8 ᠰᠠᠷ᠎ᠠ ᠶᠢᠨ 15 ᠤ ᠡᠳᠦᠷ᠂ ᠬᠤᠰᠢᠭᠤᠨ ᠤ ᠨᠠᠮ ᠤᠨ ᠬᠤᠷᠢᠶ᠎ᠠ ᠶᠢᠨ ᠵᠣᠬᠢᠶᠠᠨ ᠪᠠᠶᠢᠭᠤᠯᠬᠤ ᠬᠡᠯᠲᠡᠰ᠂ ᠬᠤᠰᠢᠭᠤᠨ ᠤ ᠨᠠᠮ ᠤᠨ ᠬᠤᠷᠢᠶ᠎ᠠ ᠶᠢᠨ | ᠤᠬᠠᠭᠤᠯᠬᠤ ᠬᠡᠯᠲᠡᠰ᠂ ᠡᠪᠯᠡᠯ ᠤᠨ ᠬᠤᠰᠢᠭᠤᠨ ᠤ ᠨᠠᠮ ᠤᠨ ᠬᠤᠷᠢᠶ᠎ᠠ ᠶᠢᠨ ᠬᠠᠮᠲᠤᠷᠠᠨ ᠡᠷᠭᠢᠯᠡᠭᠰᠡᠨ ︽ᠨᠠᠶᠢᠳᠠᠯᠭ᠎ᠠ ᠶᠢ ᠪᠠᠲᠤ ᠴᠡᠭᠡᠵᠢᠯᠡᠵᠦ · ᠠᠴᠢ ᠬᠠᠷᠢᠭᠤᠯᠠᠵᠤ | ᠡᠷᠡᠯᠬᠡᠭᠯᠡᠨ ᠤᠷᠤᠭᠰᠢᠯᠠᠶ᠎ᠠ︾ ᠭᠡᠬᠦ ᠭᠤᠤᠯ ᠰᠡᠳᠦᠪᠲᠦ ᠶᠠᠷᠢᠶ᠎ᠠ ᠢᠯᠡᠳᠬᠡᠯ ᠤᠨ ᠰᠢᠢᠳᠪᠦᠷᠢᠲᠦ ᠤᠷᠤᠯᠳᠤᠭᠠᠨ ᠥᠨᠳᠥᠷᠯᠡᠵᠦ᠂ 12 ᠲᠠᠮᠢᠷᠴᠢᠨ ᠬᠠᠮᠲᠤ ᠪᠠᠷ | ᠮᠥᠷᠦ᠋ᠢᠴᠡᠵᠦ᠂ ᠲᠣᠰ ᠲᠣᠰ ᠤᠨ ᠡᠷᠳᠡᠮ ᠴᠢᠳᠠᠪᠤᠷᠢ ᠪᠠᠨ ᠭᠠᠶᠢᠬᠠᠭᠤᠯᠪᠠ᠃ | ᠤᠷᠤᠯᠳᠤᠭᠠᠨ ᠤ ᠳᠤᠮᠳᠠ᠂ ᠤᠷᠤᠯᠳᠤᠭᠠᠨ ᠳᠤ ᠣᠷᠣᠯᠴᠠᠭᠰᠠᠳ ᠥᠪᠡᠷ ᠤᠨ ᠠᠵᠢᠯ ᠤᠨ ᠪᠠᠶᠢᠷᠢ ᠶᠢᠨ ᠢᠶᠠᠨ ᠪᠣᠳᠠᠲᠤ ᠪᠠᠶᠢᠳᠠᠯ ᠳᠤ ᠰᠠᠭᠤᠷᠢᠯᠠᠨ᠂ ᠥᠪᠡᠷ | ᠥᠪᠡᠷ ᠤᠨ ᠠᠵᠢᠯ ᠲᠦᠷᠦᠯ ᠤᠨ ᠢᠶᠠᠨ ᠡᠩ ᠤᠨ ᠠᠵᠢᠯ ᠤᠨ ᠪᠠᠶᠢᠷᠢᠨ ᠳᠠᠬᠢ ᠪᠤᠳᠤᠯ᠂ ᠪᠤᠳᠤᠯ᠂ ᠤᠬᠠᠭᠠᠷᠠᠯ ᠢᠶᠠᠨ ᠦᠨᠡᠨ ᠰᠡᠳᠬᠢᠯ ᠠᠴᠠ ᠪᠠᠨ ᠦᠨᠡᠨ | ᠰᠡᠳᠬᠢᠯ ᠠᠴᠠ ᠪᠠᠨ ᠶᠠᠷᠢᠵᠤ᠂ ᠣᠷᠭᠢᠯᠤᠮ᠎ᠠ ᠬᠠᠯᠠᠭᠤᠨ ᠰᠡᠳᠬᠢᠯᠭᠡ ᠪᠠᠷ ᠥᠪᠡᠷ ᠥᠪᠡᠷ ᠤᠨ ᠢᠶᠠᠨ ᠴᠤᠭ ᠵᠢᠪᠬᠤᠭ᠎ᠠ ᠶᠢ ᠪᠠᠳᠠᠷᠠᠭᠤᠯᠵᠤ᠂ ᠠᠮᠢᠳᠤ ᠴᠣᠪᠣᠭᠤᠯᠢᠭ | ᠬᠡᠯᠪᠡᠷᠢ ᠪᠠᠷ ᠮᠠᠨ ᠤ ᠬᠤᠰᠢᠭᠤᠨ ᠤ ᠵᠠᠯᠠᠭᠤ ᠺᠠᠳ᠋ᠷ ᠠᠵᠢᠯᠲᠠᠳ ᠤᠨ ᠬᠦᠨᠳᠦ ᠡᠭᠦᠷᠭᠡ ᠶᠢ ᠵᠣᠷᠢᠭᠲᠠᠶ ᠪᠠᠷ ᠡᠭᠦᠷᠭᠡᠯᠡᠵᠦ᠂ ᠡᠭᠦᠷᠭᠡ ᠬᠠᠷᠢᠭᠤᠴᠠᠯᠭ᠎ᠠ ᠪᠠᠨ ᠡᠭᠦᠷᠭᠡᠯᠡᠨ | ᠠᠵᠢᠯ ᠦᠢᠯᠡᠰ ᠪᠦᠲᠦᠭᠡᠬᠦ ᠤᠶᠤᠨ ᠰᠠᠨᠠᠭᠠᠨ ᠤ ᠳᠦᠷᠰᠦ ᠪᠠᠶᠢᠳᠠᠯ ᠢ ᠭᠦᠢᠴᠡᠳ ᠢᠯᠡᠷᠡᠭᠦᠯᠪᠡ᠃ ᠤᠷᠤᠯᠳᠤᠭᠠᠨ ᠤ ᠲᠤᠬᠠᠢ ᠶᠢᠨ ᠲᠠᠯᠠᠪᠠᠢ ᠶᠢᠨ ᠠᠭᠤᠷ ᠠᠮᠢᠰᠬᠤᠯ | ᠬᠦᠷ ᠬᠥᠭᠵᠢᠶᠡᠨ ᠲᠠᠢ ᠪᠠᠶᠢᠵᠤ᠂ ᠲᠠᠮᠢᠷᠴᠢᠳ ᠤᠨ ᠤᠷᠮ᠎ᠠ ᠵᠣᠷᠢᠭ ᠣᠷᠭᠢᠯᠵᠤ᠂ ᠦᠭᠡ ᠥᠭᠦᠯᠡᠪᠦᠷᠢ ᠨᠢ ᠬᠥᠮᠦᠰ ᠤᠨ ᠰᠡᠳᠬᠢᠯ ᠢ ᠳᠣᠭᠳᠣᠯᠤᠭᠤᠯᠵᠤ᠂ ᠬᠡᠰᠡᠭ | ᠬᠡᠰᠡᠭ ᠢᠶᠠᠷ ᠤᠷᠮ᠎ᠠ ᠵᠣᠷᠢᠭ ᠢ ᠬᠥᠭᠵᠢᠭᠡᠵᠦ᠂ ᠦᠵᠡᠭᠴᠢᠳ ᠴᠦ ᠰᠡᠳᠬᠢᠯ ᠳᠣᠭᠳᠣᠯᠤᠨ ᠵᠣᠷᠢᠭᠵᠢᠵᠤ᠂ ᠲᠤᠬᠠᠢ ᠶᠢᠨ ᠲᠠᠯᠠᠪᠠᠢ ᠶᠢᠨ ᠠᠯᠠᠭ᠎ᠠ ᠲᠠᠰᠢᠯᠳᠠ ᠶᠢᠨ | ᠲᠠᠭᠤᠨ ᠲᠠᠰᠤᠷᠠᠯᠳᠡ ᠦᠭᠡᠢ ᠴᠤᠤᠷᠢᠶᠠᠲᠤᠪᠠ᠃ | ᠰᠢᠷᠦᠭᠦᠨ ᠲᠡᠮᠡᠴᠡᠭᠡᠨ ᠳᠤ ᠱᠠᠮᠪᠠ ᠪᠠᠯᠭᠠᠰᠤᠨ ᠤ ᠳ᠋ᠠ ᠴᠢᠶᠣᠤ ᠨᠡᠶᠢᠭᠡᠮ ᠲᠣᠭᠤᠷᠢᠭ ᠤᠨ ᠲᠤᠰᠢᠶᠠᠯ ᠬᠠᠪᠰᠤᠷᠭᠠᠭᠰᠠᠨ ᠳᠡᠳ᠋ ᠱᠦᠵᠢ ᠸᠠᠩ ᠢᠦᠶ ᠸᠧᠶ | ᠲᠤᠰ ᠤᠳᠠᠭᠠᠨ ᠤ ᠭᠤᠣᠯ ᠰᠡᠳᠦᠪᠲᠦ ᠶᠠᠷᠢᠶ᠎ᠠ ᠢᠯᠡᠳᠬᠡᠯ ᠤᠨ ᠤᠷᠤᠯᠳᠤᠭᠠᠨ ᠤ ᠨᠢᠭᠡᠳᠦᠭᠡᠷ ᠳᠡᠰ ᠤᠨ ᠱᠠᠩᠨᠠᠯ ᠭᠥᠷᠳᠡᠵᠦ᠂ ᠬᠤᠰᠢᠭᠤᠨ ᠤ ᠨᠠᠮ ᠤᠨ ᠬᠤᠷᠢᠶᠠᠨ ᠤ | ᠤᠬᠠᠭᠤᠯᠬᠤ ᠬᠡᠯᠲᠡᠰ ᠤᠨ ᠯᠢ ᠰᠢᠨ᠂ ᠰᠣᠶᠣᠯ ᠪᠡᠶ᠎ᠡ ᠶᠢᠨ ᠲᠠᠮᠢᠷ ᠤᠨ ᠵᠤᠭᠠᠴᠠᠯ ᠤᠨ ᠲᠣᠪᠴᠢᠶᠠᠨ ᠤ ᠸᠠᠩ ᠰᠢᠶᠤᠤ ᠢᠦᠶ ᠬᠤᠶᠠᠳᠤᠭᠠᠷ ᠳᠡᠰ ᠤᠨ ᠱᠠᠩᠨᠠᠯ | ᠭᠥᠷᠳᠡᠵᠦ᠂ ᠬᠤᠶᠠᠳᠤᠭᠠᠷ ᠬᠡᠦᠬᠡᠳ ᠤᠨ ᠴᠡᠴᠡᠷᠯᠢᠭ ᠤᠨ ᠵᠠᠩ ᠫᠦ᠋ ᠵᠧ᠂ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠲᠥᠪ ᠤᠨ ᠾᠧ ᠲᠢᠩ᠂ ᠰᠢ ᠴᠧᠩ | ᠪᠠᠭ᠎ᠠ ᠰᠤᠷᠭᠠᠭᠤᠯᠢ ᠶᠢᠨ ᠯᠢ ᠰᠢ ᠷᠦᠩ ᠭᠤᠷᠪᠠᠳᠤᠭᠠᠷ ᠳᠡᠰ ᠤᠨ ᠱᠠᠩᠨᠠᠯ ᠭᠥᠷᠳᠡᠪᠡ᠃ ᠵᠤᠤ ᠮᠢᠶᠣᠣ ᠭᠤᠣᠯ ᠰᠤᠷᠭᠠᠭᠤᠯᠢ ᠶᠢᠨ ᠸᠠᠩ ᠳ᠋ᠧ᠂ ᠬᠠᠩᠭᠢᠨ ᠬᠤᠶᠢᠲᠤ | ᠬᠤᠰᠢᠭᠤᠨ ᠤ ᠠᠷᠠᠳ ᠤᠨ ᠰᠢᠭᠦᠬᠦ ᠬᠤᠷᠢᠶ᠎ᠠ ᠶᠢᠨ ᠸᠠᠩ ᠯᠦ᠂ ᠱᠠᠮᠪᠠ ᠰᠤᠷᠭᠠᠭᠤᠯᠢ ᠶᠢᠨ ᠬᠤᠤ ᠬᠤᠢ᠂ ᠤᠢ ᠰᠢᠭᠤᠢ ᠪᠠ ᠲᠠᠯ᠎ᠠ ᠨᠤᠲᠤᠭ ᠤᠨ ᠲᠣᠪᠴᠢᠶ᠎ᠠ ᠶᠢᠨ | ᠭᠦᠸᠧ ᠰᠢᠨ ᠶᠠᠩ᠂ ᠱᠠᠮᠪᠠ ᠲᠠᠷᠢᠶᠠᠯᠠᠩ ᠤᠨ ᠬᠤᠳᠠᠯᠳᠤᠭᠠᠨ ᠤ ᠭᠠᠵᠠᠷ ᠤᠨ ᠸᠠᠩ ᠪᠢᠨ᠂ ᠰᠠᠨ ᠳ᠋ᠤᠤ ᠴᠢᠶᠣᠤ ᠠᠷᠠᠳ ᠤᠨ ᠵᠠᠰᠠᠭ ᠤᠨ ᠣᠷᠳᠣᠨ ᠤ ᠵᠠᠩ ᠢᠦᠢ | ᠰᠢᠯᠢᠳᠡᠭ ᠱᠠᠩᠨᠠᠯ ᠬᠦᠷᠳᠡᠪᠡ᠂ ᠡᠭᠦᠨ ᠤ ᠬᠠᠮᠲᠤ᠂ ᠬᠤᠰᠢᠭᠤᠨ ᠤ ᠨᠠᠮ ᠤᠨ ᠬᠤᠷᠢᠶ᠎ᠠ ᠶᠢᠨ ᠤᠬᠠᠭᠤᠯᠬᠤ ᠬᠡᠯᠲᠡᠰ᠂ ᠰᠣᠶᠣᠯ ᠪᠡᠶ᠎ᠡ ᠶᠢᠨ ᠲᠠᠮᠢᠷ ᠤᠨ ᠵᠤᠭᠠᠴᠠᠯ ᠤᠨ | ᠲᠣᠪᠴᠢᠶ᠎ᠠ᠂ ᠬᠤᠶᠠᠳᠤᠭᠠᠷ ᠬᠡᠦᠬᠡᠳ ᠤᠨ ᠴᠡᠴᠡᠷᠯᠢᠭ ᠰᠢᠯᠢᠳᠡᠭ ᠵᠣᠬᠢᠶᠠᠨ ᠪᠠᠶᠢᠭᠤᠯᠤᠯᠲᠠ ᠶᠢᠨ ᠱᠠᠩᠨᠠᠯ ᠢᠶᠠᠷ ᠦᠨᠡᠯᠡᠭᠳᠡᠪᠡ᠃ ᠲᠣᠰ ᠤᠳᠠᠭᠠᠨ ᠤ ᠶᠠᠷᠢᠶ᠎ᠠ | ᠢᠯᠡᠳᠬᠡᠯ ᠤᠨ ᠤᠷᠤᠯᠳᠤᠭᠠᠨ ᠨᠢ ᠮᠠᠨ ᠤ ᠬᠤᠰᠢᠭᠤᠨ ᠤ ᠵᠠᠯᠠᠭᠤ ᠺᠠᠳ᠋ᠷ ᠠᠵᠢᠯᠲᠠᠨ ᠤ ᠢᠳᠡᠪᠬᠢᠯᠡᠨ ᠳᠠᠪᠰᠢᠬᠤ ᠵᠣᠷᠢᠭ ᠰᠠᠨᠠᠭᠠᠨ ᠤ ᠳᠦᠷᠰᠦ ᠪᠠᠶᠢᠳᠠᠯ ᠪᠠ ᠴᠤᠭ | ᠵᠢᠪᠬᠤᠭ᠎ᠠ ᠲᠠᠢ ᠵᠠᠯᠠᠭᠤ ᠨᠠᠰᠤᠨ ᠤ ᠴᠤᠭ ᠵᠢᠪᠬᠤᠭ᠎ᠠ ᠶᠢ ᠢᠯᠡᠷᠡᠭᠦᠯᠵᠦ᠂ ᠥᠷᠭᠡᠨ ᠣᠯᠠᠨ ᠵᠠᠯᠠᠭᠤᠴᠤᠳ ᠤᠨ ᠪᠣᠳᠠᠲᠤ ᠠᠵᠢᠯᠯᠠᠭ᠎ᠠ ᠪᠠᠷ ᠢᠶᠠᠨ ᠠᠷᠠᠳ ᠲᠦᠮᠡᠨ ᠳᠤ | ᠦᠢᠯᠡᠴᠢᠯᠡᠬᠦ ᠵᠣᠷᠢᠯᠲᠠ ᠶᠢ ᠦᠢᠯᠡᠳᠦᠯᠭᠡᠵᠢᠭᠦᠯᠵᠦ᠂ ᠵᠠᠯᠠᠭᠤ ᠨᠢᠭᠡ ᠦᠶ᠎ᠡ ᠶᠢᠨ ᠬᠢᠨ ᠤ ᠣᠭ ᠰᠠᠨᠠᠭ᠎ᠠ ᠪᠠᠨ ᠮᠠᠷᠲᠠᠯ ᠥᠬᠡᠶ᠂ ᠡᠭᠦᠷᠭᠡ ᠬᠠᠷᠢᠭᠤᠴᠠᠯᠭ᠎ᠠ ᠪᠠᠨ ᠪᠠᠲᠤ | ᠴᠡᠭᠡᠵᠢᠯᠡᠭᠰᠡᠨ ᠵᠠᠯᠠᠭᠤ ᠨᠠᠰᠤᠨ ᠤ ᠮᠠᠭᠲᠠᠭᠠᠯ ᠳᠠᠭᠤᠤ ᠶᠢ ᠪᠢᠴᠢᠭᠯᠡᠵᠦ ᠴᠢᠳᠠᠨ᠎ᠠ ᠃ | | | |