ᠡᠨᠡ ᠵᠢᠯ ᠠᠴᠠ ᠨᠠᠰᠢ᠂ ᠬᠠᠩᠭᠢᠨ ᠬᠤᠶᠢᠲᠤ ᠬᠤᠰᠢᠭᠤᠨ ᠤ ᠬᠢᠨ ᠨᠠᠮ ᠤᠨ ᠪᠠᠶᠢᠭᠤᠯᠤᠯᠲᠠ ᠶᠢ ᠠᠳᠬᠤᠵᠤ ᠬᠦᠴᠦ ᠪᠠᠨ ᠲᠥᠪᠯᠡᠷᠡᠭᠦᠯᠦᠨ ᠬᠥᠳᠡᠭᠡ | ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ ᠶᠢ ᠪᠠᠷᠢᠮᠲᠠᠯᠠᠵᠤ᠂ ᠨᠠᠮ ᠤᠨ ᠪᠠᠶᠢᠭᠤᠯᠤᠯᠲᠠ ᠪᠠᠷ ᠭᠤᠣᠯ ᠪᠣᠯᠭᠠᠭᠰᠠᠨ᠂ ᠲᠦᠷᠦᠯ ᠵᠦᠢᠯ ᠢᠶᠠᠷ | ᠳᠠᠶᠢᠴᠢᠯᠠᠬᠤ ᠪᠠᠷ ᠭᠤᠣᠯᠳᠠᠯᠭ᠎ᠠ ᠪᠣᠯᠭᠠᠭᠰᠠᠨ᠂ ᠴᠢᠳᠠᠪᠤᠷᠢᠲᠠᠨ ᠢ ᠣᠷᠣᠭᠤᠯᠤᠨ ᠬᠥᠮᠦᠵᠢᠭᠦᠯᠬᠦ ᠪᠠᠷ ᠲᠤᠯᠭᠠᠭᠤᠷᠢᠯᠠᠯ ᠪᠣᠯᠭᠠᠭᠰᠠᠨ ᠠᠭᠤᠰᠤᠯᠴᠠᠨ ᠬᠥᠭᠵᠢᠬᠦ ᠰᠢᠨ᠎ᠡ | ᠠᠷᠭ᠎ᠠ ᠵᠠᠮ ᠢ ᠰᠦᠪᠡᠭᠴᠢᠯᠡᠵᠦ᠂ ᠭᠠᠵᠠᠷ ᠣᠷᠣᠨ ᠤ ᠪᠠᠶᠢᠳᠠᠯ ᠳᠠᠭᠠᠨ ᠲᠤᠬᠢᠷᠠᠭᠤᠯᠤᠨ᠂ ᠤᠨᠢᠨ ᠳᠡᠭᠡᠷ᠎ᠡ ᠨᠢ ᠠᠷᠭ᠎ᠠ ᠪᠤᠳᠤᠯᠭ᠎ᠠ ᠬᠡᠷᠡᠭᠵᠢᠭᠦᠯᠵᠦ᠂ ᠲᠣᠰᠬᠤᠨ ᠤ | ᠬᠠᠮᠲᠤ ᠶᠢᠨ ᠠᠵᠤ ᠠᠬᠤᠢ ᠶᠢᠨ ᠬᠥᠭᠵᠢᠯᠲᠡ ᠶᠢᠨ ᠠᠮᠢᠵᠢᠷᠠᠯ ᠤᠨ ᠬᠦᠴᠦᠨ ᠢ ᠪᠦᠲᠦᠮᠵᠢᠲᠡᠢ ᠬᠥᠭᠵᠢᠭᠡᠪᠡ᠃ | ᠤᠯᠠᠭᠠᠨ ᠭᠡᠳᠡᠭ ᠢᠶᠠᠷ ᠰᠠᠭᠤᠷᠢ ᠪᠣᠯᠭᠠᠬᠤ ᠨᠠᠮ ᠤᠨ ᠪᠠᠶᠢᠭᠤᠯᠤᠯᠲᠠ ᠪᠠᠷ ᠳᠠᠮᠵᠢᠨ ︽ᠪᠠᠶᠠᠵᠢᠯ ᠤᠨ ᠵᠠᠮ︾ ᠢ ᠬᠦᠲᠦᠯᠪᠡ | ᠵᠣᠬᠢᠶᠠᠨ ᠪᠠᠶᠢᠭᠤᠯᠵᠤ ᠬᠥᠲᠥᠯᠥᠨ ᠳᠠᠭᠠᠭᠤᠯᠬᠤ ᠶᠢ ᠲᠣᠰᠬᠤᠨ ᠤ ᠬᠠᠮᠲᠤ ᠶᠢᠨ ᠠᠵᠤ ᠠᠬᠤᠶ ᠶᠢᠨ ︽ᠬᠤᠶᠠᠷ ᠢ ᠳᠡᠭᠡᠭᠰᠢᠯᠡᠭᠦᠯᠬᠦ ᠢᠨᠵᠧᠨᠧᠷᠢᠩ︾ ᠢ | ᠯᠠᠪᠳᠠᠭᠤᠨ ᠪᠠᠲᠤᠲᠠᠶ ᠠᠬᠢᠭᠤᠯᠬᠤ ᠶᠢᠨ ᠵᠠᠩᠭᠢᠯᠠᠭ᠎ᠠ ᠪᠣᠯᠭᠠᠵᠤ᠂ ︽ᠨᠠᠮ ᠤᠨ ᠪᠠᠶᠢᠭᠤᠯᠤᠯᠲᠠ ᠶᠢᠨ ᠬᠤᠪᠢᠰᠬᠠᠯ︾ ᠢᠶᠠᠷ ᠬᠥᠳᠡᠭᠡ ᠲᠣᠰᠬᠤᠨ ᠢ ᠬᠥᠭᠵᠢᠭᠦᠯᠦᠨ | ᠮᠠᠨᠳᠤᠭᠤᠯᠬᠤ ᠳᠤ ᠥᠩᠭᠡ ᠪᠤᠳᠤᠭ ᠨᠡᠮᠡᠷᠢᠯᠡᠪᠡ᠃ ︽ᠳᠥᠷᠪᠡ ᠶᠢ ᠬᠤᠯᠪᠣᠵᠤ ᠳᠥᠷᠪᠡ ᠶᠢ ᠣᠷᠣᠭᠤᠯᠬᠤ︾ ᠠᠵᠢᠯ ᠤᠨ ᠲᠣᠭᠲᠠᠴᠠ ᠶᠢ ᠭᠦᠨᠵᠡᠭᠡᠶ ᠬᠡᠷᠡᠭᠵᠢᠭᠦᠯᠵᠦ᠂ | ᠭᠠᠵᠠᠷ ᠤᠨ ᠲᠠᠰ ᠤᠨ ᠤᠳᠤᠷᠢᠳᠤᠯᠭ᠎ᠠ ᠪᠠᠯᠭᠠᠰᠤ ᠲᠠᠢ ᠬᠤᠯᠪᠣᠭᠠᠯᠠᠨ ᠲᠣᠰᠬᠤᠨ ᠳᠤ ᠬᠦᠷᠴᠦ ᠵᠢᠱᠢᠶ᠎ᠡ ᠦᠵᠡᠭᠦᠯᠬᠦ ᠶᠢ ᠠᠳᠬᠤᠬᠤ᠂ ᠰᠠᠯᠠᠭᠠᠨ ᠲᠠᠰ ᠤᠨ | ᠤᠳᠤᠷᠢᠳᠤᠯᠭ᠎ᠠ ᠲᠣᠰᠬᠤᠨ ᠤ ᠳᠤᠭᠤᠶᠢᠯᠠᠩ ᠳᠤ ᠣᠷᠣᠵᠤ ᠢᠷᠡᠨ ᠨᠡᠶᠢᠲᠡᠯᠢᠭ ᠵᠢᠱᠢᠶ᠎ᠡ ᠶᠢ ᠪᠣᠶ ᠪᠣᠯᠭᠠᠬᠤ᠂ ᠬᠤᠤᠰᠯᠠᠯ ᠪᠠᠶᠢᠭᠤᠯᠤᠭᠰᠠᠨ ᠠᠵᠤ ᠠᠬᠤᠶᠢᠯᠠᠯ | ᠬᠤᠯᠪᠣᠭᠠᠯᠠᠨ ᠠᠷᠠᠳ ᠤᠨ ᠠᠮᠢᠳᠤᠷᠠᠯ ᠳᠤ ᠠᠰᠢᠭ ᠬᠦᠷᠲᠡᠭᠡᠬᠦ᠂ ᠬᠤᠲᠠ ᠬᠥᠳᠡᠭᠡ ᠶᠢᠨ ᠨᠠᠮ ᠤᠨ ᠡᠭᠦᠷ ᠬᠠᠮᠲᠤᠷᠠᠨ ᠣᠷᠣᠵᠤ ᠰᠠᠭᠤᠵᠤ ᠬᠥᠭᠵᠢᠯ ᠮᠠᠨᠳᠤᠯ ᠢ | ᠠᠬᠢᠭᠤᠯᠬᠤ ᠬᠦᠴᠦᠷᠬᠡᠭ ᠶᠡᠭᠡ ᠨᠡᠶᠢᠯᠡᠮᠡᠯ ᠬᠦᠴᠦᠨ ᠢ ᠨᠢᠭᠲᠠᠷᠠᠭᠤᠯᠤᠨ ᠪᠦᠷᠢᠯᠳᠦᠭᠦᠯᠵᠦ᠂ ᠲᠣᠰᠬᠤᠨ ᠤ ᠬᠠᠮᠲᠤ ᠶᠢᠨ ᠠᠵᠤ ᠠᠬᠤᠶ ᠶᠢᠨ ᠬᠥᠭᠵᠢᠯᠲᠡ ᠶᠢᠨ ᠳᠤᠮᠳᠠ | ᠲᠤᠯᠭᠠᠷᠠᠭᠰᠠᠨ ᠬᠦᠴᠢᠷᠳᠡᠯ ᠪᠠ ᠠᠰᠠᠭᠤᠳᠠᠯ ᠢ ᠵᠣᠬᠢᠴᠠᠭᠤᠯᠤᠨ ᠰᠢᠢᠳᠪᠦᠷᠢᠯᠡᠨ᠎ᠡ︔ ︽ᠬᠥᠳᠡᠭᠡ ᠲᠣᠰᠬᠤᠨ ᠤ ᠨᠠᠮ ᠤᠨ ᠪᠠᠶᠢᠭᠤᠯᠤᠯᠲᠠ ᠶᠢ ᠪᠠᠷᠢᠮᠵᠢᠶᠠᠵᠢᠭᠤᠯᠬᠤ | ᠨᠠᠷᠢᠨ ᠲᠠᠩᠰᠠ︾ ᠶᠢ ᠲᠣᠭᠲᠠᠭᠠᠨ ᠪᠠᠭᠤᠯᠭᠠᠵᠤ᠂ ᠦᠨᠳᠦᠰᠦᠨ ᠱᠠᠲᠤᠨ ᠤ ᠨᠠᠮ ᠤᠨ ᠪᠠᠶᠢᠭᠤᠯᠤᠯᠲᠠ ᠶᠢᠨ ᠡᠭᠦᠷᠭᠡ ᠶᠢ ᠠᠳᠬᠤᠬᠤ ᠨᠠᠷᠢᠨ ᠲᠠᠩᠰᠠ ᠶᠢ ᠤᠯᠠᠮ | ᠨᠢᠭᠡ ᠠᠯᠬᠤᠮ ᠲᠡᠭᠦᠯᠳᠡᠷᠵᠢᠭᠦᠯᠵᠦ᠂ ᠰᠠᠷ᠎ᠠ ᠶᠢᠨ ᠲᠣᠬᠢᠷᠠᠭᠤᠯᠤᠯᠲᠠ ᠶᠢᠨ ᠤᠯᠠᠷᠢᠯ ᠤᠨ ᠮᠡᠳᠡᠭᠡᠯᠡᠬᠦ ᠠᠵᠢᠯ ᠤᠨ ᠲᠣᠭᠲᠠᠴᠠ ᠶᠢ ᠬᠡᠷᠡᠭᠵᠢᠭᠦᠯᠵᠦ᠂ ᠡᠯ᠎ᠡ ᠵᠦᠢᠯ ᠤᠨ | ᠡᠭᠦᠷᠭᠡ ᠶᠢ ᠡᠮᠬᠢ ᠵᠢᠷᠤᠮ ᠲᠠᠢ ᠠᠬᠢᠭᠤᠯᠬᠤ ᠶᠢ ᠦᠨᠡᠨ ᠬᠦ ᠪᠠᠲᠤᠯᠠᠨ᠎ᠠ︔ ᠲᠣᠰᠬᠤᠨ ᠤ ᠬᠠᠮᠲᠤ ᠶᠢᠨ ᠠᠵᠤ ᠠᠬᠤᠶ ᠶᠢᠨ ︽ᠶᠠᠰᠤ ᠴᠢᠩᠭ᠎ᠠ ᠢᠳᠡᠷᠡᠭᠦᠨ︾ 5 | ᠵᠢᠯ ᠤᠨ ᠠᠵᠢᠯᠯᠠᠭ᠎ᠠ ᠶᠢ ᠪᠦᠬᠦ ᠬᠦᠴᠦᠨ ᠢᠶᠠᠷ ᠢᠶᠠᠨ ᠬᠡᠷᠡᠭᠵᠢᠭᠦᠯᠵᠦ᠂ ᠵᠢᠯ ᠤᠨ ᠳᠣᠲᠣᠷ᠎ᠠ ᠪᠣᠶ ᠪᠦᠬᠦᠢ ᠲᠣᠰᠬᠤᠨ ᠤ ᠬᠠᠮᠲᠤ ᠶᠢᠨ ᠠᠵᠤ ᠠᠬᠤᠶ ᠶᠢᠨ | ᠣᠷᠣᠯᠭ᠎ᠠ ᠶᠢᠨ ᠨᠡᠮᠡᠭᠳᠡᠯ ᠤᠨ ᠬᠡᠮᠵᠢᠶ᠎ᠡ ᠶᠢ 10% ᠠᠴᠠ ᠳᠡᠭᠡᠭᠰᠢ ᠳᠤ ᠬᠦᠷᠦᠭᠦᠯᠵᠦ᠂ ᠨᠥᠬᠦᠴᠡᠯ ᠲᠠᠢ ᠪᠣᠯ 20% ᠳᠤ ᠬᠦᠷᠦᠭᠦᠯᠬᠦ ᠪᠠᠷ ᠴᠢᠷᠮᠠᠶᠢᠵᠤ᠂ | 55% ᠶᠢᠨ ᠲᠣᠰᠬᠤᠨ ᠤ ᠬᠠᠮᠲᠤ ᠶᠢᠨ ᠠᠵᠤ ᠠᠬᠤᠶ ᠶᠢᠨ ᠣᠷᠣᠯᠭ᠎ᠠ ᠶᠢ 20 ᠲᠦᠮᠡᠨ ᠲᠥᠭᠦᠷᠢᠭ ᠲᠤ ᠬᠦᠷᠦᠭᠦᠯᠦᠨ᠎ᠡ᠃ ︽ᠵᠠᠮᠴᠢᠯᠠᠨ ᠬᠠᠮᠲᠤ ᠪᠠᠷ ᠪᠠᠶᠠᠵᠢᠬᠤ︾ | ᠵᠢᠱᠢᠶ᠎ᠡ ᠦᠵᠡᠭᠦᠯᠬᠦ ᠰᠠᠭᠤᠷᠢᠨ ᠭᠠᠵᠠᠷ ᠢᠶᠠᠷ ᠵᠢᠯᠣᠭᠤᠳᠤᠮᠵᠢ ᠪᠣᠯᠭᠠᠵᠤ᠂ ᠰᠠᠨ ᠳ᠋ᠤᠤ ᠴᠢᠶᠣᠤ ᠪᠠᠯᠭᠠᠰᠤ ᠶᠢᠨ ︽ᠤᠯᠠᠨ ᠢᠶᠠᠷ ᠢᠶᠠᠨ ᠴᠤᠭᠯᠠᠭᠤᠯᠬᠤ︾᠂ ᠱᠤᠸᠠᠩ | ᠮᠢᠶᠣᠣ ᠪᠠᠯᠭᠠᠰᠤ ᠶᠢᠨ ︽1 8N︾ ᠠᠯᠠᠰᠢᠨ ᠦᠬᠡᠷ ᠤᠨ ᠠᠵᠤ ᠦᠢᠯᠡᠰ ᠤᠨ ᠬᠥᠭᠵᠢᠯᠲᠡ ᠶᠢᠨ ᠵᠠᠭᠪᠤᠷ ᠵᠡᠷᠭᠡ ᠶᠢ ᠠᠮᠵᠢᠯᠲᠠ ᠲᠠᠢ ᠭᠠᠷᠭᠠᠵᠤ᠂ ︽ᠨᠢᠭᠡ | ᠪᠠᠯᠭᠠᠰᠤ ᠨᠢᠭᠡ ᠦᠢᠯᠡᠰ᠂ ᠨᠢᠭᠡ ᠲᠣᠰᠬᠤᠨ ᠨᠢᠭᠡ ᠪᠦᠲᠦᠭᠡᠭᠳᠡᠬᠦᠨ᠂ ᠨᠢᠭᠡ ᠪᠦᠲᠦᠭᠡᠭᠳᠡᠬᠦᠨ ᠨᠢᠭᠡ ᠬᠦᠷᠢᠶᠡᠯᠡᠩ︾ ᠤᠨ ᠬᠥᠭᠵᠢᠯᠲᠡ ᠶᠢᠨ ᠪᠠᠶᠢᠷᠢᠰᠢᠯ ᠢ | ᠪᠠᠶᠢᠭᠤᠯᠵᠤ᠂ ᠨᠡᠩ ᠤᠯᠠᠨ ᠲᠣᠰᠬᠤᠨ ᠤ ᠱᠠᠲᠤᠨ ᠤ ᠵᠣᠬᠢᠶᠠᠨ ᠪᠠᠶᠢᠭᠤᠯᠤᠯᠲᠠ᠂ ᠡᠵᠡᠩᠨᠡᠯᠲᠡ ᠶᠢᠨ ᠭᠤᠣᠯ ᠴᠣᠭᠴᠠ᠂ ᠲᠠᠷᠢᠶᠠᠴᠢᠨ ᠡᠷᠦᠬᠡ ᠶᠢ ᠪᠦᠯᠬᠦᠮᠳᠡᠭᠦᠯᠦᠨ | ᠬᠥᠭᠵᠢᠭᠦᠯᠵᠦ᠂ ᠠᠵᠤ ᠦᠢᠯᠡᠰ ᠤᠨ ᠬᠥᠭᠵᠢᠯᠲᠡ ᠶᠢᠨ ᠠᠰᠢᠭ ᠲᠤᠰᠠ ᠶᠢ ᠬᠠᠮᠲᠤᠪᠠᠷ ᠡᠳ᠋ᠯᠡᠭᠦᠯᠪᠡ᠃ | ︽ᠠᠵᠢᠯ︾ ᠢᠶᠠᠷ ᠰᠠᠭᠤᠷᠢ ᠪᠣᠯᠭᠠᠬᠤ ᠲᠥᠷᠥᠯ ᠵᠦᠢᠯ ᠢᠶᠠᠷ ᠳᠠᠮᠵᠢᠨ ︽ᠬᠥᠭᠵᠢᠯᠲᠡ ᠶᠢᠨ ᠵᠠᠮ︾ ᠢ ᠳᠠᠶᠢᠴᠢᠯᠠᠬᠤ | ᠠᠵᠤ ᠦᠢᠯᠡᠰ ᠤᠨ ᠬᠥᠭᠵᠢᠯᠲᠡ ᠪᠣᠯᠤᠨ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠪᠠᠷ ᠭᠠᠷᠳᠠᠴᠠ ᠪᠣᠯᠭᠠᠵᠤ᠂ ᠬᠥᠭᠵᠢᠯᠲᠡ ᠶᠢᠨ ᠰᠠᠭᠤᠷᠢ ᠶᠢ | ᠦᠷᠭᠦᠯᠵᠢᠯᠡᠨ ᠪᠠᠬᠢᠵᠢᠭᠦᠯᠵᠦ᠂ ᠲᠣᠰᠬᠤᠨ ᠤ ᠬᠠᠮᠲᠤ ᠶᠢᠨ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢ ᠨᠥᠯᠥᠭᠡᠯᠡᠨ ᠳᠠᠶᠢᠴᠢᠯᠠᠨ᠎ᠠ᠃ ᠲᠥᠪ ᠤᠨ ᠪᠠ | ᠥᠪᠡᠷᠲᠡᠭᠡᠨ ᠵᠠᠰᠠᠬᠤ ᠣᠷᠣᠨ ᠤ ᠬᠥᠳᠡᠭᠡ ᠲᠣᠰᠬᠤᠨ ᠤ ᠰᠢᠨ᠎ᠡ ᠬᠡᠯᠪᠡᠷᠢ ᠶᠢᠨ ᠬᠠᠮᠲᠤ ᠶᠢᠨ ᠠᠵᠤ ᠠᠬᠤᠶ ᠶᠢᠨ ᠲᠥᠷᠥᠯ ᠵᠦᠢᠯ ᠢ ᠲᠡᠳᠬᠦᠨ ᠬᠥᠭᠵᠢᠭᠦᠯᠬᠦ 7 | 875 ᠲᠦᠮᠡᠨ ᠲᠥᠭᠦᠷᠢᠭ ᠢ ᠢᠳᠡᠪᠬᠢᠲᠡᠶ ᠲᠡᠮᠡᠴᠡᠨ ᠣᠯᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ ᠶᠢᠨ 17 ᠲᠥᠷᠥᠯ ᠵᠦᠢᠯ ᠤᠨ | ᠲᠣᠰᠬᠤᠨ ᠳᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠵᠣᠯᠭᠠᠭᠤᠯᠬᠤ ᠪᠠᠯᠠ ᠮᠥᠩᠭᠦ 3129 ᠲᠦᠮᠡᠨ ᠲᠥᠭᠦᠷᠢᠭ ᠣᠷᠣᠭᠤᠯᠬᠤ ᠶᠢ ᠵᠣᠬᠢᠶᠠᠨ | ᠪᠠᠶᠢᠭᠤᠯᠤᠨ ᠵᠣᠬᠢᠴᠠᠭᠤᠯᠤᠨ᠎ᠠ᠃ | ᠬᠥᠮᠥᠨ ᠢᠶᠠᠷ ᠦᠨᠳᠦᠰᠦ ᠪᠣᠯᠭᠠᠬᠤ ᠴᠢᠳᠠᠪᠤᠷᠢᠲᠠᠨ ᠢ ᠬᠥᠮᠦᠵᠢᠭᠦᠯᠦᠨ ᠬᠥᠭᠵᠢᠭᠦᠯᠬᠦ ︽ᠬᠥᠭᠵᠢᠯ ᠪᠠᠳᠠᠷᠠᠯ ᠤᠨ ᠵᠠᠮ︾ | ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠴᠢᠳᠠᠪᠤᠷᠢᠲᠠᠨ ᠤ ︽ᠬᠦᠴᠦᠨ ᠢᠶᠠᠨ ᠲᠥᠪᠯᠡᠷᠡᠭᠦᠯᠦᠨ ᠴᠢᠳᠠᠪᠤᠷᠢ ᠣᠯᠭᠤᠬᠤ︾ ᠢᠨᠵᠧᠨᠧᠷᠢᠩ ᠤᠨ | ᠲᠣᠭᠤᠷᠢᠨ ᠳᠤ᠂ ᠴᠢᠳᠠᠪᠤᠷᠢᠲᠠᠨ ᠤ ᠠᠵᠢᠯ ᠪᠣᠯᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠵᠡᠷᠭᠡᠪᠡᠷ ᠶᠠᠪᠤᠭᠳᠠᠭᠤᠯᠵᠤ᠂ ᠭᠦᠨᠵᠡᠭᠡᠢ | ᠠᠭᠤᠰᠤᠯᠴᠠᠭᠤᠯᠵᠤ᠂ ᠪᠦᠬᠦ ᠲᠠᠯ᠎ᠠ ᠪᠠᠷ ᠳᠡᠭᠡᠭᠰᠢᠯᠡᠭᠦᠯᠬᠦ ᠶᠢ ᠲᠠᠰᠤᠷᠠᠯᠲᠠ ᠦᠭᠡᠢ ᠠᠬᠢᠭᠤᠯᠬᠤ ᠬᠡᠷᠡᠭᠲᠡᠢ᠃ ᠰᠢᠨᠵᠢᠯᠡᠬᠦ ᠤᠬᠠᠭᠠᠨ ᠮᠡᠷᠭᠡᠵᠢᠯ ᠤᠨ 8 ᠵᠢᠵᠢᠭ | ᠬᠦᠷᠢᠶᠡᠯᠡᠩ ᠳᠤ ᠲᠦᠰᠢᠭᠯᠡᠨ᠂ ︽ᠲᠦᠮᠡᠨ ᠲᠤᠰᠬᠠᠶ ᠮᠡᠷᠭᠡᠵᠢᠯᠲᠡᠨ ᠦᠨᠳᠦᠰᠦᠨ ᠱᠠᠲᠤᠨ ᠳᠤ ᠦᠢᠯᠡᠴᠢᠯᠡᠬᠦ︾ ᠪᠠ ︽ᠭᠤᠷᠪᠠ ᠳᠤ ᠦᠢᠯᠡᠴᠢᠯᠡᠵᠦ ᠨᠢᠭᠡ ᠶᠢ | ᠠᠬᠢᠭᠤᠯᠬᠤ︾ ᠠᠵᠢᠯᠯᠠᠭ᠎ᠠ ᠶᠢ ᠭᠦᠨᠵᠡᠭᠡᠶᠢᠷᠡᠭᠦᠯᠵᠦ᠂ ᠨᠡᠶᠢᠲᠡ 96 ᠲᠠᠯᠠᠪᠤᠷ ᠤᠳᠠᠭ᠎ᠠ ᠶᠢᠨ ᠠᠵᠢᠯᠯᠠᠭ᠎ᠠ ᠶᠢ ᠥᠷᠨᠢᠭᠦᠯᠵᠦ᠂ 4.7 ᠲᠦᠮᠡᠨ ᠬᠥᠮᠦᠨ ᠤᠳᠠᠭ᠎ᠠ ᠳᠤ | ᠦᠢᠯᠡᠴᠢᠯᠡᠪᠡ᠃ ᠤᠳᠤᠷᠢᠳᠬᠤ ᠺᠠᠳ᠋ᠷ ᠤᠨ ᠨᠤᠲᠤᠭ ᠤᠨ ᠮᠡᠷᠭᠡᠳ ᠲᠠᠢ ᠬᠠᠷᠢᠯᠴᠠᠬᠤ ᠦᠢᠯᠡᠴᠢᠯᠡᠭᠡᠨ ᠤ ᠲᠦᠷᠢᠮ ᠢ ᠪᠠᠶᠢᠭᠤᠯᠵᠤ᠂ 43 ᠤᠳᠤᠷᠢᠳᠬᠤ ᠺᠠᠳ᠋ᠷ ᠪᠣᠯᠤᠨ | 194 ᠭᠠᠳᠠᠷ ᠨᠤᠲᠤᠭ ᠤᠨ ᠮᠡᠷᠭᠡᠳ ᠤᠨ ᠴᠢᠳᠠᠪᠤᠷᠢᠲᠠᠨ ᠲᠠᠢ ᠬᠠᠷᠢᠯᠴᠠᠵᠤ ᠦᠢᠯᠡᠴᠢᠯᠡᠬᠦ ᠲᠦᠷᠢᠮ ᠢ ᠪᠠᠶᠢᠭᠤᠯᠵᠤ᠂ ᠢᠳᠡᠪᠬᠢᠲᠡᠢ ᠪᠠᠷ ᠨᠡᠪᠲᠡᠷᠡᠯᠴᠡᠵᠦ᠂ | ᠬᠠᠮᠲᠤᠷᠠᠯᠴᠠᠭ᠎ᠠ ᠪᠠᠨ ᠭᠦᠨᠵᠡᠭᠡᠶᠢᠷᠡᠭᠦᠯᠵᠦ᠂ ᠤᠶᠤᠨ ᠤᠬᠠᠭᠠᠨ ᠢᠶᠠᠨ ᠰᠢᠪᠬᠠᠨ ᠲᠣᠰᠬᠤᠨ ᠤ ᠬᠠᠮᠲᠤ ᠶᠢᠨ ᠠᠵᠤ ᠠᠬᠤᠢ ᠶᠢ ᠬᠥᠭᠵᠢᠭᠦᠯᠪᠡ︔ ︽ᠨᠢᠭᠡ ᠠᠵᠤ | ᠠᠬᠤᠶᠢᠯᠠᠯ ᠨᠢᠭᠡ ᠲᠣᠰᠬᠤᠨ ᠲᠠᠢ ᠬᠤᠯᠪᠣᠯᠳᠤᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠬᠦᠴᠦᠨ ᠨᠡᠮᠡᠷᠢᠯᠡᠬᠦ︾ ᠪᠠᠷ ᠠᠴᠢᠶᠠᠯᠠᠪᠤᠷᠢ ᠪᠣᠯᠭᠠᠵᠤ ᠂ | ᠲᠣᠰᠬᠤᠨ ᠠᠵᠤ ᠠᠬᠤᠶᠢᠯᠠᠯ ᠤᠨ ᠵᠣᠯᠭᠠᠯᠴᠠᠭ᠎ᠠ ᠶᠢ ᠴᠢᠩᠭᠠᠳᠬᠠᠵᠤ᠂ 95 ᠬᠤᠳᠠ᠂ ᠬᠤᠰᠢᠭᠤ ᠬᠤᠶᠠᠷ ᠱᠠᠲᠤᠨ ᠤ ᠠᠵᠤ ᠠᠬᠤᠶᠢᠯᠠᠯ ᠪᠣᠯᠤᠨ 68 | ᠲᠣᠰᠬᠤᠨ ᠲᠠᠢ ᠬᠤᠣᠰᠯᠠᠯ ᠪᠣᠯᠭᠠᠵᠤ᠂ ᠲᠣᠰᠬᠤᠨ ᠠᠵᠤ ᠠᠬᠤᠶᠢᠯᠠᠯ ᠢ ᠵᠣᠯᠭᠠᠭᠤᠯᠬᠤ ᠲᠦᠷᠦᠯ ᠵᠦᠢᠯ ᠢ 42 ᠨᠠᠶᠢᠳᠠᠪᠤᠷᠢᠵᠢᠭᠤᠯᠵᠤ᠂ ᠬᠤᠣᠰᠯᠠᠯ ᠪᠠᠶᠢᠭᠤᠯᠤᠭᠰᠠᠨ | ᠠᠵᠤ ᠠᠬᠤᠶᠢᠯᠠᠯ ᠤᠨ ᠬᠠᠪᠰᠤᠷᠤᠨ ᠲᠡᠳᠬᠦᠬᠦ ᠪᠡᠯᠡ ᠮᠥᠩᠭᠦ ᠶᠢ 1000 ᠭᠠᠷᠤᠢ ᠲᠦᠮᠡᠨ ᠲᠥᠭᠦᠷᠢᠭ ᠣᠷᠣᠭᠤᠯᠪᠠ︔ ︽ᠠᠩᠬᠠᠨ ᠤ ᠶᠠᠨ ᠠᠵᠢᠯᠯᠠᠭ᠎ᠠ︾ ᠶᠢ | ᠢᠳᠡᠪᠬᠢᠲᠡᠢ ᠠᠬᠢᠭᠤᠯᠵᠤ᠂ 24 ᠴᠢᠳᠠᠪᠤᠷᠢᠲᠠᠨ ᠢ ᠰᠣᠩᠭᠤᠨ ᠲᠣᠮᠢᠯᠠᠵᠤ ᠲᠣᠰᠬᠤᠨ ᠳᠤ ᠣᠴᠢᠭᠤᠯᠤᠨ ᠲᠤᠰᠢᠶᠠᠯ ᠡᠭᠦᠷᠭᠡᠯᠡᠭᠦᠯᠵᠦ᠂ ᠲᠣᠰᠬᠤᠨ ᠤ ᠺᠠᠳ᠋ᠷ ᠤᠨ | ᠡᠩᠨᠡᠭᠡ ᠳᠤ ︽ᠰᠢᠨ᠎ᠡ ᠰᠣᠷᠭᠤᠭ ᠴᠢᠰᠤ︾ ᠨᠡᠮᠡᠷᠢᠯᠡᠪᠡ᠃ ᠲᠣᠰᠬᠤᠨ ᠳᠤ ᠰᠠᠭᠤᠭ᠎ᠠ 49 ᠠᠵᠢᠯᠯᠠᠬᠤ ᠠᠩᠬᠢ ᠶᠢᠨ 116 ᠠᠵᠢᠯᠯᠠᠬᠤ ᠠᠩᠬᠢ ᠶᠢᠨ ᠲᠤᠰ | ᠲᠤᠰ ᠤᠨ ᠡᠭᠦᠷᠭᠡ ᠲᠤᠰᠢᠶᠠᠯ ᠢᠶᠠᠨ ᠭᠦᠢᠴᠡᠳᠬᠡᠵᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠡᠯ᠎ᠡ ᠵᠦᠢᠯ ᠤᠨ ᠠᠵᠢᠯ ᠢ ᠪᠣᠳᠠᠲᠠᠢ ᠳᠤ | ᠨᠠᠶᠢᠳᠠᠪᠤᠷᠢᠵᠢᠭᠤᠯᠬᠤ ᠶᠢ ᠪᠠᠲᠤᠯᠠᠪᠠ᠃ ︽ᠣᠶᠤᠲᠠᠨ ᠢ ᠲᠥᠪᠯᠡᠷᠡᠭᠦᠯᠬᠦ︾ ᠲᠥᠯᠥᠪᠯᠡᠭᠡ ᠶᠢ ᠶᠡᠬᠡᠪᠡᠷ ᠠᠬᠢᠭᠤᠯᠵᠤ᠂ ᠤᠶᠤᠲᠠᠳ ᠢ ᠲᠣᠰᠬᠤᠨ ᠳᠤᠨᠢ ᠪᠤᠴᠠᠭᠠᠨ | ᠲᠤᠰᠢᠶᠠᠯ ᠡᠭᠦᠷᠭᠡᠯᠡᠭᠦᠯᠬᠦ ᠶᠢ ᠡᠮᠬᠢ ᠵᠢᠷᠤᠮ ᠲᠠᠢ ᠪᠠᠷ ᠬᠥᠲᠥᠯᠥᠨ ᠵᠢᠯᠣᠭᠤᠳᠪᠠ︔ ︽ᠴᠠᠬᠢᠮ ᠬᠤᠳᠠᠯᠳᠤᠭᠠᠴᠢᠨ ᠴᠢᠳᠠᠪᠤᠷᠢᠲᠠᠨ ᠢ ᠰᠢᠭᠤᠳ ᠨᠡᠪᠲᠡᠷᠡᠭᠦᠯᠭᠡ ᠪᠠᠷ | ᠲᠠᠷᠢᠶᠠᠯᠠᠩ ᠢ ᠲᠤᠰᠠᠯᠠᠬᠤ︾ ᠵᠠᠭᠪᠤᠷ ᠢ ᠭᠦᠢᠴᠡᠳ ᠠᠰᠢᠭᠯᠠᠨ ᠴᠠᠬᠢᠮ ᠬᠤᠳᠠᠯᠳᠤᠭᠠᠨ ᠤ ᠠᠵᠤ ᠦᠢᠯᠡᠰ ᠢ ᠬᠥᠭᠵᠢᠭᠦᠯᠵᠦ᠂ ᠳᠡᠭᠡᠷ᠎ᠡ ᠬᠠᠭᠠᠰ ᠵᠢᠯ ᠳᠤ ᠰᠢᠭᠤᠳ | ᠨᠡᠪᠲᠡᠷᠡᠭᠦᠯᠬᠦ ᠲᠠᠪᠴᠠᠩ ᠢᠶᠠᠷ ᠳᠠᠮᠵᠢᠭᠤᠯᠤᠨ ᠵᠠᠬᠢᠶᠠᠯᠠᠭ᠎ᠠ ᠶᠢᠨ ᠶᠡᠷᠦᠩᠬᠡᠢ ᠲᠤᠭ᠎ᠠ 7500 ᠭᠠᠷᠤᠢ ᠪᠠᠶᠢᠵᠤ᠂ ᠪᠣᠷᠣᠯᠠᠭᠤᠯᠤᠭᠰᠠᠨ ᠶᠡᠷᠦᠩᠬᠡᠢ ᠲᠤᠭ᠎ᠠ 70 ᠭᠠᠷᠤᠢ | ᠲᠦᠮᠡᠨ ᠲᠥᠭᠦᠷᠢᠭ ᠢ ᠪᠡᠶᠡᠯᠡᠭᠦᠯᠪᠡ︔ ᠱᠠ ᠬᠠᠢ ᠪᠠᠯᠭᠠᠰᠤᠨ ᠤ ︽ᠬᠥᠳᠡᠭᠡ ᠲᠣᠰᠬᠤᠨ ᠤ e ᠥᠷᠲᠡᠭᠡ︾ ᠳᠤ ᠡᠷᠬᠢᠯᠡᠭᠰᠡᠨ ᠰᠢᠭᠤᠳ ᠨᠡᠪᠲᠡᠷᠡᠭᠦᠯᠭᠡ ᠪᠠᠷ | ᠲᠠᠷᠢᠶᠠᠯᠠᠩ ᠢ ᠲᠤᠰᠠᠯᠠᠬᠤ ᠤᠷᠤᠯᠳᠤᠭᠠᠨ ᠤ ᠳᠤᠮᠳᠠ᠂ 50 ᠭᠠᠷᠤᠢ ᠰᠢᠭᠤᠳ ᠨᠡᠪᠲᠡᠷᠡᠭᠦᠯᠦᠭᠴᠢ 5000 ᠲᠠᠷᠢᠶᠠᠯᠠᠩ ᠤᠨ ᠪᠦᠲᠦᠭᠡᠭᠳᠡᠬᠦᠨ᠂ 2 ᠲᠦᠮᠡ ᠭᠠᠷᠤᠢ | ᠪᠦᠲᠦᠭᠡᠭᠳᠡᠬᠦᠨ ᠢ ᠪᠣᠷᠣᠯᠠᠭᠤᠯᠪᠠ᠃ |