8 ᠰᠠᠷ᠎ᠠ ᠶᠢᠨ 16 ᠤ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠱᠦᠵᠢ ᠬᠠᠨ ᡁᠢ ᠶᠧ ᠳᠧᠦ ᠳ᠋ᠤᠤ ᠴᠢᠶᠣᠤ ᠪᠠᠯᠭᠠᠰᠤᠨ ᠳᠤ ᠭᠦᠨᠵᠡᠭᠡᠶᠢᠷᠡᠨ | ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ᠂ ᠠᠵᠤ ᠦᠢᠯᠡᠰ ᠢ ᠬᠥᠭᠵᠢᠭᠦᠯᠬᠦ᠂ ᠲᠠᠷᠢᠶᠠᠯᠠᠩ ᠤᠨ ᠤᠰᠤ ᠶᠢ ᠭᠦᠨ ᠠᠷᠪᠢᠯᠠᠵᠤ ᠤᠰᠤ ᠶᠢ ᠬᠢᠵᠠᠭᠠᠷᠯᠠᠬᠤ | ᠪᠠ ᠬᠤᠳᠠᠯᠳᠤᠭᠠᠴᠢᠨ ᠤᠷᠢᠵᠤ ᠪᠠᠯᠠ ᠣᠷᠣᠭᠤᠯᠬᠤ ᠵᠡᠷᠭᠡ ᠠᠵᠢᠯ ᠢ ᠪᠠᠶᠢᠴᠠᠭᠠᠨ ᠰᠤᠳᠤᠯᠵᠤ ᠵᠢᠭᠠᠨ ᠵᠢᠯᠣᠭᠤᠳᠪᠠ᠃ ᠬᠤᠰᠢᠭᠤᠨ ᠤ ᠨᠠᠮ ᠤᠨ ᠬᠤᠷᠢᠶᠠᠨ ᠤ | ᠪᠠᠶᠢᠩᠭᠤ ᠶᠢᠨ ᠭᠡᠰᠢᠭᠦᠨ᠂ ᠵᠣᠬᠢᠶᠠᠨ ᠪᠠᠶᠢᠭᠤᠯᠬᠤ ᠬᠡᠯᠲᠡᠰ ᠤᠨ ᠳᠠᠷᠤᠭ᠎ᠠ ᠵᠤᠤ ᠷᠧᠨ ᠰᠢᠨ ᠪᠠᠶᠢᠴᠠᠭᠠᠨ ᠰᠤᠳᠤᠯᠤᠯᠲᠠ ᠳᠤ ᠣᠷᠣᠯᠴᠠᠪᠠ᠃ | ᠬᠠᠨ ᡁᠢ ᠶᠧ ᠨᠡᠷ ᠤᠷᠢᠳ ᠬᠤᠵᠢᠳ ᠳᠤᠮᠳᠠᠳᠤ ᠤᠯᠤᠰ ᠤᠨ ᠠᠷᠠᠳᠴᠢᠯᠠᠯ ᠢᠶᠠᠷ ᠤᠯᠤᠰ ᠢᠶᠠᠨ ᠪᠠᠶᠢᠭᠤᠯᠬᠤ ᠲᠣᠰᠬᠤᠨ ᠤ ᠤᠰᠤ ᠠᠷᠪᠢᠯᠠᠬᠤ ︵ | ᠴᠠᠬᠢᠯᠭᠠᠨ ᠢᠶᠠᠷ ᠤᠰᠤ ᠶᠢ ᠨᠤᠭᠤᠯᠬᠤ︶ ᠲᠥᠬᠦᠭᠡᠷᠦᠮᠵᠢ ᠶᠢᠨ ᠪᠦᠳᠦᠬᠡᠨ ᠪᠠᠶᠢᠭᠤᠯᠤᠯᠲᠠ᠂ ᠮᠢᠨ ᠱᠠᠩ ᠶᠢᠨ ᠬᠤᠷᠰᠢᠶ᠎ᠠ ᠶᠢᠨ ᠯᠠᠵᠤᠤ ᠲᠠᠷᠢᠬᠤ᠂ 2023 ᠣᠨ ᠤ | ᠲᠦᠬᠦᠭᠡᠷᠦᠮᠵᠢᠲᠦ ᠲᠠᠷᠢᠶᠠᠯᠠᠩ ᠤᠨ ᠲᠥᠯᠥᠪᠵᠢᠭᠦᠯᠭᠡ ᠶᠢᠨ ᠬᠡᠰᠡᠭ ᠵᠢᠴᠢ ᠵᠢᠶᠠ ᠬᠤᠢ ᠬᠤᠷᠰᠢᠶ᠎ᠠ ᠶᠢᠨ ᠪᠠᠭ᠎ᠠ ᠱᠠᠪᠲᠠᠯ᠎ᠠ ᠲᠠᠷᠢᠬᠤ ᠰᠠᠭᠤᠷᠢᠨ ᠭᠠᠵᠠᠷ᠂ ᠬᠥᠮᠥᠷᠭᠡᠯᠡᠨ | ᠬᠠᠳᠠᠭᠠᠯᠠᠬᠤ ᠡᠳ᠋ ᠪᠠᠷᠠᠭᠠᠨ ᠤ ᠭᠦᠢᠯᠭᠡᠭᠡ ᠶᠢ ᠡᠳ᠋ᠰᠢᠭᠦᠯᠬᠦ ᠬᠦᠷᠢᠶᠡᠯᠡᠩ ᠲᠣᠭᠤᠷᠢᠭ ᠵᠡᠷᠭᠡ ᠭᠠᠵᠠᠷ ᠲᠤ ᠬᠦᠷᠴᠡᠢ᠃ ᠶᠠᠪᠤᠬᠤ ᠶᠢᠨ ᠳᠠᠭᠠᠤ ᠰᠣᠨᠣᠰᠴᠤ ᠪᠠᠶᠢᠬᠤ ᠶᠢᠨ | ᠳᠠᠭᠠᠤ ᠦᠵᠡᠵᠦ᠂ ᠬᠠᠮᠢᠶ᠎ᠠ ᠪᠥᠬᠦᠶ ᠠᠵᠢᠯ ᠢ ᠥᠷᠨᠢᠭᠦᠯᠵᠦ ᠪᠠᠶᠢᠭ᠎ᠠ ᠪᠠᠶᠢᠳᠠᠯ ᠢ ᠨᠠᠷᠢᠨ ᠣᠶᠢᠯᠠᠭᠠᠬᠤ ᠶᠢᠨ ᠬᠠᠮᠲᠤ ᠣᠳᠣᠬᠠᠨ ᠤ ᠠᠵᠢᠯ ᠤᠨ ᠳᠤᠮᠳᠠ ᠣᠷᠣᠰᠢᠵᠤ | ᠪᠠᠶᠢᠭ᠎ᠠ ᠠᠰᠠᠭᠤᠳᠠᠯ ᠪᠠ ᠬᠦᠴᠢᠷᠳᠡᠯ ᠢ ᠲᠤᠬᠠᠶ ᠶᠢᠨ ᠲᠠᠯᠠᠪᠤᠷ ᠲᠤᠨᠢ ᠠᠯᠪᠠᠯᠠᠨ ᠰᠢᠢᠳᠪᠦᠷᠢᠯᠡᠬᠦ ᠬᠡᠷᠡᠭᠲᠡᠶ᠃ | ᠬᠠᠨ ᡁᠢ ᠶᠧ ᠵᠢᠭᠠᠵᠤ ᠭᠠᠷᠭᠠᠭᠰᠠᠨ ᠨᠢ᠂ ᠤᠯᠤᠰ ᠤᠨ ᠳᠠᠪᠬᠤᠷᠭ᠎ᠠ ᠠᠴᠠ ᠥᠪᠡᠷᠲᠡᠭᠡᠨ ᠵᠠᠰᠠᠬᠤ ᠣᠷᠣᠨ ᠬᠦᠷᠲᠡᠯ᠎ᠡ᠂ ᠪᠣᠷᠣᠲᠣᠬᠤᠢ ᠶᠢᠨ ᠤᠰᠤᠯᠠᠯᠲᠠ ᠶᠢᠨ | ᠣᠷᠣᠨ ᠬᠦᠷᠲᠡᠯ᠎ᠡ᠂ ᠳᠠᠬᠢᠭᠠᠳ ᠮᠠᠨ ᠤ ᠬᠤᠳᠠ ᠶᠢᠨ ᠡᠯ᠎ᠡ ᠬᠤᠰᠢᠭᠤ ᠰᠢᠶᠠᠨ ᠲᠣᠭᠤᠷᠢᠭ ᠬᠦᠷᠲᠡᠯ᠎ᠡ᠂ ᠲᠠᠷᠢᠶᠠᠯᠠᠩ ᠤᠨ ᠤᠰᠤ ᠶᠢ ᠭᠦᠨ ᠠᠷᠪᠢᠯᠠᠵᠤ ᠤᠰᠤ ᠶᠢ | ᠡᠵᠡᠮᠳᠡᠬᠦ ᠨᠢ ᠣᠳᠣᠬᠠᠨ ᠤ ᠭᠤᠣᠯᠳᠠᠯᠭ᠎ᠠ ᠲᠠᠢ ᠠᠵᠢᠯ ᠤᠨ ᠨᠢᠭᠡ ᠪᠣᠯᠵᠠᠢ᠃ ᠮᠠᠨ ᠤ ᠬᠤᠰᠢᠭᠤ ᠲᠠᠷᠢᠶᠠᠯᠠᠩ ᠤᠨ ᠤᠰᠤ ᠬᠡᠷᠡᠭᠯᠡᠬᠦ ᠠᠷᠭ᠎ᠠ ᠬᠡᠯᠪᠡᠷᠢ ᠶᠢ ᠪᠦᠳᠦᠭᠦᠯᠢᠭ | ᠦᠷ᠎ᠡ ᠠᠰᠢᠭ ᠢᠶᠠᠷ ᠳᠣᠤᠷ᠎ᠠ ᠪᠠᠶᠢᠭᠰᠠᠨ ᠠᠴᠠ ᠠᠷᠪᠢᠲᠠᠶ ᠡᠷᠴᠢᠮᠯᠢᠭ ᠪᠣᠯᠭᠠᠨ ᠬᠤᠪᠢᠷᠠᠭᠤᠯᠬᠤ ᠶᠢ ᠪᠥᠬᠦ ᠬᠦᠴᠦᠨ ᠢᠶᠠᠷ ᠢᠶᠠᠨ ᠠᠬᠢᠭᠤᠯᠵᠤ᠂ ᠬᠠᠲᠤᠨ ᠭᠤᠤᠯ ᠤᠨ | ᠰᠠᠪᠠ ᠭᠠᠵᠠᠷ ᠤᠨ ᠵᠠᠭᠤᠨ ᠲᠦᠮᠡᠨ ᠮᠥ ᠶᠢᠨ ᠤᠰᠤ ᠠᠷᠪᠢᠯᠠᠬᠤ ᠤᠰᠤᠯᠠᠯᠲᠠ ᠶᠢᠨ ᠵᠢᠱᠢᠶ᠎ᠡ ᠦᠵᠡᠭᠦᠯᠬᠦ ᠬᠤᠰᠢᠭᠤ ᠶᠢ ᠴᠢᠷᠮᠠᠶᠢᠨ ᠡᠭᠦᠳᠴᠦ᠂ ᠤᠯᠤᠰ ᠤᠨ ᠠᠮᠤ | ᠪᠤᠳᠠᠭᠠᠨ ᠤ ᠠᠮᠤᠷ ᠲᠦᠪᠰᠢᠨ᠂ ᠤᠰᠤᠨ ᠤ ᠡᠬᠢ ᠪᠠᠶᠠᠯᠢᠭ ᠤᠨ ᠠᠮᠤᠷ ᠲᠦᠪᠰᠢᠨ ᠢ ᠪᠠᠲᠤᠯᠠᠨ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠ | ᠲᠠᠷᠢᠶᠠᠯᠠᠩ ᠬᠥᠳᠡᠭᠡ ᠲᠣᠰᠬᠤᠨ ᠤ ᠣᠳᠣᠬᠢᠴᠢᠯᠠᠯᠲᠠ ᠶᠢ ᠠᠬᠢᠭᠤᠯᠬᠤ ᠬᠡᠷᠡᠭᠲᠡᠶ᠃ | ᠬᠠᠨ ᡁᠢ ᠶᠧ ᠴᠢᠬᠤᠯᠠᠴᠢᠯᠠᠭᠰᠠᠨ ᠨᠢ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢᠨ ᠵᠠᠩᠭᠢᠯᠠᠭ᠎ᠠ ᠨᠢ ᠠᠵᠤ ᠦᠢᠯᠡᠰ ᠢ ᠬᠥᠭᠵᠢᠭᠦᠯᠦᠨ | ᠮᠠᠨᠳᠤᠭᠤᠯᠬᠤ ᠶᠠᠪᠤᠳᠠᠯ ᠪᠣᠯᠤᠨ᠎ᠠ ᠡᠯ᠎ᠡ ᠪᠠᠯᠭᠠᠰᠤ ᠶᠢᠨ ᠬᠢᠨ ᠬᠥᠳᠡᠭᠡ ᠲᠣᠰᠬᠤᠨ ᠤ ᠪᠦᠲᠦᠭᠡᠨ ᠪᠠᠶᠢᠭᠤᠯᠤᠯᠲᠠ ᠪᠣᠯᠤᠨ ᠠᠵᠤ ᠦᠢᠯᠡᠰ ᠤᠨ ᠬᠥᠭᠵᠢᠯᠲᠡ ᠶᠢ | ᠣᠷᠭᠠᠨᠢᠭ ᠢᠶᠠᠷ ᠠᠭᠤᠰᠤᠯᠴᠠᠭᠤᠯᠬᠤ ᠶᠢ ᠪᠠᠷᠢᠮᠲᠠᠯᠠᠵᠤ᠂ ᠡᠯ᠎ᠡ ᠭᠠᠵᠠᠷ ᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠵᠢᠱᠢᠶ᠎ᠡ ᠦᠵᠡᠭᠦᠯᠬᠦ ᠴᠡᠭ ᠢ | ᠡᠭᠦᠳᠦᠨ ᠪᠠᠶᠢᠭᠤᠯᠤᠭᠰᠠᠨ ᠰᠠᠶᠢᠨ ᠲᠤᠷᠰᠢᠯᠭ᠎ᠠ ᠰᠠᠶᠢᠨ ᠠᠷᠭ᠎ᠠ ᠪᠠᠷ ᠲᠠᠰᠤᠷᠠᠯᠲᠠ ᠦᠭᠡᠢ ᠲᠤᠯᠢ ᠪᠣᠯᠭᠠᠵᠤ᠂ ᠭᠠᠵᠠᠷ ᠣᠷᠣᠨ ᠤ ᠪᠠᠶᠢᠳᠠᠯ ᠳᠠᠭᠠᠨ ᠲᠤᠬᠢᠷᠠᠭᠤᠯᠤᠨ | ᠳᠠᠪᠠᠭᠤᠯᠢᠭ ᠠᠵᠤ ᠦᠢᠯᠡᠰ ᠢ ᠶᠡᠬᠡᠪᠡᠷ ᠬᠥᠭᠵᠢᠭᠦᠯᠵᠦ᠂ ᠵᠢᠱᠢᠶ᠎ᠡ ᠦᠵᠡᠭᠦᠯᠬᠦ ᠴᠡᠭ ᠤᠨ ᠪᠦᠲᠦᠭᠡᠨ ᠪᠠᠶᠢᠭᠤᠯᠤᠯᠲᠠ ᠶᠢ ᠦᠨᠡᠨᠬᠦ ᠰᠠᠶᠢᠲᠤᠷ ᠴᠣᠭᠴᠠᠯᠠᠵᠤ᠂ | ᠬᠡᠪᠴᠢᠶᠡᠵᠢᠭᠰᠡᠨ᠂ ᠪᠠᠷᠢᠮᠵᠢᠶᠠᠵᠢᠭᠰᠠᠨ᠂ ᠲᠦᠷᠦᠯ ᠳᠡᠮᠳᠡᠭᠵᠢᠭᠰᠡᠨ ᠪᠠ ᠪᠣᠬᠢᠷᠲᠤᠯ ᠦᠭᠡᠢ ᠬᠥᠭᠵᠢᠯᠲᠡ ᠶᠢᠨ ᠲᠦᠪᠰᠢᠨ ᠢ ᠳᠡᠭᠡᠭᠰᠢᠯᠡᠭᠦᠯᠵᠦ᠂ ᠬᠥᠳᠡᠭᠡ | ᠲᠣᠰᠬᠤᠨ ᠤ ᠠᠵᠤ ᠦᠢᠯᠡᠰ ᠤᠨ ᠬᠥᠭᠵᠢᠨ ᠪᠤᠵᠠᠭᠠᠢᠢᠷᠠᠬᠤ ᠶᠢ ᠠᠬᠢᠭᠤᠯᠬᠤ ᠬᠡᠷᠡᠭᠲᠡᠢ ᠭᠡᠵᠦ ᠵᠢᠭᠠᠵᠤ ᠭᠠᠷᠭᠠᠪᠠ᠃ ᠲᠠᠭᠠᠭᠤᠯᠤᠭᠴᠢ ᠠᠵᠤ ᠦᠢᠯᠡᠰ ᠤᠨ | ᠳᠠᠶᠢᠴᠢᠯᠠᠬᠤ ᠦᠢᠯᠡᠳᠦᠯ ᠢ ᠭᠦᠢᠴᠡᠳ ᠪᠠᠳᠠᠷᠠᠭᠤᠯᠵᠤ᠂ ᠠᠵᠤ ᠦᠢᠯᠡᠰ ᠤᠨ ᠬᠡᠯᠬᠢᠶ᠎ᠡ ᠶᠢ ᠤᠷᠲᠤᠳᠬᠠᠬᠤ ᠲᠠᠯ᠎ᠠ ᠪᠠᠷ ᠦᠷᠭᠦᠯᠵᠢᠯᠡᠨ ᠬᠦᠴᠦᠯᠡᠵᠦ᠂ ᠠᠵᠤ | ᠦᠢᠯᠡᠰ ᠤᠨ ᠬᠡᠪᠴᠢᠶ᠎ᠡ ᠶᠢ ᠥᠷᠭᠡᠳᠬᠡᠵᠦ᠂ ᠦᠢᠯᠡᠳᠬᠦᠨ ᠤ ᠨᠡᠮᠡᠯᠲᠡ ᠦᠷᠳᠡᠭ᠂ ᠤᠨᠴᠠᠯᠢᠬᠳᠤ ᠠᠵᠤ ᠦᠢᠯᠡᠰ ᠤᠨ ᠶᠠᠰᠤ ᠴᠢᠨᠠᠷ ᠦᠷ᠎ᠡ ᠠᠰᠢᠭ ᠪᠣᠯᠤᠨ | ᠦᠷᠢᠰᠦᠯᠳᠦᠬᠦ ᠬᠦᠴᠦᠨ ᠢ ᠲᠠᠰᠤᠷᠠᠯᠲᠠ ᠦᠭᠡᠢ ᠳᠡᠭᠡᠭᠰᠢᠯᠡᠭᠦᠯᠵᠦ᠂ ᠵᠢᠱᠢᠶ᠎ᠡ ᠦᠵᠡᠭᠦᠯᠵᠦ ᠬᠦᠳᠦᠯᠦᠨ ᠳᠠᠭᠠᠭᠤᠯᠬᠤ ᠦᠢᠯᠡᠳᠦᠯ ᠢ ᠦᠨᠡᠨᠬᠦ ᠪᠠᠳᠠᠷᠠᠭᠤᠯᠵᠤ᠂ | ᠬᠥᠳᠡᠭᠡ ᠲᠣᠰᠬᠤᠨ ᠢ ᠪᠦᠬᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ ᠬᠡᠷᠡᠭᠲᠡᠢ ᠭᠡᠵᠦ ᠵᠢᠭᠠᠵᠤ ᠭᠠᠷᠭᠠᠪᠠ᠃ ᠠᠷᠠᠯᠵᠢᠶᠠᠴᠢᠨ ᠤᠷᠢᠵᠤ ᠪᠡᠯᠡ | ᠮᠥᠩᠭᠦ ᠣᠷᠣᠭᠤᠯᠬᠤ ᠲᠦᠷᠦᠯ ᠵᠦᠢᠯ ᠢᠶᠠᠷ ᠭᠤᠣᠯ ᠪᠣᠯᠭᠠᠵᠤ᠂ ᠬᠥᠭᠵᠢᠯᠲᠡ ᠶᠢᠨ ᠬᠥᠳᠡᠯᠭᠡᠬᠦ ᠬᠦᠴᠦᠨ ᠢᠶᠠᠷ ᠴᠢᠩᠭ᠎ᠠ᠂ ᠲᠠᠷᠢᠶᠠᠴᠢᠳ ᠤᠨ ᠠᠰᠢᠭ ᠲᠤᠰᠠ ᠯᠤᠭ᠎ᠠ | ᠨᠢᠭᠲᠠ ᠬᠤᠯᠪᠣᠭ᠎ᠠ ᠲᠠᠢ ᠲᠦᠷᠦᠯ ᠵᠦᠢᠯ ᠳᠤ ᠠᠩᠬᠠᠷᠤᠯ ᠢᠶᠠᠨ ᠲᠥᠪᠯᠡᠷᠡᠭᠦᠯᠵᠦ᠂ ᠲᠠᠷᠢᠶᠠᠯᠠᠩ ᠤᠨ ᠠᠷᠠᠯᠵᠢᠶᠠᠴᠢᠨ ᠤᠷᠢᠵᠤ ᠪᠡᠯᠡ ᠮᠥᠩᠭᠦ ᠣᠷᠣᠭᠤᠯᠬᠤ | ᠡᠷᠴᠢᠮ ᠢᠶᠠᠨ ᠴᠢᠩᠭᠠᠷᠠᠭᠤᠯᠵᠤ᠂ ᠭᠤᠣᠯᠳᠠᠯᠭ᠎ᠠ ᠲᠠᠢ ᠠᠵᠢᠯ ᠢ ᠬᠦᠴᠦ ᠪᠠᠨ ᠲᠥᠪᠯᠡᠷᠡᠭᠦᠯᠦᠨ ᠰᠠᠶᠢᠲᠤᠷ ᠠᠳᠬᠤᠵᠤ᠂ ᠬᠥᠳᠡᠭᠡ ᠲᠣᠰᠬᠤᠨ ᠢ ᠬᠥᠭᠵᠢᠭᠦᠯᠦᠨ | ᠮᠠᠨᠳᠤᠭᠤᠯᠬᠤ ᠶᠢ ᠪᠦᠬᠦ ᠬᠦᠴᠦᠨ ᠢᠶᠠᠷ ᠢᠶᠠᠨ ᠠᠬᠢᠭᠤᠯᠬᠤ ᠬᠡᠷᠡᠭᠲᠡᠢ ᠭᠡᠵᠦ ᠵᠢᠭᠠᠵᠤ ᠭᠠᠷᠭᠠᠪᠠ᠃ | |