ᠬᠠᠩᠭᠢᠨ ᠬᠤᠶᠢᠲᠤ ᠬᠤᠰᠢᠭᠤ ᠪᠥᠬᠦ ᠬᠤᠲᠠ ᠶᠢᠨ ︽ᠪᠥᠬᠦ ᠤᠯᠤᠰ ᠤᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶ᠎ᠡ ᠦᠵᠡᠭᠦᠯᠬᠦ ᠬᠤᠲᠠ︾  ᠶᠢ ᠡᠭᠦᠳᠦᠨ ᠪᠠᠶᠢᠭᠤᠯᠬᠤ ᠶᠢ ᠨᠠᠶᠢᠳᠠᠪᠤᠷᠢᠵᠢᠭᠤᠯᠬᠤ ᠠᠵᠢᠯ ᠢ ᠠᠬᠢᠭᠤᠯᠬᠤ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2023/8/23
      8 ᠰᠠᠷ᠎ᠠ ᠶᠢᠨ 17 ᠤ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠳᠠᠷᠤᠭ᠎ᠠ ᠰᠦᠨ ᡁᠢ ᠭᠠᠩ ᠪᠥᠬᠦ ᠬᠤᠲᠠ ᠶᠢᠨ ︽ᠪᠥᠬᠦ ᠤᠯᠤᠰ ᠤᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶ᠎ᠡ ᠦᠵᠡᠭᠦᠯᠬᠦ ᠬᠤᠲᠠ︾ ᠶᠢ ᠡᠭᠦᠳᠦᠨ ᠪᠠᠶᠢᠭᠤᠯᠬᠤ ᠶᠢ ᠨᠠᠶᠢᠳᠠᠪᠤᠷᠢᠵᠢᠭᠤᠯᠬᠤ ᠠᠵᠢᠯ ᠢ ᠳᠥᠯᠭᠢᠨ ᠠᠬᠢᠭᠤᠯᠬᠤ ᠬᠤᠷᠠᠯ ᠢ ᠡᠷᠭᠢᠯᠡᠨ ᠬᠤᠷᠠᠯᠳᠤᠭᠤᠯᠵᠤ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠡᠭᠦᠳᠦᠨ ᠪᠠᠶᠢᠭᠤᠯᠬᠤ ᠠᠵᠢᠯ ᠢ ᠰᠠᠶᠢᠲᠤᠷ ᠠᠳᠬᠤᠬᠤ ᠬᠠᠷᠢᠭᠤᠴᠠᠯᠭᠠᠲᠤ ᠰᠡᠳᠬᠢᠯᠭᠡ ᠪᠠ ᠡᠭᠦᠷᠭᠡᠲᠦ ᠰᠡᠳᠬᠢᠯᠭᠡ ᠪᠠᠨ ᠴᠢᠩᠭᠠᠳᠬᠠᠵᠤ᠂ ᠳᠤᠲᠠᠭᠤᠳᠠᠯ ᠪᠠᠭᠤᠷᠠᠶ ᠲᠠᠯ᠎ᠠ ᠪᠠᠨ ᠦᠨᠡᠨ ᠬᠦ ᠨᠥᠬᠦᠪᠥᠷᠢᠯᠡᠵᠦ᠂ ᠡᠭᠦᠳᠦᠨ ᠪᠠᠶᠢᠭᠤᠯᠬᠤ ᠠᠵᠢᠯ ᠤᠨ ᠪᠥᠬᠦ ᠲᠠᠯ᠎ᠠ ᠪᠠᠷ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠶᠢ ᠬᠦᠴᠦᠯᠡᠨ ᠠᠬᠢᠭᠤᠯᠬᠤ ᠬᠡᠷᠡᠭᠲᠡᠶ ᠭᠡᠵᠦ ᠴᠢᠬᠤᠯᠠᠴᠢᠯᠠᠪᠠ᠃ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠨᠢᠭᠡᠳᠦᠮᠡᠯ ᠹᠷᠣᠨᠲ ᠤᠨ ᠬᠡᠯᠲᠡᠰ ᠤᠨ ᠳᠠᠷᠤᠭ᠎ᠠ ᠵᠠᠩ ᠪᠦᠦ ᠷᠦᠩ᠂ ᠵᠠᠰᠠᠭ ᠤᠨ ᠣᠷᠳᠣᠨ ᠤ ᠳᠡᠳ᠋ ᠳᠠᠷᠤᠭ᠎ᠠ ᠴᠢᠶᠣᠤ ᠯᠢᠩ ᠵᠢᠶᠦ᠋ᠨ ᠬᠤᠷᠠᠯ ᠳᠤ ᠣᠷᠣᠯᠴᠠᠪᠠ᠃       ᠬᠤᠷᠠᠯ ᠠᠴᠠ ᠡᠭᠦᠳᠦᠨ ᠪᠠᠶᠢᠭᠤᠯᠬᠤ ᠠᠵᠢᠯ ᠤᠨ ᠨᠠᠷᠢᠨ ᠲᠠᠩᠰᠠ ᠶᠢ ᠡᠮᠬᠢᠯᠡᠨ ᠳᠢᠭᠯᠡᠵᠦ᠂ ᠡᠯ᠎ᠡ ᠰᠠᠯᠠᠭ᠎ᠠ ᠮᠥᠴᠢᠷ ᠤᠨ ᠬᠠᠷᠢᠭᠤᠴᠠᠯᠭ᠎ᠠ ᠶᠢ ᠨᠠᠷᠢᠯᠢᠬᠵᠢᠭᠤᠯᠤᠨ ᠵᠠᠳᠠᠯᠤᠭᠰᠠᠨ ᠪᠥᠭᠡᠳ ᠲᠠᠷᠠᠭᠠᠴᠢ ᠶᠢᠨ ᠠᠯᠬᠤᠮ ᠤᠨ ᠠᠵᠢᠯ ᠤᠨ ᠲᠠᠯ᠎ᠠ ᠪᠠᠷ ᠲᠣᠬᠢᠷᠠᠭᠤᠯᠤᠯᠲᠠ ᠪᠠᠶᠢᠷᠢᠯᠠᠭᠤᠯᠤᠯᠲᠠ ᠬᠢᠭᠰᠡᠨ ᠪᠠᠶᠢᠨ᠎ᠠ᠃      ᠰᠦᠨ ᡁᠢ ᠭᠠᠩ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠤᠢ ᠪᠣᠯᠭᠠᠬᠤ ᠪᠠᠷ ᠭᠤᠣᠯ ᠰᠢᠵᠢᠮ ᠪᠣᠯᠭᠠᠵᠤ ᠂ ᠪᠠᠷᠢᠮᠵᠢᠶ᠎ᠡ ᠬᠦᠰᠦᠨᠦᠭᠲᠦ ᠶᠢ ᠴᠢᠩᠭ᠎ᠠ ᠬᠠᠷᠭᠤᠭᠤᠯᠵᠤ᠂ ︽ᠦᠷ᠎ᠡ ᠦᠷ᠎ᠡ ᠪᠠᠨ ᠬᠠᠷᠢᠯᠴᠠᠨ ᠬᠦᠷᠢᠶᠡᠯᠡᠬᠦ · ᠰᠡᠳᠬᠢᠯ ᠢᠶᠠᠨ ᠨᠢᠭᠡᠳᠬᠡᠵᠦ ᠬᠦᠰᠡᠯ ᠵᠡᠭᠦᠳᠦ ᠪᠠᠨ ᠲᠡᠷᠭᠡᠯᠰᠢᠭᠦᠯᠬᠦ︾ ᠭᠤᠣᠯ ᠰᠡᠳᠦᠪᠲᠦ ︽ᠠᠷᠪᠠᠨ ᠨᠢᠭᠡ︾ ᠢᠨᠵᠧᠨᠧᠷᠢᠩ ᠢ ᠴᠢᠩᠭ᠎ᠠ ᠠᠳᠬᠤᠵᠤ᠂ ᠡᠯ᠎ᠡ ᠲᠦᠷᠦᠯ ᠤᠨ ᠰᠣᠶᠣᠯ ᠤᠨ ᠰᠣᠯᠢᠯᠴᠠᠭ᠎ᠠ᠂ ᠰᠣᠶᠣᠯ ᠤᠨ ᠳᠡᠯᠭᠡᠷᠡᠭᠦᠯᠦᠯᠲᠡ ᠵᠡᠷᠭᠡ ᠠᠵᠢᠯᠯᠠᠭ᠎ᠠ ᠶᠢ ᠢᠳᠡᠪᠬᠢᠲᠡᠢ ᠥᠷᠨᠢᠭᠦᠯᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠤᠢ ᠪᠣᠯᠭᠠᠬᠤ ᠶᠢ ᠪᠣᠳᠠᠲᠠᠢ ᠲᠦᠷᠦᠭᠳᠡᠯ ᠲᠠᠢ ᠪᠦᠲᠦᠮᠵᠢᠲᠡᠢ ᠠᠬᠢᠭᠤᠯᠬᠤ ᠬᠡᠷᠡᠭᠲᠡᠢ ᠭᠡᠵᠦ ᠵᠢᠭᠠᠵᠤ ᠭᠠᠷᠭᠠᠪᠠ᠃ ᠤᠬᠠᠭᠤᠯᠭ᠎ᠠ ᠶᠢᠨ ᠡᠷᠴᠢᠮ ᠢᠶᠠᠨ ᠴᠢᠩᠭᠠᠷᠠᠭᠤᠯᠵᠤ᠂ ᠭᠤᠣᠯ ᠰᠡᠳᠦᠪᠲᠦ ᠴᠡᠴᠡᠷᠯᠢᠭ ᠪᠠᠶᠢᠭᠤᠯᠬᠤ᠂ ᠨᠡᠶᠢᠲᠡᠯᠢᠭ ᠦᠯᠢᠭᠡᠷ ᠢ ᠤᠬᠠᠭᠤᠯᠤᠨ ᠲᠠᠶᠢᠯᠪᠤᠷᠢᠯᠠᠬᠤ᠂ ᠶᠠᠷᠢᠶ᠎ᠠ ᠢᠯᠡᠳᠬᠡᠯ ᠤᠨ ᠤᠷᠤᠯᠳᠤᠭᠠᠨ ᠢ ᠵᠣᠬᠢᠶᠠᠨ ᠪᠠᠶᠢᠭᠤᠯᠬᠤ ᠵᠡᠷᠭᠡ ᠤᠯᠠᠨ ᠵᠦᠢᠯ ᠤᠨ ᠬᠡᠯᠪᠡᠷᠢ ᠪᠠᠷ ᠳᠠᠮᠵᠢᠭᠤᠯᠤᠨ ᠬᠠᠮᠤᠷᠬᠤ ᠬᠡᠪᠴᠢᠶ᠎ᠡ ᠪᠠ ᠤᠯᠠᠮᠵᠢᠯᠠᠨ ᠲᠠᠷᠬᠠᠭᠠᠬᠤ ᠴᠢᠳᠠᠪᠤᠷᠢ ᠪᠠᠨ ᠲᠠᠰᠤᠷᠠᠯᠲᠠ ᠦᠭᠡᠢ ᠳᠡᠭᠡᠭᠰᠢᠯᠡᠭᠦᠯᠵᠦ᠂ ︽ᠲᠣᠯᠣᠭᠠᠢ ᠥᠨᠳᠡᠶᠢᠪᠡᠯ ᠦᠵᠡᠵᠦ ᠪᠣᠯᠬᠤ᠂ ᠭᠠᠷ ᠤᠨ ᠠᠶ᠎ᠠ ᠪᠠᠷ ᠰᠤᠷᠴᠤ ᠪᠣᠯᠬᠤ᠂ ᠭᠠᠵᠠᠷ ᠪᠣᠯᠭᠠᠨ ᠳᠤ ᠰᠡᠷᠡᠵᠦ ᠮᠡᠳᠡᠬᠦ︾ ᠡᠭᠦᠳᠦᠨ ᠪᠠᠶᠢᠭᠤᠯᠬᠤ ᠭᠦᠨ ᠵᠤᠵᠠᠭᠠᠨ ᠠᠭᠤᠷ ᠠᠮᠢᠰᠬᠤᠯ ᠢ ᠪᠤᠢ ᠪᠣᠯᠭᠠᠵᠤ᠂ ︽ᠭᠤᠷᠪᠠᠨ ᠰᠠᠯᠵᠤ ᠴᠢᠳᠠᠬᠤ ᠦᠭᠡᠢ︾᠂ ︽ᠲᠦᠷᠪᠡ ᠶᠢ ᠬᠠᠮᠲᠤᠳᠬᠠᠬᠤ︾᠂ ︽ᠲᠠᠪᠤᠨ ᠮᠡᠳᠡᠷᠡᠮᠵᠢ︾ ᠶᠢ ᠦᠨᠳᠦᠰᠦᠲᠡᠨ ᠨᠦᠭᠦᠳ ᠤᠨ ᠤᠯᠠᠨ ᠲᠦᠮᠡᠨ ᠤ ᠰᠡᠳᠬᠢᠯ ᠳᠤ ᠭᠦᠨ ᠦᠨᠳᠦᠰᠦᠯᠡᠭᠦᠯᠬᠦ ᠶᠢ ᠠᠬᠢᠭᠤᠯᠬᠤ ᠬᠡᠷᠡᠭᠲᠡᠢ᠃ ᠰᠦᠨ ᡁᠢ ᠭᠠᠩ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠤᠢ ᠪᠣᠯᠭᠠᠬᠤ ᠶᠢ ᠠᠵᠤ ᠠᠬᠤᠢ ᠶᠢᠨ ᠪᠦᠳᠦᠭᠡᠨ ᠪᠠᠶᠢᠭᠤᠯᠤᠯᠲᠠ᠂ ᠤᠯᠤᠰ ᠲᠦᠷᠦ ᠶᠢᠨ ᠪᠠᠶᠢᠭᠤᠯᠤᠯᠲᠠ᠂ ᠰᠣᠶᠣᠯ ᠤᠨ ᠪᠠᠶᠢᠭᠤᠯᠤᠯᠲᠠ᠂ ᠨᠡᠶᠢᠭᠡᠮ ᠤᠨ ᠪᠠᠶᠢᠭᠤᠯᠤᠯᠲᠠ᠂ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠪᠣᠯᠤᠨ ᠨᠠᠮ ᠤᠨ ᠪᠠᠶᠢᠭᠤᠯᠤᠯᠲᠠ ᠶᠢᠨ ᠡᠯ᠎ᠡ ᠲᠠᠯ᠎ᠠ ᠳᠤ ᠠᠭᠤᠰᠤᠯᠴᠠᠭᠤᠯᠵᠤ᠂  ᠡᠭᠦᠳᠦᠨ  ᠪᠠᠶᠢᠭᠤᠯᠬᠤ  ᠠᠵᠢᠯ  ᠢ  ᠭᠦᠨᠴᠡ  ᠲᠠᠢ ᠂  ᠡᠷᠴᠢᠮ  ᠲᠠᠢ ᠂  ᠭᠡᠷᠡᠯᠲᠦᠴᠡ  ᠲᠠᠢ  ᠪᠣᠯᠭᠠᠬᠤ  ᠬᠡᠷᠡᠭᠲᠡᠢ᠃ ᠡᠯ᠎ᠡ ᠱᠠᠲᠤ ᠡᠯ᠎ᠡ ᠰᠠᠯᠠᠭ᠎ᠠ ᠮᠥᠴᠢᠷ ᠤᠨ ᠬᠢᠨ ᠠᠵᠢᠯ ᠤᠨ ᠢᠶᠠᠨ ︽ᠨᠢᠭᠡ ᠬᠥᠯᠭᠡ ᠰᠢᠲᠠᠷ᠎ᠠ︾ ᠶᠢ ᠪᠠᠷᠢᠮᠲᠠᠯᠠᠵᠤ᠂ ︽ ᠨᠢᠭᠡ ᠰᠡᠳᠬᠢᠯ︾ ᠢ ᠨᠢᠭᠲᠠᠷᠠᠭᠤᠯᠵᠤ᠂ ︽ᠨᠢᠭᠡ ᠬᠦᠴᠦ︾ ᠪᠠᠨ ᠰᠢᠪᠬᠠᠨ᠂ ᠡᠭᠦᠳᠦᠨ ᠪᠠᠶᠢᠭᠤᠯᠬᠤ ᠠᠵᠢᠯ ᠤᠨ ᠬᠠᠮᠲᠤᠷᠠᠯ ᠤᠨ ᠬᠦᠴᠦᠨ ᠢ ᠨᠢᠭᠲᠠᠷᠠᠭᠤᠯᠵᠤ᠂ ᠥᠨᠳᠥᠷ ᠲᠦᠪᠰᠢᠨ ᠲᠠᠢ ᠡᠭᠦᠳᠦᠨ ᠪᠠᠶᠢᠭᠤᠯᠬᠤ ᠪᠠᠷ ᠪᠥᠬᠦ ᠬᠤᠰᠢᠭᠤᠨ ᠤ ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠬᠡᠷᠡᠭᠲᠡᠶ᠃
ᠢᠷᠡᠯᠲᠡ᠄ ᠬᠠᠩᠭᠢᠨ ᠬᠤᠶᠢᠲᠤ ᠬᠤᠰᠢᠭᠤᠨ ᠤ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ