ ᠠᠩᠬᠠᠳᠤᠭᠠᠷ ᠬᠤᠭᠤᠴᠠᠭᠠᠨ ᠤ ᠭᠡᠰᠢᠭᠦᠳ ᠤᠨ ᠶᠡᠭᠡ ᠬᠤᠷᠠᠯ ᠤᠨ ᠰᠣᠩᠭᠤᠭᠤᠯᠢ ᠶᠢᠨ ᠠᠷᠭ᠎ᠠ ︵ᠲᠥᠰᠦᠯ︶᠂ ᠪᠢᠯᠧᠲ ᠬᠢᠨᠠᠭᠴᠢ | ᠶᠢᠨ ᠨᠡᠷᠡᠰ ︵ᠲᠥᠰᠦᠯ︶ ᠪᠣᠯᠤᠨ ᠵᠢᠱᠢᠭᠳᠡᠭᠰᠡᠳ ᠤᠨ ᠰᠠᠨᠠᠭᠤᠯᠭ᠎ᠠ ᠶᠢᠨ ᠨᠡᠷᠡᠰ ︵ᠲᠥᠰᠦᠯ︶ ᠢ ᠬᠢᠨᠠᠨ ᠵᠥᠪᠯᠡᠵᠦ ᠪᠠᠲᠤᠯᠠᠨ᠂ ᠤᠷᠠᠳ ᠤᠨ ᠡᠮᠦᠨᠡᠲᠦ | ᠬᠤᠰᠢᠭᠤᠨ ᠤ ᠡᠮᠡᠭᠲᠡᠶ ᠠᠵᠤ ᠠᠬᠤᠶᠢᠯᠠᠯᠲᠠᠨ ᠤ ᠨᠡᠶᠢᠭᠡᠮᠯᠢᠭ ᠤᠨ ᠠᠩᠬᠠᠳᠤᠭᠠᠷ ᠬᠤᠭᠤᠴᠠᠭᠠᠨ ᠤ ᠬᠡᠷᠡᠭ ᠡᠷᠬᠢᠯᠡᠭᠴᠢᠳ ᠤᠨ ᠬᠤᠷᠠᠯ ᠤᠨ ᠳᠠᠷᠤᠭ᠎ᠠ᠂ ᠳᠡᠳ᠋ | ᠳᠠᠷᠤᠭ᠎ᠠ᠂ ᠬᠡᠷᠡᠭ ᠡᠷᠬᠢᠯᠡᠭᠴᠢ ᠶᠢ ᠰᠣᠩᠭᠤᠨ ᠭᠠᠷᠭᠠᠪᠠ᠃ ᠶᠠᠩ ᠯᠢ ᠤᠷᠠᠳ ᠤᠨ ᠡᠮᠦᠨᠡᠲᠦ ᠬᠤᠰᠢᠭᠤᠨ ᠤ ᠡᠮᠡᠭᠲᠡᠢ ᠠᠵᠤ ᠠᠬᠤᠶᠢᠯᠠᠯᠲᠠᠨ ᠤ ᠨᠡᠶᠢᠭᠡᠮᠯᠢᠭ ᠤᠨ | ᠠᠩᠬᠠᠳᠤᠭᠠᠷ ᠬᠤᠭᠤᠴᠠᠭᠠᠨ ᠤ ᠬᠡᠷᠡᠭ ᠡᠷᠬᠢᠯᠡᠭᠴᠢᠳ ᠤᠨ ᠬᠤᠷᠠᠯ ᠤᠨ ᠳᠠᠷᠤᠭ᠎ᠠ ᠪᠠᠷ ᠰᠣᠩᠭᠤᠭᠳᠠᠭᠰᠠᠨ ᠪᠥᠭᠡᠳ ᠣᠪᠣᠷ ᠢᠶᠠᠨ ᠢᠯᠡᠳᠬᠡᠬᠦ ᠦᠭᠡ ᠬᠡᠯᠡᠵᠡᠢ᠃ | ᠲᠡᠷᠡ᠂ ᠬᠤᠰᠢᠭᠤᠨ ᠤ ᠡᠮᠡᠭᠲᠡᠶ ᠠᠵᠤ ᠠᠬᠤᠶᠢᠯᠠᠯ ᠤᠨ ᠨᠡᠶᠢᠭᠡᠮᠯᠢᠭ ᠬᠤᠰᠢᠭᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠬᠥᠭᠵᠢᠯᠲᠡ ᠶᠢᠨ ᠶᠡᠭᠡ ᠲᠠᠯ᠎ᠠ ᠶᠢᠨ | ᠲᠣᠭᠤᠷᠢᠨ ᠳᠤ᠂ ᠠᠵᠤ ᠠᠬᠤᠶᠢᠯᠠᠯ ᠤᠨ ᠬᠥᠭᠵᠢᠯᠲᠡ ᠳᠤ ᠦᠢᠯᠡᠴᠢᠯᠡᠬᠦ᠂ ᠡᠮᠡᠭᠲᠡᠶ ᠠᠵᠤ ᠠᠬᠤᠶᠢᠯᠠᠯᠲᠠᠨ ᠤ ᠦᠰᠦᠨ ᠪᠤᠶᠢᠵᠢᠯᠲᠠ ᠶᠢ ᠠᠬᠢᠭᠤᠯᠬᠤ ᠪᠠᠷ ᠵᠣᠷᠢᠯᠲᠠ | ᠪᠣᠯᠭᠠᠬᠤ ᠶᠢ ᠪᠠᠷᠢᠮᠲᠠᠯᠠᠵᠤ᠂ ᠦᠢᠯᠡᠴᠢᠯᠡᠭᠡ ᠬᠠᠩᠭᠠᠬᠤ᠂ ᠲᠠᠪᠴᠠᠩ ᠪᠠᠶᠢᠭᠤᠯᠬᠤ᠂ ᠰᠣᠯᠢᠯᠴᠠᠭ᠎ᠠ ᠥᠷᠨᠢᠭᠦᠯᠬᠦ ᠪᠠᠷ ᠭᠤᠤᠯ ᠠᠷᠭ᠎ᠠ ᠪᠠᠷᠢᠯ ᠪᠣᠯᠭᠠᠵᠤ᠂ ᠤᠷᠠᠳ ᠤᠨ | ᠡᠮᠦᠨᠡᠲᠦ ᠬᠤᠰᠢᠭᠤᠨ ᠤ ᠡᠮᠡᠭᠲᠡᠶ ᠠᠵᠤ ᠠᠬᠤᠶᠢᠯᠠᠯᠲᠠᠨ ᠤ ᠨᠡᠶᠢᠭᠡᠮᠯᠢᠭ ᠤᠨ ᠬᠥᠭᠵᠢᠯᠲᠡ ᠶᠢ ᠢᠳᠡᠪᠬᠢᠲᠡᠶ ᠠᠬᠢᠭᠤᠯᠵᠤ᠂ ᠪᠥᠬᠦ ᠬᠤᠰᠢᠭᠤᠨ ᠤ ᠠᠵᠤ ᠠᠬᠤᠶ | ᠨᠡᠶᠢᠭᠡᠮ ᠤᠨ ᠬᠥᠭᠵᠢᠯᠲᠡ ᠶᠢ ᠠᠬᠢᠭᠤᠯᠬᠤ ᠳᠤ ᠢᠳᠡᠪᠬᠢᠲᠡᠶ ᠬᠤᠪᠢ ᠨᠡᠮᠡᠷᠢ ᠦᠵᠡᠭᠦᠯᠦᠨ᠎ᠡ ᠭᠡᠵᠦ ᠢᠯᠡᠳᠬᠡᠪᠡ᠃ | ᠬᠤᠷᠠᠯ ᠳᠡᠭᠡᠷ᠎ᠡ᠂ ᠤᠷᠠᠳ ᠤᠨ ᠡᠮᠦᠨᠡᠲᠦ ᠬᠤᠰᠢᠭᠤᠨ ᠤ ᠡᠮᠡᠭᠲᠡᠶ ᠠᠵᠤ ᠠᠬᠤᠶᠢᠯᠠᠯᠲᠠᠨ ᠤ ᠨᠡᠶᠢᠭᠡᠮᠯᠢᠭ ᠤᠨ ᠫᠠᠶᠢᠰᠠ ᠰᠡᠬᠦᠬᠦ ᠶᠣᠰᠣᠯᠠᠯ ᠶᠠᠪᠤᠭᠳᠠᠵᠤ᠂ | ᠪᠠᠰᠠ ᠭᠡᠰᠢᠭᠦᠨ ᠨᠢᠭᠡᠴᠢ ᠵᠢᠴᠢ ᠡᠪᠯᠡᠯ ᠤᠨ ᠳᠠᠷᠤᠭ᠎ᠠ᠂ ᠨᠡᠶᠢᠭᠡᠮᠯᠢᠭ ᠤᠨ ᠳᠡᠳ᠋ ᠳᠠᠷᠤᠭ᠎ᠠ ᠨᠠᠷ ᠲᠤ ᠫᠠᠶᠢᠰᠠ ᠣᠯᠭᠤᠪᠠ᠃ | |