ᠤᠷᠠᠳ ᠤᠨ ᠡᠮᠦᠨᠡᠲᠦ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠱᠠᠨᠰᠢ ᠶᠢᠨ ᠹᠧᠩ ᠰᠢᠤᠸᠠᠢ ᠨᠧᠩ ᠪᠡᠯᠡ ᠣᠷᠣᠭᠤᠯᠤᠯᠲᠠ ᠶᠢᠨ ᠰᠢᠨ᠎ᠡ ᠡᠨᠧᠷᠭᠢ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ ᠲᠠᠢ ᠭᠡᠷ᠎ᠡ ᠲᠣᠭᠲᠠᠪᠠ
ᠨᠡᠶᠢᠲᠡᠯᠡᠭᠰᠡᠨ ᠴᠠᠭ᠄
2023/8/23
      ᠠᠭᠤᠯᠠ ᠬᠦᠳᠡᠭᠡ ᠶᠢᠨ ᠣᠨᠴᠠᠯᠢᠭᠲᠤ ᠠᠵᠤ ᠦᠢᠯᠡᠰ ᠢ ᠤᠯᠠᠮ ᠨᠢᠭᠡ ᠠᠯᠬᠤᠮ ᠪᠤᠵᠠᠭᠠᠶᠢᠷᠠᠭᠤᠯᠤᠨ ᠬᠦᠴᠦᠷᠬᠡᠭᠵᠢᠭᠦᠯᠬᠦ ᠶᠢᠨ ᠲᠥᠯᠥᠭᠡ᠂ 8 ᠰᠠᠷ᠎ᠠ ᠶᠢᠨ 18 ᠤ ᠡᠳᠦᠷ᠂ ᠤᠷᠠᠳ ᠤᠨ ᠡᠮᠦᠨᠡᠲᠦ ᠬᠤᠰᠢᠭᠤᠨ ᠤ ᠵᠠᠰᠠᠭ ᠤᠨ ᠣᠷᠳᠣᠨ ᠱᠠᠨᠰᠢ ᠶᠢᠨ ᠹᠧᠩ ᠰᠢᠤᠸᠠᠢ ᠨᠧᠩ ᠪᠡᠯᠡ ᠣᠷᠣᠭᠤᠯᠤᠯᠲᠠ ᠶᠢᠨ ᠰᠢᠨ᠎ᠡ ᠡᠨᠧᠷᠭᠢ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ ᠲᠠᠢ ᠬᠠᠮᠲᠤᠷᠠᠨ ᠤᠷᠠᠳ ᠤᠨ ᠡᠮᠦᠨᠡᠲᠦ ᠬᠤᠰᠢᠭᠤᠨ ᠤ ᠣᠳᠣ ᠦᠶ᠎ᠡ ᠶᠢᠨ ᠤᠶᠤᠨᠲᠤ ᠲᠠᠷᠢᠶᠠᠯᠠᠩ ᠤᠨ ᠵᠢᠱᠢᠶ᠎ᠡ ᠦᠵᠡᠭᠦᠯᠬᠦ ᠰᠠᠭᠤᠷᠢᠨ ᠭᠠᠵᠠᠷ ᠤᠨ ᠲᠥᠷᠥᠯ ᠵᠦᠢᠯ ᠤᠨ ᠲᠤᠬᠠᠶ ᠵᠢᠩᠬᠢᠨᠢ ᠪᠠᠷ ᠭᠡᠷ᠎ᠡ ᠲᠣᠭᠲᠠᠪᠠ᠃ ᠬᠤᠰᠢᠭᠤᠨ ᠤ ᠤᠳᠤᠷᠢᠳᠤᠯᠭ᠎ᠠ ᠸᠠᠩ ᠵᠢᠶᠦ᠋ᠨ ᠵᠢᠶᠧ᠂ ᠪᠢᠶᠠᠨ ᠴᠢᠶᠣᠤ ᠬᠤᠩ᠂ ᠱᠠᠨᠰᠢ ᠶᠢᠨ ᠹᠧᠩ ᠰᠢᠤᠸᠠᠢ ᠨᠧᠩ ᠪᠡᠯᠡ ᠣᠷᠣᠭᠤᠯᠤᠯᠲᠠ ᠶᠢᠨ ᠰᠢᠨ᠎ᠡ ᠡᠨᠧᠷᠭᠢ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠢᠵᠠᠭᠠᠷᠲᠤ ᠺᠣᠮᠫᠠᠨᠢ ᠶᠢᠨ ᠬᠡᠷᠡᠭ ᠮᠡᠳᠡᠭᠴᠢᠳ ᠤᠨ ᠳᠠᠷᠤᠭ᠎ᠠ ᠪᠠᠢ ᠢᠦᠢ ᠹᠧᠩ ᠵᠢᠴᠢ ᠬᠤᠰᠢᠭᠤᠨ ᠤ ᠲᠠᠷᠢᠶᠠᠯᠠᠩ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠣᠪᠴᠢᠶ᠎ᠠ᠂ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ᠂ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠪᠡᠯᠡ ᠣᠷᠣᠭᠤᠯᠤᠯᠲᠠ ᠶᠢ ᠠᠬᠢᠭᠤᠯᠬᠤ ᠲᠥᠪ᠂ ᠮᠤᠨᠠ ᠠᠭᠤᠯᠠ ᠪᠠᠯᠭᠠᠰᠤ᠂ ᠰᠢ ᠱᠠᠨ ᠽᠦᠢ ᠲᠠᠷᠢᠶᠠᠯᠠᠩ ᠤᠨ ᠲᠠᠯᠠᠪᠠᠢ᠂ ᠲᠠᠷᠢᠶᠠᠯᠠᠩ ᠤᠨ ᠬᠥᠭᠵᠢᠯᠲᠡ ᠶᠢᠨ ᠺᠣᠮᠫᠠᠨᠢ ᠪᠣᠯᠤᠨ ᠱᠠᠨᠰᠢ ᠶᠢᠨ ᠹᠧᠩ ᠰᠢᠤᠸᠠᠢ ᠨᠧᠩ ᠪᠡᠯᠡ ᠣᠷᠣᠭᠤᠯᠤᠯᠲᠠ ᠶᠢᠨ ᠰᠢᠨ᠎ᠡ ᠡᠨᠧᠷᠭᠢ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠢᠵᠠᠭᠠᠷᠲᠤ ᠺᠣᠮᠫᠠᠨᠢ ᠶᠢᠨ ᠬᠠᠮᠢᠶ᠎ᠠ ᠪᠦᠬᠦᠢ ᠬᠠᠷᠢᠭᠤᠴᠠᠯᠭᠠᠲᠠᠨ ᠭᠠᠷ ᠤᠨ ᠦᠰᠦᠭ ᠵᠢᠷᠤᠬᠤ ᠶᠣᠰᠣᠯᠠᠯ ᠳᠤ ᠣᠷᠣᠯᠴᠠᠪᠠ᠃       ᠭᠡᠷ᠎ᠡ ᠲᠣᠭᠲᠠᠬᠤ ᠶᠣᠰᠣᠯᠠᠯ ᠳᠡᠭᠡᠷ᠎ᠡ᠂ ᠬᠤᠷᠠᠯ ᠳᠤ ᠣᠷᠣᠯᠴᠠᠭᠰᠠᠳ ᠱᠠᠨᠰᠢ ᠶᠢᠨ ᠹᠧᠩ ᠰᠢᠤᠸᠠᠢ ᠨᠧᠩ ᠪᠡᠯᠡ ᠣᠷᠣᠭᠤᠯᠤᠯᠲᠠ ᠶᠢᠨ ᠰᠢᠨ᠎ᠡ ᠡᠨᠧᠷᠭᠢ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠢᠵᠠᠭᠠᠷᠲᠤ ᠺᠣᠮᠫᠠᠨᠢ ᠶᠢᠨ ᠤᠬᠠᠭᠤᠯᠭ᠎ᠠ ᠶᠢᠨ ᠹᠢᠯᠢᠮ ᠢ ᠰᠣᠨᠢᠷᠬᠠᠪᠠ᠃ ᠺᠣᠮᠫᠠᠨᠢ ᠶᠢᠨ ᠬᠡᠷᠡᠭ ᠮᠡᠳᠡᠭᠴᠢᠳ ᠤᠨ ᠳᠠᠷᠤᠭ᠎ᠠ ᠲᠥᠰᠦᠯ ᠢ ᠬᠡᠷᠡᠭᠵᠢᠭᠦᠯᠬᠦ ᠠᠬᠤᠶ ᠪᠠᠶᠢᠳᠠᠯ᠂ ᠲᠥᠯᠥᠪᠯᠡᠭᠡ ᠪᠠ ᠪᠦᠲᠦᠭᠡᠨ ᠪᠠᠶᠢᠭᠤᠯᠤᠯᠲᠠ ᠶᠢᠨ ᠠᠭᠤᠯᠭ᠎ᠠ ᠶᠢ ᠲᠠᠨᠢᠯᠴᠠᠭᠤᠯᠪᠠ᠃       ᠲᠠᠷᠠᠭ᠎ᠠ ᠨᠢ᠂ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠳᠡᠳ᠋ ᠬᠤᠰᠢᠭᠤ ᠳᠠᠷᠤᠭ᠎ᠠ ᠪᠢᠶᠠᠨ ᠴᠢᠶᠣᠤ ᠬᠤᠩ ᠤᠷᠠᠳ ᠤᠨ ᠡᠮᠦᠨᠡᠲᠦ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠢ ᠲᠥᠯᠥᠭᠡᠯᠡᠨ ᠱᠠᠨᠰᠢ ᠶᠢᠨ ᠹᠧᠩ ᠰᠢᠤᠸᠠᠢ ᠨᠧᠩ ᠪᠡᠯᠡ ᠣᠷᠣᠭᠤᠯᠤᠯᠲᠠ ᠶᠢᠨ ᠰᠢᠨ᠎ᠡ ᠡᠨᠧᠷᠭᠢ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ  ᠬᠢᠵᠠᠭᠠᠷᠲᠤ  ᠺᠣᠮᠫᠠᠨᠢ  ᠶᠢᠨ  ᠬᠡᠷᠡᠭ  ᠮᠡᠳᠡᠭᠴᠢᠳ  ᠤᠨ  ᠳᠠᠷᠤᠭ᠎ᠠ  ᠪᠠᠢ  ᠢᠦᠢ  ᠹᠧᠩ  ᠲᠠᠢ  ᠬᠠᠮᠲᠤ  ᠪᠠᠷ  ︽ᠤᠷᠠᠳ ᠤᠨ ᠡᠮᠦᠨᠡᠲᠦ ᠬᠤᠰᠢᠭᠤᠨ ᠤ ᠤᠳᠤ ᠦᠶ᠎ᠡ ᠶᠢᠨ ᠤᠶᠤᠨᠲᠤ ᠲᠠᠷᠢᠶᠠᠯᠠᠩ ᠤᠨ ᠵᠢᠱᠢᠶ᠎ᠡ ᠦᠵᠡᠭᠦᠯᠬᠦ ᠰᠠᠭᠤᠷᠢᠨ ᠤ ᠲᠦᠷᠦᠯ ᠵᠦᠢᠯ ᠤᠨ ᠬᠠᠮᠲᠤᠷᠠᠯᠴᠠᠭᠠᠨ ᠤ ᠵᠥᠪᠯᠡᠯᠴᠡᠭᠡᠷ︾ ᠲᠤ ᠭᠠᠷ ᠤᠨ ᠦᠰᠦᠭ ᠵᠢᠷᠤᠪᠠ᠃       ᠤᠷᠠᠳ ᠤᠨ ᠡᠮᠦᠨᠡᠲᠦ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠬᠤᠰᠢᠭᠤ ᠳᠠᠷᠤᠭ᠎ᠠ ᠸᠠᠩ ᠵᠢᠶᠦ᠋ᠨ ᠵᠢᠶᠧ ᠢᠯᠡᠷᠬᠡᠶᠢᠯᠡᠬᠦ ᠳᠡᠭᠡᠨ᠂ ᠬᠤᠶᠠᠷ ᠲᠠᠯ᠎ᠠ ᠪᠠᠷ ᠢᠶᠠᠨ ︽ᠬᠠᠮᠲᠤᠷᠠᠯᠴᠠᠭᠠᠨ ᠤ ᠵᠥᠪᠯᠡᠯᠴᠡᠭᠡᠷ︾ ᠤᠨ ᠱᠠᠭᠠᠷᠳᠠᠯᠭ᠎ᠠ ᠶᠢ ᠦᠨᠳᠦᠰᠦᠯᠡᠨ᠂ ᠨᠡᠪᠲᠡᠷᠡᠯᠴᠡᠭᠡ ᠬᠠᠮᠵᠢᠯᠴᠠᠭ᠎ᠠ ᠪᠠᠨ ᠴᠢᠩᠭᠠᠳᠬᠠᠵᠤ᠂ ᠤᠷᠠᠳ ᠤᠨ ᠡᠮᠦᠨᠡᠲᠦ ᠬᠤᠰᠢᠭᠤ ᠶᠢ ᠠᠯᠢ ᠲᠦᠷᠭᠡᠨ ᠢᠶᠠᠷ ᠰᠢᠨ᠎ᠡ ᠡᠨᠧᠷᠭᠢ ᠶᠢᠨ ᠠᠵᠤ ᠦᠢᠯᠡᠰ ᠤᠨ ᠬᠥᠭᠵᠢᠯᠲᠡ ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠵᠡᠷᠭᠡ ᠲᠠᠯ᠎ᠠ ᠪᠠᠷ ᠰᠢᠨ᠎ᠡ ᠦᠷ᠎ᠡ ᠪᠦᠲᠦᠮᠵᠢ ᠣᠯᠵᠤ᠂ ᠰᠢᠨ᠎ᠡ ᠳᠡᠭᠲᠡᠷ ᠲᠤ ᠭᠠᠷᠭᠠᠬᠤ ᠶᠢ ᠬᠦᠰᠡᠵᠦ ᠪᠠᠶᠢᠨ᠎ᠠ ᠭᠡᠵᠡᠶ᠃ ᠡᠯ᠎ᠡ ᠬᠠᠮᠢᠶ᠎ᠠ ᠪᠥᠬᠦᠶ ᠰᠠᠯᠠᠭ᠎ᠠ ᠮᠥᠴᠢᠷ ᠨᠢᠭᠡᠴᠢ ᠨᠢ ᠰᠢᠨ᠎ᠡ ᠡᠨᠧᠷᠭᠢ ᠶᠢᠨ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢᠨ ᠡᠯ᠎ᠡ ᠵᠦᠢᠯ ᠤᠨ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠲᠦᠷᠭᠡᠳᠬᠡᠨ ᠠᠬᠢᠭᠤᠯᠵᠤ᠂ ᠬᠡᠯᠡᠯᠴᠡᠭᠡᠷ ᠤᠨ ᠱᠠᠭᠠᠷᠳᠠᠯᠭ᠎ᠠ ᠶᠢ ᠦᠨᠳᠦᠰᠦᠯᠡᠨ᠂ ᠡᠭᠦᠷᠭᠡ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠶᠣᠰᠣᠭᠠᠷ᠂ ᠰᠠᠨᠠᠭᠠᠴᠢᠯᠠᠭ᠎ᠠ ᠠᠴᠠ ᠪᠠᠨ ᠵᠣᠬᠢᠴᠠᠭᠤᠯᠤᠨ ᠦᠢᠯᠡᠴᠢᠯᠡᠵᠦ᠂ ᠱᠠᠯᠠᠪᠳᠠᠨ ᠠᠵᠢᠯ ᠡᠬᠢᠯᠡᠭᠦᠯᠵᠦ᠂ ᠪᠠᠶᠢᠯᠳᠤᠬᠤ ᠪᠣᠳᠣᠯᠭ᠎ᠠ ᠶᠢᠨ ᠬᠠᠮᠲᠤᠷᠠᠯᠴᠠᠭ᠎ᠠ ᠶᠢ ᠪᠣᠳᠠᠲᠠᠶ ᠥᠷᠨᠢᠭᠦᠯᠦᠨ᠂ ᠬᠤᠶᠠᠷ ᠲᠠᠯ᠎ᠠ  ᠶᠢᠨ  ᠳᠣᠭᠢᠷᠠᠯᠴᠠᠭᠰᠠᠨ  ᠬᠠᠮᠲᠤ  ᠶᠢᠨ  ᠲᠠᠨᠢᠯᠲᠠ  ᠶᠢ  ᠦᠨᠡᠨᠬᠦ  ᠪᠣᠳᠠᠲᠠᠶᠢᠵᠢᠭᠤᠯᠤᠨ  ᠨᠠᠶᠢᠳᠠᠪᠤᠷᠢᠵᠢᠭᠤᠯᠵᠤ ᠂ ᠬᠠᠮᠲᠤᠷᠠᠯᠴᠠᠭᠠᠨ ᠤ ᠬᠡᠯᠡᠯᠴᠡᠭᠡᠷ ᠤᠨ  ᠠᠭᠤᠯᠭ᠎ᠠ ᠶᠢ ᠪᠣᠳᠠᠲᠠᠶ ᠲᠥᠷᠥᠯ ᠵᠦᠢᠯ ᠪᠣᠯᠭᠠᠨ ᠬᠤᠪᠢᠷᠠᠭᠤᠯᠵᠤ ᠪᠣᠳᠠᠲᠠᠶ ᠳᠤ ᠨᠠᠶᠢᠳᠠᠪᠤᠷᠢᠵᠢᠭᠤᠯᠤᠨ᠎ᠠ ᠭᠡᠪᠡ᠃       ᠣᠶᠢᠯᠠᠭᠠᠭᠰᠠᠨ ᠢᠶᠠᠷ᠂ ᠭᠠᠵᠠᠷ ᠣᠷᠣᠨ ᠤ ᠲᠣᠭᠠᠴᠢᠯᠠᠭᠰᠠᠨ ᠤᠶᠤᠨᠲᠤ ᠲᠠᠷᠢᠶᠠᠯᠠᠩ ᠤᠨ ᠪᠥᠬᠦ ᠲᠠᠯ᠎ᠠ ᠶᠢᠨ ᠬᠥᠭᠵᠢᠯᠲᠡ ᠶᠢ ᠠᠬᠢᠭᠤᠯᠵᠤ᠂ ᠲᠠᠷᠢᠶᠠᠯᠠᠩ ᠤᠨ ᠨᠢᠭᠡᠳᠦᠭᠡᠷ᠂ ᠬᠤᠶᠠᠳᠤᠭᠠᠷ᠂ ᠭᠤᠷᠪᠠᠳᠤᠭᠠᠷ ᠠᠵᠤ ᠦᠢᠯᠡᠰ ᠤᠨ ᠣᠷᠭᠠᠨᠢᠭ ᠠᠭᠤᠰᠤᠯᠴᠠᠯ ᠢ ᠲᠦᠷᠭᠡᠳᠬᠡᠬᠦ ᠶᠢᠨ ᠲᠥᠯᠥᠭᠡ᠂ ᠬᠤᠰᠢᠭᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠠᠴᠠ ᠱᠠᠨᠰᠢ ᠶᠢᠨ  ᠹᠧᠩ ᠰᠢᠤᠸᠠᠢ ᠨᠧᠩ ᠪᠠᠯᠠ ᠣᠷᠣᠭᠤᠯᠤᠯᠲᠠ ᠶᠢᠨ ᠰᠢᠨ᠎ᠡ ᠡᠨᠧᠷᠭᠢ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ ᠶᠢ ᠢᠳᠡᠪᠬᠢᠲᠡᠶ ᠣᠷᠣᠭᠤᠯᠤᠨ ᠠᠪᠴᠢᠷᠠᠵᠤ ᠤᠷᠠᠳ ᠤᠨ ᠡᠮᠦᠨᠡᠲᠦ ᠬᠤᠰᠢᠭᠤᠨ ᠤ ᠲᠣᠭᠠᠴᠢᠯᠠᠭᠰᠠᠨ ᠤᠶᠤᠨᠲᠤ ᠲᠠᠷᠢᠶᠠᠯᠠᠩ ᠤᠨ ᠵᠢᠱᠢᠶ᠎ᠡ ᠦᠵᠡᠭᠦᠯᠬᠦ ᠰᠠᠭᠤᠷᠢᠨ ᠢ ᠪᠠᠶᠢᠭᠤᠯᠪᠠ᠃ ᠲᠥᠷᠥᠯ ᠵᠦᠢᠯ ᠳᠤ ᠨᠡᠶᠢᠲᠡ 15 ᠳ᠋ᠦᠩᠰᠢᠭᠤᠷ ᠲᠥᠭᠦᠷᠢᠭ ᠤᠨ ᠪᠠᠯᠠ ᠣᠷᠣᠭᠤᠯᠬᠤ ᠪᠠᠷ ᠲᠥᠯᠥᠪᠯᠡᠵᠦ᠂ ᠳᠠᠷᠢᠵᠤ ᠲᠡᠵᠢᠭᠡᠨ ᠦᠷᠡᠵᠢᠭᠦᠯᠬᠦ ᠦᠢᠯᠡᠳᠪᠦᠷᠢᠯᠡᠯ ᠤᠨ ᠣᠷᠣᠨ᠂ ᠰᠠᠭᠤᠷᠢ ᠪᠡᠯᠡᠳᠬᠡᠮᠵᠢ ᠶᠢᠨ ᠪᠥᠲᠥᠭᠡᠨ ᠪᠠᠶᠢᠭᠤᠯᠤᠯᠲᠠ ᠶᠢᠨ ᠣᠷᠣᠨ᠂ ᠰᠠᠭᠤᠷᠢᠨ ᠭᠠᠵᠠᠷ ᠤᠨ ᠡᠵᠡᠩᠨᠡᠯᠲᠡ ᠬᠠᠮᠢᠶᠠᠷᠤᠯᠲᠠ ᠶᠢᠨ ᠣᠷᠣᠨ ᠵᠡᠷᠭᠡ ᠭᠤᠷᠪᠠᠨ ᠴᠢᠳᠠᠮᠵᠢᠲᠤ ᠣᠷᠣᠨ ᠢ ᠪᠣᠶ ᠪᠣᠯᠭᠠᠬᠤ ᠪᠠᠷ ᠭᠤᠤᠯ ᠪᠥᠲᠥᠭᠡᠨ ᠪᠠᠶᠢᠭᠤᠯᠤᠯᠲᠠ ᠶᠢᠨ ᠠᠭᠤᠯᠭ᠎ᠠ ᠪᠣᠯᠭᠠᠵᠤ᠂ ᠤᠰᠤ ᠪᠠᠷ ᠪᠤᠶᠢᠵᠢᠭᠤᠯᠬᠤ᠂ ᠤᠰᠤ ᠪᠣᠷᠲᠣᠭᠤᠷ ᠢ ᠨᠢᠭᠡ ᠴᠣᠭᠴᠠᠵᠢᠭᠤᠯᠬᠤ᠂ ᠠᠮᠢᠳᠤ ᠪᠣᠳᠠᠰ ᠵᠡᠷᠭᠡ ᠶᠢᠨ ᠲᠥᠬᠦᠭᠡᠷᠦᠮᠵᠢ ᠪᠠ ᠰᠠᠭᠤᠷᠢ ᠡᠳ᠋ ᠳᠠᠷᠢᠬᠤ ᠮᠡᠷᠭᠡᠵᠢᠯ ᠢ ᠬᠡᠷᠡᠭᠯᠡᠨ᠂ ᠳᠠᠷᠢᠬᠤ ᠶᠢᠨ ᠠᠷᠭ᠎ᠠ ᠥᠬᠡᠶ ᠬᠦᠨᠳᠦ ᠬᠡᠮᠵᠢᠶᠡᠨ ᠤ ᠬᠤᠵᠢᠷᠯᠢᠭ ᠭᠠᠵᠠᠷ ᠢ ᠪᠦᠲᠦᠮᠵᠢᠲᠡᠶ ᠠᠰᠢᠭᠯᠠᠵᠤ᠂ ᠦᠢᠯᠡᠳᠪᠦᠷᠢᠯᠡᠬᠦ᠂ ᠬᠦᠢᠲᠡᠨ ᠢᠶᠠᠷ ᠬᠠᠳᠠᠭᠠᠯᠠᠬᠤ᠂ ᠪᠠᠷᠠᠭᠠᠨ ᠤ ᠭᠦᠢᠯᠭᠡᠭᠡ᠂ ᠪᠣᠷᠣᠯᠠᠭᠤᠯᠬᠤ ᠪᠠ ᠭᠠᠳᠠᠭᠠᠳᠤ ᠳᠤ ᠭᠠᠷᠭᠠᠬᠤ ᠶᠢ ᠨᠢᠭᠡ ᠴᠣᠭᠴᠠᠵᠢᠭᠤᠯᠤᠭᠰᠠᠨ ︽ᠢᠳᠡᠰᠢᠨ ᠨᠣᠭᠤᠭ᠎ᠠ ᠶᠢᠨ ᠦᠢᠯᠡᠳᠪᠦᠷᠢ︾ ᠶᠢ ᠪᠠᠶᠢᠭᠤᠯᠵᠤ᠂ ᠬᠤᠵᠢᠷᠯᠢᠭ ᠭᠠᠵᠠᠷ ᠢ ᠰᠠᠶᠢᠵᠢᠷᠠᠭᠤᠯᠬᠤ ᠪᠠ ᠬᠡᠪᠴᠢᠶᠡᠵᠢᠭᠦᠯᠦᠨ ᠡᠵᠡᠩᠨᠡᠬᠦ ᠶᠢ ᠡᠮᠬᠢᠯᠡᠨ ᠨᠡᠶᠢᠯᠡᠭᠦᠯᠵᠦ ᠠᠬᠢᠭᠤᠯᠤᠨ᠎ᠠ᠃       ᠲᠣᠰ ᠲᠥᠷᠥᠯ ᠵᠦᠢᠯ ᠢ ᠨᠠᠶᠢᠳᠠᠪᠤᠷᠢᠵᠢᠭᠤᠯᠤᠭᠰᠠᠨ ᠤ ᠳᠠᠷᠠᠭ᠎ᠠ᠂ ᠵᠢᠱᠢᠯᠲᠡ ᠪᠠᠷ ᠵᠢᠯ ᠤᠨ ᠦᠢᠯᠡᠳᠭᠦᠨ ᠤ ᠥᠷᠲᠡᠭ ᠨᠢ 6.01 ᠳ᠋ᠦᠩᠰᠢᠭᠤᠷ ᠲᠥᠭᠦᠷᠢᠭ ᠲᠤ ᠬᠦᠷᠴᠦ᠂ ᠵᠢᠯ ᠤᠨ ᠴᠡᠪᠡᠷ ᠠᠰᠢᠭ ᠬᠤᠨᠵᠢᠪᠣᠷᠢ ᠨᠢ 2.1 ᠳ᠋ᠦᠩᠰᠢᠭᠤᠷ ᠲᠥᠭᠦᠷᠢᠭ ᠪᠣᠯᠤᠨ᠎ᠠ᠃ ᠲᠥᠷᠥᠯ ᠵᠦᠢᠯ ᠨᠢ 100 ᠬᠥᠮᠦᠨ ᠤ ᠠᠵᠢᠯ ᠣᠯᠭᠤᠯᠲᠠ ᠶᠢ ᠰᠢᠭᠤᠳ ᠳᠠᠶᠢᠴᠢᠯᠠᠵᠤ᠂ ᠲᠤᠬᠠᠶ ᠶᠢᠨ ᠭᠠᠵᠠᠷ ᠤᠨ 1000 ᠭᠠᠷᠤᠶ ᠬᠥᠮᠦᠨ ᠤ ᠠᠵᠢᠯ ᠣᠯᠭᠤᠯᠲᠠ ᠶᠢ ᠳᠠᠮ ᠢᠶᠠᠷ ᠳᠠᠶᠢᠴᠢᠯᠠᠬᠤ ᠶᠢᠨ ᠬᠠᠮᠲᠤ ᠲᠠᠷᠢᠶᠠᠯᠠᠩ ᠤᠨ ᠮᠡᠷᠭᠡᠵᠢᠯ᠂ ᠬᠠᠩᠭᠠᠯᠭ᠎ᠠ ᠶᠢᠨ ᠬᠡᠯᠬᠢᠶ᠎ᠡ ᠶᠢᠨ ᠬᠠᠮᠢᠶᠠᠷᠤᠯᠲᠠ᠂ ᠲᠠᠷᠢᠶᠠᠯᠠᠩ ᠤᠨ ᠮᠥᠩᠭᠦᠨ ᠭᠦᠢᠯᠭᠡᠭᠡ ᠵᠡᠷᠭᠡ ᠬᠦᠷᠢᠶᠡᠨ ᠳᠠᠬᠢ ᠴᠢᠳᠠᠪᠤᠷᠢᠲᠠᠨ ᠢ 100 ᠰᠢᠬᠠᠮ ᠲᠠᠲᠠᠬᠤ ᠪᠣᠯᠤᠨ᠎ᠠ᠃ ᠲᠥᠷᠥᠯ ᠵᠦᠢᠯ ᠨᠢ ᠪᠣᠬᠢᠷᠲᠤᠯ ᠥᠬᠡᠶ ᠪᠠᠷ ᠬᠡᠯᠪᠡᠷᠢ ᠪᠠᠨ ᠬᠤᠪᠢᠷᠠᠭᠤᠯᠬᠤ᠂ ᠲᠣᠭᠠᠴᠢᠯᠠᠬᠤ ᠶᠢ ᠳᠡᠭᠡᠭᠰᠢᠯᠡᠭᠦᠯᠬᠦ ᠪᠠᠷ ᠳᠡᠮᠵᠢᠨ᠂ ᠲᠤᠬᠠᠶ ᠶᠢᠨ ᠭᠠᠵᠠᠷ ᠤᠨ ᠠᠵᠤ ᠦᠢᠯᠡᠰ ᠤᠨ ᠲᠠᠰ ᠳᠡᠪᠰᠢᠬᠦ᠂ ᠠᠶᠢᠯ ᠲᠣᠰᠬᠤᠨ ᠤ ᠡᠵᠡᠩᠨᠡᠯᠲᠡ ᠶᠢᠨ ᠬᠦᠴᠢᠷ ᠠᠰᠠᠭᠤᠳᠠᠯ ᠢ ᠰᠢᠢᠳᠪᠦᠷᠢᠯᠡᠵᠦ᠂ ᠥᠪᠡᠷᠮᠢᠴᠡ ᠣᠨᠴᠠᠯᠢᠭ ᠲᠠᠢ ᠬᠥᠭᠵᠢᠯᠲᠡ ᠶᠢᠨ ᠵᠠᠭᠪᠤᠷ ᠢ ᠰᠦᠪᠡᠭᠴᠢᠯᠡᠨ ᠪᠠᠶᠢᠭᠤᠯᠵᠤ᠂ ᠤᠶᠤᠨᠲᠤ ᠲᠠᠷᠢᠶᠠᠯᠠᠩ ᠤᠨ ᠬᠦᠷᠢᠶᠡᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠪᠡᠶ᠎ᠡ ᠪᠠᠨ ᠳᠠᠭᠠᠭᠠᠵᠤ ᠬᠦᠴᠦᠷᠬᠡᠭᠵᠢᠬᠦ ᠶᠢ ᠪᠡᠶᠡᠯᠡᠭᠦᠯᠵᠦ᠂ ᠭᠠᠵᠠᠷ ᠣᠷᠣᠨ ᠤ ᠠᠵᠤ ᠠᠬᠤᠶ ᠶᠢᠨ ᠬᠥᠭᠵᠢᠯᠲᠡ ᠶᠢ ᠪᠥᠬᠦ ᠲᠠᠯ᠎ᠠ ᠪᠠᠷ ᠳᠠᠶᠢᠴᠢᠯᠠᠬᠤ ᠪᠣᠯᠤᠨ᠎ᠠ᠃
ᠢᠷᠡᠯᠲᠡ᠄ ᠤᠷᠠᠳ ᠤᠨ ᠡᠮᠦᠨᠡᠲᠦ ᠬᠤᠰᠢᠭᠤᠨ ᠤ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ