8 ᠰᠠᠷ᠎ᠠ ᠶᠢᠨ 16 ᠤ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠱᠦᠵᠢ ᠬᠠᠨ ᡁᠢ ᠶᠧ ᠰᠣᠶᠣᠯ ᠪᠡᠶ᠎ᠡ ᠶᠢᠨ ᠲᠠᠮᠢᠷ ᠤᠨ ᠠᠵᠤ ᠦᠢᠯᠡᠰ ᠤᠨ | ᠬᠦᠷᠢᠶᠡᠯᠡᠩ ᠤᠨ ᠲᠥᠷᠥᠯ ᠵᠦᠢᠯ ᠤᠨ ᠨᠠᠮ ᠵᠠᠰᠠᠭ ᠤᠨ ᠬᠠᠮᠲᠤᠷᠠᠭᠰᠠᠨ ᠬᠤᠷᠠᠯ ᠤᠨ ᠬᠤᠶᠠᠳᠤᠭᠠᠷ ᠤᠳᠠᠭ᠎ᠠ ᠶᠢᠨ ᠬᠤᠷᠠᠯ ᠢ ᠡᠷᠭᠢᠯᠡᠨ ᠬᠤᠷᠠᠯᠳᠤᠭᠤᠯᠪᠠ᠃ | ᠬᠤᠰᠢᠭᠤᠨ ᠤ ᠤᠳᠤᠷᠢᠳᠤᠯᠭ᠎ᠠ ᠰᠦᠨ ᡁᠢ ᠭᠠᠩ᠂ ᠵᠠᠩ ᠱᠦᠨ ᠴᠠᠩ᠂ ᠵᠠᠩ ᠸᠧᠨ ᠮᠢᠨ᠂ ᠸᠠᠩ ᠺᠠᠶ ᠵᠢᠶᠦ᠋ᠨ᠂ ᠴᠧᠨ ᠺᠠᠶ ᠯᠢᠶᠠᠩ᠂ ᠲᠤᠤ ᠹᠧᠨ ᠱᠠᠨ᠂ ᠵᠢᠶᠠ | ᠷᠦᠩ᠂ ᠵᠠᠩ ᠪᠦᠦ ᠷᠦᠩ᠂ ᠫᠠᠨ ᠹᠧᠩ ᠨᠠᠷ ᠬᠤᠷᠠᠯ ᠳᠤ ᠣᠷᠣᠯᠴᠠᠵᠠᠶ᠃ | ᠬᠤᠷᠠᠯ ᠳᠡᠭᠡᠷ᠎ᠡ᠂ ᠲᠦᠷᠦᠯ ᠵᠦᠢᠯ ᠢ ᠵᠢᠷᠤᠵᠤ ᠲᠥᠯᠥᠪᠯᠡᠬᠦ ᠨᠢᠭᠡᠴᠡ ᠰᠣᠶᠣᠯ ᠪᠡᠶ᠎ᠡ ᠶᠢᠨ ᠲᠠᠮᠢᠷ ᠤᠨ ᠠᠵᠤ ᠦᠢᠯᠡᠰ ᠤᠨ ᠬᠦᠷᠢᠶᠡᠯᠡᠩ ᠤᠨ | ᠶᠡᠷᠦᠩᠬᠡᠶᠢᠯᠡᠭᠰᠡᠨ ᠣᠷᠳᠣᠨ ᠪᠣᠯᠤᠨ ᠪᠡᠶ᠎ᠡ ᠶᠢᠨ ᠲᠠᠮᠢᠷ ᠤᠨ ᠴᠡᠴᠡᠷᠯᠢᠭ ᠤᠨ ᠲᠦᠷᠦᠯ ᠵᠦᠢᠯ ᠢ ᠵᠢᠷᠤᠵᠤ ᠲᠥᠯᠥᠪᠯᠡᠬᠦ ᠤᠢᠢᠯᠠᠭᠠᠭᠳᠠᠬᠤᠨ᠂ ᠲᠥᠯᠥᠪᠵᠢᠭᠦᠯᠭᠡ ᠶᠢᠨ | ᠰᠡᠳᠬᠢᠴᠡ᠂ ᠴᠢᠳᠠᠪᠬᠢ ᠶᠢᠨ ᠪᠠᠶᠢᠷᠢ ᠲᠣᠭᠲᠠᠭᠠᠯᠲᠠ ᠵᠡᠷᠭᠡ ᠲᠠᠯ᠎ᠠ ᠪᠠᠷ ᠨᠠᠷᠢᠨ ᠨᠢᠭᠲᠠ ᠬᠠᠷᠢᠭᠤ ᠮᠡᠳᠡᠭᠦᠯᠦᠯᠲᠡ ᠬᠢᠵᠡᠢ᠃ ᠬᠤᠷᠠᠯ ᠳᠤ ᠣᠷᠣᠯᠴᠠᠭᠰᠠᠳ | ᠬᠤᠯᠪᠣᠭᠳᠠᠯ ᠪᠦᠬᠦᠢ ᠠᠰᠠᠭᠤᠳᠠᠯ ᠤᠨ ᠲᠠᠯ᠎ᠠ ᠪᠠᠷ ᠤᠯᠠᠨ ᠤ ᠤᠬᠠᠭᠠᠨ ᠢ ᠲᠥᠪᠯᠡᠷᠡᠭᠦᠯᠵᠦ᠂ ᠭᠦᠨᠵᠡᠭᠡᠢ ᠰᠤᠳᠤᠯᠤᠨ ᠶᠠᠷᠢᠯᠴᠠᠵᠤ᠂ ᠲᠥᠯᠥᠪᠵᠢᠭᠦᠯᠭᠡ ᠶᠢᠨ ᠵᠢᠷᠤᠭ | ᠲᠥᠯᠥᠪᠯᠡᠭᠡ ᠶᠢ ᠤᠯᠠᠮ ᠴᠢᠨᠠᠭᠰᠢᠳᠠ ᠲᠡᠭᠦᠯᠳᠡᠷᠵᠢᠭᠦᠯᠵᠦ᠂ ᠲᠥᠬᠦᠭᠡᠷᠦᠮᠵᠢ ᠶᠢᠨ ᠪᠦᠲᠦᠴᠡ ᠪᠣᠯᠤᠨ ᠴᠢᠳᠠᠪᠬᠢ ᠶᠢᠨ ᠪᠠᠶᠢᠷᠢᠰᠢᠭᠤᠯᠤᠯᠲᠠ ᠶᠢ ᠰᠢᠯᠢᠳᠡᠭᠵᠢᠭᠦᠯᠪᠡ᠃ | ᠬᠠᠨ ᡁᠢ ᠶᠧ ᠵᠢᠭᠠᠵᠤ ᠭᠠᠷᠭᠠᠭᠰᠠᠨ ᠨᠢ᠂ ᠰᠣᠶᠣᠯ ᠪᠡᠶ᠎ᠡ ᠶᠢᠨ ᠲᠠᠮᠢᠷ ᠤᠨ ᠠᠵᠤ ᠦᠢᠯᠡᠰ ᠤᠨ ᠬᠦᠷᠢᠶᠡᠯᠡᠩ ᠤᠨ ᠲᠥᠷᠥᠯ ᠵᠦᠢᠯ ᠪᠣᠯ ᠬᠤᠰᠢᠭᠤᠨ ᠤ | ᠨᠠᠮ ᠤᠨ ᠬᠤᠷᠢᠶ᠎ᠠ ᠵᠠᠰᠠᠭ ᠤᠨ ᠣᠷᠳᠣᠨ ᠤ ᠮᠠᠨ ᠤ ᠬᠤᠰᠢᠭᠤᠨ ᠤ ᠬᠤᠲᠠ ᠪᠠᠯᠭᠠᠰᠤᠨ ᠤ ᠪᠥᠲᠥᠭᠡᠨ ᠪᠠᠶᠢᠭᠤᠯᠤᠯᠲᠠ ᠶᠢᠨ ᠬᠥᠭᠵᠢᠯᠲᠡ ᠶᠢᠨ ᠪᠣᠳᠠᠲᠤ ᠪᠠᠶᠢᠳᠠᠯ ᠳᠤ | ᠰᠠᠭᠤᠷᠢᠯᠠᠨ᠂ ᠢᠷᠡᠭᠡᠳᠦᠶ ᠶᠢᠨ ᠥᠨᠳᠥᠷ ᠬᠢᠷᠢ ᠲᠦᠪᠰᠢᠨ ᠪᠥᠬᠦᠶ ᠬᠤᠲᠠ ᠶᠢᠨ ᠬᠥᠭᠵᠢᠯᠲᠡ ᠶᠢᠨ ᠱᠠᠭᠠᠷᠳᠠᠯᠭ᠎ᠠ ᠳᠤ ᠬᠠᠨᠳᠤᠭᠤᠯᠤᠨ᠂ ᠲᠥᠯᠥᠪᠵᠢᠭᠦᠯᠦᠨ | ᠪᠠᠶᠢᠭᠤᠯᠤᠭᠰᠠᠨ ᠬᠤᠲᠠ ᠶᠢᠨ ᠠᠷᠠᠳ ᠤᠨ ᠰᠣᠶᠣᠯ ᠪᠡᠶ᠎ᠡ ᠶᠢᠨ ᠲᠠᠮᠢᠷ ᠤᠨ ᠠᠵᠢᠯᠯᠠᠭ᠎ᠠ ᠶᠢ ᠪᠠᠶᠠᠯᠢᠭᠵᠢᠭᠤᠯᠤᠭᠰᠠᠨ ᠲᠣᠮᠣ ᠬᠡᠯᠪᠡᠷᠢ ᠶᠢᠨ ᠶᠡᠷᠦᠩᠬᠡᠶᠢᠯᠡᠭᠰᠡᠨ ᠨᠢᠭᠡ | ᠬᠦᠷᠢᠶᠡᠯᠡᠩ ᠤᠯᠠᠨ ᠴᠢᠳᠠᠪᠤᠷᠢ ᠲᠠᠢ ᠵᠢᠷᠤᠭ ᠲᠥᠯᠥᠪᠯᠡᠭᠡ ᠶᠢᠨ ᠣᠶᠢᠯᠠᠭᠠᠭᠳᠠᠬᠤᠨ ᠪᠠ ᠤᠯᠠᠨ ᠲᠦᠮᠡᠨᠴᠢ ᠴᠢᠨᠠᠷ᠂ ᠶᠡᠷᠦᠩᠬᠡᠶᠢᠯᠡᠭᠰᠡᠨ ᠴᠢᠨᠠᠷ᠂ ᠨᠡᠭᠡᠭᠡᠯᠲᠡᠲᠦ ᠴᠢᠨᠠᠷ ᠂ | ᠪᠡᠯᠭᠡ ᠳᠡᠮᠳᠡᠭ ᠤᠨ ᠴᠢᠨᠠᠷ ᠲᠠᠢ ᠨᠠᠷᠢᠨ ᠣᠨᠣᠪᠴᠢᠲᠠᠢ ᠪᠠᠶᠢᠷᠢ ᠲᠣᠭᠲᠠᠭᠠᠯᠲᠠ ᠶᠣᠰᠣᠭᠠᠷ᠂ ᠤᠷᠠᠨ ᠰᠠᠶᠢᠬᠠᠨ ᠤ ᠦᠵᠡᠭᠦᠯᠦᠯᠭᠡ᠂ ᠵᠤᠭ᠎ᠠ ᠴᠡᠩᠭᠡᠯ᠂ ᠲᠠᠮᠢᠷ ᠤᠨ | ᠤᠷᠤᠯᠳᠤᠭᠠᠨ ᠵᠡᠷᠭᠡ ᠤᠯᠠᠨ ᠶᠠᠩᠵᠤ ᠶᠢᠨ ᠰᠣᠶᠣᠯ ᠤᠨ ᠦᠢᠯᠡᠴᠢᠯᠡᠭᠡᠨ ᠤ ᠬᠡᠷᠡᠭᠴᠡᠭᠡ ᠶᠢ ᠬᠠᠩᠭᠠᠵᠤ ᠴᠢᠳᠠᠬᠤ ᠪᠠᠷ ᠪᠠᠷᠠᠬᠤ ᠦᠭᠡᠢ᠂ ᠪᠠᠰᠠ ᠮᠠᠨ ᠤ ᠬᠤᠰᠢᠭᠤᠨ ᠤ | ᠲᠡᠦᠬᠡ ᠶᠢᠨ ᠤᠯᠠᠷᠢᠯ ᠬᠤᠪᠢᠰᠤᠯ ᠪᠠ ᠭᠦᠨ ᠵᠤᠵᠠᠭᠠᠨ ᠰᠣᠶᠣᠯ ᠤᠨ ᠠᠭᠤᠯᠬᠤᠨ ᠢ ᠢᠯᠡᠷᠡᠭᠦᠯᠵᠦ ᠴᠢᠳᠠᠨ᠎ᠠ᠃ | ᠬᠠᠨ ᡁᠢ ᠶᠧ ᠴᠢᠬᠤᠯᠠᠴᠢᠯᠠᠬᠤ ᠳᠠᠭᠠᠨ᠂ ᠲᠥᠯᠥᠪᠵᠢᠭᠦᠯᠦᠨ ᠵᠢᠷᠤᠵᠤ ᠲᠥᠯᠥᠪᠯᠡᠬᠦ ᠨᠢᠭᠡᠴᠡ ᠲᠥᠰᠦᠯ ᠢᠶᠠᠨ ᠤᠯᠠᠮ ᠨᠢᠭᠡ ᠠᠯᠬᠤᠮ ᠰᠢᠯᠢᠳᠡᠭᠵᠢᠭᠦᠯᠵᠦ᠂ | ᠣᠯᠠᠨ ᠲᠦᠮᠡᠨ ᠳᠤ ᠲᠥᠬᠦᠮ ᠦᠵᠡᠭᠦᠯᠬᠦ᠂ ᠣᠯᠠᠨ ᠲᠦᠮᠡᠨ ᠳᠤ ᠦᠢᠯᠡᠴᠢᠯᠡᠬᠦ ᠵᠡᠷᠭᠡ ᠬᠦᠴᠦᠨ ᠵᠦᠢᠯ ᠢ ᠶᠡᠷᠦᠩᠬᠡᠶᠢᠯᠡᠨ ᠪᠣᠳᠣᠯᠬᠢᠯᠠᠵᠤ᠂ ᠬᠥᠮᠦᠨᠴᠢ ᠴᠢᠨᠠᠷ ᠤᠨ | ᠣᠶᠢᠯᠠᠭᠠᠭᠳᠠᠬᠤᠨ ᠢ ᠭᠦᠢᠴᠡᠳ ᠢᠯᠡᠷᠡᠭᠦᠯᠵᠦ᠂ ᠠᠳᠠᠯᠢ ᠪᠤᠰᠤ ᠨᠠᠰᠤᠨ ᠤ ᠣᠯᠠᠨ ᠲᠦᠮᠡᠨ ᠤ ᠰᠣᠶᠣᠯ ᠪᠡᠶ᠎ᠡ ᠶᠢᠨ ᠲᠠᠮᠢᠷ ᠤᠨ ᠠᠵᠢᠯᠯᠠᠭᠠᠨ ᠤ ᠬᠡᠷᠡᠭᠴᠡᠭᠡ ᠶᠢ | ᠬᠠᠩᠭᠠᠬᠤ ᠬᠡᠷᠡᠭᠲᠡᠶ᠃ ᠴᠢᠳᠠᠮᠵᠢ ᠶᠢᠨ ᠪᠠᠶᠢᠷᠢᠰᠢᠭᠤᠯᠤᠯᠲᠠ ᠶᠢ ᠬᠥᠳᠡᠯᠦᠩᠭᠦᠶ ᠪᠠᠷ ᠤᠶᠠᠯᠳᠤᠭᠤᠯᠤᠨ᠂ ᠪᠦᠷᠢᠨ ᠭᠦᠢᠴᠡᠳ ᠪᠥᠭᠡᠳ ᠪᠣᠳᠠᠲᠤ ᠬᠡᠷᠡᠭᠴᠡᠭᠡ ᠲᠠᠢ | ᠪᠠᠶᠢᠯᠭᠠᠵᠤ᠂ ᠲᠠᠯᠠᠪᠠᠶ ᠣᠷᠳᠣᠨ ᠤ ᠠᠰᠢᠭᠯᠠᠯᠲᠠ ᠶᠢᠨ ᠨᠣᠷᠮ᠎ᠠ ᠪᠠ ᠶᠡᠷᠦᠩᠬᠡᠶᠢᠯᠡᠭᠰᠡᠨ ᠦᠢᠯᠡᠴᠢᠯᠡᠭᠡᠨ ᠤ ᠴᠢᠳᠠᠪᠤᠷᠢ ᠶᠢ ᠬᠦᠴᠦᠯᠡᠨ ᠳᠡᠭᠡᠭᠰᠢᠯᠡᠭᠦᠯᠬᠦ ᠬᠡᠷᠡᠭᠲᠡᠶ᠃ | ᠪᠠᠷᠠᠭᠠᠯᠬᠢᠯᠠᠯ ᠤᠨ ᠴᠢᠨᠠᠷᠲᠠᠢ ᠰᠡᠳᠬᠢᠬᠦᠢ ᠶᠢ ᠪᠤᠢ ᠪᠣᠯᠭᠠᠵᠤ᠂ ᠪᠦᠬᠦᠯᠢ ᠴᠣᠭᠴᠠᠲᠤ ᠴᠢᠨᠠᠷ᠂ ᠰᠢᠨᠵᠢᠯᠡᠬᠦ ᠤᠬᠠᠭᠠᠨᠴᠢ ᠴᠢᠨᠠᠷ᠂ ᠬᠠᠮᠵᠢᠯᠴᠠᠬᠤ ᠴᠢᠨᠠᠷ ᠢ | ᠴᠢᠩᠭᠠᠳᠬᠠᠵᠤ᠂ ᠭᠠᠵᠠᠷ ᠣᠷᠣᠨ ᠤ ᠪᠠᠶᠢᠳᠠᠯ ᠳᠠᠭᠠᠨ ᠲᠤᠬᠢᠷᠠᠭᠤᠯᠤᠨ ᠲᠦᠷᠦᠯ ᠵᠦᠢᠯ ᠤᠨ ᠲᠥᠯᠥᠪᠵᠢᠭᠦᠯᠭᠡ ᠶᠢᠨ ᠵᠢᠷᠤᠭ ᠲᠥᠯᠥᠪᠯᠡᠭᠡ ᠪᠠ ᠪᠦᠳᠦᠭᠡᠨ | ᠪᠠᠶᠢᠭᠤᠯᠤᠯᠲᠠ ᠶᠢᠨ ᠠᠵᠢᠯ ᠢ ᠰᠠᠶᠢᠲᠤᠷ ᠬᠢᠬᠦ ᠬᠡᠷᠡᠭᠲᠡᠢ᠃ ᠬᠠᠮᠢᠶ᠎ᠠ ᠪᠥᠬᠦᠶ ᠰᠠᠯᠠᠭ᠎ᠠ ᠮᠥᠴᠢᠷ ᠢᠳᠡᠪᠬᠢᠲᠡᠶ ᠪᠠᠷ ᠰᠠᠨᠠᠭᠠᠴᠢᠯᠠᠭ᠎ᠠ ᠲᠠᠢ ᠪᠠᠷ ᠵᠣᠯᠭᠠᠭᠤᠯᠵᠤ᠂ | ᠤᠷᠢᠳᠠᠪᠠᠷ ᠦᠢᠯᠡᠴᠢᠯᠡᠨ᠂ ᠲᠥᠷᠥᠯ ᠵᠦᠢᠯ ᠢ ᠥᠨᠳᠥᠷ ᠲᠦᠪᠰᠢᠨ ᠢᠶᠠᠷ ᠵᠢᠷᠤᠵᠤ ᠲᠥᠯᠥᠪᠯᠡᠬᠦ᠂ ᠥᠨᠳᠥᠷ ᠪᠠᠷᠢᠮᠵᠢᠶ᠎ᠠ ᠪᠠᠷ ᠬᠡᠷᠡᠭᠵᠢᠭᠦᠯᠬᠦ᠂ ᠥᠨᠳᠥᠷ ᠦᠷ᠎ᠡ | ᠪᠦᠲᠦᠮᠵᠢ ᠲᠠᠢ ᠪᠠᠷ ᠠᠬᠢᠭᠤᠯᠬᠤ᠂ ᠴᠢᠨᠠᠷ ᠰᠠᠶᠢᠲᠠᠶ ᠪᠡᠶᠡᠯᠡᠭᠦᠯᠬᠦ ᠶᠢ ᠪᠠᠲᠤᠯᠠᠵᠤ᠂ ᠠᠷᠠᠳ ᠣᠯᠠᠨ ᠤ ᠡᠳᠦᠷ ᠢᠷᠡᠬᠦᠶ᠎ᠡ ᠨᠡᠮᠡᠭᠳᠡᠵᠦ ᠪᠠᠶᠢᠭ᠎ᠠ ᠣᠶᠤᠨ ᠤ ᠰᠣᠶᠣᠯ ᠤᠨ | ᠬᠡᠷᠡᠭᠴᠡᠭᠡ ᠶᠢ ᠬᠠᠩᠭᠠᠬᠤ ᠶᠢᠨ ᠬᠠᠮᠲᠤ᠂ ᠪᠥᠬᠦ ᠬᠤᠰᠢᠭᠤᠨ ᠤ ᠰᠣᠶᠣᠯ ᠪᠡᠶ᠎ᠡ ᠶᠢᠨ ᠲᠠᠮᠢᠷ ᠤᠨ ᠠᠵᠤ ᠦᠢᠯᠡᠰ ᠲᠤ ᠲᠠᠰ ᠳᠡᠪᠰᠢᠭᠦᠯᠵᠦ᠂ ᠪᠥᠬᠦ ᠬᠤᠰᠢᠭᠤᠨ ᠤ | ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠬᠡᠷᠡᠭᠲᠡᠶ᠃ | | | |